1 ᠰᠠᠷ᠎ᠠ᠎ᠶᠢᠨ 6᠎ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠤᠮᠳᠠᠳᠤ ᠪᠠᠭ᠎ᠠ ᠰᠤᠷᠭᠠᠭᠤᠯᠢ᠎ᠶᠢᠨ ᠰᠤᠷᠭᠠᠨ ᠬᠦᠮᠦᠵᠢᠯ᠎ᠤᠨ ᠵᠠᠯᠬᠠᠭᠠᠨ ᠴᠡᠭᠡᠷᠯᠡᠭᠦᠯᠬᠦ ᠬᠡᠷᠡᠭᠵᠢᠭᠦᠯᠬᠦ ᠨᠠᠷᠢᠨ ᠳᠦᠷᠢᠮ》 (ᠳᠣᠷᠣᠭ᠍ᠰᠢ 《ᠨᠠᠷᠢᠨ ᠳᠦᠷᠢᠮ》 ᠭᠡᠵᠦ ᠲᠣᠪᠴᠢᠯᠠᠨ᠎ᠠ)᠎ᠢ᠋ ᠵᠢᠩᠬᠢᠨᠢ᠎ᠪᠡᠷ ᠳᠠᠷᠤᠮᠠᠯᠯᠠᠨ ᠲᠠᠷᠬᠠᠭᠠᠵᠤ᠂ ᠪᠥᠬᠥ ᠣᠷᠣᠨ᠎ᠤ ᠳᠤᠮᠳᠠᠳᠤ ᠪᠠᠭ᠎ᠠ ᠰᠤᠷᠭᠠᠭᠤᠯᠢ᠎ᠶᠢᠨ ᠪᠠᠭ᠍ᠰᠢ ᠨᠠᠷ᠎ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠪᠠ ᠬᠠᠮᠢᠶᠠᠷᠤᠯᠲᠠ᠎ᠶᠢᠨ ᠡᠭᠦᠷᠭᠡ ᠬᠠᠷᠢᠭᠤᠴᠠᠯᠭ᠎ᠠ᠎ᠪᠠᠨ ᠬᠠᠤᠯᠢ ᠶᠣᠰᠣᠭᠠᠷ ᠭᠦᠢᠴᠡᠳᠬᠡᠬᠦ᠎ᠶᠢ ᠤᠯᠠᠮ ᠨᠢᠭᠡ ᠠᠯᠬᠤᠮ ᠪᠠᠲᠤᠯᠠᠨ ᠵᠢᠷᠤᠮᠵᠢᠭᠤᠯᠪᠠ᠃ ᠲᠣᠰ 《ᠨᠠᠷᠢᠨ ᠳᠦᠷᠢᠮ》 ᠢ᠋ ᠨᠡᠢᠲᠡᠯᠡᠭᠰᠡᠨ ᠨᠢ ᠰᠤᠷᠭᠠᠭᠤᠯᠢ ᠪᠠ ᠪᠠᠭ᠍ᠰᠢ ᠨᠠᠷ᠎ᠤᠨ ᠰᠤᠷᠭᠠᠨ ᠬᠥᠮᠥᠵᠢᠭᠦᠯᠵᠦ ᠵᠠᠯᠬᠠᠭᠠᠨ ᠴᠡᠭᠡᠷᠯᠡᠭᠦᠯᠬᠦ᠎ᠳᠦ ᠲᠣᠳᠣᠷᠬᠠᠢ᠂ ᠪᠣᠳᠠᠲᠠᠢ ᠵᠢᠯᠤᠭᠣᠳᠬᠤ ᠵᠦᠭᠯᠡᠭᠦᠷ ᠬᠠᠩᠭᠠᠭᠰᠠᠨ ᠪᠥᠭᠡᠳ ᠰᠣᠷᠣᠭ᠍ᠴᠢ᠎ᠶᠢᠨ ᠬᠠᠤᠯᠢ ᠶᠣᠰᠣᠨ᠎ᠤ ᠡᠷᠬᠡ ᠠᠰᠢᠭ᠋᠎ᠢ ᠬᠠᠮᠠᠭᠠᠯᠠᠬᠤ᠎ᠶᠢ ᠴᠢᠬᠤᠯᠠᠴᠢᠯᠠᠵᠤ᠂ ᠰᠣᠷᠣᠭ᠍ᠴᠢᠳ᠎ᠤᠨ ᠡᠷᠡᠭᠦᠯ᠎ᠢᠶᠡᠷ ᠦᠰᠦᠨ ᠪᠣᠢᠵᠢᠬᠤ ᠪᠠ ᠪᠥᠬᠥ ᠲᠠᠯ᠎ᠠ᠎ᠪᠠᠷ ᠬᠥᠭᠵᠢᠬᠦ᠎ᠶᠢ ᠠᠬᠢᠭᠤᠯᠤᠭᠰᠠᠨ ᠪᠠᠢᠨ᠎ᠠ᠃
《ᠨᠠᠷᠢᠨ ᠳᠦᠷᠢᠮ》 ᠳ᠋ᠤ ᠰᠣᠷᠣᠭ᠍ᠴᠢ᠎ᠶᠢᠨ ᠳᠦᠷᠢᠮ ᠲᠣᠭᠲᠠᠭᠠᠯ ᠰᠠᠬᠢᠯᠭ᠎ᠠ ᠪᠠᠲᠤ᠎ᠶᠢ ᠵᠥᠷᠢᠴᠡᠭᠰᠡᠨ ᠦᠶ᠋ᠯᠡ ᠪᠠᠢᠳᠠᠯ᠎ᠤᠨ ᠬᠦᠨᠳᠦ ᠬᠥᠩᠭᠡᠨ᠎ᠢ ᠦᠨᠳᠦᠰᠦᠯᠡᠨ᠂ ᠰᠤᠷᠭᠠᠨ ᠬᠥᠮᠥᠵᠢᠭᠦᠯᠵᠦ ᠵᠠᠯᠬᠠᠭᠠᠨ ᠴᠡᠭᠡᠷᠯᠡᠭᠦᠯᠬᠦ᠎ᠶᠢ ᠭᠤᠷᠪᠠᠨ ᠱᠠᠲᠤ ᠳᠠᠪᠬᠤᠷᠭ᠎ᠠ ᠬᠤᠪᠢᠶᠠᠪᠠ᠃ ᠪᠠᠭ᠍ᠰᠢ ᠨᠠᠷ ᠬᠢᠴᠢᠶᠡᠯ᠎ᠦᠨ ᠲᠠᠩᠬᠢᠮ᠎ᠤᠨ ᠵᠢᠭᠠᠨ ᠰᠤᠷᠭᠠᠯᠲᠠ ᠪᠤᠶᠤ ᠡᠳᠦᠷ ᠲᠤᠲᠤᠮ᠎ᠤᠨ ᠬᠠᠮᠢᠶᠠᠷᠤᠯᠲᠠ᠎ᠶᠢᠨ ᠳᠤᠮᠳᠠ᠂ ᠦᠶ᠋ᠯᠡ ᠪᠠᠢᠳᠠᠯ ᠨᠢ ᠨᠡᠯᠢᠶᠡᠳ ᠬᠥᠩᠭᠡᠨ ᠰᠣᠷᠣᠭ᠍ᠴᠢ᠎ᠳᠤ ᠲᠤᠬᠠᠢ᠎ᠶᠢᠨ ᠲᠠᠯᠠᠪᠤᠷ ᠲᠤᠨᠢ ᠨᠡᠷ᠎ᠡ ᠳᠤᠷᠠᠳᠤᠨ ᠰᠢᠭᠦᠮᠵᠢᠯᠡᠬᠦ᠂ ᠵᠠᠷᠯᠢᠭ᠍ᠳᠠᠨ ᠰᠢᠬᠦᠮᠵᠢᠯᠡᠬᠦ᠂ ᠵᠢᠭᠠᠨ ᠰᠤᠷᠭᠠᠯᠲᠠ ᠪᠤᠶᠤ ᠨᠡᠶ᠋ᠢᠲᠡ᠎ᠶᠢᠨ ᠠᠰᠠᠷᠠᠮᠵᠢ᠎ᠶᠢᠨ ᠡᠭᠦᠷᠭᠡ᠎ᠶᠢ ᠵᠣᠬᠢᠰᠲᠠᠢ ᠨᠡᠮᠡᠭᠳᠡᠭᠦᠯᠬᠦ᠂ ᠬᠢᠴᠢᠶᠡᠯ᠎ᠦᠨ ᠲᠠᠩᠬᠢᠮ᠎ᠤᠨ ᠵᠢᠭᠠᠨ ᠰᠤᠷᠭᠠᠯᠲᠠ᠎ᠶᠢᠨ ᠳᠤᠮᠳᠠ ᠬᠢᠴᠢᠶᠡᠯ᠎ᠦᠨ ᠭᠡᠷ᠎ᠲᠦ ᠵᠣᠭᠰᠣᠭᠠᠬᠤ ᠵᠡᠷᠭᠡ ᠰᠤᠷᠭᠠᠨ ᠬᠦᠮᠦᠵᠢᠬᠦᠯᠬᠦ ᠠᠷᠭ᠎ᠠ ᠬᠡᠮᠵᠢᠶ᠎ᠡ᠎ᠶᠢ ᠬᠡᠷᠡᠭᠵᠢᠭᠦᠯᠵᠦ ᠪᠣᠯᠣᠨ᠎ᠠ᠃ ᠦᠶ᠋ᠯᠡ ᠪᠠᠢᠳᠠᠯ ᠨᠢ ᠨᠡᠯᠢᠶᠡᠳ ᠬᠦᠨᠳᠦ ᠪᠤᠶᠤ ᠵᠠᠯᠠᠷᠠᠭᠤᠯᠬᠤ᠎ᠶᠢ ᠲᠡᠪᠴᠢᠭᠰᠡᠨ ᠰᠣᠷᠣᠭ᠍ᠴᠢ᠎ᠳᠤ ᠰᠤᠷᠭᠠᠭᠤᠯᠢ ᠵᠢᠨ ᠲᠠᠯ᠎ᠠ ᠡᠴᠡ ᠰᠤᠷᠭᠠᠨ ᠵᠢᠯᠤᠭᠣᠳᠬᠤ᠂ ᠰᠤᠷᠭᠠᠭᠤᠯᠢ᠎ᠶᠢᠨ ᠳᠣᠲᠣᠷᠠᠬᠢ ᠨᠡᠶ᠋ᠢᠲᠡ᠎ᠶᠢᠨ ᠠᠰᠠᠷᠠᠮᠵᠢ᠎ᠶᠢᠨ ᠦᠢᠯᠡᠴᠢᠯᠡᠭᠡ᠎ᠶᠢ ᠲᠣᠬᠢᠷᠠᠭᠤᠯᠬᠤ᠂ ᠰᠤᠷᠭᠠᠭᠤᠯᠢ᠎ᠶᠢᠨ ᠰᠠᠬᠢᠯᠭ᠎ᠠ ᠪᠠᠲᠤ᠎ᠶᠢᠨ ᠲᠤᠰᠬᠠᠢ ᠬᠥᠮᠦᠵᠢᠯ ᠬᠢᠬᠦ᠂ ᠰᠤᠷᠭᠠᠭᠤᠯᠢ᠎ᠶᠢᠨ ᠭᠠᠳᠠᠨᠠᠬᠢ ᠬᠠᠮᠲᠤ᠎ᠶᠢᠨ ᠠᠵᠢᠯᠯᠠᠭ᠎ᠠ᠎ᠶᠢ ᠲᠦᠷ ᠵᠣᠭᠰᠤᠭᠠᠬᠤ ᠵᠡᠷᠭᠡ ᠠᠷᠭ᠎ᠠ ᠬᠡᠮᠵᠢᠶ᠎ᠡ᠎ᠶᠢ ᠠᠪᠴᠤ ᠪᠣᠯᠣᠨ᠎ᠠ᠃ ᠪᠠᠭ᠎ᠠ ᠰᠤᠷᠭᠠᠭᠤᠯᠢ᠎ᠶᠢᠨ ᠳᠤᠮᠳᠠ ᠳᠡᠭᠡᠳᠦ ᠣᠨ (ᠭᠤᠷᠪᠠᠳᠤᠭᠠᠷ ᠣᠨ ᠠ᠋ᠴᠠ ᠵᠢᠷᠭᠤᠳᠤᠭᠠᠷ ᠣᠨ ᠬᠦᠷᠲᠡᠯ᠎ᠡ)᠂ ᠠᠩᠬ᠎ᠠ ᠵᠡᠷᠭᠡ᠎ᠶᠢᠨ ᠳᠤᠮᠳᠠᠳᠤ ᠰᠤᠷᠭᠠᠭᠤᠯᠢ ᠪᠠ ᠥᠨᠳᠥᠷ ᠵᠡᠷᠭᠡ᠎ᠶᠢᠨ ᠳᠤᠮᠳᠠᠳᠤ ᠰᠤᠷᠭᠠᠭᠤᠯᠢ᠎ᠶᠢᠨ ᠱᠠᠲᠤᠨ᠎ᠤ ᠰᠣᠷᠣᠭ᠍ᠴᠢ᠎ᠶᠢᠨ ᠦᠶ᠋ᠯᠡ ᠪᠠᠢᠳᠠᠯ ᠨᠢ ᠬᠦᠨᠳᠦ ᠨᠣᠴᠢᠲᠠᠢ ᠪᠤᠶᠤ ᠨᠥᠯᠥᠭᠡ ᠳᠤᠰᠬᠠᠯ ᠨᠢ ᠮᠠᠭᠤ ᠪᠠᠢᠪᠠᠯ᠂ ᠰᠤᠷᠭᠠᠭᠤᠯᠢ ᠠ᠋ᠴᠠ ᠨᠢᠭᠡ ᠭᠠᠷᠠᠭ᠎ᠤᠨ ᠲᠤᠳᠤᠷ᠎ᠠ ᠬᠢᠴᠢᠶᠡᠯ ᠵᠣᠭᠰᠤᠭᠠᠬᠤ᠎ᠶᠢ ᠬᠡᠷᠡᠭᠵᠢᠭᠦᠯᠵᠦ᠂ ᠬᠠᠤᠯᠢ᠎ᠪᠠᠷ ᠵᠠᠰᠠᠬᠤ ᠳᠡᠳ᠋ ᠵᠠᠬᠢᠷᠤᠯ ᠠ᠋ᠴᠠ ᠰᠤᠷᠭᠠᠨ ᠴᠡᠭᠡᠷᠯᠡᠭᠦᠯᠬᠦ ᠪᠤᠶᠤ ᠲᠤᠰᠬᠠᠢ ᠮᠡᠷᠭᠡᠵᠢᠯ᠎ᠦᠨ ᠠᠵᠢᠯᠲᠠᠨ᠎ᠢ ᠲᠣᠬᠢᠷᠠᠭᠤᠯᠤᠨ ᠰᠡᠳᠬᠢᠴᠡ᠎ᠶᠢᠨ ᠵᠢᠯᠣᠭᠣᠳᠤᠯᠭ᠎ᠠ ᠬᠢᠬᠦ ᠪᠤᠶᠤ ᠦᠶ᠋ᠯᠡ ᠠᠵᠢᠯᠯᠠᠭ᠎ᠠ᠎ᠳᠤ ᠨᠢ ᠭᠠᠷ ᠲᠥᠷᠥᠭᠦᠯᠬᠦ ᠬᠡᠷᠡᠭᠲᠡᠢ᠃ ᠡᠭᠦᠨ᠎ᠡᠴᠡ ᠭᠠᠳᠠᠨ᠎ᠠ᠂ ᠰᠠᠬᠢᠯᠭ᠎ᠠ ᠪᠠᠲᠤ᠎ᠶᠢ ᠬᠦᠨᠳᠦ ᠨᠣᠴᠢᠲᠠᠢ ᠵᠥᠷᠢᠴᠡᠭᠰᠡᠨ ᠪᠤᠶᠤ ᠣᠯᠠᠨᠲᠠ ᠰᠤᠷᠭᠠᠪᠠᠴᠤ ᠵᠠᠰᠠᠷᠠᠬᠤ ᠦᠭᠡᠢ ᠬᠥᠮᠥᠰ᠎ᠲᠦ ᠰᠤᠷᠭᠠᠭᠤᠯᠢ ᠠ᠋ᠴᠠ ᠬᠠᠤᠯᠢ ᠶᠣᠰᠣᠭᠠᠷ ᠰᠡᠷᠡᠮᠵᠢ ᠥᠭᠬᠦ᠂ ᠣᠰᠣᠯ ᠲᠡᠮᠳᠡᠭᠯᠡᠬᠦ᠂ ᠰᠤᠷᠭᠠᠭᠤᠯᠢ᠎ᠳᠤ ᠦᠯᠡᠳᠡᠭᠡᠨ ᠬᠢᠨᠠᠨ ᠦᠵᠡᠬᠦ ᠵᠡᠷᠭᠡ ᠰᠠᠬᠢᠯᠭ᠎ᠠ ᠪᠠᠲᠤ᠎ᠶᠢᠨ ᠰᠢᠢᠳᠬᠡᠯ ᠥᠭᠴᠦ ᠪᠣᠯᠣᠨ᠎ᠠ᠂ ᠥᠨᠳᠥᠷ ᠵᠡᠷᠭᠡ᠎ᠶᠢᠨ ᠳᠤᠮᠳᠠᠳᠤ ᠰᠤᠷᠭᠠᠭᠤᠯᠢ᠎ᠶᠢᠨ ᠱᠠᠲᠤᠨ᠎ᠤ ᠰᠣᠷᠣᠭ᠍ᠴᠢ᠎ᠶᠢ ᠪᠠᠰᠠ ᠰᠤᠷᠭᠠᠭᠤᠯᠢ ᠠ᠋ᠴᠠ ᠨᠢ ᠬᠥᠭᠡᠭᠡᠵᠦ ᠪᠣᠯᠣᠨ᠎ᠠ᠃
《ᠨᠠᠷᠢᠨ ᠳᠦᠷᠢᠮ》 ᠳ᠋ᠤ ᠪᠠᠰᠠ ᠨᠡᠯᠢᠶᠡᠳ ᠪᠦᠷᠢᠨ ᠲᠡᠭᠦᠯᠳᠡᠷ ᠡᠷᠬᠡ᠎ᠶᠢᠨ ᠪᠠᠲᠤᠯᠠᠭ᠎ᠠ ᠪᠠ ᠲᠡᠳᠬᠦᠮᠵᠢ᠎ᠶᠢᠨ ᠲᠣᠭᠲᠠᠴᠠ᠎ᠶᠢ ᠪᠠᠢᠭᠤᠯᠤᠭᠰᠠᠨ ᠪᠠᠢᠨ᠎ᠠ᠃ ᠰᠤᠷᠭᠠᠭᠤᠯᠢ ᠳ᠋ᠤ ᠰᠤᠷᠤᠭ᠍ᠴᠢᠳ᠎ᠤᠨ ᠭᠣᠮᠣᠳᠠᠯ ᠲᠣᠭᠠᠴᠢᠬᠤ ᠺᠣᠮᠢᠰ ᠪᠠᠢᠭᠤᠯᠵᠤ᠂ ᠰᠤᠷᠤᠬ᠍ᠴᠢ ᠪᠤᠶᠤ ᠭᠡᠷ᠎ᠦᠨ ᠠᠬᠠᠮᠠᠳ᠎ᠤᠨ ᠰᠤᠷᠭᠠᠨ ᠬᠥᠮᠥᠵᠢᠭᠦᠯᠵᠦ ᠵᠠᠯᠬᠠᠭᠠᠨ ᠴᠡᠭᠡᠷᠯᠡᠭᠦᠯᠬᠦ ᠪᠤᠶᠤ ᠰᠢᠢᠳᠬᠡᠯ ᠥᠭᠬᠦ᠎ᠶᠢ ᠡᠰᠡ ᠵᠦᠪᠰᠢᠶᠡᠷᠡᠵᠦ ᠭᠣᠮᠣᠳᠠᠯ ᠲᠣᠭᠠᠴᠢᠬᠤ᠎ᠶᠢ ᠬᠦᠯᠢᠶᠡᠨ ᠠᠪᠴᠤ ᠰᠢᠢᠳᠪᠦᠷᠢᠯᠡᠬᠦ ᠬᠡᠷᠡᠭᠲᠡᠢ᠃ ᠬᠣᠰᠢᠭᠤ ᠰᠢᠶᠠᠨ᠎ᠤ ᠱᠠᠲᠤᠨ᠎ᠤ ᠰᠤᠷᠭᠠᠨ ᠬᠥᠮᠦᠵᠢᠯ᠎ᠦᠨ ᠵᠠᠰᠠᠭ ᠵᠠᠬᠢᠷᠭᠠᠨ᠎ᠤ ᠰᠠᠯᠠᠭ᠎ᠠ ᠮᠥᠴᠢᠷ᠎ᠦᠳ ᠴᠦ᠍ ᠵᠠᠭᠠᠯᠳᠤᠵᠤ ᠢᠯᠡᠴᠢᠯᠡᠨ ᠮᠡᠳᠡᠭᠦᠯᠬᠦ ᠪᠠ ᠳᠠᠬᠢᠨ ᠬᠢᠨᠠᠬᠤ ᠲᠣᠭᠲᠠᠴᠠ᠎ᠶᠢ ᠪᠠᠢᠭᠤᠯᠵᠤ᠂ ᠵᠠᠭᠤᠷᠠᠯᠳᠤᠭᠠᠨ᠎ᠢ ᠬᠠᠤᠯᠢ ᠶᠣᠰᠣᠭᠠᠷ ᠲᠣᠬᠢᠲᠠᠢ ᠰᠢᠢᠳᠪᠦᠷᠢᠯᠡᠬᠦ᠎ᠶᠢ ᠦᠨᠡᠨᠬᠦ ᠪᠠᠲᠤᠯᠠᠬᠤ ᠬᠡᠷᠡᠭᠲᠡᠢ᠃ ᠡᠭᠦᠨ᠎ᠦ ᠵᠡᠷᠭᠡ ᠪᠡᠷ 《ᠨᠠᠷᠢᠨ ᠳᠦᠷᠢᠮ》 ᠳ᠋ᠤ ᠪᠠᠭ᠍ᠰᠢ᠎ᠶᠢᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ᠎ᠶᠢ ᠬᠠᠮᠠᠭᠠᠯᠠᠬᠤ ᠪᠠ ᠪᠤᠷᠤᠭᠤ᠎ᠶᠢ ᠵᠠᠯᠠᠷᠠᠭᠤᠯᠬᠤ ᠲᠣᠭᠲᠠᠴᠠ᠎ᠶᠢ ᠰᠢᠨ᠎ᠡ᠎ᠪᠡᠷ ᠡᠭᠦᠳᠦᠨ ᠪᠠᠢᠭᠤᠯᠵᠤ᠂ ᠪᠠᠭ᠍ᠰᠢ᠎ᠨᠠᠷ᠎ᠤᠨ ᠰᠤᠷᠭᠠᠨ ᠬᠥᠮᠦᠵᠢᠯ᠎ᠦᠨ ᠵᠣᠷᠢᠯᠭ᠎ᠠ ᠵᠢᠷᠤᠮ ᠨᠢ ᠵᠦᠢ ᠶᠣᠰᠣᠨ᠎ᠤ ᠪᠣᠯᠪᠠᠴᠤ ᠪᠤᠷᠤᠭᠤ ᠮᠠᠭᠠᠳᠯᠠᠯᠲᠠ ᠪᠤᠶᠤ ᠪᠠᠴᠢᠮ ᠪᠠᠢᠳᠠᠯ ᠠ᠋ᠴᠠ ᠪᠣᠯᠤᠭᠰᠠᠨ ᠵᠣᠷᠢᠭᠤᠳᠠ ᠪᠤᠰᠤ ᠠᠯᠳᠠᠰᠢ᠎ᠶᠢ ᠪᠠᠢᠳᠠᠯ᠎ᠢ ᠨᠢ ᠦᠵᠡᠵᠦ ᠪᠠᠢᠭᠠᠳ ᠬᠠᠷᠢᠭᠤᠴᠠᠯᠭ᠎ᠠ᠎ᠶᠢ ᠨᠢ ᠬᠡᠯᠲᠦᠷᠢᠭᠦᠯᠬᠦ ᠪᠤᠶᠤ ᠬᠥᠩᠭᠡᠯᠡᠵᠦ᠂ ᠪᠠᠭ᠍ᠰᠢ ᠨᠠᠷ᠎ᠤᠨ ᠲᠤᠰᠢᠶᠠᠯ ᠬᠠᠷᠢᠭᠤᠴᠠᠯᠭ᠎ᠠ᠎ᠪᠠᠨ ᠵᠦᠢ ᠶᠤᠰᠤ ᠪᠡᠷ ᠭᠦᠢᠴᠡᠳᠬᠡᠬᠦ᠎ᠶᠢ ᠬᠠᠮᠠᠭᠠᠯᠠᠬᠤ ᠪᠠ ᠰᠣᠷᠣᠭ᠍ᠴᠢ᠎ᠶᠢᠨ ᠡᠷᠬᠡ ᠠᠰᠢᠭ᠋ᠢ᠋ ᠬᠠᠮᠠᠭᠠᠯᠠᠬᠤ ᠳ᠋ᠤ ᠠᠩᠬᠠᠷᠤᠯ ᠳᠠᠯᠪᠢᠪᠠ᠃
ᠲᠦᠷᠢᠮ᠎ᠢ ᠵᠢᠷᠤᠮᠵᠢᠭᠤᠯᠬᠤ ᠲᠠᠯ᠎ᠠ᠎ᠪᠠᠷ 《ᠨᠠᠷᠢᠨ ᠳᠦᠷᠢᠮ》 ᠳ᠋ᠤ᠂ ᠰᠤᠷᠭᠠᠭᠤᠯᠢ᠎ᠶᠢᠨ ᠳᠦᠷᠢᠮ ᠲᠣᠭᠲᠠᠭᠠᠯ ᠰᠤᠷᠭᠠᠭᠤᠯᠢ᠎ᠶᠢᠨ ᠰᠠᠬᠢᠯᠭ᠎ᠠ ᠪᠠᠲᠤ ᠵᠢ ᠲᠣᠭᠲᠠᠭᠠᠬᠤ᠎ᠳᠤ ᠡᠷᠬᠡᠪᠰᠢ ᠪᠠᠭ᠍ᠰᠢ ᠰᠣᠷᠣᠭ᠍ᠴᠢ᠂ ᠭᠡᠷ᠎ᠦᠨ ᠠᠬᠠᠮᠠᠳ ᠵᠢᠴᠢ ᠲᠤᠰᠬᠠᠢ ᠮᠡᠷᠭᠡᠵᠢᠯᠲᠡᠨ᠎ᠦ ᠰᠠᠨᠠᠯ᠎ᠢ ᠥᠷᠭᠡᠨ᠎ᠢᠶᠡᠷ ᠰᠣᠨᠣᠰᠴᠤ᠂ ᠠᠷᠠᠳᠴᠢᠯᠠᠯ᠎ᠢᠶᠠᠷ ᠬᠢᠨᠠᠨ ᠶᠠᠷᠢᠯᠴᠠᠵᠤ ᠪᠠᠲᠤᠯᠠᠬᠤ᠎ᠶᠢᠨ ᠬᠠᠮᠲᠤ ᠮᠡᠳᠡᠭᠦᠯᠦᠨ ᠳᠠᠩᠰᠠᠯᠠᠭᠤᠯᠬᠤ ᠬᠡᠷᠡᠭᠲᠡᠢ ᠭᠡᠵᠦ ᠱᠠᠭᠠᠷᠳᠠᠪᠠ᠃ ᠨᠡᠯᠢᠶᠡᠳ ᠬᠦᠨᠳᠦ᠎ᠡᠴᠡ ᠳᠡᠭᠡᠭᠰᠢᠬᠢ ᠵᠠᠯᠬᠠᠭᠠᠨ ᠴᠡᠭᠡᠷᠯᠡᠭᠦᠯᠬᠦ ᠪᠤᠶᠤ ᠰᠢᠢᠳᠬᠡᠯ ᠥᠭᠬᠦ᠎ᠶᠢ ᠬᠡᠷᠡᠭᠵᠢᠭᠦᠯᠬᠦ᠎ᠡᠴᠡ ᠡᠮᠦᠨ᠎ᠡ᠂ ᠰᠣᠷᠣᠭ᠍ᠴᠢ ᠵᠢᠴᠢ ᠭᠡᠷ᠎ᠦᠨ ᠠᠬᠠᠮᠠᠳ᠎ᠲᠤ ᠮᠡᠳᠡᠭᠳᠡᠬᠦ᠎ᠶᠢᠨ ᠬᠠᠮᠲᠤ ᠲᠣᠭᠠᠴᠢᠨ ᠵᠥᠪᠲᠤᠭᠡᠬᠦᠶᠢ ᠰᠣᠨᠣᠰᠴᠤ᠂ ᠴᠢᠬᠤᠯᠠᠲᠠᠢ ᠦᠶ᠎ᠡ᠎ᠳᠦ ᠭᠡᠷᠡᠴᠢᠯᠡᠭᠡ ᠰᠣᠨᠣᠰᠬᠤ᠎ᠶᠢ ᠵᠣᠬᠢᠶᠠᠨ ᠪᠠᠶ᠋ᠢᠭᠤᠯᠬᠤ ᠬᠡᠷᠡᠭᠲᠡᠢ᠃ ᠵᠠᠯᠬᠠᠭᠠᠨ ᠴᠡᠭᠡᠷᠯᠡᠭᠦᠯᠬᠦ ᠬᠠᠮᠢᠶ᠎ᠠ ᠪᠦᠬᠦᠢ ᠮᠡᠳᠡᠭᠡ ᠵᠠᠩᠭᠢ᠎ᠶᠢ ᠲᠡᠮᠳᠡᠭᠯᠡᠨ ᠦᠯᠡᠳᠡᠭᠡᠵᠦ᠂ ᠰᠤᠷᠤᠯᠭ᠎ᠠ᠎ᠶᠢᠨ ᠬᠤᠭᠤᠴᠠᠭᠠᠨ᠎ᠤ ᠡᠴᠦᠰ᠎ᠲᠦ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠦ ᠮᠡᠳᠡᠭᠦᠯᠦᠨ ᠳᠠᠩᠰᠠᠯᠠᠭᠤᠯᠬᠤ ᠬᠡᠷᠡᠭᠲᠡᠢ᠃
ᠲᠣᠰ 《ᠨᠠᠷᠢᠨ ᠳᠦᠷᠢᠮ》 ᠢ᠋ ᠳᠠᠷᠤᠮᠠᠯᠯᠠᠨ ᠲᠠᠷᠬᠠᠭᠠᠭᠰᠠᠨ ᠡᠳᠦᠷ᠎ᠡᠴᠡ ᠡᠬᠢᠯᠡᠨ ᠬᠡᠷᠡᠭᠵᠢᠭᠦᠯᠵᠦ᠂ ᠪᠥᠬᠥ ᠣᠷᠣᠨ᠎ᠤ ᠡᠩ᠎ᠦᠨ ᠳᠤᠮᠳᠠᠳᠤ ᠪᠠᠭ᠎ᠠ ᠰᠤᠷᠭᠠᠭᠤᠯᠢ ᠵᠢᠴᠢ ᠳᠤᠮᠳᠠ ᠵᠡᠷᠭᠡ᠎ᠶᠢᠨ ᠠᠵᠢᠯ ᠮᠡᠷᠭᠡᠵᠢᠯ᠎ᠦᠨ ᠰᠤᠷᠭᠠᠭᠤᠯᠢ᠎ᠳᠤ ᠬᠡᠷᠡᠭᠯᠡᠨ᠎ᠡ᠃ ᠲᠡᠭᠦᠨ᠎ᠦ ᠬᠡᠷᠡᠭᠵᠢᠭᠦᠯᠦᠭᠳᠡᠭᠰᠡᠨ ᠨᠢ ᠥᠪᠥᠷ ᠮᠣᠩᠭᠣᠯ᠎ᠤᠨ ᠳᠤᠮᠳᠠᠳᠤ ᠪᠠᠭ᠎ᠠ ᠰᠤᠷᠭᠠᠭᠤᠯᠢ᠎ᠶᠢᠨ ᠰᠤᠷᠭᠠᠨ ᠬᠥᠮᠦᠵᠢᠯ᠎ᠦᠨ ᠬᠠᠮᠢᠶᠠᠷᠤᠯᠲᠠ᠎ᠶᠢ ᠬᠠᠤᠯᠢᠵᠢᠭᠤᠯᠬᠤ᠂ ᠵᠢᠷᠤᠮᠵᠢᠭᠤᠯᠬᠤ ᠲᠠᠯ᠎ᠠ᠎ᠪᠠᠷ ᠴᠢᠬᠤᠯᠠ ᠨᠢᠭᠡ ᠠᠯᠬᠤᠮ ᠠᠯᠬᠤᠭᠰᠠᠨ᠎ᠢ ᠬᠠᠷᠠᠭᠤᠯᠵᠤ᠂ ᠴᠢᠩᠭ᠎ᠠ ᠬᠠᠮᠢᠶᠠᠷᠤᠯᠳᠠ ᠪᠠ ᠬᠦᠮᠦᠯᠢᠭ ᠬᠠᠯᠠᠮᠵᠢᠯᠠᠯ᠎ᠢ ᠲᠡᠩᠴᠡᠭᠦᠷᠢᠲᠡᠢ ᠪᠣᠯᠭᠠᠬᠤ᠎ᠪᠠᠷ ᠴᠢᠷᠮᠠᠢᠵᠤ᠂ ᠭᠡᠷ᠎ᠦᠨ ᠠᠬᠠᠮᠠᠳ ᠰᠤᠷᠭᠠᠭᠤᠯᠢ ᠨᠡᠢᠭᠡᠮ ᠬᠠᠮᠲᠤᠷᠠᠯᠴᠠᠨ ᠬᠥᠮᠥᠨ᠎ᠢ ᠬᠥᠮᠥᠵᠢᠭᠦᠯᠬᠦ ᠰᠠᠢᠨ ᠰᠠᠢᠬᠠᠨ ᠰᠤᠷᠭᠠᠨ ᠬᠥᠮᠦᠵᠢᠯ᠎ᠦᠨ ᠠᠮᠢ ᠠᠬᠤᠢ᠎ᠶᠢ ᠪᠦᠷᠢᠯᠳᠦᠭᠦᠯᠬᠦ᠎ᠶᠢ ᠠᠬᠢᠭᠤᠯᠤᠭᠰᠠᠨ ᠪᠠᠢᠨ᠎ᠠ᠃