ᠲᠠᠯ᠎ᠠ ᠨᠤᠲᠤᠭ᠎ᠤᠨ 《ᠬᠠᠢᠭᠤᠯ ᠪᠦᠷᠭᠦᠳ》
2026-01-14 10:26:25
ᠵᠣᠬᠢᠶᠠᠭ᠍ᠴᠢ᠄
ᠪᠤᠤ ᠢᠤᠢ ᠶᠢᠡᠭ
ᠣᠩᠱᠢᠭ᠍ᠰᠠᠨ ᠣᠳᠠᠭ᠎ᠠ᠄
★★★☆☆

ᠨᠠᠢᠷᠠᠭᠤᠯᠤᠭ᠍ᠴᠢ᠎ᠶ᠋ᠢᠨ ᠦᠭᠡ᠄

ᠱᠢᠨ᠎ᠡ ᠤᠨ᠂ ᠰᠢᠨ᠎ᠠ ᠡᠬᠢᠯᠠᠯᠲᠠ᠃

2026 ᠣᠨ ᠳ᠋ᠤ᠂ ᠪᠢᠳᠡ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢᠨ ᠡᠬᠢᠯᠡᠯᠲᠡ᠎ᠶ᠋ᠢᠨ ᠤᠨ᠎ᠢ  ᠠᠮᠵᠢᠯᠳᠠ ᠲᠠᠢ ᠤᠭ᠍ᠲᠤᠵᠤ᠂ 《ᠭᠡᠷ ᠣᠷᠣᠨ》 ᠲᠤᠰᠬᠠᠢ ᠬᠡᠪᠯᠡᠯ ᠮᠠᠨᠢ ᠱᠢᠨ᠎ᠡ ᠤᠨ ᠤ᠋ ᠠᠩᠬᠠᠳᠠᠭ᠍ᠴᠢ ᠬᠡᠪᠯᠡᠯ᠎ᠤᠨ ᠰᠢᠨ᠎ᠡ ᠬᠠᠭᠤᠳᠠᠰᠤ ᠪᠠᠨ ᠰᠡᠬᠦᠯ᠎ᠠ᠃

《ᠬᠡᠷ ᠤᠷᠤᠨ》 ᠬᠡᠪᠯᠡᠯ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠤᠭᠴᠠᠯᠠᠬᠤ ᠭᠣᠣᠯ ᠱᠢᠵᠢᠮ᠎ᠢ ᠴᠢᠡᠭᠭ᠎ᠠ ᠠᠳᠬᠤᠵᠤ᠂ ᠥᠪᠥᠷ ᠮᠣᠩᠭᠣᠯ᠎ᠤᠨ ᠦᠨᠳᠦᠰᠦᠲᠡᠨ᠎ᠦ ᠪᠦᠯᠬᠦᠮᠳᠡᠯ ᠲᠠᠪᠱᠢᠯᠳᠠ᠎ᠶ᠋ᠢᠨ ᠦᠢᠯᠡᠰ᠎ᠲᠦ ᠠᠩᠬᠠᠷᠤᠯ᠎ᠢᠶᠠᠨ ᠲᠥᠪᠯᠡᠷᠡᠭᠦᠯᠤᠨ᠂ 《ᠠᠮᠤᠭᠤᠯᠠᠡᠭᠲᠤ ᠬᠢᠯᠢ》᠂ 《ᠠᠭᠤᠰᠤᠯᠴᠠᠯ》᠂ 《ᠢᠷᠠᠭᠤ ᠠᠯᠲᠠᠷ》᠂ 《ᠡᠭᠦᠷᠭᠡᠯᠡᠯ》᠂ 《ᠲᠤᠯᠠᠭᠠᠨ ᠪᠦᠯᠢ》᠂ 《ᠵᠢᠱ᠌ᠢᠶᠡᠴᠢ ᠦᠢᠯᠡᠳᠦᠯᠭᠡ》 ᠵᠡᠷᠬᠡ ᠪᠤᠯᠤᠩ᠎ᠢ ᠦᠷᠭᠦᠯᠵᠢᠯᠡᠨ ᠨᠡᠬᠡᠬᠡᠵᠤ᠂ ᠪᠢᠷ ᠪᠡᠬᠡᠰ᠎ᠢᠶᠡᠷ ᠬᠢᠯᠢ ᠬᠢᠵᠠᠭᠠᠷ᠎ᠤᠨ ᠠᠮᠤᠷ ᠲᠣᠭ᠍ᠲᠠᠭᠤᠨ᠎ᠳ᠋ᠤ ᠬᠦᠴᠦᠨ ᠨᠡᠮᠡᠷᠢᠯᠡᠵᠦ᠂ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠦ ᠶᠠᠪᠤᠯᠴᠠᠭ᠎ᠠ᠂ ᠰᠤᠯᠢᠯᠴᠠᠭ᠎ᠠ᠂ ᠠᠭᠤᠰᠤᠯᠴᠠᠯ᠎ᠤᠨ ᠬᠠᠯᠠᠭᠤᠨ ᠳᠤᠯᠠᠭᠠᠨ᠎ᠢ ᠲᠡᠮᠳᠡᠭ᠌ᠯᠡᠵᠦ᠍᠂ ᠬᠠᠷᠢᠭᠤᠴᠠᠯᠭ᠎ᠠ ᠡᠭᠦᠷᠭᠡᠯᠡᠭ᠌ᠴᠢ᠎ᠶ᠋ᠢᠨ ᠡᠷᠡᠮᠡᠬᠡᠢᠯᠡᠨ ᠤᠷᠤᠭ᠍ᠰᠢᠯᠠᠬᠤ ᠲᠦᠷᠢ ᠲᠥᠷᠬᠦ᠌᠎ᠶ᠋ᠢ ᠢᠯᠡᠷᠡᠭᠦᠯᠤᠨ᠂ ᠦᠵᠡᠰᠬᠦᠯᠡᠩᠳᠦ ᠰᠠᠢᠬᠠᠨ ᠭᠡᠷ ᠣᠷᠣᠨ᠎ᠢᠶᠠᠨ ᠬᠠᠮᠲᠤ᠎ᠪᠠᠷ ᠪᠦᠳᠦᠭᠡᠨ ᠪᠠᠢᠭᠤᠯᠬᠤ ᠭᠦᠨ ᠵᠤᠵᠠᠭᠠᠨ ᠬᠠᠢᠷ᠎ᠠ ᠰᠡᠳᠭᠢᠯᠭᠡ᠎ᠶ᠋ᠢ ᠳᠠᠮᠵᠢᠭᠤᠯᠬᠤ ᠪᠤᠯᠤᠨ᠎ᠠ᠃ ᠲᠠᠯ᠎ᠠ ᠨᠤᠲᠤᠭ᠎ᠤᠨ 《ᠬᠠᠢᠭᠤᠯ ᠪᠦᠷᠭᠦᠳ》 ᠤ᠋ᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠢᠶᠡᠷ ᠬᠢᠯᠢ ᠬᠢᠵᠠᠭᠠᠷ᠎ᠢᠶᠠᠨ ᠰᠠᠬᠢᠨ ᠬᠠᠮᠠᠭᠠᠯᠠᠬᠤ᠎ᠠᠴᠠ ᠬᠥᠷᠰᠢ ᠵᠡᠷᠭᠡᠯᠡᠳᠡᠭᠡ ᠰᠠᠬᠢᠨ ᠪᠡᠷᠡᠯᠡᠵᠦ᠍ ᠬᠠᠷᠢᠯᠴᠠᠨ ᠬᠠᠪᠰᠤᠷᠤᠯᠴᠠᠬᠤ ᠬᠦᠷᠲᠡᠯ᠎ᠡ᠂ ᠬᠠᠷᠢᠯᠴᠠᠨ ᠱᠢᠭᠢᠳᠭᠡᠬᠦ᠌ ᠮᠠᠶᠢᠭ᠎ᠤᠨ ᠬᠥᠭ᠌ᠵᠢᠯᠲᠡ᠎ᠶ᠋ᠢᠨ ᠠᠮᠢᠳᠤᠯᠢᠭ ᠦᠢᠯᠡᠳᠦᠯᠭᠡ᠎ᠡᠴᠡ ᠰᠣᠶᠣᠯ᠎ᠤᠨ ᠠᠭᠤᠰᠤᠯᠴᠠᠯ᠎ᠤᠨ ᠨᠢᠭ᠍ᠲᠠᠷᠠᠯ᠎ᠤᠨ ᠬᠦᠴᠦᠨ ᠬᠦᠷᠲᠡᠯ᠎ᠡ᠂ ᠦᠯᠢᠭᠡᠷ ᠪᠦᠷᠢ ᠨᠢ ᠴᠥᠮ 《ᠦᠨᠳᠦᠰᠦᠲᠡᠨ᠎ᠨᠦᠭᠦᠳ ᠠᠨᠠᠷ᠎ᠤᠨ ᠦᠷ᠎ᠡ ᠱᠢᠭ ᠨᠢᠭ᠍ᠲᠠᠷᠠᠨ ᠪᠦᠯᠬᠦᠮᠳᠡᠬᠦ᠌》ᠠᠮᠢᠳᠤᠯᠢᠭ ᠵᠢᠷᠤᠭ᠎ᠤᠨ ᠠᠴᠢᠶᠠᠯᠠᠪᠤᠷᠢ ᠪᠤᠯᠤᠨ᠎ᠠ᠃


ᠰᠢᠨ᠎ᠠ ᠤᠨ ᠤ᠋ ᠬᠦᠰᠢᠬᠡᠨ ᠳ᠋ᠤ ᠰᠢᠯᠢ ᠵᠢᠨ ᠭᠤᠤᠯ ᠤ᠋ᠨ ᠲᠠᠯ᠎ᠠ ᠨᠤᠲᠤᠭ ᠤ᠋ᠨ ᠬᠢᠯᠢ ᠵᠢᠨ ᠱᠤᠭᠤᠮ ᠡᠴᠡ ᠬᠥᠬᠡ ᠴᠠᠭᠠᠨ ᠦᠡᠭᠬᠡ ᠵᠢᠨ ᠴᠠᠭ᠍ᠳᠠᠭᠠᠨ ᠤ᠋ ᠵᠢᠯᠣᠭᠣᠴᠢ ᠥᠬᠡᠶ ᠨᠢᠰᠭᠡᠯ ᠤᠭᠲᠠᠷᠭᠤᠢ ᠳ᠋ᠤ ᠳᠡᠭᠦᠯᠢᠨ ᠨᠢᠰᠪᠡ᠃ ᠬᠠᠷᠴᠠᠭᠠᠢ ᠪᠦᠷᠭᠦᠳ ᠮᠠᠲᠤ ᠵᠢᠭᠦᠷ᠎ᠢᠶᠡᠨ ᠳᠡᠯᠭᠡᠨ᠂ ᠮᠢᠩᠭᠠᠨ ᠭᠠᠵᠠᠷ᠎ᠤᠨ ᠬᠢᠯᠢ ᠵᠢᠨ ᠪᠤᠭᠤᠮᠲᠠ ᠵᠢᠨ ᠠᠬᠤᠢ ᠪᠠᠢᠳᠠᠯ᠎ᠢ ᠵᠢᠯᠣᠭᠣᠳᠭᠤ ᠲᠥᠪ᠎ᠲᠦ ᠳᠠᠮᠵᠢᠭᠤᠯᠪᠠ᠃ ᠡᠨᠡ ᠪᠣᠯ ᠥᠪᠥᠷ ᠮᠣᠩᠭᠣᠯ᠎ᠤᠨ ᠬᠢᠯᠢ᠎ᠪᠡᠷ ᠣᠷᠣᠵᠤ ᠭᠠᠷᠬᠤ ᠬᠢᠯᠢ᠎ᠶ᠋ᠢᠨ ᠬᠠᠮᠠᠭᠠᠯᠠᠯᠲᠠ᠎ᠶ᠋ᠢᠨ ᠪᠠᠢᠴᠠᠭᠠᠬᠤ ᠶᠡᠷᠦᠩᠬᠡᠶ ᠥᠷᠲᠡᠭᠡ᠎ᠶ᠋ᠢᠨ ᠱᠢᠯᠢ᠎ᠶ᠋ᠢᠨ ᠭᠤᠤᠯ᠎ᠤᠨ ᠬᠢᠯᠢ᠎ᠶ᠋ᠢᠨ ᠬᠠᠮᠢᠶᠠᠷᠤᠯᠲᠠ᠎ᠶ᠋ᠢᠨ ᠰᠠᠯᠪᠤᠷᠢ ᠠᠩᠭᠢ᠎ᠶ᠋ᠢᠨ 《ᠬᠠᠢᠭᠤᠯ ᠪᠦᠷᠭᠦᠳ》 ᠵᠢᠯᠣᠭᠣᠴᠢ ᠥᠬᠡᠶ ᠨᠢᠰᠭᠡᠯ᠎ᠢᠶᠡᠷ ᠴᠠᠭ᠍ᠳᠠᠨ ᠰᠡᠷᠭᠡᠢᠯᠡᠬᠦ᠌ ᠱᠢᠰᠲ᠋ᠧᠮ᠎ᠦᠨ ᠡᠳᠦᠷ ᠲᠤᠲᠤᠮ᠎ᠤᠨ ᠴᠠᠭ᠍ᠳᠠᠨ ᠡᠵᠡᠮᠳᠡᠬᠦ᠌ ᠪᠠᠢᠳᠠᠯ ᠪᠤᠯᠤᠨ᠎ᠠ᠂ ᠨᠠᠩ ᠴᠤ᠌ ᠱᠢᠨ᠎ᠡ ᠴᠠᠭ ᠦᠶ᠎ᠡ᠎ᠶ᠋ᠢᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠢᠶᠡᠷ ᠬᠢᠯᠢ ᠬᠢᠵᠠᠭᠠᠷ᠎ᠢᠶᠡᠨ ᠬᠦᠴᠦᠷᠬᠡᠭ᠌ᠵᠢᠭᠦᠯᠵᠦ᠍᠂ ᠤᠶᠤᠨᠴᠢ ᠪᠠᠷ ᠬᠢᠯᠢ᠎ᠬᠢᠵᠠᠭᠠᠷ ᠵᠢᠡᠨ ᠬᠠᠮᠠᠭᠠᠯᠠᠵᠤ ᠪᠦᠬᠦᠢ ᠠᠮᠢᠳᠤᠯᠢᠭ ᠵᠢᠷᠤᠭᠯᠠᠯ ᠪᠤᠯᠤᠨ᠎ᠠ᠃

ᠬᠢᠯᠢ᠎ᠶ᠋ᠢᠨ ᠬᠠᠮᠢᠶᠠᠷᠤᠯᠲᠠ ᠡᠵᠡᠮᠳᠡᠯ᠎ᠦᠨ ᠱᠢᠨ᠎ᠡ ᠪᠠᠢᠳᠠᠯ ᠱᠢᠨ᠎ᠡ ᠥᠷᠢᠰᠥᠯᠳᠦᠭᠡᠨ᠎ᠦ ᠡᠮᠦᠨ᠎ᠡ᠂ ᠱᠢᠯᠢ᠎ᠶ᠋ᠢᠨ ᠭᠤᠤᠯ᠎ᠤᠨ ᠬᠢᠯᠢ᠎ᠶ᠋ᠢᠨ ᠬᠠᠮᠢᠶᠠᠷᠤᠯᠲᠠ᠎ᠶ᠋ᠢᠨ ᠰᠠᠯᠪᠤᠷᠢ ᠠᠩᠭᠢ ᠱᠢᠨ᠎ᠡ ᠬᠡᠯᠪᠡᠷᠢ᠎ᠶ᠋ᠢᠨ ᠰᠠᠭᠤᠷᠢ ᠲᠤᠨᠤᠭ ᠲᠦᠬᠦᠬᠡᠷᠤᠮᠵᠢ᠂ ᠱᠢᠨ᠎ᠡ ᠬᠡᠯᠪᠡᠷᠢ ᠵᠢᠨ ᠬᠤᠷᠴᠠ ᠵᠡᠪᠰᠡᠭ ᠲᠣᠨᠣᠭ᠍ᠯᠠᠯ᠂ ᠱᠢᠨ᠎ᠡ ᠲᠣᠭ᠍ᠲᠠᠴᠠ ᠱᠢᠨ᠎ᠡ ᠵᠠᠭ᠍ᠪᠤᠷ᠎ᠢᠶᠠᠷ ᠭᠤᠤᠯ ᠠᠭᠤᠯᠭ᠎ᠠ ᠪᠣᠯᠭᠠᠭ᠍ᠰᠠᠨ 《ᠭᠤᠷᠪᠠᠨ ᠱᠢᠨ᠎ᠡ ᠪᠠᠢᠭᠤᠯᠤᠯᠲᠠ》 ᠶ᠋ᠢ ᠭᠦᠨᠵᠡᠭᠡᠶ ᠳᠥᠯᠭᠢᠨ ᠠᠬᠢᠭᠤᠯᠬᠤ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠳᠤᠤᠷ᠎ᠠ ᠤᠭᠲᠠᠷᠭᠤᠢ ᠵᠢᠨ ᠴᠠᠭ᠍ᠳᠠᠭᠠᠨ᠎ᠤ ᠶᠠᠪᠤᠳᠠᠯ᠎ᠤᠨ ᠱᠢᠨ᠎ᠡ ᠡᠭᠦᠳᠦᠯᠲᠡ᠎ᠶ᠋ᠢ ᠬᠢᠯᠢ ᠬᠢᠵᠠᠭᠠᠷ᠎ᠢ ᠬᠠᠮᠠᠭᠠᠯᠠᠬᠤ ᠦᠶ᠋ᠯᠡᠳᠦᠯᠭᠡ᠎ᠳᠦ ᠠᠭᠤᠰᠭᠠᠨ ᠣᠷᠣᠭᠤᠯᠵᠤ᠂ ᠤᠭᠲᠠᠷᠭᠤᠢ ᠪᠠ ᠡᠭᠡ ᠭᠠᠵᠠᠷ᠎ᠢ ᠨᠢᠭᠡ ᠴᠣᠭ᠍ᠴᠠᠵᠢᠭᠤᠯᠤᠭ᠍ᠰᠠᠨ᠂ ᠬᠥᠮᠦᠨ ᠮᠠᠰᠢᠨ᠎ᠢ ᠠᠭᠤᠰᠤᠯᠴᠠᠭᠤᠯᠤᠭᠰᠠᠨ᠂ ᠳᠠᠭᠠᠷᠢᠵᠤ ᠰᠡᠷᠭᠡᠢᠯᠡᠬᠦ᠌᠎ᠶ᠋ᠢ ᠬᠤᠤᠰᠯᠠᠭᠤᠯᠤᠭ᠍ᠰᠠᠨ《ᠬᠠᠢᠭᠤᠯ ᠪᠦᠷᠭᠦᠳ》 ᠵᠢᠯᠣᠭᠣᠴᠢ ᠥᠬᠡᠶ ᠨᠢᠰᠭᠡᠯ᠎ᠢᠶᠡᠷ ᠴᠠᠭ᠍ᠳᠠᠨ ᠰᠡᠷᠭᠡᠢᠯᠡᠬᠦ᠌ ᠱᠢᠰᠲ᠋ᠧᠮ᠎ᠢ ᠪᠥᠬᠥ᠌ ᠬᠦᠴᠦᠨ᠎ᠢᠶᠡᠷ᠎ᠢᠶᠡᠨ ᠪᠠᠢᠭᠤᠯᠵᠤ᠂ ᠱᠢᠨ᠎ᠡ ᠴᠢᠨᠠᠷ ᠴᠢᠨᠰᠠᠭ᠎ᠠ ᠪᠥᠬᠥᠶ ᠳᠠᠢᠴᠢᠨ ᠬᠦᠴᠦᠨ᠎ᠢᠶᠡᠷ ᠬᠢᠯᠢ ᠬᠢᠵᠠᠭᠠᠷ᠎ᠤᠨ ᠵᠠᠰᠠᠯᠲᠠ᠎ᠶ᠋ᠢᠨ ᠣᠳᠣᠬᠢᠴᠢᠯᠠᠯᠲᠠ᠎ᠳᠤ ᠬᠦᠴᠦᠨ ᠨᠡᠮᠡᠷᠢᠯᠡᠪᠡ᠃

《ᠦᠭᠡᠢ ᠪᠠᠢᠭᠰᠠᠨ》 ᠡᠴᠠ ᠪᠦᠬᠦ᠌ ᠣᠷᠣᠨ ᠪᠦᠰᠡ ᠬᠦᠷᠲᠡᠯ᠎ᠡ

1103 ᠺᠢᠯᠣᠮᠧᠲ᠋ᠷ᠎ᠦᠨ ᠬᠢᠯᠢ᠎ᠶ᠋ᠢᠨ ᠱᠤᠭᠤᠮ᠂ 7.3 ᠲᠦᠮᠡᠨ ᠲᠡᠭ᠌ᠰᠢ ᠳᠥᠷᠪᠡᠯᠵᠢᠨ ᠺᠢᠯᠣᠮᠧᠲ᠋ᠷ᠎ᠦᠨ ᠬᠢᠯᠢ᠎ᠶ᠋ᠢᠨ ᠬᠠᠷᠢᠶ᠎ᠠ ᠣᠷᠣᠨ᠎ᠤ 《ᠴᠡᠭ ᠣᠯᠠᠨ᠂ ᠱᠤᠭᠤᠮ ᠣᠷᠳᠣ᠂ ᠬᠡᠪᠴᠢᠶ᠎ᠡ ᠥᠷᠭᠡᠨ》 ᠪᠠᠢᠬᠤ ᠬᠠᠮᠢᠶᠠᠷᠤᠯᠲᠠ ᠡᠵᠡᠮᠳᠡᠯ᠎ᠦᠨ ᠪᠡᠷᠬᠡ ᠰᠡᠳᠦᠪ᠎ᠢ ᠬᠡᠷᠬᠢᠨ ᠱᠢᠶ᠋ᠳᠪᠦᠷᠢᠯᠡᠬᠦ᠌ ᠪᠣᠶ?

《ᠰᠢᠨ᠎ᠡ ᠴᠢᠨᠠᠷ᠎ᠤᠨ ᠦᠢᠯᠡᠳᠪᠦᠷᠢᠯᠡᠯ᠎ᠤᠨ ᠬᠦᠴᠦᠨ ᠵᠢᠡᠷ ᠬᠢᠯᠢ ᠬᠢᠵᠠᠭᠠᠷ᠎ᠢ ᠪᠡᠬᠢᠵᠢᠭᠦᠯᠵᠦ᠍᠂ ᠬᠢᠯᠢ ᠬᠢᠵᠠᠭᠠᠷ᠎ᠢ ᠲᠤᠭᠳᠠᠭᠤᠨ ᠪᠠᠢᠯᠭᠠᠨ᠎ᠠ᠃》 2022 ᠣᠨ᠎ᠤ 12 ᠰᠠᠷ᠎ᠠ᠎ᠳᠤ ᠱᠢᠯᠢ᠎ᠶ᠋ᠢᠨ ᠭᠤᠤᠯ᠎ᠤᠨ ᠬᠢᠯᠢ᠎ᠶ᠋ᠢᠨ ᠬᠠᠮᠢᠶᠠᠷᠤᠯᠲᠠ᠎ᠶ᠋ᠢᠨ ᠰᠠᠯᠪᠤᠷᠢ ᠠᠩᠭᠢ ᠠᠩᠬ᠎ᠠ ᠤᠳᠠᠭ᠎ᠠ 《ᠬᠠᠢᠭᠤᠯ ᠪᠦᠷᠭᠦᠳ》 ᠵᠢᠯᠣᠭᠣᠴᠢ ᠥᠬᠡᠶ ᠨᠢᠰᠭᠡᠯ᠎ᠢᠶᠡᠷ ᠴᠠᠭᠲᠠᠨ ᠰᠡᠷᠭᠡᠢᠯᠡᠬᠦ᠌ ᠱᠢᠰᠲ᠋ᠧᠮ᠎ᠦᠨ ᠪᠠᠢᠭᠤᠯᠤᠯᠲᠠ᠎ᠶ᠋ᠢ ᠵᠠᠳᠠᠯᠤᠨ ᠠᠬᠢᠭᠤᠯᠬᠤ ᠬᠤᠷᠠᠯ ᠬᠢᠵᠦ ᠡᠢᠨᠬᠦ ᠬᠠᠷᠢᠭᠤᠯᠲᠠ ᠭᠠᠷᠭᠠᠵᠠᠢ᠃


44fbd9e4-f77e-4a24-a647-6d51794cf5a7.png


《ᠬᠠᠢᠭᠤᠯ  ᠪᠦᠷᠬᠦᠳ》 


ᠠᠵᠢᠯᠯᠠᠭ᠎ᠠ᠎ᠶ᠋ᠢ ᠲᠦᠷᠭᠡᠨ ᠨᠠᠢᠳᠠᠪᠤᠷᠢᠵᠢᠭᠤᠯᠪᠠ᠄ ᠵᠥᠪᠬᠡᠨ 3 ᠰᠠᠷ᠎ᠠ ᠵᠢᠨ ᠬᠤᠭᠤᠴᠠᠭ᠎ᠠ ᠬᠡᠷᠡᠭ᠌ᠰᠡᠵᠦ ᠰᠠᠯᠪᠤᠷᠢ ᠠᠩᠭᠢ ᠵᠢᠨ ᠬᠢᠨ ᠤᠭᠲᠠᠷᠭᠤᠢ ᠪᠡᠷ ᠬᠢᠨᠠᠨ ᠡᠵᠡᠮᠳᠡᠬᠦ᠂ ᠴᠢᠳᠠᠪᠤᠷᠢᠲᠠᠨ ᠨᠥᠭᠡᠴᠡᠯᠡᠬᠦ᠌᠂ ᠲᠣᠭ᠍ᠲᠠᠴᠠ᠎ᠶ᠋ᠢᠨ ᠱᠢᠨ᠎ᠡ᠎ᠶ᠋ᠢ ᠡᠭᠦᠳᠬᠦ᠌ ᠵᠡᠷᠭᠡ ᠬᠦᠴᠢᠷ ᠠᠰᠠᠭᠤᠳᠠᠯ᠎ᠢ ᠱᠢᠶ᠋ᠳᠪᠦᠷᠢᠯᠡᠵᠦ᠍᠂ ᠪᠥᠬᠥ᠌ ᠵᠢᠯ ᠪᠦᠬᠦᠯᠢ ᠡᠳᠦᠷ᠎ᠤᠨ ᠤᠭᠲᠠᠷᠭᠤᠢ ᠵᠢᠨ ᠨᠢᠰᠦᠯᠲᠡ᠎ᠶ᠋ᠢᠨ ᠡᠷᠬᠡ᠎ᠶ᠋ᠢ ᠠᠮᠵᠢᠯᠲᠠ᠎ᠲᠠᠶ ᠵᠥᠪᠱᠢᠶᠡᠷᠡᠬᠦᠯᠵᠦ᠍᠂ ᠵᠢᠯᠣᠭᠣᠴᠢ ᠥᠬᠡᠶ ᠨᠢᠰᠭᠡᠯ᠎ᠤᠨ ᠤᠭᠳᠠᠷᠠᠭᠤᠢ ᠪᠡᠷ ᠪᠠᠢᠩᠭᠤ ᠴᠠᠭ᠍ᠳᠠᠨ ᠰᠡᠷᠭᠡᠢᠯᠡᠬᠦ᠌ ᠬᠠᠷᠰᠢ ᠰᠠᠭᠠᠳ᠎ᠢ ᠠᠷᠢᠯᠭᠠᠪᠠ; ᠲᠤᠰᠭᠠᠶ ᠵᠦᠶ᠋ᠯ᠎ᠦᠨ ᠪᠠᠯᠠ ᠮᠥᠩᠭᠥ᠌ ᠣᠷᠣᠭᠤᠯᠤᠨ ᠣᠯᠠᠨ ᠬᠡᠯᠪᠡᠷᠢ᠎ᠶ᠋ᠢᠨ ᠳᠡᠭᠡᠳᠦ ᠴᠢᠳᠠᠪᠬᠢᠲᠤ ᠵᠢᠯᠣᠭᠣᠴᠢ ᠥᠬᠡᠶ ᠨᠢᠰᠭᠡᠯ ᠵᠢᠴᠢ ᠢᠵᠢ ᠪᠥᠷᠢᠳᠦᠭᠦᠯᠬᠦ᠌ ᠲᠥᠬᠥᠭᠡᠷᠦᠮᠵᠢ᠎ᠶ᠋ᠢ ᠬᠤᠳᠠᠯᠳᠤᠨ ᠠᠪᠴᠤ᠌᠂ ᠬᠠᠲᠠᠭᠤ ᠲᠣᠨᠣᠭ᠎ᠤᠨ ᠰᠠᠭᠤᠷᠢ᠎ᠶ᠋ᠢ ᠪᠡᠬᠢᠵᠢᠭᠦᠯᠪᠡ; ᠳᠤᠮᠳᠠᠳᠤ ᠤᠯᠤᠰ᠎ᠤᠨ ᠠᠷᠠᠳ᠎ᠤᠨ ᠳᠣᠲᠣᠭᠠᠳᠤ᠎ᠶ᠋ᠢ ᠬᠠᠮᠠᠭᠠᠯᠠᠬᠤ ᠶᠡᠬᠡ ᠰᠤᠷᠭᠠᠭᠤᠯᠢ ᠵᠡᠷᠭᠡ ᠳᠡᠭᠡᠳᠦ ᠰᠤᠷᠭᠠᠭᠤᠯᠢ᠎ᠲᠠᠶ ᠬᠠᠮᠲᠤᠷᠠᠨ᠂ ᠨᠢᠭᠡᠨ ᠰᠠᠯᠠᠭ᠎ᠠ 《ᠨᠢᠰᠴᠦ᠍ ᠴᠢᠳᠠᠬᠤ᠂ ᠱᠢᠭᠦᠨ ᠲᠠᠰᠤᠯᠬᠤ᠂ ᠬᠠᠮᠵᠢᠯᠴᠠᠨ ᠪᠠᠢᠯᠳᠤᠬᠤ》 ᠲᠤᠰᠭᠠᠢᠵᠢᠭ᠍ᠰᠠᠨ ᠴᠠᠭ᠍ᠳᠠᠭᠠᠨ᠎ᠤ ᠡᠩᠨᠡᠭᠡ᠎ᠶ᠋ᠢ ᠬᠥᠮᠦᠵᠢᠭᠦᠯᠦᠨ ᠭᠠᠷᠭᠠᠪᠠ᠃

ᠲᠣᠰ ᠰᠠᠯᠪᠤᠷᠢ ᠠᠩᠭᠢ᠎ᠶ᠋ᠢᠨ ᠲᠣᠭ᠍ᠲᠠᠭᠠᠭ᠍ᠰᠠᠨ 《ᠬᠢᠯᠢ᠎ᠶ᠋ᠢᠨ ᠵᠢᠯᠣᠭᠣᠴᠢ ᠥᠬᠡᠶ ᠨᠢᠰᠭᠡᠯ᠎ᠦᠨ ᠴᠠᠭ᠍ᠳᠠᠨ ᠰᠡᠷᠭᠡᠢᠯᠡᠬᠦ᠌ ᠱᠢᠰᠲ᠋ᠧᠮ ᠤ᠋ᠨ ᠪᠠᠢᠭᠤᠯᠤᠯᠲᠠ᠎ᠶ᠋ᠢᠨ ᠭᠤᠷᠪᠠᠨ ᠵᠢᠯ᠎ᠦᠨ ᠲᠥᠯᠥᠪᠵᠢᠭᠦᠯᠭᠡ》 ᠶ᠋ᠢ ᠭᠦᠨᠵᠡᠭᠡᠶ ᠬᠡᠷᠡᠭ᠌ᠵᠢᠭᠦᠯᠬᠦ᠌᠎ᠶ᠋ᠢ ᠳᠠᠭᠠᠯᠳᠤᠨ᠂ 《ᠬᠠᠢᠭᠤᠯ ᠪᠦᠷᠭᠦᠳ》 ᠵᠢᠯᠣᠭᠣᠴᠢ ᠥᠬᠡᠶ ᠨᠢᠰᠭᠡᠯ᠎ᠦᠨ ᠴᠠᠭ᠍ᠳᠠᠨ ᠰᠡᠷᠭᠡᠢᠯᠡᠬᠦ᠌ ᠱᠢᠰᠲ᠋ᠧᠮ ᠠᠩᠬ᠎ᠠ ᠡᠬᠢᠨ᠎ᠤ ᠬᠡᠳᠦᠭᠡᠨ ᠵᠢᠯᠣᠭᠣᠴᠢ ᠥᠬᠡᠶ ᠨᠢᠰᠭᠡᠯ᠎ᠦᠨ ᠲᠤᠷᠱᠢᠨ ᠨᠢᠰᠭᠦ ᠬᠠᠢᠨ ᠰᠥᠪᠡᠭ᠌ᠴᠢᠯᠡᠯᠲᠡ᠎ᠡᠴᠡ ᠬᠥᠭ᠌ᠵᠢᠭᠡᠳ ᠡᠯ᠎ᠡ ᠵᠦᠶ᠋ᠯ᠎ᠦᠨ ᠵᠢᠯᠣᠭᠣᠴᠢ ᠥᠬᠡᠶ ᠨᠢᠰᠭᠡᠯ 33᠂ ᠭᠤᠤᠯ ᠳᠡᠳ᠋ ᠨᠢᠰᠭᠡᠯ᠎ᠦᠨ ᠪᠠᠭᠤᠳᠠᠯ 3᠂ ᠪᠢᠴᠢᠯ ᠨᠢᠰᠭᠡᠯ᠎ᠦᠨ ᠪᠠᠭᠤᠳᠠᠯ 18᠂ ᠮᠠᠱᠢᠨᠲᠤ ᠵᠢᠯᠣᠭᠣᠳᠭᠤ ᠲᠡᠷᠭᠡ 2 ᠪᠠᠢᠬᠤ ᠠᠵᠢᠯᠯᠠᠭᠠᠨ᠎ᠤ ᠱᠢᠰᠲ᠋ᠧᠮ᠎ᠲᠡᠶ ᠪᠣᠯᠵᠠᠢ᠃ 《ᠲᠣᠭ᠍ᠲᠠᠮᠠᠯ + ᠬᠦᠲᠠᠯᠦᠡᠭᠬᠦᠢ》᠂ 《ᠠᠭᠠᠷ + ᠭᠠᠵᠠᠷ᠎ᠤᠨ ᠭᠠᠳᠠᠷᠭᠤ》 ᠪᠣᠰᠣᠭ᠎ᠠ ᠴᠣᠭ᠍ᠴᠠᠲᠤ ᠣᠶᠤᠨᠴᠢ ᠰᠡᠷᠭᠡᠢᠯᠡᠨ ᠡᠵᠡᠮᠳᠡᠬᠦ᠌ ᠲᠤᠤᠷ᠎ᠢ ᠪᠠᠳᠤ ᠰᠦᠯᠵᠢᠵᠡᠢ᠃

 《ᠭᠠᠭ᠍ᠴᠠᠭᠠᠷ ᠪᠠᠢᠯᠲᠤᠬᠤ》 ᠡᠴᠡ 《ᠬᠠᠮᠲᠤᠷᠠᠨ ᠪᠠᠢᠯᠳᠤᠬᠤ》 ᠬᠦᠷᠲᠡᠯ᠎ᠡ

《ᠥᠩᠭᠡᠷᠡᠭ᠌ᠰᠡᠨ᠎ᠳᠦ ᠬᠦᠯ᠎ᠢᠶᠡᠷ ᠶᠠᠪᠤᠵᠤ᠂ ᠨᠢᠳᠦ᠍᠎ᠪᠡᠷ ᠬᠠᠷᠠᠵᠤ ᠪᠠᠢᠪᠠ᠂ ᠤᠳᠤ ᠲᠣᠭ᠎ᠠ ᠪᠠᠷᠢᠮᠲᠠ᠎ᠳᠤ ᠲᠦᠱᠢᠭ᠌ᠯᠡᠵᠦ᠍᠂ ᠪᠤᠳᠤᠬᠤ ᠠᠷᠭ᠎ᠠ᠎ᠳᠤ ᠲᠦᠱᠢᠭ᠌ᠯᠡᠵᠦ᠍ ᠪᠠᠢᠨ᠎ᠠ》᠃ 《ᠨᠢᠰᠦᠭ᠌ᠴᠢ》 ᠠᠷᠠᠳ᠎ᠤᠨ ᠴᠠᠭ᠍ᠳᠠᠭ᠎ᠠ ᠵᠣᠣ ᠮᠢᠨ ᠬᠤᠢ ᠲᠠᠨᠢᠯᠴᠠᠭᠤᠯᠬᠤ᠎ᠳᠠᠭᠠᠨ᠂ 《ᠵᠢᠯᠣᠭᠣᠴᠢ ᠥᠬᠡᠶ ᠨᠢᠰᠭᠡᠯ ᠨᠢᠭᠡᠪᠦᠷᠢ ᠴᠥᠮ ᠪᠡᠶ᠎ᠡ᠎ᠪᠡᠨ ᠳᠠᠭᠠᠭᠠᠵᠤ ᠨᠢᠰᠴᠦ᠍ ᠪᠠᠭᠤᠬᠤ᠂ ᠪᠡᠶ᠎ᠡ᠎ᠪᠡᠨ ᠳᠠᠭᠠᠭᠠᠵᠤ ᠴᠠᠭ᠍ᠳᠠᠨ ᠠᠶᠠᠯᠠᠬᠤ᠂ ᠪᠡᠶ᠎ᠡ᠎ᠪᠡᠨ ᠳᠠᠭᠠᠭᠠᠵᠤ ᠴᠠᠬᠢᠯᠭᠠᠨ ᠴᠡᠨᠡᠭ᠌ᠯᠡᠬᠦ᠌᠂ ᠪᠡᠶ᠎ᠡ᠎ᠪᠡᠨ ᠳᠠᠭᠠᠭᠠᠵᠤ ᠲᠤᠤᠷ ᠪᠦᠷᠢᠯᠳᠦᠭᠦᠯᠬᠦ᠌᠎ᠶ᠋ᠢ ᠪᠡᠶᠡᠯᠡᠭᠦᠯᠵᠦ᠍ ᠴᠢᠳᠠᠨ᠎ᠠ᠃ ᠣᠶᠤᠨᠴᠢ ᠲᠣᠬᠢᠷᠠᠭᠤᠯᠤᠯᠲᠠ᠎ᠶ᠋ᠢᠨ ᠲᠠᠪᠴᠠᠩ᠎ᠢᠶᠠᠷ ᠳᠡᠮᠵᠢᠨ᠂ ᠪᠢᠳᠡ ᠣᠯᠠᠨ ᠵᠢᠯᠣᠭᠣᠴᠢ ᠥᠬᠡᠶ ᠨᠢᠰᠭᠡᠯ᠎ᠢ ᠵᠡᠷᠭᠡ᠎ᠪᠡᠷ ᠡᠵᠡᠮᠳᠡᠨ ᠠᠳᠠᠯᠢ ᠪᠤᠰᠤ ᠡᠭᠦᠷᠭᠡ ᠭᠦᠶ᠋ᠴᠡᠳᠭᠡᠵᠦ᠍᠂ ᠲᠣᠭᠣᠷᠢᠨ ᠰᠡᠷᠭᠡᠢᠯᠡᠬᠦ᠌ ᠦᠷ᠎ᠡ ᠪᠦᠲᠦᠮᠵᠢ᠎ᠶ᠋ᠢ ᠶᠡᠬᠡ᠎ᠪᠡᠷ ᠳᠡᠭᠡᠭ᠌ᠰᠢᠯᠡᠭᠦᠯᠵᠦ᠍ ᠪᠣᠯᠤᠨ᠎ᠠ᠃ 2024 ᠣᠨ᠎ᠤ 8 ᠰᠠᠷ᠎ᠠ᠎ᠳᠤ ᠶᠠᠪᠤᠭ᠍ᠳᠠᠭ᠍ᠰᠠᠨ ᠥᠪᠥᠷ ᠮᠣᠩᠭᠣᠯ᠎ᠤᠨ ᠬᠢᠯᠢ᠎ᠪᠡᠷ ᠣᠷᠣᠵᠤ ᠭᠠᠷᠬᠤ ᠬᠢᠯᠢ᠎ᠶ᠋ᠢᠨ ᠬᠠᠮᠠᠭᠠᠯᠠᠯᠲᠠ᠎ᠶ᠋ᠢᠨ ᠪᠠᠢᠴᠠᠭᠠᠬᠤ ᠶᠡᠷᠦᠩᠬᠡᠶ ᠥᠷᠲᠡᠭᠡ᠎ᠶ᠋ᠢᠨ ᠬᠢᠯᠢ᠎ᠶ᠋ᠢᠨ ᠬᠠᠮᠢᠶᠠᠷᠤᠨ ᠡᠵᠡᠮᠳᠡᠬᠦ᠌ ᠱᠢᠰᠲ᠋ᠧᠮ᠎ᠦᠨ ᠲᠤᠬᠠᠶ᠎ᠶ᠋ᠢᠨ ᠭᠠᠵᠠᠷ᠎ᠤᠨ ᠬᠤᠷᠠᠯ ᠳᠡᠭᠡᠷ᠎ᠡ᠂ 〈ᠬᠠᠢᠭᠤᠯ ᠪᠦᠷᠭᠦᠳ ᠵᠢᠯᠣᠭᠣᠴᠢ ᠥᠬᠡᠶ ᠨᠢᠰᠭᠡᠯ᠎ᠦᠨ ᠴᠠᠭ᠍ᠳᠠᠨ ᠰᠡᠷᠭᠡᠢᠯᠡᠬᠦ᠌ ᠱᠢᠰᠲ᠋ᠧᠮ 28 ᠣᠯᠠᠨ ᠡᠷᠭᠢᠯᠳᠦ ᠳᠠᠯᠠᠪᠴᠢ ᠪᠠ 5 ᠲᠣᠭ᠍ᠲᠠᠮᠠᠯ ᠳᠠᠯᠠᠪᠴᠢᠲᠤ ᠵᠢᠯᠣᠭᠣᠴᠢ ᠥᠬᠡᠶ ᠨᠢᠰᠭᠡᠯ᠎ᠦᠨ ᠵᠢᠭ᠍ᠰᠠᠭᠠᠯ᠎ᠤᠨ ᠦᠵᠡᠭᠦᠯᠭᠡ ᠨᠢ ᠬᠥᠮᠦᠰ᠎ᠦᠨ ᠠᠩᠬᠠᠷᠤᠯ᠎ᠢ ᠥᠷᠭᠡᠨ᠎ᠢᠶᠡᠷ ᠲᠠᠲᠠᠪᠠ》 ᠭᠡᠪᠡ᠃


2d41c58c-239e-4202-9123-1e6b7cac7a39.png


ᠵᠢᠯᠤᠭᠤᠴᠢ ᠦᠬᠡᠢ ᠨᠢᠰᠬᠡᠯ᠎ᠢ ᠲᠤᠷᠰᠢᠨ ᠨᠢᠰᠬᠡᠵᠤ ᠪᠠᠢᠭ᠎ᠠ ᠨᠢ


《ᠬᠠᠢᠭᠤᠯ ᠪᠦᠷᠭᠦᠳ》 ᠵᠢᠯᠣᠭᠣᠴᠢ ᠥᠬᠡᠶ ᠨᠢᠰᠭᠡᠯ᠎ᠦᠨ ᠴᠠᠭ᠍ᠳᠠᠨ ᠰᠡᠷᠭᠡᠢᠯᠡᠬᠦ᠌ ᠱᠢᠰᠲ᠋ᠧᠮ᠎ᠦᠨ ᠭᠤᠤᠯᠯᠠᠬᠤ ᠳᠠᠪᠠᠭᠤᠯᠢᠭ ᠨᠢ ᠲᠠᠩ ᠨᠢᠰᠭᠡᠯ᠎ᠦᠨ ᠨᠢᠰᠭᠦ ᠴᠢᠳᠠᠪᠤᠷᠢ᠎ᠳᠤ ᠪᠠᠢᠬᠤ᠎ᠪᠠᠷ ᠪᠠᠷᠠᠬᠤ ᠥᠬᠡᠶ᠂ ᠨᠠᠩ ᠴᠤ᠌ ᠱᠢᠰᠲ᠋ᠧᠮ᠎ᠦᠨ ᠲᠠᠰ᠎ᠤᠨ 《ᠬᠠᠮᠲᠤᠷᠠᠨ ᠪᠠᠢᠯᠳᠤᠬᠤ》 ᠪᠠ ᠨᠠᠷᠢᠯᠢᠭ ᠣᠨᠣᠴᠠᠲᠠᠶ᠎ᠪᠠᠷ ᠬᠡᠷᠡᠭ᠌ᠯᠡᠬᠦ᠌ ᠳᠡᠭᠡᠷ᠎ᠡ ᠢᠯᠡᠷᠡᠵᠦ᠍ ᠪᠠᠢᠨ᠎ᠠ᠃ ᠲᠣᠰ ᠰᠠᠯᠪᠤᠷᠢ ᠠᠩᠭᠢ 《ᠭᠤᠤᠯ ᠨᠢᠰᠭᠡᠯ᠎ᠦᠨ ᠪᠠᠭᠤᠳᠠᠯ + ᠳᠡᠳ᠋ ᠨᠢᠰᠭᠡᠯ᠎ᠦᠨ ᠪᠠᠭᠤᠳᠠᠯ + ᠪᠢᠴᠢᠯ ᠨᠢᠰᠭᠡᠯ᠎ᠦᠨ ᠪᠠᠭᠤᠳᠠᠯ + ᠵᠢᠯᠣᠭᠣᠳᠭᠤ ᠲᠡᠷᠭᠡ》 ᠳᠥᠷᠪᠡᠨ ᠱᠠᠲᠤᠨ᠎ᠤ ᠲᠣᠬᠢᠷᠠᠭᠤᠯᠬᠤ ᠲᠣᠭ᠍ᠲᠠᠴᠠ᠎ᠶ᠋ᠢ ᠪᠠᠢᠭᠤᠯᠪᠠ᠄ ᠲᠣᠭ᠍ᠲᠠᠮᠠᠯ ᠵᠢᠭᠦᠷᠲᠦ ᠵᠢᠯᠣᠭᠣᠴᠢ ᠥᠬᠡᠶ ᠨᠢᠰᠭᠡᠯ ᠣᠷᠳᠣ ᠠᠶᠠᠯᠠᠯ᠎ᠢ ᠬᠠᠷᠢᠭᠤᠴᠠᠵᠤ᠂ ᠶᠡᠬᠡ ᠬᠡᠪᠴᠢᠶ᠎ᠡ᠎ᠪᠡᠷ ᠬᠠᠢᠨ ᠠᠶᠠᠯᠠᠵᠤ᠂ 《ᠮᠢᠩᠭᠠᠨ ᠭᠠᠵᠠᠷ᠎ᠤᠨ ᠨᠢᠳᠦ》 ᠮᠡᠲᠦ᠍᠎ᠪᠡᠷ ᠲᠠᠯ᠎ᠠ ᠨᠤᠲᠤᠭ᠎ᠢ ᠥᠩᠭᠡᠢᠨ ᠬᠠᠷᠠᠨ᠎ᠠ; ᠣᠯᠠᠨ ᠡᠷᠭᠢᠯᠳᠦᠭᠡ ᠳᠠᠯᠠᠪᠴᠢᠲᠤ ᠵᠢᠯᠣᠭᠣᠴᠢ ᠥᠬᠡᠶ ᠨᠢᠰᠭᠡᠯ ᠳᠤᠤᠷ᠎ᠠ ᠣᠭ᠍ᠲᠠᠷᠭᠤᠶ᠎ᠪᠡᠷ ᠨᠠᠷᠢᠯᠢᠭ ᠴᠠᠭ᠍ᠳᠠᠨ ᠪᠠᠢᠴᠠᠭᠠᠬᠤ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠰᠡᠵᠢᠭ᠌ᠲᠡᠶ ᠵᠦᠢᠯ᠎ᠢ ᠨᠢᠭᠡ᠎ᠶ᠋ᠢ ᠴᠦ᠍ ᠣᠷᠬᠢᠭ᠍ᠳᠠᠭᠤᠯᠬᠤ ᠥᠬᠡᠶ ᠢᠯᠡᠷᠡᠬᠦᠯᠵᠦ ᠴᠢᠳᠠᠨ᠎ᠠ; ᠮᠠᠱᠢᠨ ᠬᠥᠳᠡᠯᠭᠡᠭᠦᠷᠲᠦ ᠵᠢᠯᠣᠭᠣᠳᠭᠤ ᠲᠡᠷᠭᠡ᠎ᠶ᠋ᠢ ᠡᠮᠦᠨ᠎ᠡ ᠵᠠᠬ᠎ᠠ᠎ᠶ᠋ᠢᠨ ᠵᠠᠩᠭᠢᠯᠠᠭ᠎ᠠ᠎ᠶ᠋ᠢᠨ ᠴᠡᠭ ᠪᠣᠯᠭᠠᠵᠤ ᠠᠮᠢᠳᠤᠯᠢᠭ᠎ᠢᠶᠠᠷ ᠪᠠᠢᠷᠢ ᠨᠥᠬᠥᠪᠥᠷᠢᠯᠡᠵᠦ᠍᠂ ᠰᠡᠷᠭᠡᠢᠯᠡᠨ ᠡᠵᠡᠮᠳᠡᠬᠦ᠌ ᠠᠵᠢᠯ᠎ᠢ ᠥᠨᠴᠥᠭ ᠪᠤᠯᠤᠩ ᠥᠬᠡᠶ ᠦᠷᠨᠢᠬᠦᠯᠵᠦ ᠴᠢᠳᠠᠨ᠎ᠠ᠃ ᠨᠠᠩ ᠴᠢᠬᠤᠯᠠ᠎ᠨᠢ᠂ ᠪᠣᠶ ᠪᠥᠬᠥᠶ ᠵᠢᠯᠣᠭᠣᠴᠢ ᠥᠬᠡᠶ ᠨᠢᠰᠭᠡᠯ ᠴᠥᠮ ᠤᠯᠤᠰ᠎ᠲᠠᠭᠠᠨ ᠦᠶ᠋ᠯᠡᠳᠪᠦᠷᠢᠯᠡᠭ᠌ᠰᠡᠨ ᠳᠣᠬᠢᠭᠤᠷ ᠲᠤᠯᠤᠭᠠᠨ ᠣᠲᠣ ᠵᠠᠮᠴᠢᠯᠠᠬᠤ ᠵᠠᠭ᠍ᠪᠤᠷ ᠪᠠ ᠪᠡᠶ᠎ᠡ᠎ᠪᠡᠨ ᠳᠠᠭᠠᠭᠠᠵᠤ ᠨᠢᠰᠭᠦ ᠡᠵᠡᠮᠳᠡᠯ᠎ᠦᠨ ᠱᠢᠰᠲ᠋ᠧᠮ᠎ᠢ ᠰᠤᠳᠤᠯᠤᠨ ᠨᠡᠭᠡᠭᠡᠵᠦ᠍᠂ ᠵᠠᠩᠭᠢᠯᠠᠭ᠎ᠠ᠎ᠶ᠋ᠢᠨ ᠮᠡᠷᠭᠡᠵᠢᠯ᠎ᠢ ᠪᠡᠶ᠎ᠡ᠎ᠪᠡᠨ ᠳᠠᠭᠠᠭᠠᠵᠤ ᠡᠵᠡᠮᠳᠡᠵᠦ᠍ ᠳᠡᠢᠯᠬᠦ᠌᠎ᠶ᠋ᠢ ᠪᠡᠶᠡᠯᠡᠭᠦᠯᠤᠨ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠬᠢᠯᠢ ᠬᠢᠵᠠᠭᠠᠷ᠎ᠢ ᠬᠠᠮᠠᠭᠠᠯᠠᠬᠤ 《ᠠᠮᠤᠷ ᠲᠦᠪᠱᠢᠨ᠎ᠦ ᠱᠤᠭᠤᠮ》᠎ᠢ᠋ ᠪᠠᠲᠤ ᠰᠠᠬᠢᠵᠠᠢ᠃

ᠡᠭᠦᠨ᠎ᠡᠴᠡ ᠭᠠᠳᠠᠨ᠎ᠠ᠂ ᠲᠣᠰ ᠰᠠᠯᠪᠤᠷᠢ ᠠᠩᠭᠢ ᠵᠢᠨ ᠬᠢᠨ ᠪᠠᠰᠠ ᠭᠠᠵᠠᠷ ᠳᠡᠭᠡᠷᠡᠬᠢ ᠦᠵᠡᠭᠦᠯᠵᠦ᠍ ᠪᠣᠯᠬᠤ ᠮᠡᠷᠭᠡᠵᠢᠯ᠎ᠦᠨ ᠰᠡᠷᠭᠡᠢᠯᠡᠯᠲᠡ᠎ᠶ᠋ᠢᠨ ᠱᠢᠰᠲ᠋ᠧᠮ᠎ᠢ ᠵᠡᠷᠭᠡ᠎ᠪᠡᠷ ᠲᠠᠰ ᠳᠡᠪᠱᠢᠭᠦᠯᠪᠡ᠄ ᠬᠠᠷᠢᠶᠠᠲᠤ ᠣᠷᠣᠨ᠎ᠤ 150 ᠭᠠᠷᠤᠶ ᠵᠠᠮ᠎ᠤᠨ ᠬᠢᠨᠠᠨ ᠡᠵᠡᠮᠳᠡᠬᠦ᠌ ᠲᠥᠬᠥᠭᠡᠷᠦᠮᠵᠢ᠎ᠶ᠋ᠢ ᠬᠠᠮᠠᠭᠠᠯᠠᠬᠤ᠂ 31 ᠡᠮᠦᠨ᠎ᠡ ᠦᠵᠦᠭᠦᠷᠯᠢᠭ᠎ᠦᠨ ᠲᠥᠬᠥᠭᠡᠷᠦᠮᠵᠢ᠎ᠶ᠋ᠢ ᠪᠤᠴᠠᠭᠠᠨ ᠳᠠᠮᠵᠢᠭᠤᠯᠬᠤ ᠴᠥᠷᠬᠥᠯᠡᠭᠡ ᠵᠠᠮ᠎ᠢ ᠱᠢᠯᠢᠳᠡᠭ᠌ᠵᠢᠭᠦᠯᠬᠦ᠌᠂ 134 ᠮᠡᠷᠭᠡᠵᠢᠯ᠎ᠦᠨ ᠰᠡᠷᠭᠡᠢᠯᠡᠯᠲᠡ᠎ᠶ᠋ᠢᠨ ᠲᠥᠬᠥᠭᠡᠷᠦᠮᠵᠢ᠎ᠶ᠋ᠢ ᠡᠮᠬᠢᠯᠡᠨ ᠨᠡᠢᠯᠡᠭᠦᠯᠬᠦ᠌᠂ 6 ᠮᠡᠳᠡᠭᠡ ᠵᠠᠩᠭᠢᠵᠢᠯᠲᠠ᠎ᠶ᠋ᠢᠨ ᠬᠦᠴᠦᠨ᠎ᠦ ᠭᠠᠵᠠᠷ᠎ᠤᠨ ᠵᠢᠷᠤᠭ᠎ᠢ ᠱᠢᠨᠡᠴᠢᠯᠡᠨ ᠳᠡᠭᠡᠭ᠌ᠰᠢ ᠳᠠᠮᠵᠢᠭᠤᠯᠬᠤ ᠁ ᠵᠡᠷᠭᠡ ᠠᠯᠢ ᠣᠯᠠᠨ ᠲᠣᠭ᠎ᠠ ᠪᠠᠷᠢᠮᠲᠠ᠎ᠶ᠋ᠢᠨ ᠲᠤᠯᠭᠠᠭᠤᠷᠢᠯᠠᠯ ᠨᠢ ᠭᠠᠵᠠᠷ ᠳᠡᠭᠡᠷᠡᠬᠢ ᠮᠡᠳᠡᠷᠡᠬᠦ᠌ ᠴᠢᠳᠠᠪᠤᠷᠢ᠎ᠶ᠋ᠢ ᠪᠥᠬᠥ᠌ ᠲᠠᠯ᠎ᠠ᠎ᠪᠠᠷ ᠳᠡᠭᠡᠭ᠌ᠰᠢᠯᠡᠭᠦᠯᠦᠭ᠌ᠰᠡᠨ᠎ᠢᠶᠡᠷ ᠪᠠᠷᠠᠬᠤ ᠥᠬᠡᠶ᠂ ᠪᠠᠰᠠ 《ᠠᠭᠠᠷ᠎ᠲᠠᠬᠢ ᠬᠦᠴᠦᠨ》 ᠬᠢᠭᠡᠳ ᠭᠠᠵᠠᠷ ᠳᠡᠭᠡᠷᠡᠬᠢ ᠮᠡᠷᠭᠡᠵᠢᠯ᠎ᠦᠨ ᠰᠡᠷᠭᠡᠢᠯᠡᠯᠲᠡ᠎ᠶ᠋ᠢᠨ ᠭᠦᠨᠵᠡᠭᠡᠶ ᠠᠭᠤᠰᠤᠯᠴᠠᠯ᠎ᠢ ᠪᠣᠶ ᠪᠣᠯᠭᠠᠵᠤ᠂ ᠡᠮᠦᠨ᠎ᠡ ᠦᠵᠦᠭᠦᠷᠯᠢᠭ᠎ᠦᠨ ᠰᠡᠷᠭᠡᠢᠯᠡᠯᠲᠡ᠂ ᠲᠥᠪ᠎ᠦᠨ ᠵᠠᠳᠠᠯᠤᠯᠲᠠ᠂ ᠲᠡᠭᠦᠰᠭᠡᠯ᠎ᠦᠨ ᠰᠡᠷᠭᠡᠢᠯᠡᠯᠲᠡ᠎ᠶ᠋ᠢᠨ ᠭᠣᠭ᠍ᠴᠣᠭ᠎ᠠ᠎ᠶ᠋ᠢ ᠠᠪᠴᠠᠯᠳᠤᠭᠤᠯᠤᠭ᠍ᠰᠠᠨ᠂ ᠵᠢᠯᠣᠭᠣᠳᠣᠯᠭ᠎ᠠ ᠨᠢᠭᠡᠳᠦᠯᠲᠡᠶ᠂ ᠲᠤᠰᠭᠠᠯ ᠰᠡᠷᠭᠡᠭ ᠣᠳᠣᠬᠢᠴᠢᠯᠠᠭ᠍ᠰᠠᠨ ᠬᠢᠯᠢ᠎ᠶ᠋ᠢᠨ ᠬᠠᠮᠢᠶᠠᠷᠤᠯᠲᠠ ᠡᠵᠡᠮᠳᠡᠯ᠎ᠦᠨ ᠱᠢᠰᠲ᠋ᠧᠮ᠎ᠢ ᠪᠦᠷᠢᠯᠳᠦᠬᠦᠯᠪᠡ᠃

 《ᠤᠨᠢᠨ ᠳᠡᠭᠡᠷ᠎ᠡ ᠨᠢ ᠴᠣᠬᠢᠯᠲᠠ ᠥᠭ᠌ᠬᠦ》 ᠡᠴᠡ ᠬᠠᠯᠠᠭᠤᠨ ᠳᠤᠯᠠᠭᠠᠨ᠎ᠰᠠᠬᠢᠨ ᠬᠠᠮᠠᠭᠠᠯᠠᠬᠤ ᠬᠦᠷᠲᠡᠯ᠎ᠡ

ᠡᠨᠡ ᠵᠢᠯ᠎ᠦᠨ 7 ᠰᠠᠷ᠎ᠠ᠎ᠶ᠋ᠢᠨ 29 ᠎ᠤ᠋ ᠡᠳᠦᠷ᠂ ᠮᠠᠨᠳᠤᠬᠤᠬᠤᠪᠤᠯᠠᠭ ᠬᠢᠯᠢ᠎ᠶ᠋ᠢᠨ ᠲᠣᠮᠢᠯᠠᠭ᠍ᠰᠠᠨ ᠰᠠᠯᠪᠤᠷᠢ᠎ᠶ᠋ᠢᠨ ᠬᠠᠷᠢᠶᠠᠨ᠎ᠳᠠᠬᠢ ᠮᠠᠯᠴᠢᠳ᠎ᠤᠨ ᠬᠣᠨᠢᠨ ᠰᠦᠷᠦᠭ ᠠᠯᠠᠭ᠎ᠠ ᠪᠣᠯᠪᠠ᠃ ᠴᠠᠭ᠍ᠳᠠᠭᠠᠨ᠎ᠤ ᠠᠭᠠᠷ᠎ᠤᠨ ᠠᠶᠠᠯᠠᠯ᠎ᠤᠨ ᠠᠩᠭᠢ᠎ᠶ᠋ᠢᠨ ᠠᠷᠠᠳ᠎ᠤᠨ ᠴᠠᠭ᠍ᠳᠠᠭ᠎ᠠ ᠵᠢᠯᠣᠭᠣᠴᠢ ᠥᠬᠡᠶ ᠨᠢᠰᠭᠡᠯ᠎ᠢᠶᠡᠷ ᠥᠨᠳᠥᠷ ᠲᠣᠳᠣ ᠳᠦᠷᠰᠦ ᠱᠢᠩᠭᠡᠭᠡᠯᠲᠡ᠎ᠶ᠋ᠢᠨ ᠡᠭᠦᠯᠡᠨ ᠲᠠᠪᠴᠠᠩ᠎ᠢ᠋ ᠠᠴᠢᠶᠠᠯᠠᠵᠤ᠂ ᠲᠠᠯ᠎ᠠ ᠨᠤᠲᠤᠭ᠎ᠤᠨ ᠥᠷᠥᠴᠡᠨ᠎ᠳᠦ ᠭᠦᠨᠵᠡᠭᠡᠢᠷᠡᠨ ᠲᠤᠤᠷ ᠲᠠᠲᠠᠬᠤ ᠮᠠᠶᠢᠭ᠎ᠤᠨ ᠵᠢᠭ᠍ᠰᠠᠭᠠᠨ ᠪᠠᠢᠴᠠᠭᠠᠯᠲᠠ ᠬᠢᠵᠦ᠍᠂ ᠬᠣᠨᠢ ᠢᠮᠠᠭ᠎ᠠ᠎ᠪᠠᠨ ᠠᠯᠳᠠᠭ᠍ᠰᠠᠨ᠎ᠢ ᠲᠦᠷᠭᠡᠨ ᠢᠯᠡᠷᠡᠭᠦᠯᠵᠦ᠍᠂ ᠪᠠᠢᠷᠢ ᠲᠣᠭ᠍ᠲᠠᠭᠠᠯᠲᠠ᠎ᠶ᠋ᠢ ᠬᠡᠷᠡᠭ᠌ᠵᠢᠭᠦᠯᠬᠦ᠌᠎ᠶ᠋ᠢᠨ ᠬᠠᠮᠲᠤ ᠲᠤᠬᠠᠶ᠎ᠶ᠋ᠢᠨ ᠲᠠᠯᠠᠪᠠᠢ᠎ᠶ᠋ᠢᠨ ᠳᠦᠷᠰᠦ ᠱᠢᠩᠭᠡᠭᠡᠯᠲᠡ᠎ᠶ᠋ᠢ ᠳᠠᠮᠵᠢᠭᠤᠯᠵᠤ᠂ ᠭᠠᠵᠠᠷ ᠳᠡᠭᠡᠷᠡᠬᠢ ᠴᠠᠭ᠍ᠳᠠᠭᠠᠨ᠎ᠤ ᠬᠦᠴᠦᠨ᠎ᠲᠡᠶ ᠬᠠᠮᠵᠢᠯᠴᠠᠨ 128 ᠬᠣᠨᠢ᠎ᠶ᠋ᠢ ᠤᠷᠤᠭ᠍ᠰᠢᠲᠠᠶ ᠡᠷᠢᠨ ᠣᠯᠵᠤ᠂ ᠣᠯᠠᠨ ᠲᠦᠮᠡᠨ᠎ᠳᠦ 20 ᠭᠠᠷᠤᠶ ᠲᠦᠮᠡᠨ ᠲᠥᠭᠥᠷᠢᠭ᠎ᠦᠨ ᠠᠵᠤ ᠠᠬᠤᠢ᠎ᠶ᠋ᠢᠨ ᠬᠣᠬᠢᠷᠠᠯ᠎ᠢ ᠡᠭᠡᠭᠦᠯᠦᠨ ᠠᠪᠴᠢᠷᠠᠪᠠ᠃


703cc9ca-3822-4b61-a438-6b336e8b8232.png


ᠮᠠᠯᠴᠢᠳ᠎ᠢ ᠬᠠᠪᠰᠤᠷᠤᠨ ᠡᠪᠠᠰᠤ ᠪᠤᠷᠲᠤᠭ᠎ᠠ ᠤᠷᠤᠭᠤᠯᠤᠨ᠎ᠠ


《ᠬᠠᠢᠭᠤᠯ ᠪᠦᠷᠭᠦᠳ》 ᠵᠢᠯᠣᠭᠣᠴᠢ ᠥᠬᠡᠶ ᠨᠢᠰᠭᠡᠯ᠎ᠦᠨ ᠴᠠᠭ᠍ᠳᠠᠭᠠᠨ᠎ᠤ ᠠᠩᠭᠢ ᠪᠠᠢᠭᠤᠯᠤᠭ᠍ᠳᠠᠭ᠍ᠰᠠᠨ᠎ᠠᠴᠠ ᠣᠲᠣᠬᠠᠨ ᠪᠣᠯᠲᠠᠯ᠎ᠠ᠂ ᠨᠡᠢᠲᠡ 4.2 ᠲᠦᠮᠡᠨ ᠲᠡᠭ᠌ᠰᠢ ᠳᠥᠷᠪᠡᠯᠵᠢᠨ ᠺᠢᠯᠣᠮᠧᠲ᠋ᠷ᠎ᠢᠶᠡᠷ ᠲᠣᠭᠣᠷᠢᠨ ᠠᠶᠠᠯᠠᠵᠤ᠂ 400 ᠭᠠᠷᠤᠶ ᠤᠳᠠᠭ᠎ᠠ ᠡᠭᠦᠷᠭᠡ ᠭᠦᠶ᠋ᠴᠡᠳᠭᠡᠵᠦ᠍᠂ 17 ᠬᠦᠨᠳᠦ ᠶᠡᠬᠡ ᠬᠡᠷᠡᠭ᠎ᠢ ᠳᠡᠩᠨᠡᠨ ᠱᠢᠶ᠋ᠳᠪᠦᠷᠢᠯᠡᠬᠦ᠌᠎ᠳᠦ ᠣᠷᠣᠯᠴᠠᠠ᠂ 680 ᠭᠠᠷᠤᠶ ᠬᠥᠮᠦᠨ ᠤᠳᠠᠭ᠎ᠠ᠂ 1.2 ᠲᠦᠮᠡ ᠭᠠᠷᠤᠶ ᠲᠡᠷᠭᠡ ᠬᠥᠰᠭᠡ᠎ᠶ᠋ᠢ ᠵᠢᠭ᠍ᠰᠠᠭᠠᠨ ᠪᠠᠢᠴᠠᠭᠠᠵᠤ᠂ ᠣᠯᠠᠨ ᠲᠦᠮᠡᠨ᠎ᠳᠦ 200 ᠲᠦᠮᠡᠨ ᠲᠥᠭᠥᠷᠢᠭ᠎ᠦᠨ ᠱᠢᠭᠤᠳ ᠠᠵᠤ ᠠᠬᠤᠶ᠎ᠶ᠋ᠢᠨ ᠬᠣᠬᠢᠷᠠᠯ᠎ᠢ ᠡᠭᠡᠭᠦᠯᠦᠨ ᠠᠪᠴᠢᠷᠠᠵᠤ ᠥᠭ᠌ᠴᠡᠶ ᠁

ᠥᠷᠭᠡᠨ ᠠᠭᠤᠳᠠᠮ ᠬᠥᠪᠡᠭᠡ ᠬᠢᠵᠠᠭᠠᠷ ᠥᠬᠡᠶ ᠱᠢᠯᠢ᠎ᠶ᠋ᠢᠨ ᠭᠤᠤᠯ᠎ᠤᠨ ᠲᠠᠯ᠎ᠠ ᠨᠤᠲᠤᠭ᠎ᠲᠤ᠂ 《ᠬᠠᠢᠭᠤᠯ ᠪᠦᠷᠭᠦᠳ》 ᠵᠢᠯᠣᠭᠣᠴᠢ ᠥᠬᠡᠶ ᠨᠢᠰᠭᠡᠯ ᠨᠢ 《ᠴᠠᠭ᠍ᠳᠠᠭᠤᠯ》 ᠮᠡᠲᠦ ᠲᠩᠷᠢ᠎ᠶ᠋ᠢᠨ ᠬᠢᠵᠠᠭᠠᠷ᠎ᠲᠤ ᠡᠷᠭᠢᠯᠳᠦᠨ᠎ᠠ᠃ ᠲᠡᠷᠡ ᠨᠢ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠢᠶᠡᠷ ᠱᠢᠨ᠎ᠡ ᠴᠠᠭ ᠦᠶ᠎ᠡ᠎ᠶ᠋ᠢᠨ ᠨᠡᠭᠦᠳᠡᠯ ᠠᠷᠠᠳ᠎ᠤᠨ ᠬᠠᠮᠢᠶᠠᠷᠤᠯᠲᠠ᠎ᠶ᠋ᠢᠨ ᠴᠠᠭ᠍ᠳᠠᠭ᠎ᠠ᠎ᠶ᠋ᠢᠨ ᠡᠩᠨᠡᠭᠡ᠎ᠶ᠋ᠢᠨ ᠡᠭᠦᠷᠭᠡ ᠬᠠᠷᠢᠭᠤᠴᠠᠯᠭ᠎ᠠ ᠶ᠋ᠢ ᠦᠨᠡᠨᠴᠢ᠎ᠪᠡᠷ ᠭᠦᠢᠴᠡᠳᠭᠡᠵᠦ᠍᠂ ᠠᠷᠠᠳ ᠲᠦᠮᠡᠨ᠎ᠳᠦ ᠰᠢᠲᠤᠷᠭᠤ ᠦᠢᠯᠡᠴᠢᠯᠡᠨ᠎ᠠ᠃

ᠱᠢᠯᠢ᠎ᠶ᠋ᠢᠨ ᠭᠤᠤᠯ᠎ᠤᠨ ᠬᠢᠯᠢ᠎ᠶ᠋ᠢᠨ ᠬᠠᠮᠢᠶᠠᠷᠤᠯᠲᠠ᠎ᠶ᠋ᠢᠨ ᠰᠠᠯᠪᠤᠷᠢ ᠠᠩᠭᠢ᠎ᠶ᠋ᠢᠨ ᠳᠠᠷᠤᠭ᠎ᠠ ᠪᠠᠶ ᡁᠢ ᠬᠠᠶ ᠢᠯᠡᠷᠬᠡᠢᠯᠡᠬᠦ᠌᠎ᠳᠡᠭᠡᠨ᠄ 《ᠪᠢᠳᠡ〈ᠬᠠᠢᠭᠤᠯ ᠪᠦᠷᠭᠦᠳ〉 ᠵᠢᠯᠣᠭᠣᠴᠢ ᠥᠬᠡᠶ ᠨᠢᠰᠭᠡᠯ᠎ᠢᠶᠡᠷ ᠴᠠᠭ᠍ᠳᠠᠨ ᠰᠡᠷᠭᠡᠢᠯᠡᠬᠦ᠌ ᠱᠢᠰᠲ᠋ᠧᠮ᠎ᠦᠨ ᠪᠠᠢᠭᠤᠯᠤᠯᠲᠠ᠎ᠶ᠋ᠢ ᠦᠷᠭᠦᠯᠵᠢᠯᠡᠨ ᠭᠦᠨᠵᠡᠭᠡᠢᠷᠡᠭᠦᠯᠵᠦ᠍᠂ ᠱᠢᠨ᠎ᠡ ᠴᠢᠨᠠᠷ᠎ᠤᠨ ᠳᠠᠢᠴᠢᠨ ᠬᠦᠴᠦᠨ᠎ᠢ ᠪᠣᠳᠠᠲᠤ ᠲᠡᠢᠯᠠᠯᠲᠤᠭᠠᠨ ᠲᠡᠢᠰᠢ ᠬᠤᠪᠢᠷᠠᠭᠤᠯᠬᠤ᠂ ᠠᠷᠠᠳ᠎ᠤᠨ ᠠᠮᠢᠳᠤᠷᠠᠯ ᠲᠡᠢᠰᠢ ᠤᠷᠲᠤᠳᠭᠠᠬᠤ᠎ᠶ᠋ᠢ ᠠᠬᠢᠭᠤᠯᠵᠤ᠂ ᠨᠠᠩ ᠥᠨᠳᠥᠷ ᠲᠦᠪᠱᠢᠨ ᠪᠥᠬᠥᠶ ᠠᠮᠤᠷ ᠲᠦᠪᠱᠢᠨ᠎ᠢᠶᠡᠷ ᠡᠬᠡ ᠤᠯᠤᠰ᠎ᠤᠨ ᠤᠮᠠᠷᠠᠲᠤ᠎ᠶ᠋ᠢᠨ ᠠᠮᠤᠷ ᠲᠦᠪᠱᠢᠨ ᠲᠣᠭ᠍ᠲᠠᠭᠤᠨ᠎ᠤ ᠬᠠᠯᠬᠠᠪᠴᠢ᠎ᠶ᠋ᠢ ᠪᠠᠲᠤ ᠴᠣᠭ᠍ᠴᠠᠯᠠᠨ᠎ᠠ》 ᠬᠡᠵᠠᠢ᠃


dbf8cedf-186e-4bb0-ae0b-d72c350a8224.png


b9df16eb-6771-42e9-b774-f8b78f492463.png


f26b7d6d-3092-4ef7-85b7-6bedd4ba1892.png

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号