ᠥᠪᠥᠷ ᠮᠣᠩᠭᠣᠯ ᠤ᠋ᠨ ᠨᠢᠰᠭᠡᠯ ᠤ᠋ᠨ ᠪᠠᠭᠤᠳᠠᠯ ᠤ᠋ᠨ ᠪᠦᠯᠦᠭ᠌ᠯᠡᠯ ᠡᠴᠡ ᠣᠢᠯᠠᠭᠠᠭ᠍ᠰᠠᠨ ᠢ᠋ᠢᠡᠷ᠂ 2025 ᠣᠨ ᠳ᠋ᠤ ᠲᠤᠰ ᠪᠦᠯᠦᠭ᠌ᠯᠡᠯ ᠨᠡᠢᠳᠡ 24.7 ᠲᠦᠮᠡᠨ ᠡᠬᠡᠯᠵᠢ (ᠤᠳᠠᠭ᠎ᠠ) ᠨᠢᠰᠭᠡᠯ ᠤ᠋ᠨ ᠨᠢᠰᠴᠦ᠍ ᠪᠠᠭᠤᠬᠤ ᠢ᠋ᠢ ᠪᠠᠲᠤᠯᠠᠵᠤ᠂ 2558.9 ᠲᠦᠮᠡᠨ ᠠᠶᠠᠨᠴᠢᠨ(ᠤᠳᠠᠭ᠎ᠠ) ᠵᠦᠭᠡᠭᠡᠪᠦᠷᠢᠯᠡᠨ᠂ 7.8 ᠲᠦᠮᠡ ᠭᠠᠷᠤᠢ ᠲᠣᠨ ᠪᠠᠷᠠᠭ᠎ᠠ ᠲᠡᠭᠡᠭᠡᠪᠦᠷᠢᠯᠡᠵᠡᠢ᠃
2025 ᠣᠨ ᠳ᠋ᠤ ᠥᠪᠥᠷ ᠮᠣᠩᠭᠣᠯ ᠤ᠋ᠨ ᠨᠢᠰᠭᠡᠯ ᠤ᠋ᠨ ᠪᠠᠭᠤᠳᠠᠯ ᠤ᠋ᠨ ᠪᠦᠯᠦᠭ᠌ᠯᠡᠯ 《 ᠭᠣᠣᠯ ᠱᠤᠭᠤᠮ +ᠰᠠᠯᠪᠤᠷᠢ ᠱᠤᠭᠤᠮ 》 ᠤ᠋ᠨ ᠬᠣᠯᠪᠣᠭᠠᠯᠠᠨ ᠬᠥᠳᠡᠯᠦᠯᠴᠡᠬᠦ ᠳ᠋ᠤ ᠠᠩᠬᠠᠷᠤᠯ ᠢ᠋ᠢᠡᠨ ᠲᠥᠪᠯᠡᠷᠡᠭᠦᠯᠵᠦ᠂ ᠠᠶᠠᠯᠠᠯ ᠤ᠋ᠨ ᠱᠤᠭᠤᠮ ᠤ᠋ᠨ ᠲᠣᠣᠷᠢᠶᠡᠨ ᠤᠯᠠᠮ ᠦᠷᠭᠡᠵᠢᠭᠦᠯᠪᠠ᠃ ᠭᠤᠤᠯ ᠱᠤᠭᠤᠮ ᠤ᠋ᠨ ᠲᠠᠯ᠎ᠠ ᠪᠡᠷ᠂ ᠬᠥᠬᠡᠬᠣᠲᠠ ᠢ᠋ᠢᠨ ᠨᠢᠰᠭᠡᠯ ᠤ᠋ᠨ ᠪᠠᠭᠤᠳᠠᠯ ᠭᠤᠸᠠᠩᠳᠦ᠋ᠩ ᠱᠢᠶᠠᠩᠭᠠᠩ ᠣᠣᠮᠧᠨ᠂ ᠬᠥᠬᠡᠮᠥ᠋ᠷᠡᠨ ᠤ᠋ ᠭᠤᠷᠪᠠᠯᠵᠢᠨ ᠬᠣᠢᠭ᠂ ᠴᠧᠩᠳᠦ᠋ ᠴᠦᠩᠴᠢᠩ ᠤ᠋ᠨ ᠬᠣᠲᠠ ᠢ᠋ᠢᠨ ᠪᠦᠯᠦᠭ᠌ᠵᠢᠯ ᠵᠢᠴᠢ ᠭᠤᠤᠯᠳᠠᠯᠭ᠎ᠠ ᠲᠠᠶ ᠵᠢᠭᠤᠯᠴᠢᠯᠠᠯ ᠤ᠋ᠨ ᠬᠣᠲᠠ ᠢ᠋ᠢ ᠬᠣᠯᠪᠣᠨ ᠨᠡᠪᠲᠡᠷᠡᠭᠦᠯᠬᠦ᠌ ᠪᠡᠷ ᠬᠠᠷᠠᠯᠲᠠ ᠪᠣᠯᠭᠠᠵᠤ᠂ ᠲᠡᠭᠡᠭᠡᠪᠦᠷᠢ ᠢ᠋ᠢᠨ ᠬᠦᠴᠦᠨ ᠢ᠋ ᠨᠡᠮᠡᠭ᠌ᠳᠡᠭᠦᠯᠬᠦ᠌᠂ ᠥᠷᠭᠡᠨ ᠪᠡᠶᠡᠲᠦ ᠨᠢᠰᠭᠡᠯ ᠲᠤᠬᠢᠷᠠᠭᠤᠯᠬᠤ ᠵᠡᠷᠭᠡ ᠠᠷᠭ᠎ᠠ ᠬᠡᠮᠵᠢᠶ᠎ᠡ ᠪᠡᠷ ᠳᠠᠮᠵᠢᠨ ᠨᠡᠢᠲᠡ 1272.3 ᠲᠦᠮᠡᠨ ᠠᠶᠠᠨᠴᠢᠨ(ᠤᠳᠠᠭ᠎ᠠ) ᠵᠦᠭᠡᠭᠡᠪᠦᠷᠢᠯᠡᠪᠠ᠃ ᠰᠠᠯᠪᠤᠷᠢ ᠱᠤᠭᠤᠮ ᠤ᠋ᠨ ᠲᠠᠯ᠎ᠠ ᠪᠡᠷ᠂ ᠥᠪᠥᠷ ᠮᠣᠩᠭᠣᠯ ᠤ᠋ᠨ ᠨᠢᠰᠭᠡᠯ ᠤ᠋ᠨ ᠪᠠᠭᠤᠳᠠᠯ ᠤ᠋ᠨ ᠪᠦᠯᠦᠭ᠌ᠯᠡᠯ 《ᠭᠣᠣᠯ ᠱᠤᠭᠤᠮ + ᠰᠠᠯᠪᠤᠷᠢ ᠱᠤᠭᠤᠮ 》 ᠤ᠋ᠨ ᠬᠠᠮᠵᠢᠯᠴᠠᠭ᠎ᠠ ᠢ᠋ᠢ ᠤᠯᠠᠮ ᠴᠢᠨᠠᠭ᠍ᠰᠢᠳᠠ ᠭᠦᠨᠵᠡᠭᠡᠢᠷᠡᠭᠦᠯᠵᠦ᠍᠂ 《ᠬᠥᠬᠡᠬᠣᠲᠠ — ᠰᠠᠯᠪᠤᠷᠢ ᠱᠤᠭᠤᠮ》 ᠤ᠋ᠨ ᠨᠢᠭᠡ ᠴᠤᠬ᠍ᠴᠠᠵᠢᠬ᠍ᠰᠠᠨ ᠲᠤᠤᠷ ᠤ᠋ᠨ ᠪᠠᠢᠷᠢᠱᠢᠭᠤᠯᠤᠯᠲᠠ ᠢ᠋ᠢ ᠱᠢᠯᠢᠳᠡᠭ᠌ᠵᠢᠭᠦᠯᠤᠨ᠂ ᠰᠠᠯᠪᠤᠷᠢ ᠱᠤᠭᠤᠮ ᠤ᠋ᠨ ᠨᠢᠰᠭᠡᠯ ᠤ᠋ᠨ ᠪᠠᠭᠤᠳᠠᠯ ᠨᠡᠢ᠌ᠳᠡ 1286.6 ᠲᠦᠮᠡᠨ ᠠᠶᠠᠨᠴᠢᠨ (ᠤᠳᠠᠭ᠎ᠠ) ᠵᠦᠭᠡᠭᠡᠪᠦᠷᠢᠯᠡᠵᠡᠢ᠃
2025 ᠣᠨ ᠳ᠋ᠤ ᠥᠪᠥᠷ ᠮᠣᠩᠭᠣᠯ ᠤ᠋ᠨ ᠨᠢᠰᠭᠡᠯ ᠤ᠋ᠨ ᠪᠠᠭᠤᠳᠠᠯ ᠤ᠋ᠨ ᠪᠦᠯᠦᠭ᠌ᠯᠡᠯ ᠣᠷᠣᠨ ᠤ᠋ ᠳᠣᠲᠣᠷᠠᠬᠢ ᠠᠶᠠᠯᠠᠯ ᠤ᠋ᠨ ᠱᠤᠭᠤᠮ ᠤ᠋ᠨ ᠲᠤᠤᠷ ᠤ᠋ᠨ ᠪᠠᠢᠭᠤᠯᠤᠯᠲᠠ ᠢ᠋ᠢ ᠭᠦᠨᠵᠡᠭᠡᠢᠷᠡᠭᠦᠯᠵᠦ᠍᠂ 《ᠰᠠᠯᠪᠤᠷᠢ ᠱᠤᠭᠤᠮ ᠤ᠋ᠨ ᠨᠡᠪᠲᠡᠷᠡᠯ 》 ᠠᠶᠠᠯᠠᠯ ᠤ᠋ᠨ ᠱᠤᠭᠤᠮ ᠤ᠋ᠨ ᠲᠤᠤᠷ ᠢ᠋ ᠦᠷᠭᠦᠯᠵᠢᠯᠡᠨ ᠱᠢᠯᠢᠳᠡᠭ᠌ᠵᠢᠭᠦᠯᠪᠠ᠃ ᠣᠯᠠᠨ ᠤᠯᠤᠰ ᠤ᠋ᠨ ᠠᠭᠠᠷ ᠤ᠋ᠨ ᠭᠠᠷᠠᠮ ᠢ᠋ ᠨᠡᠪᠲᠡᠷᠡᠭᠦᠯᠤᠨ᠂ ᠬᠢᠯᠢ ᠠᠯᠤᠰᠯᠠᠨ ᠨᠡᠪᠲᠡᠷᠡᠬᠦ᠌ ᠲᠤᠤᠷ ᠢ᠋ ᠨᠢᠭ᠍ᠲᠠ ᠰᠦᠯᠵᠢᠵᠦ᠍᠂ ᠣᠯᠠᠨ ᠤᠯᠤᠰ ᠤ᠋ᠨ ᠠᠭᠠᠷ ᠤ᠋ᠨ ᠠᠶᠠᠯᠠᠯ ᠤ᠋ᠨ ᠱᠤᠭᠤᠮ ᠢ᠋ 9 ᠵᠤᠷᠪᠤᠰ᠂ ᠭᠠᠵᠠᠷ ᠣᠷᠣᠨ ᠤ᠋ ᠠᠭᠠᠷ ᠤ᠋ᠨ ᠠᠶᠠᠯᠠᠯ ᠤ᠋ᠨ ᠱᠤᠭᠤᠮ ᠢ᠋ 1 ᠵᠤᠷᠪᠤᠰ ᠡᠵᠡᠩᠨᠡᠪᠡ᠃ ᠡᠭᠦᠨ ᠡᠴᠡ ᠭᠠᠳᠠᠨ᠎ᠠ ᠥᠪᠥᠷ ᠮᠣᠩᠭᠣᠯ ᠤ᠋ᠨ ᠡᠬᠢ ᠪᠠᠶᠠᠯᠢᠭ ᠤ᠋ᠨ ᠳᠠᠪᠠᠭᠤᠯᠢᠭ ᠲᠤ᠌ ᠰᠠᠭᠤᠷᠢᠯᠠᠨ᠂ ᠵᠠᠬ᠎ᠠ ᠳᠡᠯᠭᠡᠭᠦᠷ ᠤ᠋ᠨ ᠬᠡᠷᠡᠭ᠌ᠴᠡᠭᠡ ᠢ᠋ᠢ ᠡᠵᠡᠮᠳᠡᠵᠦ᠍᠂ 《 ᠠᠭᠠᠷ ᠤ᠋ᠨ ᠠᠶᠠᠯᠠᠯ + 》 ᠵᠠᠭ᠍ᠪᠤᠷ ᠢ᠋ᠢᠡᠷ ᠣᠷᠣᠨ ᠪᠦᠰᠡ ᠢ᠋ᠢᠨ ᠠᠵᠤ ᠠᠬᠤᠶ ᠢ᠋ᠢᠨ ᠳᠠᠯᠳᠠ ᠬᠦᠴᠦᠨ ᠢ᠋ ᠬᠥᠭ᠌ᠵᠢᠭᠡᠵᠦ᠍᠂ 2025 ᠣᠨ ᠳ᠋ᠤ ᠪᠠᠷᠠᠭᠠᠨ ᠤ᠋ ᠲᠡᠭᠡᠭᠡᠪᠦᠷᠢ ᠢ᠋ᠢᠨ ᠬᠡᠮᠵᠢᠶ᠎ᠡ ᠨᠢ ᠠᠩᠬ᠎ᠠ ᠤᠳᠠᠭ᠎ᠠ 7.8 ᠲᠦᠮᠡᠨ ᠲᠣᠨ ᠢ᠋ ᠳᠠᠪᠠᠨ᠂ ᠲᠠᠬᠡᠷ᠎ᠠ ᠵᠢᠯ ᠤ᠋ᠨ ᠬᠢ ᠡᠴᠡ ᠪᠠᠨ 1.4% ᠪᠡᠷ ᠨᠡᠮᠡᠭ᠌ᠳᠡᠵᠤ᠂ ᠪᠠᠷᠠᠭᠠᠨ ᠤ᠋ ᠲᠡᠭᠡᠭᠡᠪᠦᠷᠢ ᠢ᠋ᠢᠨ ᠲᠤᠬᠠᠢᠯᠠᠭ᠍ᠰᠠᠨ ᠠᠵᠢᠯ ᠳ᠋ᠤ ᠱᠢᠨ᠎ᠡ ᠱᠢᠪᠲᠤᠯᠤᠯᠲᠠ ᠲᠠᠶ ᠪᠤᠯᠤᠭᠰᠠᠨ ᠪᠠᠢᠨ᠎ᠠ᠃