ᠦᠨᠳᠦᠰᠦᠨ ᠱᠠᠳᠤᠨ ᠳ᠋ᠤ 《ᠭᠤᠷᠪᠠ ᠵᠢ ᠬᠦᠷᠭᠡᠵᠦ》 《ᠠᠨᠠᠷ᠎ᠤᠨ ᠬᠡᠯᠬᠢᠶ᠎ᠠ》 ᠵᠢ ᠪᠡᠬᠢᠵᠢᠬᠦᠯᠦᠨ ᠪᠠᠳᠤᠳᠬᠠᠨ᠎ᠠ
2026-01-14 10:47:21
ᠵᠣᠬᠢᠶᠠᠭ᠍ᠴᠢ᠄
ᠪᠠᠢ ᠰᠡᠴᠡᠨ
ᠣᠩᠱᠢᠭ᠍ᠰᠠᠨ ᠣᠳᠠᠭ᠎ᠠ᠄
★★★☆☆

2025 ᠣᠨ᠎ᠳᠤ᠂ ᠦᠪᠡᠷᠳᠡᠭᠡᠨ ᠵᠠᠰᠠᠬᠤ ᠤᠷᠤᠨ᠎ᠤ ᠦᠨᠳᠤᠰᠦᠳᠡᠨ᠎ᠤ ᠬᠡᠷᠡᠭ ᠡᠷᠬᠢᠯᠡᠬᠦ ᠵᠦᠪᠯᠡᠯ᠎ᠦᠨ ᠤᠷᠤᠨ ᠨᠤᠳᠤᠭ᠎ᠦᠨ ᠦᠭᠡ ᠬᠡᠯᠡ ᠦᠰᠦᠭ ᠪᠢᠴᠢᠭ᠎ᠦᠨ ᠰᠤᠳᠤᠯᠭᠠᠨ ᠬᠡᠷᠡᠭ᠌ᠯᠡᠭᠡᠨ᠎ᠦ ᠲᠥᠪ 《ᠠᠨᠠᠷ᠎ᠤᠨ ᠬᠡᠯᠬᠢᠶ᠎ᠠ》 ᠦᠨᠳᠦᠰᠦᠨ ᠱᠠᠲᠤᠨ᠎ᠳᠤ ᠲᠥᠷᠥ᠎ᠶ᠋ᠢᠨ ᠪᠣᠳᠣᠯᠭ᠎ᠠ ᠬᠦᠷᠭᠡᠬᠦ᠌᠂ ᠮᠡᠷᠭᠡᠵᠢᠯ ᠬᠦᠷᠭᠡᠬᠦ᠌᠂ ᠦᠶ᠋ᠯᠡᠴᠢᠯᠡᠭᠡ ᠬᠦᠷᠭᠡᠬᠦ᠌ ᠨᠠᠷᠢᠯᠢᠭ ᠣᠨᠣᠴᠠᠳᠠᠢ ᠦᠶ᠋ᠯᠡᠳᠦᠯᠭᠡ᠎ᠪᠡᠷ ᠳᠠᠮᠵᠢᠭᠤᠯᠤᠨ᠂ ᠨᠠᠮ᠎ᠦᠨ ᠦᠨᠳᠦᠰᠦᠳᠡᠨ᠎ᠤ ᠤᠨᠤᠯ ᠲᠥᠷᠥ᠎ᠶ᠋ᠢᠨ ᠪᠣᠳᠣᠯᠭ᠎ᠠ᠎ᠶ᠋ᠢ ᠦᠪᠡᠷᠳᠡᠭᠡᠨ ᠵᠠᠰᠠᠬᠤ ᠤᠷᠤᠨ᠎ᠤ ᠡᠯ᠎ᠠ ᠭᠠᠵᠠᠷ ᠲᠸ᠋ ᠤᠬᠠᠭᠤᠯᠤᠨ ᠲᠠᠢᠯᠪᠤᠷᠢᠯᠠᠵᠤ᠂ ᠮᠡᠷᠭᠡᠵᠢᠯ᠎ᠢᠶᠡᠷ ᠴᠢᠳᠠᠪᠤᠷᠢ ᠣᠯᠭᠣᠬᠤ᠂ ᠠᠷᠠᠳ᠎ᠲᠤ ᠠᠱᠢᠭ ᠬᠦᠷᠲᠡᠭᠡᠬᠦ᠌᠎ᠳᠦ ᠦᠶ᠋ᠯᠡᠴᠢᠯᠡᠬᠦ᠌ ᠬᠢᠭᠡᠳ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠤᠨ ᠤᠬᠠᠭᠤᠯᠭ᠎ᠠ ᠬᠥᠮᠦᠵᠢᠯ᠎ᠢ ᠭᠦᠨᠵᠡᠭᠡᠶ ᠠᠭᠤᠰᠤᠯᠴᠠᠭᠤᠯᠵᠤ᠂ ᠠᠵᠢᠯᠯᠠᠭ᠎ᠠ᠎ᠶ᠋ᠢᠨ ᠬᠡᠯᠪᠡᠷᠢ ᠪᠠ ᠳᠠᠮᠵᠢᠭᠤᠯᠭ᠎ᠠ᠎ᠶ᠋ᠢᠨ ᠠᠴᠢᠶᠠᠯᠠᠪᠤᠷᠢ᠎ᠶ᠋ᠢᠨ ᠱᠢᠨ᠎ᠡ᠎ᠶ᠋ᠢ ᠡᠭᠦᠳᠴᠦ᠍᠂ ᠨᠠᠮ᠎ᠦᠨ ᠦᠨᠳᠦᠰᠦᠳᠡᠨ᠎ᠤ ᠠᠵᠢᠯ᠎ᠢ ᠴᠢᠨᠠᠷ ᠰᠠᠢᠳᠠᠢ ᠬᠢᠬᠦ ᠰᠢᠨ᠎ᠠ ᠵᠠᠭᠪᠤᠷ᠎ᠢ ᠪᠦᠷᠢᠯᠳᠦᠬᠦᠯᠪᠠ᠃


ed2bbc8e-76ba-4234-b634-128f92032946.png


ᠬᠤᠪᠢᠰᠬᠠᠯ ᠤ᠋ᠨ ᠭᠤᠤᠯ ᠰᠠᠲᠤᠪᠲᠤ ᠮᠠᠲᠠᠯᠬᠡ ᠵᠢᠨ ᠤᠷᠤᠯᠲᠤᠭᠠᠨ



ᠦᠪᠡᠷᠳᠡᠭᠡᠨ ᠵᠠᠰᠠᠬᠤ ᠤᠷᠤᠨ᠎ᠤ ᠤᠷᠤᠨ ᠨᠤᠳᠤᠭ᠎ᠦᠨ ᠦᠭᠡ ᠬᠡᠯᠡ ᠦᠰᠦᠭ ᠪᠢᠴᠢᠭ᠎ᠦᠨ ᠰᠤᠳᠤᠯᠭᠠᠨ ᠬᠡᠷᠡᠭ᠌ᠯᠡᠭᠡᠨ᠎ᠦ ᠲᠥᠪ᠎ᠨᠢ ᠪᠥᠬᠥ᠌ ᠣᠷᠣᠨ᠎ᠤ 18 ᠦᠨᠳᠦᠰᠦᠲᠡᠨ᠎ᠦ ᠱᠢᠶᠠᠩ᠎ᠢ ᠬᠠᠮᠤᠷᠬᠤ᠎ᠪᠠᠷ ᠬᠠᠷᠠᠯᠲᠠ ᠪᠣᠯᠭᠠᠵᠤ᠂ ᠪᠦᠬᠦ᠌ ᠵᠢᠯ᠎ᠳᠦ 7 ᠲᠠᠯᠠᠪᠤᠷ ᠶᠡᠷᠦᠩᠬᠡᠢᠯᠡᠭ᠌ᠰᠡᠨ ᠠᠵᠢᠯᠯᠠᠭ᠎ᠠ ᠥᠷᠨᠢᠭᠦᠯᠵᠦ᠍᠂ ᠦᠨᠳᠦᠰᠦᠲᠡᠨ᠎ᠦ ᠱᠢᠶᠠᠩ᠎ᠤᠨ ᠦᠢᠯᠡᠴᠢᠯᠡᠭᠡ᠎ᠶ᠋ᠢ ᠪᠦᠬᠦᠨ᠎ᠢ ᠪᠦᠷᠬᠦᠭᠦᠯᠬᠦ᠌᠎ᠶ᠋ᠢ ᠯᠠᠪᠳᠠᠭᠤᠨ ᠪᠠᠲᠤᠲᠠᠢ ᠪᠡᠶᠡᠯᠡᠭᠦᠯᠪᠠ᠃ 2025 ᠤᠨ᠎ᠤ 2 ᠰᠠᠷ᠎ᠠ᠎ᠳᠤ ᠰᠠᠢᠬᠠᠨ ᠲᠣᠭᠣᠷᠢᠭ 《ᠱᠢᠨ᠎ᠡ᠎ᠶ᠋ᠢ ᠡᠭᠦᠳᠴᠦ᠍ ᠠᠵᠤ ᠠᠬᠤᠢᠯᠠᠯ᠎ᠢ ᠲᠤᠰᠠᠯᠠᠨ ᠠᠵᠢᠯ ᠣᠯᠭᠣᠯᠲᠠ᠎ᠶ᠋ᠢ ᠠᠬᠢᠭᠤᠯᠬᠤ》 ᠪᠠᠷ ᠲᠤᠰᠭᠠᠶ ᠰᠡᠳᠦᠪ ᠪᠣᠯᠭᠠᠵᠤ᠂ ᠵᠠᠰᠠᠭ ᠰᠤᠷᠭᠠᠭᠤᠯᠢ ᠠᠵᠤ ᠠᠬᠤᠢᠯᠠᠯ᠎ᠤᠨ ᠬᠠᠮᠲᠤᠷᠠᠯᠴᠠᠭᠠᠨ᠎ᠤ ᠪᠣᠷᠣ ᠲᠥᠯᠥᠪ᠎ᠲᠦ ᠭᠠᠷ᠎ᠤᠨ ᠥᠰᠥᠭ ᠵᠢᠷᠤᠵᠠᠢ; 3 — 4 ᠰᠠᠷ᠎ᠠ᠎ᠳᠤ ᠤᠯᠠᠭᠠᠨᠴᠠᠪ ᠬᠣᠲᠠ ᠳ᠋ᠤ ᠠᠩᠬᠠᠳᠠᠭ᠍ᠴᠢ ᠤᠳᠠᠭᠠᠨ᠎ᠤ ᠦᠨᠳᠦᠰᠦᠨ ᠱᠠᠲᠤᠨ᠎ᠤ ᠠᠶᠠᠯᠠᠯ᠎ᠳᠤ ᠡᠮᠬᠢᠯᠡᠨ ᠨᠡᠢᠯᠡᠭᠦᠯᠵᠦ᠍ ᠤᠬᠠᠭᠤᠯᠤᠨ ᠲᠠᠢᠯᠪᠤᠷᠢᠯᠠᠬᠤ᠂ ᠲᠣᠭᠣᠷᠢᠨ ᠦᠵᠡᠬᠦ᠌᠂ ᠰᠣᠷᠢᠯᠲᠠ ᠬᠢᠬᠦ᠌᠂ ᠠᠯᠪᠠᠨ ᠵᠢᠷᠤᠮ᠎ᠤᠨ ᠡᠮᠴᠢᠯᠡᠭᠡ ᠦᠷᠨᠢᠬᠦᠯᠪᠠ; 6 —7 ᠰᠠᠷ᠎ᠠ᠎ᠳᠤ ᠱᠢᠯᠢ᠎ᠶ᠋ᠢᠨ ᠭᠣᠣᠯ ᠠᠢᠮᠠᠭ᠎ᠤᠨ ᠲᠤᠯᠤᠨ ᠨᠤᠤᠷ ᠱᠢᠶᠠᠨ᠎ᠤ 《ᠭᠤᠷᠪᠠ᠎ᠶ᠋ᠢ ᠬᠦᠷᠭᠡᠬᠦ᠌》 ᠵᠢᠴᠢ ᠤᠷᠠᠨ ᠪᠢᠴᠢᠯᠭᠡ ᠤᠷᠠᠨ ᠵᠢᠷᠤᠭ ᠭᠡᠷᠡᠯ ᠵᠢᠷᠤᠭ᠎ᠤᠨ ᠦᠵᠡᠭᠦᠯᠭᠡ᠎ᠳᠦ᠂ ᠰᠣᠶᠣᠯ ᠤᠷᠠᠯᠢᠭ᠎ᠢᠶᠠᠷ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠤᠨ ᠦᠯᠢᠭᠡᠷ᠎ᠢ ᠰᠠᠢᠳᠤᠷ ᠤᠬᠠᠭᠤᠯᠵᠠᠢ; 8— 9 ᠰᠠᠷ᠎ᠠ᠎ᠳᠤ ᠬᠥᠯᠥᠨ ᠪᠣᠢᠷ ᠬᠣᠲᠠ᠎ᠶ᠋ᠢᠨ ᠵᠠᠯᠠᠨ ᠠᠢᠯ᠎ᠳᠤ ᠬᠡᠭᠡᠨ ᠭᠤᠤᠯ᠎ᠤᠨ ᠠᠶᠠᠯᠠᠯ  ᠦᠨᠳᠦᠰᠦᠲᠡᠨ᠎ᠦ ᠱᠢᠶᠠᠩ᠎ᠤᠨ ᠦᠶ᠋ᠯᠡᠴᠢᠯᠡᠭᠡ ᠦᠷᠨᠢᠬᠦᠯᠪᠡ; 10 —11 ᠰᠠᠷ᠎ᠠ᠎ᠳᠤ ᠰᠥᠨᠢᠳ ᠵᠡᠭᠦᠨ ᠬᠣᠱᠢᠭᠤ᠂ ᠪᠠᠭᠠᠷᠢᠨ ᠵᠡᠭᠦᠨ ᠬᠣᠱᠢᠭᠤᠨ᠎ᠤ ᠠᠵᠢᠯᠯᠠᠭ᠎ᠠ᠎ᠨᠢ ᠣᠯᠠᠨ ᠲᠦᠮᠡᠨ᠎ᠦ ᠰᠡᠳᠭᠢᠴᠡ᠂ ᠰᠣᠶᠣᠯ᠂ ᠡᠷᠡᠭᠦᠯ ᠮᠡᠨᠳᠦ᠍᠎ᠶ᠋ᠢᠨ ᠬᠡᠷᠡᠭ᠌ᠴᠡᠭᠡ ᠱᠠᠭᠠᠷᠳᠠᠯᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠦᠨᠳᠦᠰᠦᠨ ᠱᠠᠲᠤᠨ᠎ᠤ ᠣᠯᠠᠨ ᠲᠦᠮᠡᠨ᠎ᠦ ᠬᠦᠷᠲᠡᠮᠵᠢ᠎ᠶ᠋ᠢᠨ ᠲᠥᠷᠥᠭ᠌ᠳᠡᠯ ᠪᠣᠯᠤᠨ ᠮᠡᠳᠡᠷᠡᠮᠵᠢ᠎ᠶ᠋ᠢ ᠦᠨᠡᠨ ᠬᠦ᠌ ᠨᠡᠮᠡᠭ᠌ᠳᠡᠭᠦᠯᠵᠠᠢ᠃


b6c4402e-75ef-4223-a098-224d2cf9caf4.png


ᠤᠬᠠᠭᠤᠯᠭ᠎ᠠ ᠬᠦᠮᠤᠵᠢᠯ


ᠡᠭᠦᠨ᠎ᠦ ᠬᠠᠮᠲᠤ᠂ ᠲᠤᠰ ᠲᠥᠪ᠎ᠡᠴᠡ 4 ᠤᠳᠠᠭᠠᠨ᠎ᠤ ᠱᠢᠨ᠎ᠡ᠎ᠶ᠋ᠢ ᠡᠭᠦᠳᠬᠦ᠌ ᠠᠵᠢᠯᠯᠠᠭ᠎ᠠ᠎ᠶ᠋ᠢ ᠤᠬᠠᠭᠠᠯᠠᠨ ᠲᠥᠯᠥᠪᠯᠡᠵᠦ᠍᠂ ᠥᠪᠡᠷᠲᠡᠭᠡᠨ ᠵᠠᠰᠠᠬᠤ ᠣᠷᠣᠨ᠎ᠤ《ᠠᠵᠤ ᠠᠬᠤᠢᠯᠠᠯ᠎ᠢ ᠲᠤᠰᠠᠯᠠᠵᠤ ᠠᠵᠢᠯ ᠣᠯᠭᠣᠯᠲᠠ᠎ᠶ᠋ᠢ ᠠᠬᠢᠭᠤᠯᠬᠤ》 ᠪᠠᠢᠷᠢᠯᠠᠭᠤᠯᠤᠯᠲᠠ᠎ᠲᠠᠶ ᠨᠢᠭ᠍ᠲᠠ ᠤᠶᠠᠯᠳᠤᠭᠤᠯᠤᠨ᠂ 《ᠵᠠᠰᠠᠭ ᠠᠵᠤ ᠠᠬᠤᠢᠯᠠᠯ ᠰᠤᠷᠭᠠᠭᠤᠯᠢ ᠬᠣᠷᠱᠢᠶ᠎ᠠ》 ᠶ᠋ᠢᠨ ᠬᠠᠮᠲᠤᠷᠠᠨ ᠬᠥᠳᠡᠯᠦᠯᠴᠡᠬᠦ᠌ ᠱᠢᠨ᠎ᠡ ᠵᠠᠭ᠍ᠪᠤᠷ᠎ᠢ ᠰᠦᠪᠡᠭ᠌ᠴᠢᠯᠡᠪᠡ᠃ 2025 ᠤᠨ᠎ᠤ 3 ᠰᠠᠷ᠎ᠠ᠎ᠳᠤ ᠨᠡᠢᠲᠡ᠎ᠶ᠋ᠢᠨ ᠮᠠᠱᠢᠨ ᠲᠡᠷᠭᠡᠨ᠎ᠦ ᠺᠣᠮᠫᠠᠨᠢ᠎ᠶ᠋ᠢᠨ ᠶᠠᠷᠢᠯᠴᠠᠬᠤ ᠬᠤᠷᠠᠯ᠎ᠳᠤ ᠣᠷᠣᠯᠴᠠᠵᠤ᠂ ᠰᠤᠷᠭᠠᠭᠤᠯᠢ ᠠᠵᠤ ᠠᠬᠤᠢᠯᠠᠯ᠎ᠤᠨ ᠬᠠᠮᠲᠤᠷᠠᠯᠴᠠᠭ᠎ᠠ᠎ᠶ᠋ᠢ ᠠᠬᠢᠭᠤᠯᠵᠤ᠂ ᠠᠵᠤ ᠠᠬᠤᠢᠯᠠᠯ᠎ᠤᠨ ᠬᠦᠴᠢᠷᠳᠡᠯ᠎ᠢ ᠱᠢᠢᠳᠪᠦᠷᠢᠯᠡᠵᠦ᠍᠂ ᠠᠵᠢᠯ ᠣᠯᠭᠣᠯᠲᠠ᠎ᠶ᠋ᠢ ᠲᠣᠭ᠍ᠲᠠᠪᠤᠷᠢᠵᠢᠭᠤᠯᠬᠤ᠎ᠳᠤ ᠬᠦᠴᠦᠨ ᠨᠡᠮᠡᠷᠢᠯᠡᠪᠡ; 2025 ᠤᠨ᠎ᠤ 5 ᠰᠠᠷ᠎ᠠ᠎ᠳᠤ ᠬᠦᠬᠡᠬᠤᠳᠠ ᠵᠢᠨ ᠵᠦᠯᠭᠡᠨ ᠴᠡᠴᠡᠷᠯᠢᠭ᠎ᠦᠨ ᠲᠣᠮᠣ ᠬᠡᠯᠪᠡᠷᠢ᠎ᠶ᠋ᠢᠨ ᠬᠠᠮᠲᠤᠷᠠᠨ ᠬᠥᠳᠡᠯᠦᠯᠴᠡᠬᠦ᠌ ᠠᠵᠢᠯᠯᠠᠭ᠎ᠠ᠎ᠳᠤ ᠲᠠᠪᠤᠨ ᠶᠡᠬᠡ ᠴᠢᠳᠠᠮᠵᠢᠲᠤ ᠲᠤᠭᠤᠷᠢᠭ ᠲᠤᠬᠢᠷᠠᠭᠤᠯᠵᠤ᠂ 50 ᠱᠢᠬᠠᠮ ᠨᠢᠭᠡᠴᠢ᠎ᠶ᠋ᠢ ᠲᠡᠳᠡᠨ ᠣᠷᠣᠯᠴᠠᠭᠤᠯᠵᠤ᠂ 1.5 ᠲᠦᠮᠡᠨ ᠬᠥᠮᠦᠨ ᠤᠳᠠᠭ᠎ᠠ᠎ᠳ᠋ᠤ ᠦᠶ᠋ᠯᠡᠴᠢᠯᠡᠭᠡ ᠬᠠᠨᠭᠭᠠᠵᠤ᠂ ᠲᠥᠷᠥ᠎ᠶ᠋ᠢᠨ ᠪᠣᠳᠣᠯᠭ᠎ᠠ᠎ᠶ᠋ᠢᠨ ᠤᠬᠠᠭᠤᠯᠭ᠎ᠠ᠎ᠶ᠋ᠢᠨ ᠨᠡᠭᠡᠭᠡᠯᠲᠡᠲᠦ ᠮᠠᠶᠢᠭ᠎ᠤᠨ ᠬᠢᠴᠢᠶᠡᠯ᠎ᠦᠨ ᠲᠠᠩᠬᠢᠮ᠎ᠢ ᠪᠠᠢᠭᠤᠯᠵᠠᠢ; 2025 ᠤᠨ᠎ᠤ 9 ᠰᠠᠷ᠎ᠠ᠎ᠳᠤ ᠬᠦᠷᠢᠶ᠎ᠡ ᠬᠣᠱᠢᠭᠤᠨ᠎ᠤ ᠲᠤᠰᠭᠠᠶ ᠠᠵᠢᠯᠯᠠᠭ᠎ᠠ᠎ᠨᠢ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠎ᠯᠤᠭ᠎ᠠ ᠭᠦᠨᠵᠡᠭᠡᠶ ᠠᠭᠤᠰᠤᠯᠴᠠᠭᠤᠯᠵᠠᠢ; 2025 ᠤᠨ᠎ᠤ 10 ᠰᠠᠷ᠎ᠠ᠎ᠳᠤ ᠤᠷᠠᠳ᠎ᠤᠨ ᠳᠤᠮᠳᠠᠳᠤ ᠬᠣᠱᠢᠭᠤᠨ᠎ᠤ ᠠᠵᠢᠯᠯᠠᠭ᠎ᠠ ᠨᠢ ᠪᠣᠳᠠᠰ᠎ᠤᠨ ᠪᠤᠰᠤ ᠰᠣᠶᠣᠯ᠎ᠤᠨ ᠥᠪ᠎ᠢ ᠤᠯᠠᠮᠵᠢᠯᠠᠨ ᠵᠠᠯᠭᠠᠮᠵᠢᠯᠠᠬᠤ᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠠᠷᠠᠳ᠎ᠤᠨ ᠵᠠᠩ ᠦᠢᠯᠡ᠎ᠶ᠋ᠢᠨ ᠤᠷ᠎ᠠ ᠮᠡᠷᠭᠡᠱᠢᠯ᠎ᠢ ᠪᠡᠶᠡᠴᠢᠯᠡᠨ ᠣᠢᠯᠠᠭᠠᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠤᠶᠤᠨ ᠰᠠᠨᠠᠭᠠᠨ᠎ᠤ ᠭᠡᠷ ᠣᠷᠣᠨ᠎ᠤ ᠪᠠᠢᠭᠤᠯᠤᠯᠲᠠ᠎ᠶ᠋ᠢᠨ ᠦᠢᠯᠡᠳᠦᠯᠭᠡ᠎ᠶ᠋ᠢᠨ ᠠᠷᠭ᠎ᠠ ᠵᠠᠮ᠎ᠢ ᠥᠷᠭᠡᠳᠭᠡᠵᠦ᠍᠂ ᠤᠨᠴᠠᠯᠢᠬ᠍ᠳᠤ ᠰᠣᠶᠣᠯ᠎ᠤᠨ ᠡᠬᠢ ᠪᠠᠶᠠᠯᠢᠭ᠎ᠤᠨ ᠠᠵᠤ ᠦᠢᠯᠡᠰᠵᠢᠭ᠌ᠰᠡᠨ ᠬᠥᠭ᠌ᠵᠢᠯᠲᠡ᠎ᠶ᠋ᠢ ᠠᠬᠢᠭᠤᠯᠪᠠ᠃

2025 ᠤᠨ᠎ᠤ ᠪᠥᠬᠥ᠌ ᠵᠢᠯ᠎ᠳᠦ 25 ᠲᠠᠯᠠᠪᠠᠶ ᠪᠠᠢᠨᠭᠭᠤᠵᠢᠭᠰᠠᠨ ᠠᠵᠢᠯᠯᠠᠭ᠎ᠠ ᠥᠷᠨᠢᠭᠦᠯᠵᠦ᠍᠂ ᠠᠵᠢᠯᠯᠠᠭ᠎ᠠ᠎ᠶ᠋ᠢ ᠰᠤᠷᠭᠠᠭᠤᠯᠢ᠎ᠶ᠋ᠢᠨ ᠬᠦᠷᠢᠶ᠎ᠡ᠂ ᠨᠡᠢᠭᠡᠮ ᠲᠣᠭᠣᠷᠢᠭ᠂ ᠭᠠᠴᠠᠭ᠎ᠠ ᠲᠤᠰᠬᠤᠨ᠎ᠳᠤ ᠣᠷᠣᠭᠤᠯᠬᠤ᠎ᠶ᠋ᠢ ᠠᠬᠢᠭᠤᠯᠵᠤ᠂ ᠪᠥᠬᠥ᠌ ᠣᠷᠣᠨ ᠪᠦᠰᠡ᠎ᠶ᠋ᠢᠨ ᠤᠬᠠᠭᠤᠯᠭ᠎ᠠ ᠬᠥᠮᠦᠵᠢᠯ᠎ᠦᠨ ᠲᠤᠤᠷ ᠰᠦᠯᠵᠢᠶ᠎ᠡ᠎ᠶ᠋ᠢ ᠨᠢᠭ᠍ᠲᠠ ᠰᠦᠯᠵᠢᠪᠡ᠃ ᠰᠤᠷᠭᠠᠭᠤᠯᠢ᠎ᠶ᠋ᠢᠨ ᠬᠦᠷᠢᠶᠡᠨ᠎ᠳᠦ 15 ᠲᠠᠯᠠᠪᠤᠷ ᠤᠳᠠᠭ᠎ᠠ ᠠᠵᠢᠯᠯᠠᠭ᠎ᠠ ᠦᠷᠨᠢᠬᠦᠯᠵᠤ᠂ ᠶᠡᠬᠡ ᠳᠤᠮᠳᠠᠳᠤ ᠪᠠᠭ᠎ᠠ ᠰᠤᠷᠭᠠᠭᠤᠯᠢ᠎ᠶ᠋ᠢ ᠬᠠᠮᠤᠷᠴᠤ᠌᠂ ᠲᠠᠢᠯᠤᠮᠵᠢ ᠬᠢᠬᠦ᠌᠂ ᠰᠤᠳᠤᠯᠤᠨ ᠶᠠᠷᠢᠯᠴᠠᠬᠤ᠎ᠪᠠᠷ ᠳᠡᠮᠵᠢᠨ ᠵᠠᠯᠠᠭᠤᠴᠤᠳ ᠪᠠᠭᠠᠴᠤᠳ᠎ᠤᠨ ᠦᠨᠳᠦᠰᠦᠲᠡᠨ᠎ᠦ ᠪᠦᠯᠬᠦᠮᠳᠡᠯ᠎ᠦᠨ ᠬᠠᠢᠷ᠎ᠠ ᠰᠡᠳᠭᠢᠯᠭᠡ᠎ᠶ᠋ᠢ ᠵᠤᠵᠠᠭᠠᠳᠭᠠᠪᠠ; ᠨᠡᠢᠭᠡᠮ ᠲᠣᠭᠣᠷᠢᠭ᠎ᠲᠤ 20 ᠲᠠᠯᠠᠪᠤᠷ ᠠᠵᠢᠯᠯᠠᠭ᠎ᠠ ᠦᠷᠨᠢᠬᠦᠯᠵᠤ᠂ ᠨᠡᠢᠭᠡᠮ ᠲᠣᠭᠣᠷᠢᠭ᠎ᠤᠨ ᠵᠠᠰᠠᠯᠲᠠ ᠪᠠ ᠠᠷᠠᠳ᠎ᠲᠤ ᠲᠥᠬᠥᠮ ᠦᠵᠡᠭᠦᠯᠬᠦ᠌ ᠦᠶ᠋ᠯᠡᠴᠢᠯᠡᠭᠡ᠎ᠳᠦ ᠠᠭᠤᠰᠤᠯᠴᠠᠭᠤᠯᠵᠤ᠂ ᠤᠬᠠᠭᠤᠯᠭ᠎ᠠ᠎ᠶ᠋ᠢ ᠤᠯᠠᠨ ᠲᠦᠮᠡᠨ᠎ᠤ ᠠᠮᠢᠳᠤᠷᠠᠯ᠎ᠳᠤ ᠨᠠᠩ ᠣᠢᠷᠠᠲᠤᠭᠤᠯᠪᠠ; ᠭᠠᠴᠠᠭ᠎ᠠ ᠲᠤᠰᠬᠤᠨ᠎ᠳᠤ 6 ᠲᠠᠯᠠᠪᠤᠷ ᠠᠵᠢᠯᠯᠠᠭ᠎ᠠ ᠦᠷᠨᠢᠬᠦᠯᠵᠤ᠂ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠂ ᠮᠠᠯᠵᠢᠬᠤ ᠣᠷᠣᠨ᠎ᠤ ᠬᠥᠭ᠌ᠵᠢᠯᠲᠡ᠎ᠶ᠋ᠢᠨ ᠲᠣᠭᠣᠷᠢᠨ᠎ᠳᠤ ᠲᠥᠷᠥ᠎ᠶ᠋ᠢᠨ ᠪᠣᠳᠣᠯᠭ᠎ᠠ ᠮᠡᠷᠭᠡᠵᠢᠯ᠎ᠢᠶᠡᠷ ᠬᠠᠪᠰᠤᠷᠤᠨ ᠲᠡᠳᠬᠦᠵᠦ᠍᠂ ᠠᠯᠪᠠᠨ ᠵᠢᠷᠤᠮ᠎ᠤᠨ ᠡᠮᠴᠢᠯᠡᠭᠡ ᠦᠷᠨᠢᠬᠦᠯᠵᠦ᠂ ᠠᠷᠠᠳ᠎ᠲᠤ ᠠᠱᠢᠭ ᠬᠦᠷᠲᠡᠭᠡᠬᠦ᠌ ᠦᠨᠳᠤᠰᠤᠨ ᠱᠠᠳᠤᠨ᠎ᠤ ᠡᠷᠡᠭᠦᠯ ᠮᠡᠨᠳᠦ᠍᠎ᠶ᠋ᠢᠨ ᠦᠶ᠋ᠯᠡᠴᠢᠯᠡᠭᠡᠨ᠎ᠦ ᠱᠢᠰᠲ᠋ᠧᠮ᠎ᠢ ᠪᠠᠢᠭᠤᠯᠵᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号