《ᠠᠷᠪᠠᠳᠤᠭᠠᠷ ᠪᠦᠯᠦᠭ ᠤ᠋ᠨ ᠪᠥᠬᠥ᠌ ᠤᠯᠤᠰ ᠤ᠋ᠨ ᠦᠨᠳᠦᠰᠦᠲᠡᠨ ᠤ᠋ ᠪᠦᠯᠬᠦᠮᠳᠡᠯ ᠳᠠᠪᠱᠢᠯᠲᠠ ᠶ᠋ᠢᠨ ᠵᠢᠱ᠌ᠢᠶ᠎ᠡ ᠦᠵᠡᠭᠦᠯᠬᠦ᠌ ᠬᠣᠲᠠ》 ᠪᠣᠯᠤᠨ 《ᠳᠣᠯᠣᠳᠤᠭᠠᠷ ᠬᠤᠭᠤᠴᠠᠭᠠᠨ ᠤ᠋ ᠪᠥᠬᠥ᠌ ᠤᠯᠤᠰ ᠤ᠋ᠨ ᠪᠣᠯᠪᠠᠰᠤᠨ ᠬᠣᠲᠠ》 ᠪᠣᠯᠤᠭ᠍ᠰᠠᠨ ᠤ᠋ ᠬᠤᠪᠢ ᠳ᠋ᠤ᠂ ᠬᠥᠬᠡᠬᠣᠲᠠ ᠣᠷᠣᠨ ᠵᠠᠶ᠂ ᠰᠣᠶᠣᠯ᠂ ᠠᠵᠤ ᠠᠬᠤᠶ᠂ ᠨᠡᠢᠭᠡᠮ᠂ ᠰᠡᠳᠭᠢᠴᠡ ᠵᠡᠷᠭᠡ ᠣᠯᠠᠨ ᠲᠠᠯ᠎ᠠ ᠪᠠᠷ ᠬᠠᠷᠢᠯᠴᠠᠨ ᠱᠢᠭᠢᠳᠭᠡᠯᠳᠦᠬᠦ ᠪᠡᠷ ᠴᠢᠬᠤᠯᠠ ᠭᠠᠷᠳᠠᠴᠠ ᠪᠣᠯᠭᠠᠵᠤ᠂ ᠨᠡᠢᠭᠡᠮ ᠲᠣᠭᠣᠷᠢᠭ ᠢ᠋ ᠦᠨᠳᠦᠰᠦᠲᠡᠨᠨᠦᠭᠦᠳ ᠤ᠋ᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭᠠᠵᠢᠨ ᠲᠠᠪᠠᠳᠠᠢ ᠭᠠᠵᠠᠷ ᠪᠤᠯᠭᠠᠨ ᠴᠤᠭᠴᠠᠯᠠᠪᠠ᠃
ᠣᠷᠣᠨ ᠵᠠᠶ ᠶ᠋ᠢᠨ ᠲᠠᠯ᠎ᠠ ᠪᠠᠷ ᠬᠠᠷᠢᠯᠴᠠᠨ ᠱᠢᠭᠢᠳᠭᠡᠯᠳᠦᠵᠦ᠍ ᠡᠶ᠎ᠠ ᠨᠠᠢᠷᠳᠠᠢ ᠬᠠᠮᠲᠤᠷᠠᠨ ᠤᠷᠤᠰᠢᠬᠤ ᠪᠠᠢᠳᠠᠯᠢ ᠪᠤᠢ ᠪᠤᠯᠭᠠᠪᠠ
ᠣᠷᠣᠨ ᠵᠠᠢ ᠪᠣᠯ ᠦᠨᠳᠦᠰᠦᠲᠡᠨ ᠤ᠋ ᠪᠦᠯᠬᠦᠮᠳᠡᠯ ᠤ᠋ᠨ ᠹᠢᠽᠢᠺ ᠤ᠋ᠨ ᠰᠠᠭᠤᠷᠢ ᠮᠥᠨ᠃ ᠬᠥᠬᠡᠬᠣᠲᠠ ᠨᠡᠢᠭᠡᠮ ᠲᠣᠭᠣᠷᠢᠭ ᠤ᠋ᠨ ᠪᠠᠢᠷᠢᠱᠢᠯ ᠢ᠋ ᠱᠢᠯᠢᠳᠡᠭ᠌ᠵᠢᠭᠦᠯᠬᠦ ᠪᠡᠷ ᠳᠠᠮᠵᠢᠭᠤᠯᠤᠨ᠂ ᠭᠤᠤᠯ ᠰᠡᠳᠦᠪᠲᠦ ᠵᠢᠭ᠍ᠰᠠᠭᠠᠯ ᠤ᠋ᠨ ᠭᠠᠵᠠᠷ ᠢ᠋ ᠪᠠᠢᠭᠤᠯᠵᠤ᠂ ᠦᠨᠳᠦᠰᠦᠲᠡᠨᠨᠦᠭᠦᠳ ᠤ᠋ᠨ ᠣᠯᠠᠨ ᠲᠦᠮᠡᠨ ᠢ᠋ ᠣᠷᠣᠨ ᠵᠠᠶ ᠵᠢ ᠬᠠᠮᠲᠤ ᠪᠠᠷ ᠡᠳ᠋ᠯᠡᠬᠦ ᠳᠤᠮᠳᠠ ᠠᠶᠠᠨᠳᠠᠭᠠᠨ ᠠᠭᠤᠰᠤᠯᠴᠠᠭᠤᠯᠪᠠ᠃
ᠣᠢᠷ᠎ᠠ ᠶ᠋ᠢᠨ ᠵᠢᠯ ᠡᠴᠡ ᠨᠠᠭᠠᠰᠢ᠂ ᠬᠥᠬᠡᠬᠣᠲᠠᠦᠨᠳᠦᠰᠦᠲᠡᠨᠨᠦᠭᠦᠳ ᠤ᠋ᠨ ᠬᠥᠮᠦᠨ ᠠᠮᠠ ᠶ᠋ᠢᠨ ᠶᠡᠬᠡ ᠨᠡᠭᠦᠳᠡᠯ᠂ ᠶᠡᠬᠡ ᠠᠭᠤᠰᠤᠯᠴᠠᠯ ᠤ᠋ᠨ ᠬᠠᠨᠳᠤᠰᠢ ᠳ᠋ᠤ ᠵᠣᠬᠢᠴᠠᠭᠤᠯᠤᠨ᠂ 《ᠠᠨᠠᠷ ᠤ᠋ᠨ ᠦᠷ᠎ᠡ》 ᠭᠤᠤᠯ ᠰᠡᠳᠦᠪᠲᠦ ᠵᠢᠭ᠍ᠰᠠᠭᠠᠯ ᠤ᠋ᠨ ᠭᠠᠵᠠᠷ ᠢ᠋ ᠪᠥᠬᠥ᠌ ᠣᠷᠣᠨ ᠪᠦᠰᠡ ᠳ᠋ᠤ ᠪᠦᠷᠬᠦᠭᠦᠯᠬᠦ ᠪᠡᠷ ᠬᠠᠷᠠᠯᠲᠠ ᠪᠣᠯᠭᠠᠵᠤ᠂ ᠣᠷᠣᠨ ᠵᠠᠶ ᠶ᠋ᠢᠨ ᠪᠠᠢᠷᠢᠱᠢᠭᠤᠯᠤᠯᠲᠠᠶ᠋ᠢ ᠦᠷᠭᠦᠯᠵᠢᠯᠡᠨ ᠱᠢᠯᠢᠳᠡᠭ᠌ᠵᠢᠭᠦᠯᠪᠡ᠃ ᠵᠠᠰᠠᠭ ᠵᠠᠬᠢᠷᠭᠠᠨ ᠤ᠋ ᠣᠷᠣᠨ ᠤ᠋ ᠬᠤᠪᠢᠶᠠᠷᠢᠯᠠᠯ ᠤ᠋ᠨ ᠲᠤᠬᠢᠷᠠᠭᠤᠯᠤᠯᠲᠠ ᠶ᠋ᠢᠨ ᠲᠠᠯ᠎ᠠ ᠪᠡᠷ᠂ 8 ᠵᠡᠭᠡᠯᠢ ᠭᠤᠳᠤᠮᠵᠢ᠂ 94 ᠨᠡᠢᠭᠡᠮ ᠲᠣᠭᠣᠷᠢᠭ ᠢ᠋ ᠱᠢᠨ᠎ᠡ ᠪᠡᠷ ᠨᠡᠮᠡᠭ᠌ᠳᠡᠭᠦᠯᠵᠦ᠍᠂ ᠦᠨᠳᠦᠰᠦᠨ ᠱᠠᠲᠤᠨ ᠤ᠋ ᠵᠠᠰᠠᠯᠲᠠ ᠶ᠋ᠢᠨ ᠨᠢᠭᠡᠴᠢᠶ᠋ᠢ ᠤᠯᠠᠮ ᠴᠢᠨᠠᠬᠰᠢᠲᠠ ᠲᠡᠭᠦᠯᠳᠡᠷᠵᠢᠭᠦᠯᠪᠡ; 《〈ᠤᠯᠠᠭᠠᠨ ᠠᠨᠠᠷ ᠤ᠋ᠨ ᠥᠷᠲᠡᠭᠡ〉 ᠶ᠋ᠢ ᠪᠦᠲᠦᠭᠡᠨ ᠪᠠᠢᠭᠤᠯᠬᠤ ᠵᠢᠯᠣᠭᠣᠳᠭᠤ ᠰᠠᠨᠠᠯ》 ᠢ᠋ ᠲᠣᠭ᠍ᠲᠠᠭᠠᠵᠤ᠂ 459 《ᠤᠯᠠᠭᠠᠨ ᠠᠨᠠᠷ ᠤ᠋ᠨ ᠥᠷᠲᠡᠭᠡ》ᠶ᠋ᠢ ᠪᠦᠲᠦᠭᠡᠨ ᠪᠠᠢᠭᠤᠯᠬᠤ ᠶ᠋ᠢᠨ ᠬᠠᠮᠲᠤ ᠬᠠᠮᠲᠤ ᠪᠠᠷ ᠡᠳ᠋ᠯᠡᠬᠦ ᠠᠵᠢᠯᠯᠠᠭᠠᠨ ᠤ᠋ ᠲᠠᠰᠤᠭ᠂ ᠦᠨᠳᠦᠰᠦᠲᠡᠨ ᠤ᠋ ᠪᠦᠯᠬᠦᠮᠳᠡᠯ ᠤ᠋ᠨ ᠭᠣᠣᠯ ᠰᠡᠳᠦᠪᠲᠦ ᠤᠷᠲᠤ ᠬᠣᠩᠭᠢᠯ ᠢ᠋ ᠢᠵᠢ ᠪᠦᠷᠢᠳᠦᠭᠦᠯᠦᠨ ᠪᠦᠲᠦᠭᠡᠨ ᠪᠠᠢᠭᠤᠯᠪᠠ᠃ ᠡᠲᠡᠭᠡᠷ ᠠᠷᠭ᠎ᠠ ᠬᠡᠮᠵᠢᠶ᠎ᠡ ᠨᠢ ᠦᠨᠳᠦᠰᠦᠲᠡᠨᠨᠦᠭᠦᠳ ᠤ᠋ᠨ ᠣᠯᠠᠨ ᠲᠦᠮᠡᠨ ᠤ᠋ ᠪᠤᠳᠠᠳᠠᠢ ᠤᠷᠤᠨ ᠵᠠᠶᠶ᠋ᠢ ᠣᠢᠷᠠᠲᠤᠭᠤᠯᠵᠤ᠂ ᠭᠦᠨᠵᠡᠭᠡᠶ ᠠᠭᠤᠰᠤᠯᠴᠠᠬᠤ ᠳ᠋ᠤ ᠪᠠᠲᠤ ᠪᠠᠬᠢ ᠰᠠᠭᠤᠷᠢ ᠲᠠᠯᠪᠢᠵᠤ ᠥᠭ᠌ᠴᠡᠶ᠃
ᠰᠣᠶᠣᠯ ᠤ᠋ᠨ ᠲᠠᠯ᠎ᠠ ᠪᠠᠷ ᠬᠠᠷᠢᠯᠴᠠᠨ ᠱᠢᠭᠢᠳᠭᠡᠯᠳᠦᠵᠦ᠍ ᠪᠦᠯᠬᠦᠮᠳᠠᠯ ᠨᠠᠢᠷᠠᠮᠳᠠᠯᠤᠨ ᠡᠶ᠎ᠡ ᠵᠣᠬᠢᠴᠠᠩᠭᠤᠶ ᠠᠶᠠᠰᠢ ᠴᠢᠪᠬᠠᠳᠠᠪᠠ
ᠰᠣᠶᠣᠯ ᠪᠣᠯ ᠦᠨᠳᠦᠰᠦᠲᠡᠨ ᠤ᠋ ᠪᠦᠯᠬᠦᠮᠳᠡᠯ ᠤ᠋ᠨ ᠦᠨᠳᠦᠰᠦ ᠰᠤᠷᠪᠤᠯᠵᠢ ᠮᠥᠨ᠃ ᠬᠥᠬᠡᠬᠣᠲᠠ ᠰᠣᠶᠣᠯ ᠢ᠋ᠶ᠋ᠡᠷ ᠬᠥᠭᠥᠷᠭᠡ ᠪᠣᠯᠭᠠᠵᠤ᠂ ᠲᠦᠷᠦ᠍ ᠶ᠋ᠢᠨ ᠪᠤᠳᠤᠯᠭ᠎ᠠ ᠶ᠋ᠢᠨ ᠤᠬᠠᠭᠤᠯᠭ᠎ᠠ᠂ ᠤᠨᠴᠠᠯᠢᠬ᠍ᠳᠤ ᠠᠵᠢᠯᠯᠠᠭ᠎ᠠ᠂ ᠰᠣᠶᠣᠯ ᠤ᠋ᠨ ᠱᠢᠨ᠎ᠡ ᠡᠭᠦᠳᠦᠯᠲᠡ ᠪᠡᠷ ᠳᠠᠮᠵᠢᠭᠤᠯᠵᠤ᠂ ᠠᠳᠠᠯᠢ ᠪᠤᠰᠤ ᠦᠨᠳᠦᠰᠦᠲᠡᠨ ᠤ᠋ ᠰᠣᠶᠣᠯᠤᠨ ᠰᠣᠯᠢᠯᠴᠠᠭᠠᠨ ᠤ᠋ ᠳᠤᠮᠳᠠ ᠬᠠᠷᠢᠯᠴᠠᠨ ᠲᠤᠯᠢ ᠪᠣᠯᠭᠠᠵᠤ ᠬᠠᠮᠲᠤ ᠪᠠᠷ ᠣᠷᠣᠱᠢᠵᠤ᠂ ᠤᠶᠤᠨ ᠰᠠᠨᠠᠭᠠᠨ ᠤ᠋ ᠬᠠᠮᠲᠤ ᠶ᠋ᠢᠨ ᠲᠠᠨᠢᠯᠲᠠ ᠵᠢ ᠨᠢᠭ᠍ᠲᠠᠷᠠᠭᠤᠯᠪᠠ᠃
ᠢᠦᠢᠴᠢᠤᠸᠠᠨ ᠲᠣᠭᠣᠷᠢᠭ ᠤ᠋ᠨ ᠴᠢᠩ ᠴᠢᠤᠸᠠᠨ ᠵᠡᠭᠡᠯᠢ ᠶ᠋ᠢᠨ ᠨᠡᠢᠭᠡᠮ ᠲᠣᠭᠣᠷᠢᠭ ᠤ᠋ᠨ ᠡᠵᠢ ᠪᠥᠵᠢᠭ ᠤ᠋ᠨ ᠠᠩᠬᠢ ᠨᠢ ᠬᠢᠲᠠᠳ ᠦᠨᠳᠦᠰᠦᠲᠡᠨ᠂ ᠮᠣᠩᠭᠣᠯ ᠦᠨᠳᠦᠰᠦᠲᠡᠨ᠂ ᠬᠣᠲᠣᠩ ᠦᠨᠳᠦᠰᠦᠲᠡᠨ ᠤ᠋ ᠰᠠᠭᠤᠭᠠᠯᠢ ᠠᠷᠠᠳ ᠢ᠋ᠶ᠋ᠡᠷ ᠪᠦᠷᠢᠯᠳᠦᠵᠦ᠍᠂ ᠮᠣᠩᠭᠣᠯ ᠦᠨᠳᠦᠰᠦᠲᠡᠨ ᠤ᠋ ᠠᠨᠳᠠᠢ ᠪᠥᠵᠢᠭ ᠪᠣᠯᠤᠨ ᠬᠢᠲᠠᠳ ᠦᠨᠳᠦᠰᠦᠲᠡᠨ ᠤ᠋ ᠶᠠᠩᠭᠠᠷ ᠪᠥᠵᠢᠭ ᠢ᠋ ᠠᠭᠤᠰᠤᠯᠴᠠᠭᠤᠯᠵᠤ᠂ ᠡᠭᠦᠳᠦᠨ ᠵᠣᠬᠢᠶᠠᠭ᠍ᠰᠠᠨ 《ᠦᠨᠳᠦᠰᠦᠲᠡᠨᠨᠦᠭᠦᠳ ᠪᠦᠯᠬᠦᠮᠳᠡᠨ ᠨᠢᠭᠡ ᠭᠡᠷ ᠮᠡᠲᠦ ᠳᠤᠲᠤᠨᠤ》 ᠭᠡᠬᠦ᠌ ᠪᠥᠵᠢᠭ ᠨᠢ ᠨᠡᠢᠭᠡᠮ ᠲᠣᠭᠣᠷᠢᠭ ᠤ᠋ᠨ ᠨᠢᠭᠡᠨ ᠰᠣᠶᠣᠯ ᠤ᠋ᠨ ᠲᠦᠷᠦᠯ ᠲᠡᠮᠳᠡᠭ ᠪᠣᠯᠵᠠᠢ᠃ ᠬᠣᠲᠣᠩ ᠠᠷᠠᠳ ᠤ᠋ᠨ ᠲᠣᠭᠣᠷᠢᠭ ᠤ᠋ᠨ ᠨᠡᠢᠭᠡᠮ ᠲᠣᠭᠣᠷᠢᠭ ᠤ᠋ᠨ ᠠᠵᠢᠯᠯᠠᠭ᠎ᠠ ᠨᠢ ᠠᠳᠠᠯᠢᠬᠠᠨ ᠬᠦᠭᠵᠢᠶᠠᠨᠳᠠᠢ ᠶᠠᠪᠤᠭ᠍ᠳᠠᠵᠤ᠂ ᠶᠠᠨ ᠾᠧ ᠨᠡᠢᠭᠡᠮ ᠲᠣᠭᠣᠷᠢᠭᠤᠨ ᠬᠢᠨ ᠲᠣᠭ᠍ᠲᠠᠮᠠᠯ ᠬᠤᠭᠤᠴᠠᠭᠠᠲᠠᠶ ᠪᠡᠷ 《ᠳᠤᠮᠳᠠᠳᠤ ᠶ᠋ᠢᠨ ᠱᠢᠯᠢᠳᠡᠭ ᠤᠯᠠᠮᠵᠢᠯᠠᠯᠲᠤ ᠰᠣᠶᠣᠯ ᠢ᠋ ᠪᠡᠶᠡᠴᠢᠯᠡᠨ ᠣᠢᠯᠠᠭᠠᠬᠤ ᠡᠳᠦᠷ》 ᠤ᠋ᠨ ᠠᠵᠢᠯᠯᠠᠭ᠎ᠠ ᠥᠷᠨᠢᠭᠦᠯᠵᠦ᠍᠂ ᠦᠨᠳᠦᠰᠦᠲᠡᠨᠨᠦᠭᠦᠳ ᠤ᠋ᠨ ᠰᠠᠭᠤᠭᠠᠯᠢ ᠠᠷᠠᠳ ᠬᠠᠮᠲᠤ ᠪᠠᠷ ᠪᠠᠩᠰᠢ ᠪᠠᠷᠢᠵᠤ᠂ ᠴᠠᠭᠠᠨ ᠢᠳᠡᠭᠡ ᠬᠢᠵᠦ᠍᠂ ᠬᠣᠣᠰ ᠤᠶᠠᠩᠭ᠎ᠠ ᠪᠢᠴᠢᠵᠦ᠍᠂ ᠴᠣᠩᠬᠣᠨ ᠤ᠋ ᠴᠠᠭᠠᠰᠤᠨ ᠰᠡᠢᠯᠦᠮᠡᠯ ᠬᠠᠢᠴᠢᠯᠠᠵᠤ᠂ ᠦᠨᠳᠦᠰᠦᠲᠡᠨ ᠤ᠋ ᠦᠪᠡᠷᠮᠢᠴᠡ ᠰᠤᠶᠤᠯᠤᠨ ᠤᠨᠴᠠᠯᠢᠭᠵᠢᠡᠨ ᠪᠠᠳᠠᠷᠠᠭᠤᠯᠤᠨ ᠡᠶ᠎ᠡ ᠨᠠᠢᠷᠲᠠᠢ ᠬᠠᠮᠲᠤ ᠤᠷᠤᠰᠢᠬᠤ ᠰᠣᠶᠣᠯ ᠤ᠋ᠨ ᠷᠢᠳᠢ ᠱᠢᠳᠢᠶ᠋ᠢ ᠭᠠᠢᠬᠠᠭᠤᠯᠪᠠ᠃
ᠠᠵᠤ ᠠᠬᠤᠶ ᠶ᠋ᠢᠨ ᠲᠠᠯ᠎ᠠ ᠪᠠᠷ ᠬᠠᠷᠢᠯᠴᠠᠨ ᠱᠢᠭᠢᠳᠭᠡᠯᠳᠦᠵᠦ᠍ ᠬᠠᠮᠲᠤ ᠪᠡᠷ ᠬᠥᠭ᠌ᠵᠢᠬᠦ᠌ ᠵᠢᠨ ᠳᠣᠲᠣᠭᠠᠳᠤ ᠬᠥᠳᠡᠯᠭᠡᠭ᠌ᠴᠢ ᠬᠦᠴᠦᠨ ᠢ᠋ ᠬᠥᠭ᠌ᠵᠢᠭᠡᠨᠠ
ᠠᠵᠤ ᠠᠬᠤᠢ ᠶ᠋ᠢᠨ ᠲᠠᠯ᠎ᠠ ᠪᠠᠷ ᠬᠠᠮᠲᠤ ᠪᠡᠷ ᠠᠱᠢᠭ ᠬᠦᠷᠳᠡᠬᠦ᠌ ᠪᠣᠯ ᠦᠨᠳᠦᠰᠦᠲᠡᠨ ᠤ᠋ ᠪᠦᠯᠬᠦᠮᠳᠡᠯ ᠤ᠋ᠨ ᠪᠠᠲᠤ ᠪᠡᠬᠢ ᠲᠤᠯᠭᠠᠭᠤᠷᠢᠯᠠᠯ ᠮᠥᠨ᠃ ᠬᠥᠬᠡᠬᠣᠲᠠ ᠦᠨᠳᠦᠰᠦᠲᠡᠨᠨᠦᠭᠦᠳ ᠤ᠋ᠨ ᠣᠯᠠᠨ ᠲᠦᠮᠡᠨ ᠤ᠋ ᠠᠵᠢᠯ ᠣᠯᠵᠤ ᠣᠷᠣᠯᠭ᠎ᠠ ᠪᠠᠨ ᠨᠡᠮᠡᠭ᠌ᠳᠡᠭᠦᠯᠬᠦ᠌ ᠬᠡᠷᠡᠭ᠌ᠴᠡᠭᠡ ᠱᠠᠭᠠᠷᠳᠠᠯᠭ᠎ᠠ ᠳ᠋ᠤ ᠠᠩᠬᠠᠷᠤᠯ ᠢ᠋ᠶ᠋ᠡᠨ ᠲᠥᠪᠯᠡᠷᠡᠭᠦᠯᠵᠦ᠍᠂ ᠦᠶ᠋ᠯᠡᠴᠢᠯᠡᠭᠡᠨ ᠤ᠋ ᠲᠠᠪᠴᠠᠩ ᠪᠠᠢᠭᠤᠯᠬᠤ᠂ ᠤᠷ᠎ᠠ ᠴᠢᠳᠠᠪᠤᠷᠢ ᠶ᠋ᠢᠨ ᠪᠣᠯᠪᠠᠰᠤᠷᠠᠯ ᠥᠷᠨᠢᠭᠦᠯᠬᠦ᠌᠂ ᠦᠶ᠋ᠯᠡᠰ ᠪᠤᠰᠬᠠᠬᠤ ᠲᠥᠷᠥᠯ ᠵᠦᠶ᠋ᠯ ᠢ᠋ ᠨᠡᠪᠴᠢᠭᠦᠯᠬᠦ ᠪᠡᠷ ᠳᠠᠮᠵᠢᠭᠤᠯᠤᠨ᠂ ᠦᠨᠳᠦᠰᠦᠲᠡᠨᠨᠦᠭᠦᠳ ᠤ᠋ᠨ ᠣᠯᠠᠨ ᠲᠦᠮᠡᠨ ᠤ᠋ ᠬᠠᠮᠳᠤ ᠪᠠᠷ ᠬᠥᠭ᠌ᠵᠢᠬᠦ᠌ ᠳᠤᠮᠳᠠ ᠬᠦᠷᠲᠡᠮᠵᠢ ᠶ᠋ᠢᠨ ᠲᠥᠷᠥᠭ᠌ᠳᠡᠯ ᠢ᠋ ᠨᠡᠮᠡᠭ᠌ᠳᠡᠭᠦᠯᠪᠡ᠃
ᠡᠨᠡ ᠵᠢᠯ ᠡᠴᠡ ᠨᠠᠭᠠᠰᠢ᠂ ᠬᠥᠬᠡᠬᠣᠲᠠ ᠶ᠋ᠢᠨ ᠡᠯ᠎ᠡ ᠨᠡᠢᠭᠡᠮ ᠲᠣᠭᠣᠷᠢᠭᠤᠨ ᠬᠢᠨ ᠰᠠᠨᠠᠭᠠᠴᠢᠯᠠᠭ᠎ᠠ ᠡᠴᠡ ᠬᠠᠷᠢᠭᠤᠴᠠᠯᠭ᠎ᠠ ᠡᠭᠦᠷᠭᠡᠯᠡᠨ᠂ ᠠᠵᠢᠯ ᠣᠯᠭᠣᠵᠤ ᠬᠠᠪᠰᠤᠷᠤᠨ ᠲᠡᠳᠬᠦᠬᠦ᠌ ᠥᠷᠲᠡᠭᠡᠶ᠋ᠢ ᠪᠠᠢᠭᠤᠯᠵᠤ᠂ ᠬᠡᠷ ᠲᠤᠨᠢ ᠬᠦᠷᠴᠦ᠍ ᠬᠥᠳᠡᠯᠮᠦᠷᠢ ᠬᠦᠴᠦᠨ ᠤ᠋ ᠬᠡᠷᠡᠭ᠌ᠴᠡᠭᠡᠶ᠋ᠢ ᠲᠣᠳᠣᠷᠬᠠᠶ ᠣᠢᠯᠠᠭᠠᠬᠤ ᠶ᠋ᠢᠨ ᠬᠠᠮᠲᠤ ᠠᠵᠢᠯ ᠤ᠋ᠨ ᠡᠬᠡ ᠲᠠᠩᠰᠠ ᠪᠠᠢᠭᠤᠯᠪᠠ; 《ᠣᠶᠤᠨᠳᠤ ᠠᠵᠢᠯ ᠣᠯᠭᠣᠯᠲᠠ ᠶ᠋ᠢᠨ ᠦᠶ᠋ᠯᠡᠴᠢᠯᠡᠭᠡᠨ ᠤ᠋ ᠡᠭᠦᠯᠡᠨ ᠲᠠᠪᠴᠠᠩ》 ᠳ᠋ᠤ ᠲᠦᠱᠢᠭ᠌ᠯᠡᠨ ᠬᠥᠮᠦᠨ ᠪᠠ ᠠᠵᠢᠯ ᠤ᠋ᠨ ᠪᠠᠢᠷᠢᠶ᠋ᠢ ᠤᠨᠤᠴᠠᠲᠠᠢ ᠪᠠᠷ ᠵᠣᠬᠢᠴᠠᠭᠤᠯᠬᠤᠶ᠋ᠢ ᠪᠡᠶᠡᠯᠡᠭᠦᠯᠪᠡ; ᠠᠵᠢᠯ ᠣᠯᠭᠣᠯᠲᠠ ᠶ᠋ᠢᠨ ᠱᠢᠭᠤᠳ ᠨᠡᠪᠲᠡᠷᠡᠭᠦᠯᠭᠡ᠂ ᠨᠡᠢᠭᠡᠮ ᠲᠣᠭᠣᠷᠢᠭ ᠤ᠋ᠨ ᠠᠵᠢᠯᠴᠢᠨ ᠬᠡᠷᠡᠭ᠌ᠯᠡᠬᠦ᠌ ᠮᠡᠳᠡᠭᠡ ᠵᠠᠩᠭᠢᠶ᠋ᠢ ᠬᠠᠮᠲᠤ ᠪᠡᠷ ᠡᠳ᠋ᠯᠡᠬᠦ ᠪᠡᠷ ᠳᠠᠮᠵᠢᠭᠤᠯᠤᠨ ᠠᠵᠢᠯ ᠣᠯᠭᠣᠯᠲᠠ ᠶ᠋ᠢᠨ ᠠᠷᠭ᠎ᠠ ᠵᠠᠮ ᠢ᠋ ᠥᠷᠭᠡᠳᠭᠡᠪᠡ; ᠡᠭᠦᠨ ᠤ᠋ ᠬᠠᠮᠲᠤ ᠠᠵᠢᠯ ᠤᠯᠬᠤ ᠳ᠋ᠤ ᠬᠦᠴᠢᠷᠳᠡᠯᠲᠡᠶ ᠬᠥᠮᠦᠰ ᠲᠦ᠍ ᠦᠶ᠋ᠯᠡᠰ ᠪᠤᠰᠬᠠᠬᠤ ᠵᠢ ᠨᠡᠪᠴᠢᠭᠦᠯᠬᠦ᠌ ᠰᠠᠭᠤᠷᠢᠨ ᠬᠢᠭᠡᠳ ᠵᠢᠯᠣᠭᠣᠳᠣᠯᠭ᠎ᠠ ᠶ᠋ᠢᠨ ᠦᠶ᠋ᠯᠡᠴᠢᠯᠡᠭᠡ ᠬᠠᠩᠭᠠᠵᠤ᠂ ᠠᠵᠢᠯ ᠡᠷᠬᠢᠯᠡᠭᠰᠡᠳ ᠢ᠋ ᠵᠣᠬᠢᠶᠠᠨ ᠪᠠᠢᠭᠤᠯᠵᠤ ᠪᠠᠢᠭᠠᠳ ᠦᠨᠡᠨᠴᠢ ᠢᠲᠡᠭᠡᠮᠵᠢᠲᠡᠶ ᠠᠵᠢᠯ ᠣᠯᠭᠣᠯᠲᠠ ᠶ᠋ᠢᠨ ᠠᠮᠠᠯᠠᠯᠲᠠ ᠶ᠋ᠢᠨ ᠪᠢᠴᠢᠭ ᠲᠦ᠍ ᠭᠠᠷ ᠤ᠋ᠨ ᠥᠰᠥᠭ ᠵᠢᠷᠤᠭᠤᠯᠵᠤ᠂ ᠨᠡᠢᠭᠡᠮ ᠲᠣᠭᠣᠷᠢᠭ ᠡᠴᠡ ᠢᠲᠡᠭᠡᠮᠵᠢ ᠶ᠋ᠢᠨ ᠪᠠᠲᠤᠯᠠᠪᠤᠷᠢ ᠬᠢᠵᠦ ᠠᠵᠢᠯ ᠣᠯᠭᠣᠯᠲᠠ ᠶ᠋ᠢᠨ ᠲᠣᠭ᠍ᠲᠠᠭᠤᠨ ᠪᠠᠢᠳᠠᠯ ᠢ᠋ ᠪᠠᠳᠤᠯᠠᠪᠠ᠃
ᠨᠡᠢᠭᠡᠮ ᠤ᠋ᠨ ᠲᠠᠯ᠎ᠠ ᠪᠠᠷ ᠬᠠᠷᠢᠯᠴᠠᠨ ᠱᠢᠭᠢᠳᠭᠡᠯᠳᠦᠵᠦ ᠪᠦᠬᠦᠳᠠᠭᠡᠷ ᠤᠷᠤᠯᠴᠠᠬᠤ ᠵᠠᠰᠠᠯᠲᠠ ᠶ᠋ᠢᠨ ᠲᠤᠤᠷ ᠢ᠋ ᠨᠢᠭ᠍ᠲᠠ ᠰᠦᠯᠵᠢᠪᠠ
ᠨᠡᠢᠭᠡᠮ ᠢ᠋ᠶ᠋ᠡᠷ ᠢ᠋ᠶ᠋ᠡᠨ ᠬᠠᠮᠲᠤ ᠪᠡᠷ ᠵᠠᠰᠠᠬᠤ ᠪᠣᠯ ᠦᠨᠳᠦᠰᠦᠲᠡᠨ ᠤ᠋ ᠪᠦᠯᠬᠦᠮᠳᠡᠯ ᠤ᠋ᠨ ᠪᠠᠲᠤᠯᠠᠭ᠎ᠠ ᠮᠥᠨ᠃ ᠬᠥᠬᠡᠬᠣᠲᠠᠦᠨᠳᠦᠰᠦᠨ ᠱᠠᠲᠤᠨ ᠤ᠋ ᠵᠠᠰᠠᠯᠲᠠ ᠪᠡᠷ ᠭᠠᠷᠳᠠᠴᠠ ᠪᠣᠯᠭᠠᠵᠤ᠂ ᠵᠣᠬᠢᠶᠠᠨ ᠪᠠᠢᠭᠤᠯᠤᠯᠲᠠᠶ᠋ᠢ ᠪᠠᠢᠭᠤᠯᠤᠨ ᠬᠦᠴᠦᠷᠬᠡᠭ᠌ᠵᠢᠭᠦᠯᠬᠦ᠌᠂ ᠲᠣᠭ᠍ᠲᠠᠴᠠ ᠶ᠋ᠢᠨ ᠱᠢᠨᠡᠶ᠋ᠢ ᠡᠭᠦᠳᠬᠦ᠌᠂ ᠣᠨᠣᠴᠠᠲᠠᠢ ᠦᠢᠯᠡᠴᠢᠯᠡᠬᠦ ᠪᠡᠷ ᠳᠠᠮᠵᠢᠭᠤᠯᠤᠨ᠂ ᠦᠨᠳᠦᠰᠦᠲᠡᠨᠨᠦᠭᠦᠳ ᠤ᠋ᠨ ᠤᠯᠠᠨ ᠲᠦᠮᠡᠨᠤ ᠬᠠᠮᠲᠤ ᠪᠡᠷ ᠣᠷᠣᠯᠴᠠᠬᠤ ᠳᠤᠮᠳᠠ ᠬᠦᠴᠢᠷ ᠠᠰᠠᠭᠤᠳᠠᠯ ᠢ᠋ ᠱᠢᠢᠳᠪᠦᠷᠢᠯᠡᠨ᠂ ᠬᠠᠮᠲᠤ ᠶ᠋ᠢᠨ ᠲᠠᠨᠢᠯᠲᠠᠶ᠋ᠢ ᠨᠢᠭ᠍ᠲᠠᠷᠠᠭᠤᠯᠵᠤ᠂ ᠬᠠᠮᠲᠤ ᠪᠡᠷ ᠪᠠᠢᠭᠤᠯᠵᠤ ᠬᠠᠮᠲᠤ ᠪᠡᠷ ᠵᠠᠰᠠᠵᠤ ᠬᠠᠮᠲᠤ ᠪᠡᠷ ᠡᠳ᠋ᠯᠡᠬᠦ᠌ ᠵᠠᠰᠠᠯᠲᠠ ᠶ᠋ᠢᠨ ᠪᠠᠢᠷᠢᠱᠢᠯ ᠢ᠋ ᠪᠦᠷᠢᠯᠳᠤᠬᠦᠯᠪᠠ᠃
ᠪᠥᠬᠥ᠌ ᠬᠣᠲᠠ ᠳ᠋ᠤ 《ᠲᠤᠤᠷᠵᠢᠯ (ᠰᠠᠭᠤᠭᠠᠯᠢ ᠠᠷᠠᠳ ᠤ᠋ᠨ ᠲᠣᠭᠣᠷᠢᠭ) ᠤ᠋ᠨ ᠨᠠᠮ ᠤ᠋ᠨ ᠤᠳᠤᠷᠢᠳᠭᠤ ᠳᠤᠭᠤᠢᠯᠠᠩ (ᠨᠠᠮ ᠤ᠋ᠨ ᠡᠭᠦᠷ) + ᠲᠤᠤᠷᠵᠢᠯ ᠤ᠋ᠨ ᠠᠵᠢᠯᠲᠠᠨ + ᠠᠰᠠᠷ (ᠨᠢᠭᠡᠴᠢ᠂ ᠬᠣᠯᠪᠣᠭᠠᠯᠠᠭᠰᠠᠨ ᠡᠷᠦᠬᠡ) ᠤ᠋ᠨ ᠳᠠᠷᠤᠭ᠎ᠠ》 ᠶ᠋ᠢᠨ ᠵᠠᠭ᠍ᠪᠤᠷ ᠢ᠋ ᠬᠡᠷᠡᠭ᠌ᠵᠢᠭᠦᠯᠵᠦ᠂ 7493 ᠲᠤᠤᠷᠵᠢᠯ ᠤ᠋ᠨ ᠨᠠᠮ ᠤ᠋ᠨ ᠤᠳᠤᠷᠢᠳᠭᠤ ᠳᠤᠭᠤᠢᠯᠠᠩ (ᠨᠠᠮ ᠤ᠋ᠨ ᠡᠭᠦᠷ) ᠢ᠋ ᠵᠣᠬᠢᠶᠠᠨ ᠪᠠᠢᠭᠤᠯᠵᠤ᠂ 6158 ᠲᠤᠰᠭᠠᠶ ᠲᠤᠱᠢᠶᠠᠯᠲᠤ ᠲᠤᠤᠷᠵᠢᠯ ᠤ᠋ᠨ ᠠᠵᠢᠯᠲᠠᠨ ᠲᠣᠬᠢᠷᠠᠭᠤᠯᠵᠤ᠂ 7.4 ᠲᠦᠮᠡᠨ ᠠᠰᠠᠷ (ᠨᠢᠭᠡᠴᠢ᠂ ᠬᠣᠯᠪᠣᠭᠠᠯᠠᠭᠰᠠᠨ ᠡᠷᠦᠬᠡ) ᠤ᠋ᠨ ᠳᠠᠷᠤᠭᠠᠶ᠋ᠢ ᠰᠣᠩᠭᠣᠨ ᠭᠠᠷᠭᠠᠵᠤ᠂ ᠨᠢᠭᠡᠨᠲᠡ 3012 ᠬᠥᠷᠰᠢ ᠵᠡᠷᠭᠡᠯᠡᠳᠡᠭᠡ᠂ ᠣᠷᠣᠭ ᠢᠨᠠᠭ ᠵᠡᠷᠭᠡ ᠵᠠᠭᠤᠷᠠᠯᠳᠤᠭᠠᠨ ᠤ᠋ ᠳᠠᠯᠳᠠ ᠬᠡᠮ ᠢ᠋ ᠱᠢᠶ᠋ᠳᠪᠦᠷᠢᠯᠡᠵᠦ᠍᠂ ᠣᠯᠠᠨ ᠲᠦᠮᠡᠨ ᠲᠠᠢ ᠬᠠᠷᠢᠯᠴᠠᠵᠤ ᠦᠶ᠋ᠯᠡᠴᠢᠯᠡᠬᠦ᠌ 《ᠡᠴᠦᠰ ᠤ᠋ᠨ ᠨᠢᠭᠡ ᠮᠧᠲ᠋ᠷ》 ᠤ᠋ᠨ ᠠᠰᠠᠭᠤᠳᠠᠯ ᠢ᠋ ᠣᠨᠤᠴᠠᠲᠠᠢ ᠱᠢᠶ᠋ᠳᠪᠦᠷᠢᠯᠡᠪᠡ᠃
ᠰᠡᠳᠭᠢᠴᠡ ᠶ᠋ᠢᠨ ᠲᠠᠯ᠎ᠠ ᠪᠠᠷ ᠬᠠᠷᠢᠯᠴᠠᠨ ᠱᠢᠭᠢᠳᠭᠡᠯᠳᠦᠵᠦ ᠬᠠᠮᠲᠤ ᠪᠡᠷ ᠮᠡᠳᠡᠷᠡᠬᠦᠢᠵᠢᠨ ᠵᠣᠷᠢᠭ ᠰᠠᠨᠠᠭᠠᠨ ᠤ᠋ ᠰᠠᠭᠤᠷᠢ ᠶ᠋ᠢ ᠪᠠᠬᠢᠵᠢᠬᠦᠯᠪᠠ
ᠰᠡᠳᠭᠢᠴᠡ ᠶ᠋ᠢᠨ ᠮᠡᠳᠡᠷᠡᠮᠵᠢ ᠪᠣᠯ ᠦᠨᠳᠦᠰᠦᠲᠡᠨ ᠤ᠋ ᠪᠦᠯᠬᠦᠮᠳᠡᠯ ᠤ᠋ᠨ ᠬᠠᠮᠤᠭ ᠤ᠋ᠨ ᠭᠦᠨ ᠵᠤᠵᠠᠭᠠᠨ ᠰᠠᠭᠤᠷᠢ ᠮᠥᠨ᠃ ᠬᠥᠬᠡᠬᠣᠲᠠᠬᠠᠢᠷᠠ ᠰᠡᠳᠭᠢᠯᠭᠡ ᠶ᠋ᠢᠨ ᠲᠠᠯ᠎ᠠ ᠡᠴᠡ ᠬᠦᠴᠦᠯᠡᠵᠦ᠍᠂ ᠠᠷᠠᠳ ᠤ᠋ᠨ ᠠᠮᠢᠳᠤᠷᠠᠯ ᠤ᠋ᠨ ᠬᠦᠴᠢᠷ ᠠᠰᠠᠭᠤᠳᠠᠯ ᠢ᠋ ᠱᠢᠢᠳᠪᠦᠷᠢᠯᠡᠬᠦ᠂ ᠬᠥᠷᠰᠢ ᠵᠡᠷᠭᠡᠯᠡᠳᠡᠭᠡ ᠶ᠋ᠢᠨ ᠠᠵᠢᠯᠯᠠᠭ᠎ᠠ ᠥᠷᠨᠢᠭᠦᠯᠬᠦ᠂ ᠬᠠᠷᠢᠯᠴᠠᠨ ᠬᠠᠪᠰᠤᠷᠤᠯᠴᠠᠬᠤ ᠬᠥᠭᠥᠷᠭᠡᠶ᠋ᠢ ᠪᠠᠢᠭᠤᠯᠬᠤ ᠪᠡᠷ ᠳᠠᠮᠵᠢᠭᠤᠯᠤᠨ᠂ ᠦᠨᠳᠦᠰᠦᠲᠡᠨᠨᠦᠭᠦᠳ ᠤ᠋ᠨ ᠤᠯᠠᠨ ᠲᠦᠮᠡᠨ ᠤ᠋ ᠬᠠᠢᠷ᠎ᠠ ᠰᠡᠳᠭᠢᠯᠭᠡ ᠶ᠋ᠢᠨ ᠬᠠᠮᠲᠤ ᠶ᠋ᠢᠨ ᠮᠡᠳᠡᠷᠡᠮᠵᠢ ᠶ᠋ᠢᠨ ᠳᠤᠮᠳᠠ ᠬᠠᠷᠢᠶᠠᠯᠠᠭ᠍ᠳᠠᠬᠤᠢ ᠲᠦᠷᠦᠭ᠌ᠳᠡᠯ ᠢ᠋ ᠨᠢ ᠨᠡᠮᠡᠭ᠌ᠳᠡᠭᠦᠯᠵᠦ᠍᠂ 《ᠨᠢᠭᠡ ᠭᠡᠷ ᠤ᠋ᠨ ᠬᠥᠮᠦᠨ》 ᠭᠡᠬᠦ᠌ ᠣᠢᠯᠠᠭᠠᠭ᠍ᠳᠠᠬᠤᠨ ᠢ᠋ ᠪᠤᠢ ᠪᠣᠯᠭᠠᠪᠠ᠃
ᠱᠢᠨ᠎ᠡ ᠬᠣᠲᠠ ᠲᠣᠭᠣᠷᠢᠭ ᠤ᠋ᠨ ᠪᠦᠯᠬᠦᠮᠳᠡᠯ ᠲᠣᠭᠣᠷᠢᠭ ᠤᠷᠢᠳ ᠬᠣᠵᠢᠳ 3.8 ᠳ᠋ᠦᠩᠱᠢᠭᠤᠷ ᠲᠥᠭᠥᠷᠢᠭ ᠤ᠋ᠨ ᠪᠡᠯᠡ ᠣᠷᠣᠭᠤᠯᠦᠨ᠂ ᠬᠣᠶᠠᠷ ᠤᠳᠠᠭ᠎ᠠ ᠥᠭᠡᠷᠡᠴᠢᠯᠡᠨ ᠰᠢᠨᠡᠳᠭᠡᠬᠦ ᠠᠵᠢᠯ ᠦᠷᠨᠢᠭᠦᠯᠵᠦ᠂ 127 ᠰᠠᠭᠤᠷᠢ ᠠᠰᠠᠷ᠂ 6026 ᠡᠷᠦᠬᠡ ᠰᠠᠭᠤᠭᠠᠯᠢ ᠠᠷᠠᠳ ᠢ᠋ ᠬᠠᠮᠤᠷᠪᠠ᠃ ᠰᠠᠢᠬᠠᠨ ᠲᠣᠭᠣᠷᠢᠭ ᠤ᠋ᠨ ᠱ᠌ᠢ ᠴᠢ ᠨᠡᠢᠭᠡᠮ ᠲᠣᠭᠣᠷᠢᠭ 《ᠢᠳᠡᠱᠢᠨ ᠨᠣᠭᠣᠭ᠎ᠠ ᠬᠤᠳᠠᠯᠳᠤᠨ ᠠᠪᠬᠤ ᠳ᠋ᠤ ᠬᠦᠴᠢᠷ》 ᠪᠠᠢᠬᠤ ᠠᠰᠠᠭᠤᠳᠠᠯ ᠳ᠋ᠤ ᠴᠢᠭ᠌ᠯᠡᠭᠦᠯᠦᠨ᠂ ᠬᠣᠲᠠ ᠶ᠋ᠢᠨ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠲᠠᠢ ᠬᠣᠯᠪᠣᠭᠠᠯᠠᠨ ᠬᠥᠳᠡᠯᠦᠯᠴᠡᠵᠦ᠍᠂ ᠱ᠌ᠢ ᠴᠢ ᠴᠡᠴᠡᠷᠯᠢᠭ ᠲᠦ᠍ ᠥᠷᠯᠥᠭᠡ ᠦᠳᠡᠰᠢ ᠶ᠋ᠢᠨ ᠵᠠᠬ᠎ᠠ ᠳᠡᠯᠭᠡᠭᠦᠷ ᠭᠠᠷᠭᠠᠵᠤ᠂ ᠰᠠᠭᠤᠭᠠᠯᠢ ᠠᠷᠠᠳ ᠤ᠋ᠨ ᠣᠢᠷ᠎ᠠ ᠬᠠᠪᠢ ᠡᠴᠡ ᠪᠠᠨ ᠬᠢᠮᠳᠠᠬᠠᠨ ᠢᠳᠡᠱᠢᠨ ᠨᠣᠭᠣᠭ᠎ᠠ ᠬᠤᠳᠠᠯᠳᠤᠨ ᠠᠪᠬᠤ ᠠᠰᠠᠭᠤᠳᠠᠯ ᠢ᠋ ᠱᠢᠶ᠋ᠳᠪᠦᠷᠢᠯᠡᠭ᠌ᠰᠡᠨ ᠪᠥᠭᠡᠳ ᠪᠠᠰᠠ ᠠᠮᠢᠳᠤᠯᠢᠭ ᠢ᠋ᠶ᠋ᠡᠷ ᠠᠵᠢᠯ ᠣᠯᠤᠭ᠍ᠰᠠᠳ ᠤ᠋ᠨ ᠳᠠᠬᠢᠨ ᠠᠵᠢᠯ ᠤᠯᠬᠤ ᠠᠰᠠᠭᠤᠳᠠᠯ ᠢ᠋ ᠴᠤ᠌ ᠱᠢᠶ᠋ᠳᠪᠦᠷᠢᠯᠡᠵᠡᠶ᠃ ᠢᠦᠢᠴᠢᠤᠸᠠᠨ ᠲᠣᠭᠣᠷᠢᠭ ᠤ᠋ᠨ ᠸᠠᠨ ᠵᠢᠨ ᠨᠡᠢᠭᠡᠮ ᠲᠣᠭᠣᠷᠢᠭ ᠲᠣᠭ᠍ᠲᠠᠮᠠᠯ ᠬᠤᠭᠤᠴᠠᠭ᠎ᠠ ᠲᠠᠢ ᠪᠠᠷ 《ᠬᠥᠷᠰᠢ ᠵᠡᠷᠭᠡᠯᠡᠳᠡᠭᠡ ᠶ᠋ᠢᠨ ᠪᠠᠶᠠᠷ》 《ᠨᠥᠬᠥᠷᠯᠡᠯ ᠤ᠋ᠨ ᠬᠤᠷᠠᠯ》 ᠵᠡᠷᠭᠡ ᠠᠵᠢᠯᠯᠠᠭ᠎ᠠ ᠥᠷᠨᠢᠭᠦᠯᠵᠦ᠍᠂ 《ᠰᠠᠭᠤᠭᠠᠯᠢ ᠠᠷᠠᠳ ᠡᠶ᠎ᠡ ᠨᠠᠢᠷᠲᠠᠶ᠂ ᠬᠥᠷᠰᠢ ᠵᠡᠷᠭᠡᠯᠡᠳᠡᠭᠡ ᠡᠶ᠎ᠡ ᠨᠠᠢᠷᠲᠠᠶ᠂ ᠬᠡᠷ ᠪᠦᠯᠢ ᠡᠶ᠎ᠡ ᠨᠠᠢᠷᠲᠠᠶ》 ᠠᠭᠤᠷ ᠠᠮᠢᠰᠭᠤᠯ ᠢ᠋ ᠪᠣᠶ ᠪᠣᠯᠭᠠᠪᠠ᠃
ᠤᠳᠤ᠂ ᠬᠥᠬᠡᠬᠣᠲᠠ ᠶ᠋ᠢᠨ ᠡᠨᠡ ᠬᠦ᠌ ᠬᠠᠯᠠᠭᠤᠨ ᠬᠥᠷᠥᠰᠥᠨ ᠳ᠋ᠤ ᠦᠨᠳᠦᠰᠦᠲᠡᠨᠨᠦᠭᠦᠳ ᠤ᠋ᠨ ᠤᠯᠠᠨ ᠲᠦᠮᠡᠨ ᠬᠠᠮᠲᠤ ᠪᠡᠷ ᠰᠠᠭᠤᠷᠢᠱᠢᠵᠤ᠂ ᠬᠠᠮᠲᠤ ᠪᠡᠷ ᠰᠤᠷᠤᠯᠴᠠᠵᠤ᠂ ᠬᠠᠮᠲᠤ ᠪᠡᠷ ᠠᠵᠢᠯᠯᠠᠵᠤ᠂ ᠬᠠᠮᠲᠤ ᠪᠡᠷ ᠵᠢᠷᠭᠠᠵᠤ᠂ ᠰᠡᠳᠭᠢᠯ ᠵᠢᠷᠦᠬᠡ ᠪᠠᠨ ᠬᠣᠯᠪᠣᠨ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠡᠶ᠎ᠡ ᠵᠣᠬᠢᠴᠠᠩᠭᠤᠢ ᠬᠠᠭᠤᠳᠠᠰᠤᠶ᠋ᠢ ᠬᠠᠮᠲᠤ ᠪᠡᠷ ᠪᠢᠴᠢᠭ᠌ᠯᠡᠵᠦ᠍᠂ ᠦᠨᠳᠦᠰᠦᠲᠡᠨ ᠤ᠋ ᠪᠦᠯᠬᠦᠮᠳᠡᠯ ᠤ᠋ᠨ ᠴᠡᠴᠡᠭᠡᠰ ᠢ᠋ ᠦᠨᠢᠳᠠ ᠴᠡᠴᠡᠭᠯᠡᠬᠦᠯᠵᠦ ᠪᠠᠢᠨ᠎ᠠ᠃