ᠦᠪᠦᠷ ᠮᠤᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠤᠯᠤᠰ ᠲᠦᠷᠦ᠎ᠶᠢᠨ ᠵᠦᠪᠯᠡᠯᠬᠡᠨ ᠡᠴᠡ ᠤᠢᠯᠠᠭᠠᠬᠰᠠᠨ ᠵᠢᠡᠷ᠂ 2025 ᠣᠨ᠎ᠤ 9 ᠰᠠᠷ᠎ᠠ᠎ᠠᠴᠠ 12 ᠰᠠᠷ᠎ᠠ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠠᠯᠪᠠᠨ ᠲᠢᠩᠬᠢᠮ ᠺᠠᠳ᠋ᠷ᠎ᠤᠨ ᠴᠢᠳᠠᠪᠤᠷᠢ ᠬᠡᠪ ᠪᠤᠯᠪᠠᠰᠤᠷᠠᠯ᠎ᠢ ᠳᠡᠭᠡᠭ᠌ᠰᠢᠯᠡᠭᠦᠯᠬᠦ᠌ ᠠᠵᠢᠯᠯᠠᠭ᠎ᠠ ᠥᠷᠨᠢᠭᠦᠯᠵᠦ᠍᠂ 《ᠣᠨᠣᠯ ᠰᠤᠷᠤᠯᠴᠠᠬᠤ᠂ ᠴᠢᠳᠠᠪᠤᠷᠢ᠎ᠵᠢ ᠴᠢᠩᠭᠠᠳᠭᠠᠬᠤ᠂ ᠦᠷ᠎ᠡ ᠪᠦᠲᠦᠮᠵᠢ ᠵᠢ ᠳᠡᠭᠡᠭ᠌ᠰᠢᠯᠡᠭᠦᠯᠬᠦ᠌》 ᠪᠠᠷ ᠬᠠᠷᠠᠯᠲᠠ ᠪᠣᠯᠭᠠᠵᠤ᠂ 《ᠲᠤᠰᠭᠠᠶ ᠰᠡᠳᠦᠪᠲᠦ ᠲᠠᠢᠯᠤᠮᠵᠢ + ᠠᠵᠢᠯ᠎ᠤᠨ ᠪᠠᠢᠷᠢ᠎ᠶ᠋ᠢᠨ ᠦᠶ᠋ᠯᠡᠳᠦᠯᠭᠡ 》 ᠶ᠋ᠢᠨ ᠵᠠᠭ᠍ᠪᠤᠷ᠎ᠤᠨ ᠱᠢᠨ᠎ᠡ᠎ᠶ᠋ᠢ ᠡᠭᠦᠳᠴᠦ᠍᠂ ᠱᠢᠨ᠎ᠡ ᠴᠠᠭ ᠦᠶ᠎ᠡ᠎ᠶ᠋ᠢᠨ ᠤᠯᠤᠰ ᠲᠥᠷᠥ᠎ᠶ᠋ᠢᠨ ᠵᠥᠪᠯᠡᠯᠭᠡᠨ᠎ᠦ ᠦᠶ᠋ᠯᠡᠰ᠎ᠦᠨ ᠴᠢᠨᠠᠷ ᠰᠠᠢᠲᠠᠶ ᠬᠥᠭ᠌ᠵᠢᠯᠲᠡ᠎ᠳᠦ ᠬᠦᠴᠦᠷᠬᠡᠭ ᠶᠡᠬᠡ ᠬᠥᠳᠡᠯᠭᠡᠬᠦ᠌ ᠬᠦᠴᠦᠨ ᠨᠡᠮᠡᠷᠢᠯᠡᠪᠡ᠃
ᠴᠢᠳᠠᠪᠤᠷᠢ ᠬᠡᠪ ᠪᠤᠯᠪᠠᠰᠤᠷᠠᠯ᠎ᠢ ᠳᠡᠭᠡᠭ᠌ᠰᠢᠯᠡᠭᠦᠯᠬᠦ᠌ ᠠᠵᠢᠯᠯᠠᠭ᠎ᠠ᠎ᠨᠢ ᠪᠠᠢᠭᠤᠯᠭ᠎ᠠ᠎ᠶ᠋ᠢᠨ ᠭᠤᠤᠯ ᠪᠣᠯᠬᠤ ᠲᠤᠬᠠᠢᠯᠠᠭ᠍ᠰᠠᠨ ᠠᠵᠢᠯ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ 12 ᠲᠠᠯᠠᠪᠤᠷ ᠲᠤᠰᠭᠠᠶ ᠰᠡᠳᠦᠪᠲᠦ ᠲᠠᠢᠯᠤᠮᠵᠢ᠎ᠶ᠋ᠢ ᠱᠢᠰᠲ᠋ᠧᠮ᠎ᠲᠡᠶ ᠲᠥᠯᠥᠪᠯᠡᠨ ᠲᠤᠬᠢᠷᠠᠭᠤᠯᠵᠦ᠂ ᠪᠢᠴᠢᠭ ᠮᠠᠲ᠋ᠧᠷᠢᠶᠠᠯ ᠱᠢᠶ᠋ᠳᠪᠦᠷᠢᠯᠡᠬᠦ᠌᠂ ᠬᠤᠷᠠᠯ ᠬᠢᠬᠦ᠂ ᠠᠵᠢᠯ ᠶᠠᠪᠤᠳᠠᠯ ᠭᠦᠶ᠋ᠴᠡᠳᠭᠡᠬᠦ᠌ ᠡᠯ᠎ᠡ ᠲᠠᠯ᠎ᠠ᠎ᠶ᠋ᠢ ᠬᠠᠮᠤᠷᠴᠤ᠌᠂ 《ᠦᠨᠳᠦᠰᠦᠨ ᠴᠢᠳᠠᠪᠤᠷᠢ + ᠲᠤᠰᠭᠠᠶ ᠮᠡᠷᠭᠡᠵᠢᠯ᠎ᠦᠨ ᠴᠢᠳᠠᠪᠤᠷᠢ + ᠶᠡᠷᠦᠩᠬᠡᠢᠯᠡᠭ᠌ᠰᠡᠨ ᠴᠢᠳᠠᠪᠤᠷᠢ》 ᠭᠤᠷᠪᠠᠨ ᠬᠡᠮᠵᠢᠯᠳᠦ ᠬᠢᠴᠢᠶᠡᠯ᠎ᠦᠨ ᠱᠢᠰᠲ᠋ᠧᠮ᠎ᠢ ᠪᠠᠢᠭᠤᠯᠪᠠ᠃ ᠱᠢᠨ᠎ᠡ ᠵᠠᠭᠤᠴᠢᠯᠠᠭᠤᠷ᠎ᠤᠨ ᠴᠠᠭ ᠦᠶ᠎ᠡ᠎ᠶ᠋ᠢᠨ ᠡᠭᠦᠷᠭᠡ ᠲᠤᠱᠢᠶᠠᠯ᠎ᠢᠶᠠᠨ ᠭᠦᠶ᠋ᠴᠡᠳᠭᠡᠬᠦ᠌ ᠬᠡᠷᠡᠭ᠌ᠴᠡᠭᠡ ᠱᠠᠭᠠᠷᠳᠠᠯᠭ᠎ᠠ᠎ᠳᠤ ᠴᠢᠭ᠌ᠯᠡᠭᠦᠯᠦᠨ ᠂ 《 ᠬᠠᠮ ᠵᠠᠭᠤᠴᠢᠯᠠᠭᠤᠷ᠎ᠤᠨ ᠴᠠᠭ ᠦᠶ᠎ᠡ᠎ᠶ᠋ᠢᠨ ᠴᠢᠬᠤᠯᠠ ᠶᠡᠬᠡ ᠭᠡᠨᠡᠳᠲᠡ᠎ᠶ᠋ᠢᠨ ᠶᠠᠷᠢᠶ᠎ᠠ ᠬᠡᠯᠡᠯᠴᠡᠭᠡᠨ᠎ᠦ ᠪᠠᠢᠳᠠᠯ᠎ᠤᠨ ᠤᠯᠠᠮᠵᠢᠯᠠᠨ ᠲᠠᠷᠬᠠᠬᠤ ᠣᠨᠴᠠᠯᠢᠭ ᠵᠢᠴᠢ ᠠᠷᠭᠠᠴᠠᠭᠠᠨ ᠱᠢᠶ᠋ᠳᠪᠦᠷᠢᠯᠡᠬᠦ᠌》᠂ 《ᠰᠣᠨᠢᠨ ᠮᠡᠳᠡᠭᠡᠨ᠎ᠦ ᠡᠭᠡ ᠪᠢᠴᠢᠭ᠎ᠢ ᠵᠣᠬᠢᠶᠠᠨ ᠪᠢᠴᠢᠬᠦ᠌ 》 ᠲᠤᠰᠭᠠᠶ ᠰᠡᠳᠦᠪᠲᠦ ᠲᠠᠢᠯᠤᠮᠵᠢ ᠡᠷᠭᠢᠯᠡᠵᠦ᠍᠂ ᠨᠡᠢᠲᠡᠯᠢᠭ ᠵᠢᠱ᠌ᠢᠶ᠎ᠡ᠎ᠶ᠋ᠢ ᠵᠠᠳᠠᠯᠬᠤ᠂ ᠬᠡᠷᠡᠭ᠌ᠵᠢᠬᠦᠯᠦᠭᠦᠰᠢᠲᠡᠢ ᠠᠷᠭ᠎ᠠ ᠬᠡᠮᠵᠢᠶ᠎ᠡ᠎ᠵᠢ ᠲᠠᠢᠯᠪᠤᠷᠢᠯᠠᠬᠤ᠎ᠪᠠᠷ ᠳᠠᠮᠵᠢᠨ᠂ ᠺᠠᠳ᠋ᠷ᠎ᠤᠨ ᠶᠠᠷᠢᠶ᠎ᠠ ᠬᠡᠯᠡᠯᠴᠡᠭᠡᠨ᠎ᠦ ᠪᠠᠢᠳᠠᠯ᠎ᠢ ᠠᠷᠭᠠᠴᠠᠭᠠᠬᠤ ᠪᠠ ᠰᠣᠨᠢᠨ ᠮᠡᠳᠡᠭᠡᠨ᠎ᠦ ᠡᠬᠡ ᠪᠢᠴᠢᠭ ᠵᠣᠬᠢᠶᠠᠨ ᠪᠢᠴᠢᠬᠦ᠌ ᠴᠢᠳᠠᠪᠤᠷᠢ᠎ᠶ᠋ᠢ ᠳᠡᠭᠡᠭ᠌ᠰᠢᠯᠡᠭᠦᠯᠪᠡ᠃
2025 ᠣᠨ᠎ᠤ 12 ᠰᠠᠷ᠎ᠠ᠎ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠪᠠᠢᠭᠤᠯᠭ᠎ᠠ ᠲᠥᠪᠯᠡᠷᠡᠭᠦᠯᠦᠨ ᠰᠤᠷᠤᠯᠴᠠᠬᠤ᠂ ᠲᠤᠬᠠᠶ᠎ᠶ᠋ᠢᠨ ᠲᠠᠯᠠᠪᠠᠶ᠎ᠳᠤ ᠵᠢᠭᠠᠨ ᠰᠤᠷᠭᠠᠬᠤ᠂ ᠰᠤᠳᠤᠯᠤᠨ ᠶᠠᠷᠢᠯᠴᠠᠵᠤ ᠦᠵᠡᠯ ᠪᠤᠳᠤᠯ ᠵᠢᠡᠨ ᠰᠣᠯᠢᠯᠴᠠᠬᠤ ᠵᠡᠷᠭᠡ ᠠᠷᠭ᠎ᠠ ᠬᠡᠯᠪᠡᠷᠢ᠎ᠪᠡᠷ ᠪᠠᠢᠭᠤᠯᠭ᠎ᠠ᠎ᠶ᠋ᠢᠨ ᠺᠠᠳ᠋ᠷᠴᠤᠳ᠎ᠢᠶᠡᠨ ᠵᠣᠬᠢᠶᠠᠨ ᠪᠠᠢᠭᠤᠯᠵᠤ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠲᠥᠪᠯᠡᠷᠡᠭᠦᠯᠦᠨ ᠰᠤᠷᠤᠯᠴᠠᠵᠤ᠂ ᠨᠠᠷᠠᠲᠤ ᠲᠤᠰᠭᠠᠶ ᠮᠡᠷᠭᠡᠵᠢᠯᠲᠡᠨ ᠡᠷᠳᠡᠮᠲᠡᠨ ᠪᠣᠯᠤᠨ ᠤᠯᠤᠰ ᠲᠥᠷᠥ᠎ᠶ᠋ᠢᠨ ᠵᠥᠪᠯᠡᠯᠭᠡᠨ᠎ᠦ ᠭᠡᠱᠢᠭᠦᠨ᠎ᠢ ᠤᠷᠢᠨ ᠬᠢᠴᠢᠶᠡᠯ ᠣᠷᠣᠭᠤᠯᠵᠤ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠵᠡᠷᠭᠡ ᠠᠭᠤᠯᠭ᠎ᠠ᠎ᠪᠡᠷ ᠭᠦᠨᠵᠡᠭᠡᠶ ᠲᠠᠢᠯᠤᠮᠵᠢ ᠬᠢᠯᠭᠡᠵᠦ᠍᠂ ᠪᠠᠢᠭᠤᠯᠭ᠎ᠠ᠎ᠶ᠋ᠢᠨ ᠪᠥᠬᠥ᠌ ᠺᠠᠳ᠋ᠷᠴᠤᠳ᠎ᠲᠤ ᠨᠢᠭᠡ ᠤᠳᠠᠭᠠᠨ᠎ᠤ ᠦᠵᠡᠯ ᠰᠠᠨᠠᠭᠠᠨ᠎ᠤ ᠠᠷᠢᠭᠤᠰᠭᠠᠯ ᠬᠦᠷᠲᠡᠭᠡᠵᠦ᠍᠂ ᠳᠡᠳᠡᠨᠡᠷ᠎ᠤᠨ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠨᠠᠩ ᠣᠨᠣᠪᠴᠢᠲᠠᠶ ᠡᠵᠡᠮᠳᠡᠬᠦ᠂ 《ᠠᠷᠪᠠᠨ ᠲᠠᠪᠤᠳᠤᠭᠠᠷ ᠲᠠᠪᠤᠨ ᠵᠢᠯ 》 ᠤ᠋ᠨ ᠬᠤᠭᠤᠴᠠᠭᠠᠨ᠎ᠤ ᠬᠥᠭ᠌ᠵᠢᠯᠲᠡ᠎ᠶ᠋ᠢᠨ ᠭᠤᠤᠯᠳᠠᠯᠭ᠎ᠠ᠎ᠶ᠋ᠢ ᠡᠵᠡᠮᠳᠡᠬᠦ᠂ ᠲᠤᠱᠢᠶᠠᠯ ᠬᠠᠷᠢᠭᠤᠴᠠᠯᠭ᠎ᠠ᠎ᠪᠠᠨ ᠭᠦᠶ᠋ᠴᠡᠳᠭᠡᠬᠦ᠌ ᠠᠶᠠᠯᠠᠯ᠎ᠤᠨ ᠴᠢᠭ᠌ᠯᠡᠯ᠎ᠢᠶᠡᠨ ᠣᠨᠣᠪᠴᠢᠲᠠᠶ ᠲᠣᠭ᠍ᠲᠠᠭᠠᠬᠤ᠎ᠳᠤ ᠪᠠᠲᠤᠯᠠᠭ᠎ᠠ ᠬᠠᠩᠭᠠᠪᠠ᠃