ᠨᠠᠮ᠎ᠤᠨ ᠲᠥᠪ ᠬᠤᠷᠢᠶ᠎ᠠ᠎ᠵᠢᠨ ᠴᠢᠬᠤᠯᠠ ᠶᠡᠬᠡ ᠰᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶᠢ ᠨᠠᠩ ᠡᠷᠡᠰ ᠰᠢᠭᠤᠷᠬᠠᠢ ᠪᠥᠭᠡᠳ ᠬᠦᠴᠦᠲᠡᠢ ᠲᠤᠭᠤᠱᠢᠯᠠᠭᠤᠯᠤᠨ ᠨᠠᠢᠳᠠᠪᠤᠷᠢᠵᠢᠭᠤᠯᠰᠤᠭᠠᠢ
2026-01-14 09:40:38
ᠵᠣᠬᠢᠶᠠᠭ᠍ᠴᠢ᠄
ᠠᠷᠠᠳ᠎ᠤᠨ ᠡᠳᠦᠷ᠎ᠤᠨ ᠰᠣᠨᠢᠨ᠎ᠤ ᠰᠢᠭᠦᠮᠵᠢᠯᠡᠭᠴᠢ
ᠣᠩᠱᠢᠭ᠍ᠰᠠᠨ ᠣᠳᠠᠭ᠎ᠠ᠄
★★★☆☆

— ᠶᠡᠷᠦᠩᠬᠡᠢ ᠱᠦᠵᠢ ᠰᠢ ᠵᠢᠨ ᠫᠢᠩ᠎ᠦᠨ ᠬᠣᠷᠢᠳᠤᠭᠠᠷ ᠬᠤᠭᠤᠴᠠᠭᠠᠨ᠎ᠤ ᠲᠥᠪ᠎ᠦᠨ ᠰᠠᠬᠢᠯᠭ᠎ᠠ ᠪᠠᠲᠤ ᠪᠠᠢᠴᠠᠭᠠᠬᠤ ᠬᠤᠷᠢᠶ᠎ᠠ᠎ᠵᠢᠨ ᠲᠠᠪᠤᠳᠤᠭᠠᠷ ᠪᠦᠬᠦᠳᠡ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ᠋ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠬᠤ ᠲᠤᠬᠠᠢ ᠥᠭᠦᠯᠡᠬᠦ ᠨᠢ


ᠨᠡᠢᠭᠡᠮ ᠵᠢᠷᠤᠮᠲᠤ ᠣᠳᠣᠬᠢᠴᠢᠯᠠᠯᠲᠠ᠎ᠶᠢ ᠦᠨᠳᠦᠰᠦᠨ᠎ᠳᠡᠭᠡᠨ ᠪᠡᠶᠡᠯᠡᠭᠦᠯᠬᠦ ᠰᠠᠭᠤᠷᠢ᠎ᠶᠢ ᠪᠡᠬᠢᠵᠢᠭᠦᠯᠵᠦ᠂ ᠪᠦᠬᠦ ᠲᠠᠯ᠎ᠠ᠎ᠪᠠᠷ ᠬᠦᠴᠦᠯᠡᠬᠦ ᠵᠠᠩᠭᠢᠯᠠᠭ᠎ᠠ᠎ᠶᠢᠨ ᠴᠠᠭ ᠦᠶ᠎ᠡ᠎ᠳᠦ ᠣᠷᠣᠬᠤ ᠳ᠋ᠤ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ᠎ᠵᠢᠨ ᠳᠥᠷᠪᠡᠳᠦᠭᠡᠷ ᠪᠦᠬᠦᠳᠠ ᠬᠤᠷᠠᠯ᠎ᠡᠴᠡ ᠵᠢᠷᠤᠭᠯᠠᠭᠰᠠᠨ ᠵᠢᠷᠤᠭ ᠲᠥᠰᠥᠪ᠎ᠢ ᠬᠡᠷᠬᠢᠨ ᠪᠣᠳᠠᠲᠤ ᠠᠬᠤᠢ ᠪᠣᠯᠭᠠᠨ ᠬᠤᠪᠢᠷᠠᠭᠤᠯᠬᠤ ᠪᠤᠢ? ᠵᠠᠩᠭᠢᠯᠠᠭ᠎ᠠ ᠨᠢ ᠨᠠᠮ᠎ᠳᠤ ᠪᠠᠢᠨ᠎ᠠ᠂ ᠵᠠᠩᠭᠢᠯᠠᠭ᠎ᠠ ᠨᠢ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠳᠤ ᠪᠠᠢᠨ᠎ᠠ᠃

《ᠨᠠᠮ᠎ᠤᠨ ᠲᠥᠪ ᠬᠤᠷᠢᠶ᠎ᠠ᠎ᠵᠢᠨ ᠴᠢᠬᠤᠯᠠ ᠶᠡᠬᠡ ᠰᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶᠢ ᠨᠠᠩ ᠡᠷᠡᠰ ᠰᠢᠭᠤᠷᠬᠠᠢ ᠪᠥᠭᠡᠳ ᠬᠦᠴᠦᠲᠡᠢ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠡᠷᠬᠡ᠎ᠶᠢ ᠨᠠᠩ ᠰᠢᠨᠵᠢᠯᠡᠬᠦ ᠤᠬᠠᠭᠠᠨᠴᠢ ᠪᠥᠭᠡᠳ ᠪᠦᠲᠦᠮᠵᠢᠲᠡᠶ᠎ᠪᠡᠷ ᠳᠦᠷᠢᠮ᠎ᠦᠨ ᠰᠢᠩᠭᠡᠯᠢᠭ᠎ᠲᠦ ᠬᠣᠷᠢᠵᠤ᠂ ᠢᠯᠵᠢᠷᠠᠯ᠎ᠢ ᠡᠰᠡᠷᠭᠦᠴᠡᠬᠦ ᠲᠡᠮᠡᠴᠡᠯ᠎ᠢ ᠨᠠᠩ ᠬᠤᠷᠴᠠ ᠰᠡᠷᠭᠡᠭ ᠪᠥᠭᠡᠳ ᠡᠷᠡᠰ ᠪᠠᠲᠤ᠎ᠪᠠᠷ ᠠᠬᠢᠭᠤᠯᠬᠤ ᠭᠡᠷᠡᠭᠲᠡᠢ》᠂ ᠬᠣᠷᠢᠳᠤᠭᠠᠷ ᠬᠤᠭᠤᠴᠠᠭᠠᠨ᠎ᠤ ᠲᠥᠪ᠎ᠦᠨ ᠰᠠᠬᠢᠯᠭ᠎ᠠ ᠪᠠᠲᠤ ᠪᠠᠢᠴᠠᠭᠠᠬᠤ ᠬᠤᠷᠢᠶ᠎ᠠ᠎ᠵᠢᠨ ᠲᠠᠪᠤᠳᠤᠭᠠᠷ ᠪᠥᠬᠥᠳᠡ ᠬᠤᠷᠠᠯ ᠳᠡᠭᠡᠷ᠎ᠡ᠂ ᠶᠡᠷᠦᠩᠬᠡᠢ ᠱᠦᠵᠢ ᠰᠢ ᠵᠢᠨ ᠫᠢᠩ ᠨᠠᠮ ᠪᠠ ᠤᠯᠤᠰ᠎ᠤᠨ ᠠᠵᠢᠯ ᠦᠢᠯᠡᠰ᠎ᠦᠨ ᠬᠥᠭᠵᠢᠯᠲᠡ᠎ᠶᠢᠨ ᠪᠥᠬᠥ ᠲᠠᠯ᠎ᠠ᠎ᠶᠢᠨ ᠪᠠᠢᠯᠳᠤᠬᠤ ᠪᠣᠳᠣᠯᠭ᠎ᠠ᠎ᠶᠢᠨ ᠥᠨᠳᠥᠷᠴᠡ᠎ᠡᠴᠡ᠂ ᠨᠠᠩ ᠥᠨᠳᠥᠷ ᠪᠠᠷᠢᠮᠵᠢᠶ᠎ᠠ᠂ ᠨᠠᠩ ᠪᠣᠳᠠᠲᠠᠢ ᠠᠷᠭ᠎ᠠ ᠬᠡᠮᠵᠢᠶ᠎ᠡ᠎ᠪᠡᠷ ᠪᠥᠬᠥ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶᠢ ᠠᠬᠢᠭᠤᠯᠵᠤ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠬᠤᠭᠤᠴᠠᠭᠠᠨ᠎ᠤ ᠬᠠᠷᠠᠯᠲᠠ ᠡᠭᠦᠷᠭᠡ᠎ᠶᠢ ᠪᠡᠶᠡᠯᠡᠭᠦᠯᠬᠦ᠎ᠳᠦ ᠪᠠᠲᠤ ᠴᠢᠩᠭ᠎ᠠ ᠪᠠᠲᠤᠯᠠᠭ᠎ᠠ ᠬᠠᠩᠭᠠᠬᠤ ᠳ᠋ᠦ ᠪᠠᠢᠯᠳᠤᠬᠤ ᠪᠣᠳᠣᠯᠭ᠎ᠠ᠎ᠶᠢᠨ ᠪᠠᠢᠷᠢᠯᠠᠭᠤᠯᠤᠯᠲᠠ ᠬᠢᠪᠡ᠃

《ᠠᠷᠪᠠᠨ ᠲᠠᠪᠤᠳᠤᠭᠠᠷ ᠲᠠᠪᠤᠨ ᠵᠢᠯ》 ᠤ᠋ᠨ ᠬᠤᠭᠤᠴᠠᠭᠠᠨ᠎ᠳᠤ᠂ ᠮᠠᠨ᠎ᠤ ᠤᠯᠤᠰ᠎ᠤᠨ ᠬᠥᠭᠵᠢᠯᠲᠡ᠎ᠶᠢᠨ ᠪᠠᠢᠯᠳᠤᠬᠤ ᠪᠣᠳᠣᠯᠭ᠎ᠠ᠎ᠶᠢᠨ ᠠᠵᠠ ᠲᠣᠬᠢᠶᠠᠯ ᠪᠣᠯᠣᠨ ᠠᠶᠤᠯ ᠲᠦᠭᠰᠢᠭᠦᠷᠢ ᠥᠷᠢᠰᠦᠯᠳᠦᠭᠡᠨ ᠵᠡᠷᠭᠡ ᠪᠡᠷ ᠣᠷᠣᠰᠢᠵᠤ᠂ ᠲᠣᠭᠲᠠᠭᠠᠯᠲᠤ ᠪᠤᠰᠤ ᠲᠥᠰᠥᠭᠡᠯᠡᠬᠦᠶ᠎ᠡ ᠪᠡᠷᠬᠡ ᠡᠯᠧᠮᠧᠨ᠋ᠲ ᠨᠡᠮᠡᠭᠳᠡᠵᠡᠢ᠃ ᠡᠭᠦᠷᠭᠡ ᠬᠠᠲᠠᠭᠤ ᠪᠡᠷᠬᠡ ᠪᠣᠯᠬᠤ ᠲᠤᠳᠤᠮ᠂ ᠰᠠᠯᠬᠢ ᠶᠡᠬᠡ ᠳᠠᠪᠠᠯᠭᠠᠨ ᠰᠢᠷᠦᠭᠦᠨ ᠪᠣᠯᠬᠤ ᠲᠤᠳᠤᠮ᠂ ᠨᠠᠮ᠎ᠤᠨ ᠲᠥᠪ ᠬᠤᠷᠢᠶ᠎ᠠ᠎ᠵᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ᠎ᠶᠢᠨ ᠲᠣᠭᠲᠠᠪᠤᠷᠢᠵᠢᠭᠤᠯᠬᠤ ᠦᠢᠯᠡᠳᠦᠯ᠎ᠢ ᠤᠯᠠᠮ ᠪᠠᠳᠠᠷᠠᠭᠤᠯᠵᠤ᠂ ᠨᠠᠢᠳᠠᠪᠤᠷᠢᠵᠢᠭᠤᠯᠤᠯᠲᠠ᠎ᠶᠢ ᠴᠢᠩᠭ᠎ᠠ ᠠᠳᠬᠤᠬᠤ ᠬᠡᠷᠡᠭᠵᠢᠬᠦᠯᠬᠦ ᠬᠦᠴᠦᠨ᠎ᠢᠶᠡᠷ ᠬᠥᠭᠵᠢᠯᠲᠡ᠎ᠶᠢᠨ ᠰᠠᠨᠠᠭᠠᠴᠢᠯᠠᠭᠠᠲᠤ ᠡᠷᠬᠡ᠎ᠶᠢ ᠡᠵᠡᠮᠳᠡᠬᠦ ᠬᠡᠷᠡᠭᠲᠡᠢ᠃

《ᠨᠠᠮ᠎ᠤᠨ ᠲᠥᠪ ᠬᠤᠷᠢᠶ᠎ᠠ᠎ᠵᠢᠨ ᠴᠢᠬᠤᠯᠠ ᠶᠡᠬᠡ ᠰᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶᠢ ᠲᠤᠭᠤᠱᠢᠯᠠᠭᠤᠯᠤᠨ ᠨᠠᠢᠳᠠᠪᠤᠷᠢᠵᠢᠭᠤᠯᠬᠤ ᠪᠣᠯ ᠨᠠᠮ᠎ᠤᠨ ᠲᠥᠪ ᠬᠤᠷᠢᠶ᠎ᠠ᠎ᠵᠢᠨ ᠡᠷᠬᠡ ᠰᠦᠷ ᠪᠠ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ᠎ᠶᠢ ᠬᠠᠮᠠᠭᠠᠯᠠᠬᠤ ᠦᠨᠳᠦᠰᠦᠨ ᠱᠠᠭᠠᠷᠳᠠᠯᠭ᠎ᠠ ᠮᠥᠨ᠂ ᠮᠦᠨ ᠴᠤ᠌ ᠨᠠᠮ ᠪᠠ ᠠᠷᠠᠳ ᠲᠦᠮᠡᠨ᠎ᠦ ᠦᠢᠯᠡᠰ᠎ᠦᠨ ᠲᠠᠰᠤᠷᠠᠯᠲᠠ ᠦᠭᠡᠢ ᠬᠥᠭᠵᠢᠨ ᠳᠠᠪᠰᠢᠭ᠍ᠰᠠᠨ ᠴᠢᠬᠤᠯᠠ ᠲᠡᠦᠬᠡᠨ ᠲᠤᠷᠰᠢᠯᠭ᠎ᠠ ᠮᠥᠨ》᠃

ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ᠎ᠵᠢᠨ ᠳᠥᠷᠪᠡᠳᠦᠭᠡᠷ ᠪᠦᠬᠦᠳᠡ ᠬᠤᠷᠠᠯ᠎ᠤᠨ ᠪᠠᠢᠯᠳᠤᠬᠤ ᠪᠣᠳᠣᠯᠭ᠎ᠠ᠎ᠶᠢᠨ ᠵᠢᠷᠤᠭ ᠲᠥᠯᠥᠪᠯᠡᠭᠡ᠎ᠡᠴᠡ ᠰᠠᠢᠨ ᠡᠬᠢᠯᠡᠯᠲᠡ᠎ᠲᠠᠢ᠂ ᠠᠩᠬᠠᠨ᠎ᠤ ᠠᠯᠬᠤᠮ᠎ᠢ ᠯᠠᠪᠳᠠᠭᠤᠨ ᠪᠠᠳᠤᠳᠠᠢ ᠠᠯᠬᠤᠬᠤ ᠲᠣᠳᠣᠷᠬᠠᠢ ᠱᠠᠭᠠᠷᠳᠠᠯᠭ᠎ᠠ ᠬᠦᠷᠲᠡᠯ᠎ᠡ᠂ ᠲᠠᠬᠢᠭᠠᠳ ᠡᠨᠡ ᠵᠢᠯ᠎ᠦᠨ ᠠᠵᠤ ᠠᠬᠤᠢ ᠨᠡᠢᠭᠡᠮ᠎ᠦᠨ ᠬᠥᠭᠵᠢᠯᠲᠡ᠎ᠶᠢᠨ ᠬᠠᠷᠠᠯᠲᠠ ᠡᠭᠦᠷᠭᠡ ᠬᠦᠷᠲᠡᠯ᠎ᠡ ᠁ ᠨᠠᠮ᠎ᠤᠨ ᠲᠥᠪ ᠬᠤᠷᠢᠶ᠎ᠠ᠎ᠵᠢᠨ ᠲᠣᠭᠲᠠᠭᠠᠭᠰᠠᠨ ᠴᠢᠬᠤᠯᠠ ᠶᠡᠬᠡ ᠪᠠᠢᠯᠳᠤᠬᠤ ᠪᠣᠳᠣᠯᠭ᠎ᠠ ᠰᠢᠢᠳᠪᠦᠷᠢᠲᠦ ᠪᠣᠳᠣᠯᠭ᠎ᠠ᠂ ᠲᠣᠳᠣᠷᠬᠠᠢᠯᠠᠭᠰᠠᠨ ᠠᠵᠢᠯ᠎ᠤᠨ ᠰᠡᠳᠬᠢᠴᠡ᠂ ᠡᠭᠦᠷᠭᠡ᠂ ᠲᠦᠷᠦ᠎ᠶᠢᠨ ᠪᠣᠳᠣᠯᠭ᠎ᠠ ᠵᠢ ᠴᠥᠮ ᠭᠦᠢᠴᠡᠳ ᠨᠤᠲᠠᠯᠠᠯᠲᠠ ᠬᠢᠵᠦ᠂ ᠲᠠᠬᠢᠨ ᠳᠠᠪᠲᠠᠨ ᠰᠤᠳᠤᠯᠵᠤ ᠪᠠᠢᠭᠠᠳ ᠳᠤᠷᠠᠳᠤᠭᠰᠠᠨ ᠶᠤᠮ᠃ ᠲᠣᠭᠲᠠᠭᠰᠠᠨ ᠪᠣᠯ ᠨᠠᠢᠳᠠᠪᠤᠷᠢᠵᠢᠭᠤᠯᠬᠤ ᠬᠡᠷᠡᠭᠲᠡᠢ᠃ ᠪᠦᠬᠦ ᠨᠠᠮ᠎ᠢᠶᠠᠷ᠎ᠢᠶᠠᠨ ᠰᠡᠳᠬᠢᠯ ᠨᠢᠭᠡᠳᠴᠦ᠂ ᠪᠦᠬᠦ ᠤᠯᠤᠰ᠎ᠢᠶᠠᠷ᠎ᠢᠶᠠᠨ ᠨᠢᠭᠡ ᠬᠥᠯᠭᠡ ᠰᠢᠲᠠᠷ᠎ᠠ ᠪᠣᠯᠬᠤ᠎ᠶᠢ ᠪᠠᠷᠢᠮᠲᠠᠯᠠᠵᠤ᠂ ᠨᠠᠮ᠎ᠤᠨ ᠲᠥᠪ ᠬᠤᠷᠢᠶ᠎ᠠ᠎ᠵᠢᠨ ᠴᠢᠬᠤᠯᠠ ᠶᠡᠬᠡ ᠰᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶᠢ ᠦᠨᠡᠨ ᠬᠦ᠌ ᠰᠠᠢᠲᠤᠷ ᠲᠤᠭᠤᠰᠢᠯᠠᠭᠤᠯᠤᠨ ᠨᠠᠢᠳᠠᠪᠤᠷᠢᠵᠢᠭᠤᠯᠪᠠᠯ᠂ ᠪᠢᠳᠠ ᠳᠠᠷᠤᠢ ᠠᠯᠢᠪᠠ ᠬᠦᠴᠢᠷ ᠪᠡᠷᠬᠡᠰᠢᠶᠡᠯ᠎ᠢ ᠢᠯᠠᠨ ᠳᠠᠪᠠᠵᠤ᠂ ᠶᠠᠮᠠᠷᠪᠠ ᠬᠦᠴᠢᠷ ᠪᠡᠷᠬᠡᠰᠢᠶᠡᠯ᠎ᠳᠦ ᠨᠤᠭᠤᠷᠠᠬᠤ ᠦᠭᠡᠢ ᠪᠠᠢᠵᠤ᠂ ᠤᠷᠤᠭ᠍ᠰᠢ ᠬᠥᠭᠵᠢᠬᠦ ᠨᠡᠩ ᠶᠡᠬᠡ ᠬᠥᠳᠡᠯᠭᠡᠬᠦ ᠬᠦᠴᠦᠨ᠎ᠢ ᠨᠢᠭ᠍ᠲᠠᠷᠠᠭᠤᠯᠵᠤ ᠴᠢᠳᠠᠨ᠎ᠠ᠃

《ᠤᠯᠤᠰ ᠲᠦᠷᠦ᠎ᠶᠢᠨ ᠬᠠᠷᠢᠭᠤᠴᠠᠯᠭᠠᠲᠤ ᠰᠡᠳᠬᠢᠯᠭᠡ᠂ ᠲᠡᠦᠬᠡ᠎ᠵᠢᠨ ᠡᠭᠦᠷᠭᠡᠲᠦ ᠪᠤᠳᠤᠯ᠎ᠵᠢᠡᠨ ᠴᠢᠩᠭᠠᠳᠬᠠᠬᠤ ᠬᠡᠷᠡᠭᠲᠡᠢ》᠂ ᠶᠡᠷᠦᠩᠬᠡᠢ ᠱᠦᠵᠢ  ᠰᠢ ᠵᠢᠨ ᠫᠢᠩ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠪᠣᠯᠣᠨ ᠥᠷᠭᠡᠨ ᠤᠯᠠᠨ ᠨᠠᠮ᠎ᠤᠨ ᠭᠡᠰᠢᠭᠦᠨ᠂ ᠺᠠᠳ᠋ᠷ᠎ᠲᠤ ᠲᠣᠳᠣᠷᠬᠠᠢ ᠱᠠᠭᠠᠷᠳᠠᠯᠭ᠎ᠠ ᠳᠤᠷᠠᠳᠴᠠᠢ᠃ ᠬᠠᠷᠢᠭᠤᠴᠠᠯᠭᠠᠲᠤ ᠰᠡᠳᠬᠢᠯᠭᠡ ᠪᠣᠯ ᠬᠡᠬᠦᠳᠡᠭ ᠴᠡᠭᠡᠵᠢᠨ᠎ᠳᠡᠭᠡᠨ 《ᠤᠯᠤᠰ᠎ᠤᠨ ᠶᠡᠬᠡ ᠶᠠᠪᠤᠳᠠᠯ》 ᠢ᠋ ᠪᠠᠭᠲᠠᠭᠠᠵᠤ᠂ ᠴᠠᠭ ᠢᠮᠠᠭᠲᠠ ᠰᠡᠳᠭᠢᠯ ᠠᠮᠤᠷ ᠦᠭᠡᠢ ᠪᠠᠢᠬᠤ ᠬᠢᠨᠠᠮᠠᠭᠠᠢ ᠪᠤᠯᠭᠤᠮᠵᠢᠲᠠᠢ ᠤᠪᠤᠷ ᠲᠠᠢ ᠪᠠᠢᠵᠤ᠂ ᠦᠪᠡᠷ᠎ᠤᠨ ᠲᠤᠰᠢᠶᠠᠯ᠎ᠵᠢᠡᠨ ᠰᠠᠢᠲᠤᠷ ᠡᠭᠦᠷᠭᠡᠯᠡᠵᠦ᠂ ᠡᠭᠦᠷᠭᠡ ᠬᠠᠷᠢᠭᠤᠴᠠᠯᠭ᠎ᠠ᠎ᠪᠠᠨ ᠭᠦᠢᠴᠡᠳᠬᠡᠬᠦ ᠬᠡᠷᠡᠭᠲᠡᠢ;ᠡᠭᠦᠷᠭᠡᠲᠦ ᠪᠤᠳᠤᠯ ᠪᠣᠯ《ᠲᠡᠦᠬᠡ᠎ᠶᠢᠨ ᠪᠤᠤᠬᠢᠶ᠎ᠠ᠎ᠶᠢ ᠲᠤᠰᠴᠤ》᠂ ᠰᠢᠯᠭᠠᠯᠲᠠ᠎ᠳᠤ ᠣᠷᠣᠯᠴᠠᠬᠤ ᠰᠢᠨ᠎ᠡ ᠵᠠᠮ᠎ᠵᠢᠡᠷ ᠰᠠᠢᠲᠤᠷ ᠵᠠᠮᠨᠠᠬᠤ ᠡᠷᠡᠰ ᠪᠠᠲᠤ ᠪᠠᠷᠢᠮᠲᠠᠯᠠᠯ ᠮᠥᠨ᠂ ᠰᠡᠳᠬᠢᠯ᠎ᠳᠡᠭᠡᠨ ᠬᠦᠰᠡᠯᠡᠩ᠎ᠡᠪᠦᠷᠯᠡᠵᠦ᠂ ᠴᠡᠭᠡᠵᠢᠨ᠎ᠳᠡᠭᠡᠨ ᠤᠯᠤᠰ ᠣᠷᠣᠨ᠎ᠵᠢᠡᠨ ᠪᠠᠭᠲᠠᠭᠠᠵᠤ᠂ ᠮᠥᠷᠥᠨ᠎ᠳᠡᠭᠡᠨ ᠡᠭᠦᠷᠭᠡ ᠬᠠᠷᠢᠭᠤᠴᠠᠯᠭ᠎ᠠ ᠡᠭᠦᠷᠭᠡᠯᠡᠬᠦ᠎ᠲᠠᠢ᠃ ᠪᠢᠳᠡ ᠨᠠᠮ᠎ᠤᠨ ᠤᠭ ᠰᠠᠨᠠᠭ᠎ᠠ᠎ᠪᠠᠷ ᠦᠪᠡᠷ᠎ᠤᠨ ᠤᠭ ᠰᠠᠨᠠᠭ᠎ᠠ ᠪᠣᠯᠭᠠᠵᠤ᠂ ᠨᠠᠮ᠎ᠤᠨ ᠡᠭᠦᠷᠭᠡ ᠬᠠᠷᠢᠭᠤᠴᠠᠯᠭ᠎ᠠ᠎ᠪᠠᠷ ᠦᠪᠡᠷ᠎ᠤᠨ ᠠᠮᠢ ᠨᠠᠰᠤ ᠪᠣᠯᠭᠠᠵᠤ᠂ ᠪᠦᠬᠦ ᠤᠶᠤᠨ ᠤᠬᠠᠭᠠᠨ ᠪᠠ ᠬᠦᠴᠦᠨ ᠴᠢᠳᠠᠯ᠎ᠵᠢᠡᠨ ᠨᠠᠮ᠎ᠤᠨ ᠭᠣᠣᠯ ᠡᠭᠦᠷᠭᠡ᠎ᠶᠢ ᠪᠡᠶᠡᠯᠡᠭᠦᠯᠬᠦ ᠳᠡᠭᠡᠷ᠎ᠡ ᠨᠢᠭ᠍ᠲᠠᠷᠠᠭᠤᠯᠬᠤ ᠬᠡᠷᠡᠭᠲᠡᠢ᠃

ᠰᠠᠢᠨ ᠠᠵᠢᠯᠯᠠᠭ᠍ᠴᠢ᠂ ᠪᠣᠳᠠᠲᠠᠢ ᠠᠵᠢᠯᠯᠠᠭ᠍ᠴᠢ ᠪᠣᠯᠬᠤ ᠳ᠋ᠤ᠂ ᠵᠦᠪ ᠠᠵᠢᠯ᠎ᠤᠨ ᠪᠦᠲᠦᠮᠵᠢ᠎ᠶᠢᠨ ᠦᠵᠡᠯᠲᠡ᠎ᠶᠢ ᠪᠤᠢ ᠪᠣᠯᠭᠠᠨ ᠦᠢᠯᠡᠳᠦᠯᠭᠡᠵᠢᠭᠦᠯᠬᠦ ᠪᠣᠯ ᠵᠠᠩᠭᠢᠯᠠᠭ᠎ᠠ ᠪᠣᠯᠣᠨ᠎ᠠ᠃ ᠡᠪ ᠬᠠᠮᠲᠤ ᠶᠣᠰᠣᠨ᠎ᠤ ᠠᠯᠤᠰ ᠬᠡᠳᠦ᠎ᠶᠢᠨ ᠬᠦᠰᠡᠯᠡᠩ ᠪᠠ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠨᠡᠢᠭᠡᠮ ᠵᠢᠷᠤᠮ᠎ᠤᠨ ᠬᠠᠮᠲᠤ᠎ᠶᠢᠨ ᠬᠦᠰᠡᠯᠡᠩ᠎ᠡᠴᠡ ᠬᠡᠯᠪᠡᠢᠭᠰᠡᠨ ᠡᠰᠡᠬᠦ᠂ ᠪᠦᠬᠦ ᠰᠡᠳᠬᠢᠯ ᠪᠦᠬᠦ ᠵᠣᠷᠢᠭ᠋᠎ᠢᠶᠠᠷ᠎ᠢᠶᠠᠨ ᠠᠷᠠᠳ ᠲᠦᠮᠡᠨ᠎ᠳᠦ ᠦᠢᠯᠡᠴᠢᠯᠡᠬᠦ ᠦᠨᠳᠦᠰᠦᠨ ᠵᠣᠷᠢᠯᠲᠠ᠎ᠡᠴᠡ ᠲᠡᠷᠰᠯᠡᠭᠰᠡᠨ ᠡᠰᠡᠬᠦ᠂ ᠨᠠᠮ᠎ᠤᠨ ᠱᠤᠭᠤᠮ ᠴᠢᠭᠯᠡᠯᠲᠡ ᠲᠦᠷᠦ᠎ᠶᠢᠨ ᠪᠣᠳᠣᠯᠭ᠎ᠠ ᠪᠠ ᠨᠠᠮ᠎ᠤᠨ ᠲᠥᠪ ᠬᠤᠷᠢᠶ᠎ᠠ᠎ᠵᠢᠨ ᠴᠢᠬᠤᠯᠠ ᠶᠡᠬᠡ ᠰᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠡᠴᠡ ᠰᠠᠯᠤᠨᠭᠬᠢᠷᠠᠭᠰᠠᠨ ᠡᠰᠡᠬᠦ᠂ ᠤᠯᠤᠰ᠎ᠤᠨ ᠪᠠᠢᠳᠠᠯ ᠪᠠ ᠲᠤᠰ ᠭᠠᠵᠠᠷ ᠣᠷᠣᠨ ᠲᠤᠰ ᠰᠠᠯᠠᠭ᠎ᠠ ᠮᠥᠴᠢᠷ᠎ᠦᠨ ᠪᠣᠳᠠᠲᠤ ᠪᠠᠢᠳᠠᠯ᠎ᠡᠴᠡ ᠰᠠᠯᠤᠨᠭᠬᠢᠷᠠᠭᠰᠠᠨ ᠡᠰᠡᠬᠦ? ᠨᠠᠮ᠎ᠤᠨ ᠡᠭᠦᠷᠭᠡ ᠬᠠᠷᠢᠭᠤᠴᠠᠯᠭ᠎ᠠ᠎ᠶᠢ ᠪᠡᠶᠡᠯᠡᠭᠦᠯᠬᠦ᠎ᠡᠴᠡ ᠡᠭᠦᠰᠴᠦ᠂ ᠥᠪᠡᠷ᠎ᠦᠨ ᠦᠵᠡᠯ ᠰᠠᠨᠠᠭ᠎ᠠ ᠪᠠ ᠦᠢᠯᠡ ᠠᠵᠢᠯᠯᠠᠭ᠎ᠠ᠎ᠪᠠᠨ ᠦᠷᠭᠦᠯᠵᠢ ᠪᠠᠢᠴᠠᠭᠠᠨ ᠰᠢᠨᠵᠢᠪᠡᠯ ᠪᠢᠳᠡ ᠰᠠᠶᠢ ᠨᠢᠭᠡ ᠰᠡᠳᠬᠢᠯ ᠨᠢᠭᠡ ᠵᠣᠷᠢᠭ᠋᠎ᠢᠶᠠᠷ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢ ᠠᠬᠢᠭᠤᠯᠵᠤ᠂ ᠲᠡᠦᠬᠡ ᠪᠠ ᠠᠷᠠᠳ ᠲᠦᠮᠡᠨ᠎ᠦ ᠰᠢᠯᠭᠠᠯᠲᠠ᠎ᠶᠢ ᠳᠠᠭᠠᠭᠠᠵᠤ ᠳᠡᠶ᠋ᠢᠯᠬᠦ ᠬᠢᠷᠢ ᠲᠡᠩᠴᠡᠭᠰᠡᠨ ᠬᠠᠷᠢᠭᠤᠯᠲᠠ᠎ᠶᠢᠨ ᠬᠠᠭᠤᠳᠠᠰᠤ᠎ᠶᠢ ᠲᠤᠰᠢᠶᠠᠵᠤ ᠴᠢᠳᠠᠨ᠎ᠠ᠃

ᠨᠠᠮ᠎ᠤᠨ ᠲᠥᠪ ᠬᠤᠷᠢᠶ᠎ᠠ᠎ᠵᠢᠨ ᠴᠢᠬᠤᠯᠠ ᠶᠡᠬᠡ ᠰᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶᠢ ᠲᠤᠭᠤᠰᠢᠯᠠᠭᠤᠯᠤᠨ ᠨᠠᠢᠳᠠᠪᠤᠷᠢᠵᠢᠭᠤᠯᠬᠤ ᠪᠣᠯ ᠨᠠᠮ᠎ᠤᠨ ᠤᠯᠤᠰ ᠲᠦᠷᠦ᠎ᠶᠢᠨ ᠰᠠᠬᠢᠯᠭ᠎ᠠ ᠪᠠᠲᠤ ᠪᠠ ᠤᠯᠤᠰ ᠲᠦᠷᠦ᠎ᠶᠢᠨ ᠶᠣᠰᠣ᠌ ᠳᠦᠷᠢᠮ᠎ᠦᠨ ᠦᠨᠳᠦᠰᠦᠨ ᠱᠠᠭᠠᠷᠳᠠᠯᠭ᠎ᠠ ᠮᠥᠨ᠃ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠪᠠᠢᠭᠤᠯᠭ᠎ᠠ᠎ᠳᠤ ᠠᠪᠴᠤ ᠬᠡᠯᠡᠪᠡᠯ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠬᠤᠭᠤᠴᠠᠭᠠᠨ᠎ᠤ ᠬᠠᠷᠠᠯᠲᠠ ᠡᠭᠦᠷᠭᠡ᠎ᠶᠢ ᠪᠡᠶᠡᠯᠡᠭᠦᠯᠬᠦ᠎ᠵᠢᠨ ᠲᠤᠭᠤᠷᠢᠨ ᠳ᠋ᠤ ᠤᠯᠤᠰ ᠲᠦᠷᠦ᠎ᠶᠢᠨ ᠬᠢᠨᠠᠯᠲᠠ ᠲᠠᠯᠪᠢᠬᠤ᠎ᠶᠢ ᠭᠦᠨᠵᠡᠭᠡᠢᠷᠡᠭᠦᠯᠦᠨ ᠪᠣᠳᠠᠲᠠᠢᠵᠢᠭᠤᠯᠵᠤ᠂ ᠪᠣᠳᠠᠲᠠᠢᠵᠢᠭᠤᠯᠤᠭᠰᠠᠨ᠂ ᠣᠨᠣᠴᠠᠲᠠᠢ᠂ ᠪᠠᠢᠩᠭᠤᠵᠢᠭᠤᠯᠤᠭᠰᠠᠨ ᠬᠢᠨᠠᠯᠲᠠ ᠲᠠᠯᠪᠢᠬᠤ ᠪᠠᠢᠴᠠᠭᠠᠬᠤ ᠠᠵᠢᠯ᠎ᠢ ᠴᠢᠩᠭᠠᠳᠬᠠᠪᠠᠯ᠂ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠵᠢᠨ ᠤᠯᠤᠰ ᠲᠦᠷᠦ᠎ᠶᠢᠨ ᠬᠥᠲᠥᠯᠥᠨ ᠳᠠᠭᠠᠭᠤᠯᠬᠤ ᠪᠠ ᠤᠯᠤᠰ ᠲᠦᠷᠦ᠎ᠶᠢᠨ ᠪᠠᠲᠤᠯᠠᠭ᠎ᠠ᠎ᠶᠢᠨ ᠦᠢᠯᠡᠳᠦᠯ᠎ᠢ ᠯᠠᠪᠲᠠᠢ ᠨᠡᠩ ᠰᠠᠢᠲᠤᠷ ᠪᠠᠳᠠᠷᠠᠭᠤᠯᠵᠤ ᠴᠢᠳᠠᠨ᠎ᠠ᠃

ᠶᠡᠷᠦᠩᠬᠡᠢ ᠱᠦᠵᠢ ᠰᠢ ᠵᠢᠨ ᠫᠢᠩ᠄ 《ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠦᠨ ᠬᠢᠨ ᠪᠣᠳᠠᠲᠤ ᠪᠠᠢᠳᠠᠯ᠎ᠲᠠᠢ᠎ᠪᠠᠨ ᠤᠶᠠᠯᠳᠤᠭᠤᠯᠵᠤ᠂ ᠨᠠᠮ᠎ᠤᠨ ᠲᠥᠪ ᠬᠤᠷᠢᠶ᠎ᠠ᠎ᠵᠢᠨ ᠴᠢᠬᠤᠯᠠ ᠶᠡᠬᠡ ᠰᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶᠢ ᠲᠤᠭᠤᠰᠢᠯᠠᠭᠤᠯᠤᠨ ᠨᠠᠢᠳᠠᠪᠤᠷᠢᠵᠢᠭᠤᠯᠬᠤ ᠪᠦᠲᠦᠮᠵᠢᠲᠡᠢ ᠠᠷᠭ᠎ᠠ ᠵᠠᠮ᠎ᠢ ᠨᠠᠷᠢᠨ ᠬᠢᠨᠠᠮᠠᠭᠠᠢ ᠰᠦᠪᠡᠭᠴᠢᠯᠡᠬᠦ ᠬᠡᠷᠡᠭᠲᠡᠢ》᠃ ᠡᠨᠡ ᠨᠢ ᠦᠨᠡᠨ᠎ᠡᠴᠡ ᠵᠥᠪ᠎ᠢ ᠡᠷᠢᠬᠦ᠂ ᠭᠠᠵᠠᠷ ᠣᠷᠣᠨ᠎ᠤ ᠪᠠᠢᠳᠠᠯ ᠳ᠋ᠠᠭᠠᠨ ᠲᠣᠬᠢᠷᠠᠭᠤᠯᠬᠤ ᠳᠣᠲᠣᠭᠠᠳᠤ ᠱᠠᠭᠠᠷᠳᠠᠯᠭ᠎ᠠ᠎ᠶᠢ ᠭᠦᠢᠴᠡᠳ ᠢᠯᠡᠷᠡᠭᠦᠯᠦᠭᠰᠡᠨ ᠪᠠᠢᠨ᠎ᠠ᠃

ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠬᠥᠭᠵᠢᠭᠦᠯᠬᠦ᠎ᠪᠡᠷ ᠵᠢᠱ᠌ᠢᠶᠡᠯᠡᠪᠡᠯ᠂ ᠨᠠᠮ᠎ᠤᠨ ᠲᠥᠪ ᠬᠣᠷᠢᠶ᠎ᠠ 《ᠭᠠᠵᠠᠷ ᠣᠷᠣᠨ᠎ᠤ ᠪᠠᠢᠳᠠᠯ᠎ᠳᠠᠭᠠᠨ ᠲᠣᠬᠢᠷᠠᠭᠤᠯᠬᠤ》 ᠶ᠋ᠢ ᠳᠠᠬᠢᠨ ᠳᠠᠪᠲᠠᠨ ᠴᠢᠬᠤᠯᠠᠴᠢᠯᠠᠪᠠ᠃ ᠵᠠᠷᠢᠮ ᠭᠠᠵᠠᠷ᠎ᠤᠨ ᠬᠢᠨ ᠰᠣᠬᠣᠷ ᠪᠠᠯᠠᠢ᠎ᠪᠠᠷ ᠲᠡᠭᠠᠵᠦ᠂ ᠪᠤᠰᠤᠳ᠎ᠤᠨ ᠴᠠᠬᠢᠮ ᠦᠢᠯᠡᠳᠴᠦ ᠪᠠᠢᠬᠤ᠎ᠶᠢ ᠦᠵᠡᠪᠡᠯ ᠥᠪᠡᠷ᠎ᠢᠶᠡᠨ ᠪᠠᠰᠠ ᠦᠢᠯᠡᠳᠦᠨ᠎ᠡ; ᠪᠤᠰᠤᠳ᠎ᠤᠨ《ᠰᠢᠨ᠎ᠡ ᠭᠤᠷᠪᠠᠨ ᠵᠦᠢᠯ》 ᠬᠢᠵᠦ ᠪᠠᠢᠬᠤ᠎ᠶᠢ ᠦᠵᠡᠪᠡᠯ ᠥᠪᠡᠷ᠎ᠢᠶᠡᠨ ᠪᠠᠰᠠ ᠬᠣᠴᠣᠷᠬᠤ ᠦᠭᠡᠢ ᠬᠢᠨ᠎ᠡ; ᠴᠢᠨᠠᠭᠰᠢᠯᠠᠪᠠᠯ ᠪᠣᠳᠠᠲᠤ ᠪᠠᠢᠳᠠᠯ᠎ᠢ ᠬᠠᠢᠬᠤᠷᠤᠯ ᠦᠭᠡᠢ᠎ᠪᠡᠷ ᠤᠯᠠᠮᠵᠢᠯᠠᠯᠲᠤ ᠠᠵᠤ ᠦᠢᠯᠡᠰ᠎ᠢ 《ᠳᠣᠣᠷᠠᠳᠤ ᠲᠡᠰ᠎ᠤᠨ ᠠᠵᠤ ᠦᠢᠯᠡᠰ》᠂ 《ᠴᠠᠭ᠎ᠡᠴᠡ ᠥᠩᠭᠡᠷᠡᠭᠰᠡᠨ ᠠᠵᠤ ᠦᠢᠯᠡᠰ》 ᠪᠣᠯᠭᠠᠵᠤ ᠬᠢᠯᠪᠠᠷᠬᠠᠨ ᠵᠢᠡᠷ ᠰᠢᠭᠰᠢᠨ ᠬᠠᠶᠠᠨ᠎ᠠ᠃ ᠡᠳᠡᠭᠡᠷ ᠨᠢ᠂ ᠨᠠᠢᠳᠠᠪᠤᠷᠢᠵᠢᠭᠤᠯᠤᠯᠲᠠ᠎ᠶᠢ ᠠᠳᠬᠤᠬᠤ᠎ᠳᠤ ᠲᠤᠰ ᠭᠠᠵᠠᠷ ᠣᠷᠣᠨ ᠲᠤᠰ ᠰᠠᠯᠠᠭ᠎ᠠ ᠮᠥᠴᠢᠷ᠎ᠦᠨ᠎ᠢᠶᠡᠨ ᠪᠣᠳᠠᠲᠤ ᠪᠠᠢᠳᠠᠯ᠎ᠡᠴᠡ ᠰᠠᠯᠬᠤ᠎ᠳᠤ ᠬᠦᠷᠪᠡᠯ᠂ ᠬᠡᠯᠪᠡᠷᠢ ᠳᠦᠷᠰᠦ ᠨᠢ ᠠᠮᠠᠷᠬᠠᠨ ᠬᠤᠪᠢᠷᠠᠵᠤ᠂ ᠰᠠᠢᠨ ᠨᠤᠮ᠎ᠢ ᠭᠠᠵᠢᠭᠤ ᠪᠤᠷᠤᠭᠤ ᠪᠡᠷ ᠤᠩᠰᠢᠬᠤ ᠪᠣᠯᠣᠨ᠎ᠠ ᠭᠡᠳᠡᠭ᠎ᠢ ᠪᠢᠳᠡᠨ ᠳ᠋ᠤ ᠰᠡᠷᠡᠮᠵᠢᠯᠡᠭᠦᠯᠪᠡ᠃

ᠪᠠᠰᠠ ᠪᠦᠬᠦ ᠤᠯᠤᠰ᠎ᠤᠨ ᠨᠢᠭᠡᠳᠦᠯᠲᠡᠢ ᠲᠣᠮᠣ᠌ ᠵᠠᠬ᠎ᠠ ᠳᠡᠯᠭᠡᠭᠦᠷ᠎ᠦᠨ ᠪᠠᠢᠭᠤᠯᠤᠯᠲᠠ᠎ᠶᠢ ᠭᠦᠨᠵᠡᠭᠡᠢᠷᠡᠭᠦᠯᠦᠨ ᠠᠬᠢᠭᠤᠯᠬᠤ ᠪᠡᠷ ᠵᠢᠱ᠌ᠢᠶᠡᠯᠡᠪᠡᠯ᠂ ᠣᠢᠷ᠎ᠠ᠎ᠶᠢᠨ ᠵᠢᠯ᠎ᠦᠳ᠎ᠲᠦ᠂ ᠪᠥᠬᠥ ᠤᠯᠤᠰ᠎ᠤᠨ ᠨᠢᠭᠡᠳᠦᠯᠲᠡᠢ ᠵᠠᠬ᠎ᠠ ᠳᠡᠯᠭᠡᠭᠦᠷ ᠪᠠ ᠭᠤᠤᠯᠴᠢ ᠥᠷᠢᠰᠦᠯᠳᠦᠭᠡᠨ᠎ᠢ ᠬᠠᠷᠰᠢᠯᠠᠬᠰᠠᠨ 4218 ᠲᠣᠭᠲᠠᠭᠠᠯ ᠪᠠ ᠠᠷᠭ᠎ᠠ ᠬᠢᠳᠡᠯ᠎ᠢ ᠲᠥᠪᠯᠡᠷᠡᠭᠦᠯᠦᠨ ᠢᠯᠭᠠᠷᠠᠭᠤᠯᠤᠨ ᠴᠡᠪᠡᠷᠯᠡᠪᠡ᠂ ᠭᠡᠪᠡᠴᠦ ᠠᠵᠤ ᠠᠬᠤᠢᠯᠠᠯ᠎ᠤᠨ ᠥᠷᠢᠰᠦᠯᠳᠦᠭᠡᠨ᠂ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠳᠠᠭᠠᠭᠠᠴᠢᠯᠠᠯᠲᠠ ᠵᠠᠷᠯᠠᠬᠤ᠂ ᠣᠷᠣᠨ ᠨᠤᠲᠤᠭ᠎ᠤᠨ ᠠᠷᠠᠯᠵᠢᠶᠠᠴᠢᠨ ᠤᠷᠢᠵᠤ ᠪᠡᠯᠡ ᠮᠦᠨᠭᠭᠦ ᠣᠷᠣᠭᠤᠯᠤᠨ ᠠᠪᠴᠢᠷᠠᠬᠤ ᠵᠡᠷᠭᠡ ᠬᠦᠷᠢᠶᠡᠨ᠎ᠳᠦ ᠮᠥᠨ ᠯᠡ ᠪᠥᠬᠥ ᠤᠯᠤᠰ᠎ᠤᠨ ᠨᠢᠭᠡᠳᠦᠯᠲᠡᠢ ᠲᠣᠮᠣ᠌ ᠵᠠᠬ᠎ᠠ ᠳᠡᠯᠭᠡᠭᠦᠷ᠎ᠦᠨ ᠪᠠᠢᠭᠤᠯᠤᠯᠲᠠ᠎ᠶᠢ ᠬᠠᠷᠰᠢᠯᠠᠬᠤ ᠬᠠᠷᠰᠢ ᠰᠠᠭᠠᠳ ᠣᠷᠣᠰᠢᠵᠤ ᠪᠠᠢᠨ᠎ᠠ᠃ ᠶᠡᠬᠡ ᠲᠠᠯ᠎ᠠ᠎ᠶᠢᠨ ᠤᠬᠠᠮᠰᠠᠷ᠎ᠢ ᠪᠠᠲᠤ ᠪᠡᠬᠢ ᠪᠤᠢ ᠪᠣᠯᠭᠠᠵᠤ᠂ ᠣᠷᠣᠨ ᠨᠤᠲᠤᠭ᠎ᠤᠨ ᠬᠠᠮᠠᠭᠠᠯᠠᠯᠲᠠ ᠪᠠ ᠵᠠᠬ᠎ᠠ ᠳᠡᠯᠭᠡᠭᠦᠷ᠎ᠦᠨ ᠬᠡᠰᠡᠭᠯᠡᠯ᠎ᠢ ᠡᠷᠡᠰ ᠠᠷᠢᠯᠭᠠᠪᠠᠯ ᠰᠠᠶᠢ ᠮᠠᠨ᠎ᠤ ᠤᠯᠤᠰ᠎ᠤᠨ ᠬᠥᠭᠵᠢᠯᠲᠡ᠎ᠶᠢᠨ ᠰᠢᠨ᠎ᠡ ᠬᠥᠳᠡᠯᠭᠡᠭᠴᠢ ᠡᠨᠧᠷᠭᠢ ᠰᠢᠨ᠎ᠡ ᠳᠠᠪᠠᠭᠤᠯᠢᠭ᠋᠎ᠢ ᠲᠠᠰᠤᠷᠠᠯᠲᠠ ᠦᠭᠡᠢ ᠪᠤᠢ ᠪᠣᠯᠭᠠᠵᠤ ᠴᠢᠳᠠᠨ᠎ᠠ᠃

ᠨᠠᠮ᠎ᠤᠨ ᠲᠥᠪ ᠬᠤᠷᠢᠶ᠎ᠠ᠎ᠵᠢᠨ ᠴᠢᠬᠤᠯᠠ ᠶᠡᠬᠡ ᠰᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶᠢ ᠡᠷᠡᠰ ᠬᠦᠴᠦᠲᠡᠢ ᠲᠤᠭᠤᠰᠢᠯᠠᠭᠤᠯᠤᠨ ᠨᠠᠢᠳᠠᠪᠤᠷᠢᠵᠢᠭᠤᠯᠬᠤ ᠨᠢ ᠪᠦᠲᠦᠭᠡᠯᠴᠢ ᠴᠢᠨᠠᠷᠲᠠᠢ᠎ᠪᠠᠷ ᠠᠵᠢᠯ᠎ᠢᠶᠠᠨ ᠥᠷᠨᠢᠭᠦᠯᠬᠦ᠎ᠲᠠᠢ ᠵᠥᠷᠢᠴᠡᠯᠳᠦᠬᠦ ᠦᠭᠡᠢ ᠶᠤᠮ᠃ ᠨᠠᠮ᠎ᠤᠨ ᠲᠥᠪ ᠬᠤᠷᠢᠶ᠎ᠠ᠎ᠵᠢᠨ ᠰᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ ᠪᠣᠯ ᠪᠦᠬᠦ ᠤᠯᠤᠰ᠎ᠤᠨ ᠬᠥᠭᠵᠢᠯᠲᠡ᠎ᠶᠢᠨ ᠶᠡᠬᠡ ᠲᠠᠯ᠎ᠠ᠎ᠳᠤ ᠰᠠᠭᠤᠷᠢᠯᠠᠵᠤ ᠲᠣᠭᠲᠠᠭᠠᠭᠰᠠᠨ ᠶᠤᠮ᠂ ᠲᠦᠭᠡᠮᠡᠯ ᠴᠢᠨᠠᠷ᠂ ᠪᠦᠬᠦ ᠲᠠᠯ᠎ᠠ᠎ᠶᠢᠨ ᠴᠢᠨᠠᠷ᠂ ᠴᠢᠭᠯᠡᠯᠲᠦ ᠴᠢᠨᠠᠷ᠎ᠲᠠᠢ ᠶᠤᠮ᠃ ᠭᠠᠭᠴᠠ ᠬᠦ᠌ ᠬᠥᠭᠵᠢᠯᠲᠡ᠎ᠶᠢᠨ ᠪᠣᠳᠠᠲᠤ ᠪᠠᠢᠳᠠᠯ᠎ᠳᠤ ᠰᠠᠭᠤᠷᠢᠯᠠᠨ᠂ ᠨᠠᠢᠳᠠᠪᠤᠷᠢᠵᠢᠭᠤᠯᠤᠯᠲᠠ᠎ᠶᠢ ᠪᠦᠲᠦᠭᠡᠯᠴᠢ᠎ᠪᠡᠷ ᠠᠳᠬᠤᠪᠠᠯ ᠰᠠᠶᠢ ᠨᠠᠮ᠎ᠤᠨ ᠲᠥᠪ ᠬᠤᠷᠢᠶ᠎ᠠ᠎ᠵᠢᠨ ᠰᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶᠢ ᠪᠣᠳᠠᠲᠠᠢ᠎ᠳᠤ ᠨᠠᠢᠳᠠᠪᠤᠷᠢᠵᠢᠭᠤᠯᠬᠤ᠎ᠶᠢ ᠪᠠᠲᠤᠯᠠᠵᠤ ᠴᠢᠳᠠᠨ᠎ᠠ᠃

ᠶᠠᠮᠠᠷᠪᠠ ᠠᠵᠢᠯ᠎ᠳᠤ ᠴᠥᠮ ᠦᠨᠡᠨ᠎ᠡᠴᠡ ᠵᠥᠪ᠎ᠢ ᠡᠷᠢᠵᠦ᠂ ᠪᠣᠳᠠᠲᠤ ᠪᠠᠢᠳᠠᠯ᠎ᠢ ᠦᠨᠳᠦᠰᠦᠯᠡᠬᠦ ᠬᠡᠷᠡᠭᠲᠡᠢ᠂ ᠠᠯᠪᠠ᠎ᠪᠠᠷ ᠲᠤᠬᠤᠵᠤ᠂ ᠳᠡᠭᠡᠳᠦ ᠳᠣᠣᠷᠠᠳᠤ ᠱᠠᠲᠤ᠎ᠪᠠᠷ᠎ᠢᠶᠠᠨ ᠴᠥᠮ ᠠᠳᠠᠯᠢ ᠪᠠᠢᠬᠤ᠎ᠶᠢ ᠡᠷᠡᠰ ᠴᠡᠭᠡᠷᠯᠡᠬᠦ ᠬᠡᠷᠡᠭᠲᠡᠢ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠦᠨ ᠬᠢᠨ ᠪᠦᠬᠦ ᠤᠯᠤᠰ᠎ᠤᠨ ᠶᠡᠬᠡ ᠲᠠᠯ᠎ᠠ᠎ᠳᠤ ᠣᠨᠣᠴᠠᠲᠠᠢ ᠪᠠᠢᠷᠢ ᠲᠣᠭᠲᠠᠭᠠᠯᠲᠠ ᠬᠢᠵᠦ᠂ ᠭᠠᠵᠠᠷ ᠣᠷᠣᠨ᠎ᠤ ᠪᠠᠢᠳᠠᠯ᠎ᠳᠠᠭᠠᠨ ᠲᠣᠬᠢᠷᠠᠭᠤᠯᠬᠤ᠂ ᠴᠠᠭ ᠦᠶ᠎ᠡ᠎ᠶᠢᠨ ᠪᠠᠢᠳᠠᠯ᠎ᠳᠤ ᠲᠣᠬᠢᠷᠠᠭᠤᠯᠬᠤ᠎ᠶᠢ ᠴᠢᠬᠤᠯᠠᠴᠢᠯᠠᠵᠤ᠂ ᠠᠵᠢᠯ᠎ᠢᠶᠠᠨ ᠪᠦᠲᠦᠭᠡᠯᠴᠢ᠎ᠪᠡᠷ ᠥᠷᠨᠢᠭᠦᠯᠵᠦ᠂ ᠡᠴᠦᠰ᠎ᠦᠨ ᠦᠷ᠎ᠡ ᠪᠦᠲᠦᠮᠵᠢ ᠨᠢ ᠨᠠᠮ᠎ᠤᠨ ᠲᠥᠪ ᠬᠤᠷᠢᠶ᠎ᠠ᠎ᠵᠢᠨ ᠰᠢᠢᠳᠪᠦᠷᠢᠲᠦ ᠪᠣᠳᠣᠯᠭ᠎ᠠ᠎ᠶᠢᠨ ᠵᠣᠷᠢᠯᠲᠠ᠂ ᠲᠦᠷᠦ᠎ᠶᠢᠨ ᠪᠣᠳᠣᠯᠭ᠎ᠠ᠎ᠶᠢᠨ ᠤᠭ ᠰᠠᠨᠠᠭ᠎ᠠ᠎ᠲᠠᠢ ᠨᠡᠢᠴᠡᠬᠦ᠎ᠶᠢ ᠪᠠᠲᠤᠯᠠᠬᠤ ᠬᠡᠷᠡᠭᠲᠡᠢ᠃

《ᠠᠷᠪᠠᠨ ᠲᠠᠪᠤᠳᠤᠭᠠᠷ ᠲᠠᠪᠤᠨ ᠵᠢᠯ》 ᠳ᠋ᠤ ᠢᠳᠡᠷᠡᠭᠦᠨ᠎ᠵᠢᠡᠷ ᠠᠯᠬᠤᠨ ᠤᠷᠤᠬᠤ᠎ᠳᠤ᠂ ᠰᠢ ᠵᠢᠨ ᠫᠢᠩ ᠨᠥᠬᠥᠷ᠎ᠢᠶᠡᠷ ᠭᠣᠣᠯ ᠪᠤᠯᠭᠠᠭᠰᠠᠨ ᠨᠠᠮ᠎ᠤᠨ ᠲᠥᠪ ᠬᠤᠷᠢᠶ᠎ᠠ᠎ᠵᠢᠨ ᠲᠣᠭᠣᠷᠢᠨ᠎ᠳᠤ ᠨᠡᠩ ᠨᠢᠭ᠍ᠲᠠᠷᠠᠨ ᠪᠦᠯᠬᠦᠮᠳᠡᠵᠦ᠂ ᠨᠠᠮ᠎ᠤᠨ ᠲᠥᠪ ᠬᠤᠷᠢᠶ᠎ᠠ᠎ᠵᠢᠨ ᠴᠢᠬᠤᠯᠠ ᠶᠡᠬᠡ ᠰᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶᠢ ᠨᠡᠩ ᠡᠷᠡᠰ ᠪᠥᠭᠡᠳ ᠬᠦᠴᠦᠲᠡᠢ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠰᠡᠳᠬᠢᠯ᠎ᠢᠶᠡᠨ ᠨᠢᠭᠡᠳᠬᠡᠨ ᠬᠦᠴᠦ᠎ᠪᠡᠨ ᠬᠠᠮᠲᠤᠳᠬᠠᠵᠤ ᠪᠠᠢᠭᠠᠳ 《ᠯᠧᠦ ᠱᠠᠨ ᠭᠤᠸᠠᠨ ᠪᠣᠭᠣᠮᠲᠠ》᠂ 《ᠯᠠ ᠽᠢ ᠺᠧᠦ ᠪᠣᠭᠣᠮᠲᠠ》 ᠶ᠋ᠢ ᠪᠠᠢᠯᠳᠤᠨ ᠳᠠᠭᠠᠭᠤᠯᠪᠠᠯ᠂ ᠪᠢᠳᠡ ᠢᠯᠠᠯᠲᠠ᠎ᠡᠴᠡ ᠰᠢᠨ᠎ᠡ ᠢᠯᠠᠯᠲᠠ ᠵᠦᠭ ᠤᠷᠤᠭᠰᠢᠯᠠᠵᠤ ᠴᠢᠳᠠᠬᠤ ᠨᠢ ᠯᠠᠪᠲᠠᠢ ᠶᠤᠮ᠃

 (ᠰᠢᠨᠬᠤᠸᠠ ᠬᠤᠷᠢᠶ᠎ᠠ᠎ᠵᠢᠨ ᠪᠡᠭᠡᠵᠢᠩ᠎ᠦᠨ 1 ᠰᠠᠷ᠎ᠠ᠎ᠶᠢᠨ 12 ᠎ᠤ᠋ᠨ  ᠴᠠᠬᠢᠯᠭᠠᠨ ᠮᠡᠳᠡᠭᠡ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号