ᠪᠥᠬᠥ ᠤᠯᠤᠰ᠎ᠤᠨ ᠠᠵᠢᠯᠴᠢᠨ᠎ᠤ ᠶᠡᠷᠦᠩᠬᠡᠢ ᠡᠪᠯᠡᠯ᠎ᠦᠨ ᠤᠷᠠᠨ ᠰᠠᠢᠬᠠᠨ᠎ᠤ ᠪᠦᠯᠬᠦᠮ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠶᠡᠷᠦᠩᠬᠡᠢ ᠡᠪᠯᠡᠯ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠭᠤᠳ ᠬᠠᠷᠢᠶ᠎ᠠ ᠤᠯᠠᠭᠠᠨᠮᠥ᠋ᠴᠢᠷ᠎ᠡᠴᠡ ᠭᠣᠣᠯᠯᠠᠨ ᠡᠷᠭᠢᠯᠡᠭᠰᠡᠨ 《ᠳᠤᠮᠳᠠᠳᠤ᠎ᠶᠢᠨ ᠵᠡᠭᠦᠳᠦ· ᠬᠥᠳᠡᠯᠮᠦᠷᠢ ᠰᠠᠢᠬᠠᠨ — ᠰᠡᠳᠭᠢᠯ᠎ᠢᠶᠡᠨ ᠨᠢᠭ᠍ᠲᠠᠷᠠᠭᠤᠯᠤᠨ ᠰᠦᠭ ᠰᠦᠨᠡᠰᠦ᠎ᠪᠡᠨ ᠱᠤᠭᠤᠵᠤ ᠨᠠᠮ᠎ᠢᠶᠠᠨ ᠳᠠᠭᠠᠵᠤ᠂ ᠰᠢᠨ᠎ᠡ ᠠᠶᠠᠨ ᠳ᠋ᠠᠭᠠᠨ ᠪᠦᠯᠬᠦᠮᠳᠡᠨ ᠲᠡᠮᠡᠴᠡᠶ᠎ᠡ》 ᠲᠣᠬᠣᠨᠢᠭᠤᠯᠬᠤ ᠠᠵᠢᠯᠯᠠᠭ᠎ᠠ ᠤᠢᠷ᠎ᠠ᠎ᠳᠤ ᠰᠢᠯᠢ᠎ᠶᠢᠨ ᠭᠣᠣᠯ ᠠᠢᠮᠠᠭ᠎ᠲᠤ ᠶᠠᠪᠤᠭᠳᠠᠵᠤ᠂ ᠥᠷᠭᠡᠨ ᠣᠯᠠᠨ ᠠᠵᠢᠯᠲᠠᠨ ᠠᠵᠢᠯᠴᠢᠨ᠎ᠳᠤ ᠰᠢᠨ᠎ᠡ ᠵᠢᠯ᠎ᠦᠨ ᠵᠦᠨᠭᠨᠡᠯ ᠪᠠ ᠳᠣᠲᠣᠨᠣ᠌ ᠬᠠᠯᠠᠮᠵᠢᠯᠠᠯ ᠳᠡᠪᠰᠢᠭᠦᠯᠪᠡ᠃
ᠪᠥᠬᠥ ᠤᠯᠤᠰ᠎ᠤᠨ ᠠᠵᠢᠯᠴᠢᠨ᠎ᠤ ᠶᠡᠷᠦᠩᠬᠡᠢ ᠡᠪᠯᠡᠯ᠎ᠦᠨ ᠤᠷᠠᠨ ᠰᠠᠢᠬᠠᠨ᠎ᠤ ᠪᠦᠯᠬᠦᠮ᠎ᠦᠨ ᠲᠣᠬᠣᠨᠢᠭᠤᠯᠬᠤ ᠲᠣᠭᠯᠠᠯᠲᠠ ᠲᠣᠰ ᠲᠣᠰ ᠰᠢᠯᠢ᠎ᠶᠢᠨ ᠭᠣᠣᠯ᠎ᠤᠨ ᠳᠠᠭᠤᠤ ᠪᠥᠵᠢᠭ᠎ᠦᠨ ᠲᠢᠶᠠᠲᠷ᠂ ᠰᠢᠯᠢᠩᠬᠣᠲᠠ᠎ᠶᠢᠨ ᠪᠠᠶᠠᠨᠰᠢᠯᠢ ᠮᠠᠯᠵᠢᠯ᠎ᠤᠨ ᠲᠠᠯᠠᠪᠠᠶ ᠪᠠ ᠡᠷᠢᠶᠡᠨ ᠬᠤᠳᠠ᠎ᠳᠤ ᠶᠠᠪᠤᠭᠳᠠᠪᠠ᠃ ᠰᠢᠯᠢ᠎ᠶᠢᠨ ᠭᠣᠣᠯ᠎ᠤᠨ ᠳᠠᠭᠤᠤ ᠪᠥᠵᠢᠭ᠎ᠦᠨ ᠲᠢᠶᠠᠲᠷ᠂ ᠰᠢᠯᠢᠩᠬᠣᠲᠠ᠎ᠶᠢᠨ ᠪᠠᠶᠠᠨᠰᠢᠯᠢ ᠮᠠᠯᠵᠢᠯ᠎ᠤᠨ ᠲᠠᠯᠠᠪᠠᠶ᠎ᠳᠡᠬᠢ ᠲᠣᠭᠯᠠᠯᠲᠠ᠎ᠳᠤ᠂ 《ᠬᠥᠳᠡᠯᠮᠦᠷᠢ᠎ᠶᠢᠨ ᠠᠶᠠᠰ》᠂ 《ᠵᠣᠯ ᠵᠢᠷᠭᠠᠯ᠎ᠤᠨ ᠠᠢᠵᠠᠮ᠎ᠢ ᠳᠠᠭᠠᠨ ᠪᠥᠵᠢᠭᠯᠡᠵᠡᠭᠡᠶ᠎ᠡ》᠂ 《ᠠᠵᠢᠨᠠᠢ ᠬᠦᠯᠦᠭ ᠳᠠᠪᠬᠢᠨ ᠬᠢᠯᠢ ᠬᠢᠵᠠᠭᠠᠷ᠎ᠢ ᠬᠠᠮᠠᠭᠠᠯᠠᠨ᠎ᠠ》 ᠵᠡᠷᠭᠡ ᠳᠠᠭᠤᠤ᠂ ᠪᠥᠵᠢᠭ᠂ ᠱᠣᠭ ᠶᠠᠷᠢᠶ᠎ᠠ᠂ ᠶᠧᠯᠸᠢ᠎ᠶᠢᠨ ᠲᠣᠭᠯᠠᠯᠲᠠ ᠵᠢ ᠡᠭᠡᠯᠵᠢᠯᠡᠨ ᠲᠣᠭᠯᠠᠵᠤ᠂ ᠰᠢᠨ᠎ᠡ ᠴᠠᠭ ᠦᠶ᠎ᠡ᠎ᠶᠢᠨ ᠬᠥᠳᠡᠯᠮᠦᠷᠢᠴᠢᠳ᠎ᠦᠨ ᠲᠡᠮᠡᠴᠡᠯ᠎ᠦᠨ ᠴᠣᠭ ᠵᠢᠪᠬᠤᠭ᠎ᠠ᠎ᠶᠢ ᠠᠮᠢᠳᠤᠯᠢᠭ᠋᠎ᠢᠶᠠᠷ ᠢᠯᠡᠷᠡᠭᠦᠯᠪᠡ᠃
《ᠪᠦᠬᠦ ᠤᠯᠤᠰ᠎ᠤᠨ ᠠᠵᠢᠯᠴᠢᠨ᠎ᠤ ᠶᠡᠷᠦᠩᠬᠡᠢ ᠡᠪᠯᠡᠯ᠎ᠦᠨ ᠤᠷᠠᠨ ᠰᠠᠢᠬᠠᠨ᠎ᠤ ᠪᠦᠯᠬᠦᠮ᠎ᠦᠨ ᠲᠤᠰᠬᠠᠢ ᠲᠣᠬᠣᠨᠢᠭᠤᠯᠬᠤ ᠲᠣᠭᠯᠠᠯᠲᠠ᠎ᠶᠢ ᠰᠣᠨᠢᠷᠬᠠᠯᠡ᠂ ᠰᠡᠳᠬᠢᠯ ᠳᠣᠭᠳᠣᠯᠵᠤ ᠪᠠᠢᠨ᠎ᠠ᠃ ᠪᠦᠬᠦ ᠲᠠᠯᠠᠪᠠᠢ᠎ᠵᠢᠨ ᠲᠣᠭᠯᠠᠯᠲᠠ ᠨᠢ ᠴᠦᠮ ᠮᠠᠰᠢ ᠪᠠᠶᠠᠯᠢᠭ᠋ ᠠᠭᠤᠯᠭ᠎ᠠ ᠲᠠᠢ ᠪᠦᠭᠡᠳ ᠰᠢᠨ᠎ᠡ ᠰᠡᠪᠡᠭᠦᠨ ᠪᠠᠢᠵᠤ᠂ ᠲᠣᠭᠯᠠᠭ᠍ᠴᠢᠳ᠎ᠤᠨ ᠲᠣᠭᠯᠠᠯᠲᠠ᠎ᠶᠢᠨ ᠦᠨᠳᠦᠰᠦᠨ ᠪᠤᠯᠪᠠᠰᠤᠷᠠᠯ ᠮᠠᠰᠢ ᠰᠠᠢᠨ ᠪᠠᠢᠨ᠎ᠠ᠃ ᠬᠣᠢᠰᠢᠳᠠ ᠪᠢ ᠨᠡᠩ ᠰᠠᠢᠨ ᠠᠵᠢᠯᠯᠠᠬᠤ ᠤᠪᠤᠷᠵᠢᠡᠷ ᠠᠵᠢᠯ᠎ᠤᠨ ᠪᠠᠢᠷᠢ᠎ᠪᠠᠨ ᠪᠠᠲᠤ ᠰᠠᠬᠢᠵᠤ ᠂ ᠤᠯᠠᠨ ᠲᠦᠮᠡᠨ᠎ᠳᠦ ᠦᠢᠯᠡᠴᠢᠯᠡᠨ᠎ᠡ》 ᠭᠡᠵᠦ ᠪᠦᠬᠦ ᠤᠯᠤᠰ᠎ᠤᠨ ᠬᠥᠳᠡᠯᠮᠦᠷᠢ᠎ᠶᠢᠨ ᠵᠢᠱ᠌ᠢᠶᠡᠴᠢ ᠲᠢᠶᠠᠨ ᠵᠢᠶᠠ ᠰᠢᠩ ᠬᠡᠯᠡᠪᠡ᠃
ᠡᠷᠢᠶᠡᠨ ᠬᠣᠲᠠ᠎ᠳᠡᠬᠢ ᠲᠣᠬᠣᠨᠢᠭᠤᠯᠬᠤ ᠲᠣᠭᠯᠠᠯᠲᠠ ᠨᠢ 《ᠳᠤᠮᠳᠠᠳᠤ᠎ᠶᠢᠨ ᠵᠡᠭᠦᠳᠦ· ᠬᠥᠳᠡᠯᠮᠦᠷᠢ ᠰᠠᠢᠬᠠᠨ》 ᠭᠡᠬᠦ ᠭᠣᠣᠯ ᠰᠡᠳᠦᠪ᠎ᠦᠨ ᠲᠣᠭᠣᠷᠢᠨ᠎ᠳᠤ᠂ ᠡᠯᠪᠡᠭ ᠪᠠᠶᠠᠯᠢᠭ᠋ ᠤᠯᠠᠨ ᠶᠠᠩᠵᠤ᠎ᠶᠢᠨ ᠤᠷᠠᠯᠢᠭ᠋᠎ᠤᠨ ᠬᠡᠯᠪᠡᠷᠢ᠎ᠪᠡᠷ ᠬᠥᠳᠡᠯᠮᠦᠷᠢ᠎ᠶᠢᠨ ᠡᠭᠦᠳᠦᠨ ᠪᠦᠲᠦᠭᠡᠯᠲᠡ᠎ᠶᠢ ᠮᠠᠭᠲᠠᠨ ᠳᠠᠭᠤᠯᠠᠪᠠ᠃ ᠲᠠᠢᠰᠠᠨᠳᠡᠭᠡᠷᠡ᠂ ᠲᠣᠭᠯᠠᠭ᠍ᠴᠢᠳ ᠲᠣᠭᠯᠠᠯᠲᠠ᠎ᠪᠠᠷ᠎ᠢᠶᠠᠨ ᠤᠷᠤᠭᠰᠢᠯᠠᠨ ᠳᠠᠪᠰᠢᠬᠤ ᠬᠦᠴᠦᠨ ᠴᠢᠳᠠᠯ᠎ᠢ ᠳᠠᠮᠵᠢᠭᠤᠯᠵᠤ᠂ ᠬᠥᠳᠡᠯᠮᠦᠷᠢ ᠢᠷᠠᠭᠤ ᠠᠯᠳᠠᠷᠲᠠᠢ ᠪᠠᠢᠬᠤ ᠴᠠᠭ ᠦᠶ᠎ᠡ᠎ᠶᠢᠨ ᠦᠨ᠎ᠡ ᠦᠷᠳᠡᠭ᠎ᠢ ᠬᠥᠮᠥᠰ᠎ᠦᠨ ᠰᠡᠳᠬᠢᠯ᠎ᠳᠦ ᠬᠠᠳᠠᠩᠰᠢᠭᠤᠯᠪᠠ; ᠲᠠᠢᠰᠠᠨ ᠳᠣᠣᠷ᠎ᠠ᠂ ᠦᠵᠡᠭᠴᠢᠳ ᠴᠡᠭᠡᠨ ᠭᠡᠷᠡᠯ᠎ᠦᠨ ᠳᠤᠬᠢᠭᠤᠷ ᠪᠠᠷᠢᠵᠤ ᠤᠤᠬᠠᠢᠯᠠᠨ ᠴᠤᠤᠷᠢᠶᠠᠲᠤᠵᠤ᠂ ᠠᠯᠠᠭ᠎ᠠ ᠲᠡᠰᠢᠯᠲᠡ᠎ᠶᠢᠨ ᠲᠠᠭᠤᠨ ᠨᠢᠵᠢᠭᠢᠨᠡᠵᠦ᠂ ᠲᠤᠬᠠᠢ᠎ᠶᠢᠨ ᠲᠠᠯᠠᠪᠠᠢ᠎ᠶᠢᠨ ᠠᠭᠤᠷ ᠠᠮᠢᠰᠬᠤᠯ ᠬᠦᠷ ᠬᠥᠭᠵᠢᠶᠡᠨᠲᠡᠢ ᠪᠠᠢᠯ᠎ᠠ᠃
ᠡᠷᠢᠶᠡᠨ᠎ᠦ ᠬᠢᠯᠢ᠎ᠪᠡᠷ ᠣᠷᠣᠵᠤ ᠭᠠᠷᠬᠤ ᠬᠢᠯᠢ᠎ᠶᠢᠨ ᠬᠠᠮᠠᠭᠠᠯᠠᠯᠲᠠ᠎ᠶᠢᠨ ᠪᠠᠢᠴᠠᠭᠠᠬᠤ ᠥᠷᠲᠡᠭᠡ᠎ᠶᠢᠨ ᠵᠢᠵᠢᠭᠦᠷ᠎ᠤᠨ ᠨᠢᠭᠡᠳᠦᠭᠡᠷ ᠠᠩᠭᠢ᠎ᠶᠢᠨ ᠳᠡᠳ᠋ ᠳᠠᠷᠤᠭ᠎ᠠ ᠵᠦ᠍ ᠪᠥᠸᠧ᠄ 《ᠥᠨᠥᠳᠥᠷ ᠡᠢᠮᠦ ᠭᠣᠢᠳᠠ ᠰᠠᠢᠬᠠᠨ ᠲᠣᠬᠣᠨᠢᠭᠤᠯᠬᠤ ᠲᠣᠭᠯᠠᠯᠲᠠ᠎ᠶᠢ ᠦᠵᠡᠭᠡᠳ ᠰᠡᠳᠬᠢᠯ ᠮᠠᠰᠢ ᠳᠣᠭᠳᠣᠯᠵᠤ ᠪᠠᠢᠨ᠎ᠠ᠂ ᠡᠨᠡ ᠬᠦ᠌ ᠬᠠᠢᠷ᠎ᠠ ᠬᠠᠯᠠᠮᠵᠢ ᠨᠢ ᠪᠢᠳᠡᠨ᠎ᠦ ᠠᠵᠢᠯ ᠬᠢᠵᠦ ᠦᠢᠯᠡᠰ ᠪᠣᠰᠬᠠᠬᠤ ᠬᠥᠳᠡᠯᠭᠡᠬᠦ ᠬᠦᠴᠦᠨ ᠪᠣᠯᠵᠤ᠂ ᠠᠵᠢᠯ᠎ᠤᠨ ᠪᠠᠢᠷᠢ᠎ᠳᠠᠭᠠᠨ ᠰᠠᠢᠲᠤᠷ ᠦᠨᠳᠦᠰᠦᠯᠡᠵᠦ᠂ ᠡᠭᠦᠷᠭᠡ ᠬᠠᠷᠢᠭᠤᠴᠠᠯᠭ᠎ᠠ᠎ᠪᠠᠨ ᠰᠠᠢᠲᠤᠷ ᠭᠦᠢᠴᠡᠳᠬᠡᠵᠦ᠂ ᠡᠬᠡ ᠤᠯᠤᠰ᠎ᠤᠨ᠎ᠢᠶᠠᠨ ᠤᠮᠠᠷᠠᠲᠤ᠎ᠵᠢᠨ ᠶᠡᠬᠡ ᠬᠠᠭᠠᠯᠭ᠎ᠠ᠎ᠶᠢ ᠰᠠᠢᠲᠤᠷ ᠰᠠᠬᠢᠨ ᠬᠠᠮᠠᠭᠠᠯᠠᠨ᠎ᠠ》 ᠭᠡᠪᠡ᠃
ᠡᠨᠡ ᠬᠤᠭᠤᠴᠠᠭᠠᠨ᠎ᠳᠤ᠂ ᠪᠦᠬᠦ ᠤᠯᠤᠰ᠎ᠤᠨ ᠠᠵᠢᠯᠴᠢᠨ᠎ᠤ ᠶᠡᠷᠦᠩᠬᠡᠢ ᠡᠪᠯᠡᠯ᠎ᠦᠨ ᠤᠷᠠᠨ ᠰᠠᠢᠬᠠᠨ᠎ᠤ ᠪᠦᠯᠬᠦᠮ ᠪᠠᠰᠠ ᠰᠢᠯᠢ᠎ᠶᠢᠨ ᠭᠣᠣᠯ᠎ᠤᠨ ᠴᠠᠬᠢᠯᠭᠠᠨ ᠬᠠᠩᠭᠠᠬᠤ ᠺᠣᠮᠫᠠᠨᠢ᠂ ᠰᠢᠯᠢ᠎ᠶᠢᠨ ᠭᠣᠣᠯ᠎ᠤᠨ ᠠᠵᠢᠯᠴᠢᠨ᠎ᠤ ᠰᠣᠶᠣᠯ᠎ᠤᠨ ᠣᠷᠳᠣᠨ᠂ ᠰᠢᠯᠢ᠎ᠶᠢᠨ ᠭᠣᠣᠯ ᠠᠢᠮᠠᠭ᠎ᠤᠨ ᠳᠣᠲᠣᠭᠠᠳᠤ᠎ᠶᠢ ᠬᠠᠮᠠᠭᠠᠯᠠᠬᠤ ᠲᠣᠪᠴᠢᠶ᠎ᠠ ᠵᠡᠷᠭᠡ ᠨᠢᠭᠡᠴᠢ᠎ᠳᠦ ᠭᠦᠨᠵᠡᠭᠡᠢᠷᠡᠨ ᠪᠠᠢᠴᠠᠭᠠᠨ ᠰᠤᠳᠤᠯᠤᠯᠲᠠ ᠬᠢᠭᠰᠡᠨ ᠪᠥᠭᠡᠳ ᠡᠮᠦᠨ᠎ᠡ ᠹᠷᠣᠨᠲ᠎ᠤᠨ ᠠᠵᠢᠯᠴᠢᠨ ᠵᠢᠴᠢ ᠺᠠᠳ᠋ᠷ ᠴᠠᠭᠳᠠᠭ᠎ᠠ᠎ᠶᠢ ᠲᠣᠬᠣᠨᠢᠭᠤᠯᠪᠠ᠃