ᠠᠩᠬ᠎ᠠ ᠤᠳᠠᠭ᠎ᠠ ᠵᠠᠭᠤᠨ ᠺᠢᠯᠤᠮᠧᠲᠷ᠎ᠤᠨ ᠲᠣᠭᠣᠷᠢᠯ ᠵᠠᠮ᠎ᠡᠴᠡ ᠰᠢᠬᠦᠷ ᠵᠢᠡᠷ ᠪᠠᠭᠤᠯᠭᠠᠨ ᠬᠤᠷᠢᠶᠠᠨ ᠠᠪᠬᠤ ᠲᠤᠷᠰᠢᠯᠲᠠ ᠠᠮᠵᠢᠯᠲᠠ ᠤᠯᠪᠠ
2026-01-14 15:19:24
ᠵᠣᠬᠢᠶᠠᠭ᠍ᠴᠢ᠄
ᠯᠢ ᠰᠢᠶᠠ
ᠣᠩᠱᠢᠭ᠍ᠰᠠᠨ ᠣᠳᠠᠭ᠎ᠠ᠄
★★★☆☆

1 ᠰᠠᠷ᠎ᠠ᠎ᠶᠢᠨ 12᠎ᠤᠨ ᠡᠳᠦᠷ᠎ᠦᠨ 16 ᠴᠠᠭ᠎ᠲᠤ᠂ ᠵᠦᠩ ᠺᠸ ᠰᠠᠨᠰᠠᠷ᠎ᠤᠨ ᠠᠶᠠᠯᠠᠯ᠎ᠤᠨ ᠰᠤᠳᠤᠯᠤᠨ ᠦᠢᠯᠡᠳᠦᠭᠰᠡᠨ ᠯᠢ ᠬᠣᠩ ᠨᠢᠭᠡᠳᠦᠭᠡᠷ ᠨᠤᠮᠸᠷᠳᠦ ᠠᠯᠤᠰ ᠡᠵᠡᠮᠰᠢᠯᠲᠦ ᠨᠢᠰᠦᠭᠦᠷ᠎ᠢ ᠥᠪᠥᠷ ᠮᠣᠩᠭᠣᠯ᠎ᠤᠨ ᠡᠵᠡᠨ᠎ᠡ᠎ᠶᠢᠨ ᠳ᠋ᠦᠩᠹᠧᠩ ᠰᠠᠨᠰᠠᠷ᠎ᠤᠨ ᠬᠤᠲᠠ᠎ᠠᠴᠠ ᠬᠠᠷᠪᠤᠪᠠ᠃ ᠲᠣᠰ ᠤᠳᠠᠭᠠᠨ᠎ᠤ ᠨᠢᠰᠦᠯᠲᠡ᠎ᠶᠢᠨ ᠡᠭᠦᠷᠭᠡ᠎ᠶᠢᠨ ᠨᠢᠰᠬᠦ ᠦᠨᠳᠦᠷ᠎ᠤᠨ ᠬᠡᠮᠵᠢᠶ᠎ᠡ ᠨᠢ ᠪᠠᠷᠤᠭ 120 ᠺᠢᠯᠣᠮᠧᠲᠷ ᠪᠠᠢᠵᠤ᠂ ᠺᠠᠷᠮᠠᠨ ᠱᠤᠭᠤᠮ᠎ᠢ ᠨᠡᠪᠲᠡᠯᠦᠨ ᠰᠠᠨᠰᠠᠷ᠎ᠲᠤ ᠣᠷᠣᠵᠤ᠂ ᠲᠡᠭᠦᠨ᠎ᠤ ᠪᠤᠴᠠᠬᠤ ᠬᠡᠯᠪᠡᠷᠢ᠎ᠶᠢᠨ ᠠᠴᠢᠶᠠᠨ᠎ᠤ ᠥᠷᠥᠭᠡ ᠨᠢ ᠰᠢᠬᠦᠷ᠎ᠢᠶᠡᠷ ᠪᠠᠭᠤᠬᠤ ᠰᠢᠰᠲᠧᠮ᠎ᠢᠶᠡᠷ ᠲᠣᠰ ᠡᠳᠦᠷ᠎ᠦᠨ ᠦᠳᠡ᠎ᠶᠢᠨ ᠬᠣᠢᠨ᠎ᠠ ᠤᠷᠤᠭᠰᠢᠲᠠᠢ᠎ᠪᠠᠷ ᠭᠠᠵᠠᠷᠳᠠᠨ ᠬᠣᠷᠢᠶᠠᠨ ᠠᠪᠴᠢᠷᠠᠵᠤ᠂ ᠲᠣᠰ ᠤᠳᠠᠭᠠᠨ᠎ᠤ ᠳᠡᠳ᠋ ᠲᠤᠭᠤᠷᠢᠯ ᠵᠠᠮ᠎ᠤᠨ ᠨᠢᠰᠦᠯᠲᠡ᠎ᠶᠢᠨ ᠲᠤᠷᠰᠢᠯᠲᠠ᠎ᠶᠢᠨ ᠡᠭᠦᠷᠭᠡ᠎ᠶᠢ ᠲᠡᠭᠦᠰ ᠠᠮᠵᠢᠯᠲᠠ᠎ᠲᠠᠢ ᠪᠡᠶᠡᠯᠡᠭᠦᠯᠪᠡ᠃ ᠡᠨᠡ ᠪᠣᠯ ᠤᠯᠤᠰ᠎ᠤᠨ ᠳᠣᠲᠣᠭᠠᠳᠤ᠎ᠶᠢᠨ ᠬᠤᠳᠠᠯᠳᠤᠭᠠᠨ᠎ᠤ ᠰᠠᠨᠰᠠᠷ᠎ᠤᠨ ᠠᠶᠠᠯᠠᠯ ᠠᠩᠬ᠎ᠠ ᠤᠳᠠᠭ᠎ᠠ ᠵᠠᠭᠤᠨ ᠺᠢᠯᠤᠮᠧᠲᠷ᠎ᠤᠨ ᠲᠣᠭᠣᠷᠢᠯᠲᠠ ᠵᠢᠨ ᠵᠠᠮ᠎ᠡᠴᠡ ᠰᠢᠬᠦᠷ᠎ᠵᠢᠡᠷ ᠪᠠᠭᠤᠯᠭᠠᠨ ᠬᠤᠷᠢᠶᠠᠨ ᠠᠪᠬᠤ ᠲᠤᠷᠰᠢᠯᠲᠠ ᠪᠣᠯᠣᠨ᠎ᠠ᠃


QQ截图20251217111712.png


ᠲᠣᠰ ᠤᠳᠠᠭᠠᠨ᠎ᠤ ᠨᠢᠰᠦᠯᠲᠡ᠎ᠶᠢᠨ ᠲᠤᠷᠰᠢᠯᠲᠠ᠎ᠳᠤ ᠪᠤᠴᠠᠬᠤ ᠬᠡᠯᠪᠡᠷᠢ ᠵᠢᠨ ᠠᠴᠢᠶᠠᠨ᠎ᠤ ᠥᠷᠥᠭᠡ᠎ᠶᠢᠨ ᠳᠠᠬᠢᠨ ᠠᠭᠠᠷ ᠮᠠᠨᠳᠠᠯ᠎ᠤᠨ ᠳᠠᠪᠬᠤᠷᠭ᠎ᠠ᠎ᠳᠤ ᠤᠷᠤᠵᠤ ᠢᠷᠡᠨ ᠬᠤᠷᠳᠤᠴᠠ ᠨᠢ ᠬᠠᠰᠤᠭᠳᠠᠬᠤ ᠬᠢᠭᠡᠳ ᠬᠣᠷᠢᠶᠠᠨ ᠠᠪᠬᠤ᠎ᠶᠢ ᠰᠢᠯᠭᠠᠨ ᠪᠠᠲᠤᠯᠠᠬᠤ᠎ᠶᠢ ᠠᠮᠵᠢᠯᠲᠠ ᠲᠠᠢ ᠪᠡᠶᠡᠯᠡᠭᠦᠯᠦᠭᠰᠡᠨ᠎ᠦ ᠬᠠᠮᠲᠤ᠂ ᠨᠢᠰᠦᠭᠦᠷ᠎ᠤᠨ ᠳᠡᠳ᠋ ᠲᠠᠰ᠎ᠤᠨ ᠪᠦᠲᠦᠴᠡ ᠵᠢᠨ ᠪᠤᠴᠠᠵᠤ ᠢᠷᠡᠬᠦ ᠲᠤᠰᠤᠯᠲᠠ ᠵᠢᠨ ᠴᠡᠭ᠎ᠢ ᠨᠠᠷᠢᠯᠢᠭ᠋ ᠣᠨᠣᠪᠴᠢᠲᠠᠶ ᠡᠵᠡᠮᠳᠡᠬᠦ ᠮᠡᠷᠭᠡᠵᠢᠯ᠎ᠦᠨ ᠰᠢᠯᠭᠠᠨ ᠪᠠᠲᠤᠯᠠᠬᠤ ᠠᠵᠢᠯ᠎ᠢ ᠥᠷᠨᠢᠭᠦᠯᠵᠦ᠂ ᠵᠠᠭᠤᠨ ᠺᠢᠯᠣᠮᠧᠲᠷ᠎ᠡᠴᠡ ᠪᠤᠴᠠᠵᠤ ᠢᠷᠡᠬᠦ ᠲᠤᠰᠤᠯᠲᠠ ᠵᠢᠨ ᠴᠡᠭ᠎ᠤᠨ ᠨᠠᠷᠢᠯᠢᠭ᠍ᠴᠠ ᠨᠢ ᠵᠠᠭᠤᠨ ᠮᠧᠲᠷ᠎ᠦᠨ ᠲᠠᠰ᠎ᠲᠤ ᠬᠦᠷᠴᠡᠢ᠂ ᠲᠣᠰ ᠮᠡᠷᠭᠡᠵᠢᠯ ᠪᠣᠯ ᠲᠡᠢᠷᠦᠯᠲᠦ ᠰᠤᠮᠤ᠎ᠶᠢᠨ ᠳᠡᠳ᠋ ᠲᠠᠰ᠎ᠤᠨ ᠪᠦᠲᠦᠴᠡ ᠵᠢᠨ ᠡᠭᠴᠡ᠎ᠪᠡᠷ ᠪᠤᠴᠠᠵᠤ ᠢᠷᠡᠬᠦ ᠪᠠ ᠳᠠᠬᠢᠨ ᠳᠠᠪᠲᠠᠨ ᠬᠡᠷᠡᠭᠯᠡᠬᠦ ᠭᠣᠣᠯ ᠵᠠᠩᠭᠢᠯᠠᠭ᠎ᠠ᠎ᠶᠢᠨ ᠮᠡᠷᠭᠡᠵᠢᠯ᠎ᠦᠨ ᠨᠢᠭᠡ ᠪᠣᠯᠣᠨ᠎ᠠ᠃

ᠯᠢ ᠬᠣᠩ ᠨᠢᠭᠡᠳᠦᠭᠡᠷ ᠨᠤᠮᠸᠷᠳᠦ ᠪᠣᠯ ᠨᠢᠭᠡ ᠵᠦᠢᠯ᠎ᠦᠨ ᠨᠡᠢᠳᠡᠮ ᠬᠡᠷᠡᠭᠯᠡᠭᠡᠨ᠎ᠤ ᠳᠡᠳ᠋ ᠲᠤᠭᠤᠷᠢᠯ ᠵᠠᠮ᠎ᠤᠨ ᠰᠢᠨᠵᠢᠯᠡᠬᠦ ᠤᠬᠠᠭᠠᠨ᠎ᠤ ᠲᠤᠷᠰᠢᠯᠲᠠ᠎ᠶᠢᠨ ᠲᠠᠪᠴᠠᠩ ᠪᠠᠢᠵᠤ᠂ ᠬᠠᠷᠪᠤᠯᠲᠠ᠎ᠶᠢᠨ ᠥᠪᠡᠷ᠎ᠦᠨ ᠥᠷᠲᠡᠭ᠎ᠢᠶᠡᠷ ᠳᠣᠣᠷ᠎ᠠ᠂ ᠠᠮᠢᠳᠤᠯᠢᠭ᠋ ᠴᠢᠨᠠᠷ᠎ᠢᠶᠠᠷ ᠥᠨᠳᠥᠷ ᠵᠢᠴᠢ ᠲᠤᠷᠰᠢᠯᠲᠠ᠎ᠶᠢᠨ ᠠᠴᠢᠶ᠎ᠠ᠎ᠶᠢ ᠬᠣᠷᠢᠶᠠᠨ ᠠᠪᠬᠤ᠎ᠶᠢ ᠳᠡᠮᠵᠢᠬᠦ ᠵᠡᠷᠭᠡ ᠣᠨᠴᠠᠯᠢᠭ᠋᠎ᠲᠠᠢ ᠪᠠᠢᠵᠤ᠂ ᠭᠣᠣᠯᠳᠠᠭᠤ ᠪᠢᠴᠢᠯ ᠬᠦᠨᠳᠦ᠎ᠶᠢᠨ ᠬᠦᠴᠦᠨ᠎ᠦ ᠰᠢᠨᠵᠢᠯᠡᠬᠦ ᠤᠬᠠᠭᠠᠨ᠎ᠤ ᠲᠤᠷᠰᠢᠯᠲᠠ ᠪᠠ ᠤᠢᠷ᠎ᠠ ᠰᠠᠨᠰᠠᠷ᠎ᠤᠨ ᠤᠭ ᠪᠠᠢᠷᠢ᠎ᠶᠢᠨ ᠬᠠᠢᠨ ᠬᠡᠮᠵᠢᠯᠲᠡ ᠵᠡᠷᠭᠡ ᠬᠡᠷᠡᠭᠯᠡᠭᠡᠨ᠎ᠦ ᠬᠡᠷᠡᠭᠴᠡᠭᠡ᠎ᠳᠦ ᠬᠠᠨᠳᠤᠭᠤᠯᠵᠤ᠂ ᠰᠢᠨᠵᠢᠯᠡᠬᠦ ᠤᠬᠠᠭᠠᠨ᠎ᠤ ᠲᠤᠷᠰᠢᠯᠲᠠ᠎ᠶᠢᠨ ᠠᠴᠢᠶ᠎ᠠ᠎ᠳᠤ 300 ᠰᠧᠺᠦ᠋ᠨ᠋ᠳ᠋᠎ᠡᠴᠡ ᠳᠡᠭᠡᠭᠰᠢᠬᠢ ᠥᠨᠳᠥᠷ ᠬᠡᠮᠵᠢᠶᠡᠨ᠎ᠦ ᠲᠣᠭᠲᠠᠭᠤᠨ᠂ ᠨᠠᠢᠳᠠᠪᠤᠷᠢᠲᠠᠢ ᠪᠥᠭᠡᠳ ᠣᠯᠠᠨ ᠶᠠᠩᠵᠤ᠎ᠶᠢᠨ ᠴᠢᠳᠠᠮᠵᠢ᠎ᠲᠠᠢ ᠲᠤᠷᠰᠢᠯᠲᠠ᠎ᠶᠢᠨ ᠣᠷᠴᠢᠨ ᠲᠣᠭᠣᠷᠢᠨ᠎ᠢ ᠬᠠᠩᠭᠠᠵᠤ ᠪᠣᠯᠣᠨ᠎ᠠ᠃


QQ截图20251222112534.png


ᠲᠣᠰ ᠤᠳᠠᠭᠠᠨ᠎ᠤ ᠨᠢᠰᠦᠭᠦᠷ ᠨᠢ ᠪᠢᠴᠢᠯ ᠬᠦᠨᠳᠦ᠎ᠶᠢᠨ ᠬᠦᠴᠦᠨ᠎ᠦ ᠯᠠᠢᠰᠧᠷ᠎ᠢᠶᠡᠷ ᠮᠠᠲᠧᠷᠢᠶᠠᠯ ᠨᠡᠮᠡᠵᠦ ᠦᠢᠯᠡᠳᠬᠦ ᠰᠢᠨᠵᠢᠯᠡᠬᠦ ᠤᠬᠠᠭᠠᠨ᠎ᠤ ᠲᠤᠷᠰᠢᠯᠲᠠ᠎ᠶᠢᠨ ᠠᠴᠢᠶ᠎ᠠ᠂ ᠰᠠᠨᠰᠠᠷ᠎ᠤᠨ ᠠᠶᠠᠯᠠᠯ᠎ᠤᠨ ᠰᠠᠴᠤᠷᠠᠯᠲᠠ᠎ᠪᠠᠷ ᠰᠠᠷᠠᠨᠠᠢ ᠵᠢᠨ ᠦᠷ᠎ᠡ᠎ᠶᠢ ᠥᠳᠥᠭᠡᠨ ᠤᠨᠳᠤᠤᠰᠢᠭᠤᠯᠬᠤ ᠵᠡᠷᠭᠡ ᠡᠭᠦᠷᠭᠡ᠎ᠶᠢ ᠭᠦᠢᠴᠡᠳᠬᠡᠵᠦ᠂ ᠣᠭᠲᠠᠷᠭᠤᠢ᠎ᠶᠢᠨ ᠰᠢᠨᠵᠢᠯᠡᠬᠦ ᠤᠬᠠᠭᠠᠨ᠎ᠤ ᠲᠤᠷᠰᠢᠯᠲᠠ᠎ᠳᠤ ᠵᠠᠮ ᠳᠡᠪᠢᠰᠴᠦ᠂ ᠲᠡᠭᠦᠨ᠎ᠦ ᠠᠴᠢᠶᠠᠨ᠎ᠤ ᠥᠷᠥᠭᠡ ᠨᠢ ᠴᠦ᠍ ᠢᠷᠡᠭᠡᠳᠦᠢ᠎ᠶᠢᠨ ᠰᠠᠨᠰᠠᠷ᠎ᠤᠨ ᠵᠢᠭᠤᠯᠴᠢᠯᠠᠯ ᠵᠡᠷᠭᠡ ᠦᠵᠡᠭᠳᠡᠯ᠎ᠢ ᠬᠠᠢᠨ ᠰᠦᠪᠡᠭᠴᠢᠯᠡᠬᠦ᠎ᠳᠦ ᠬᠣᠯᠪᠣᠭᠳᠠᠯ ᠪᠦᠬᠦᠢ ᠮᠡᠷᠭᠡᠵᠢᠯ᠎ᠢ ᠬᠤᠷᠠᠮᠳᠤᠭᠤᠯᠵᠤ ᠪᠠᠢᠨ᠎ᠠ᠃

ᠣᠢᠯᠠᠭᠠᠭᠰᠠᠨ᠎ᠢᠶᠠᠷ᠂ ᠲᠠᠷᠠᠭᠠᠴᠢ᠎ᠪᠡᠷ ᠯᠢ ᠬᠣᠩ ᠨᠢᠭᠡᠳᠦᠭᠡᠷ᠎ᠨᠤᠮᠸᠷᠳᠦ ᠵᠢᠨ ᠪᠤᠴᠠᠬᠤ ᠬᠡᠯᠪᠡᠷᠢ ᠵᠢᠨ ᠠᠴᠢᠶᠠᠨ᠎ᠤ ᠥᠷᠥᠭᠡ᠎ᠶᠢ ᠬᠠᠮᠤᠭ᠎ᠤᠨ ᠣᠷᠳᠣ᠌ ᠲᠤᠭᠤᠷᠢᠯ ᠵᠠᠮ᠎ᠳᠤ ᠪᠠᠢᠯᠭᠠᠬᠤ ᠴᠠᠭ᠎ᠢ 1 ᠵᠢᠯ᠎ᠡᠴᠡ ᠳᠣᠣᠷ᠎ᠠ ᠦᠭᠡᠢ ᠪᠣᠯᠭᠠᠨ ᠲᠠᠰ ᠳᠡᠪᠰᠢᠭᠦᠯᠵᠦ᠂ ᠳᠠᠬᠢᠨ ᠳᠠᠪᠲᠠᠨ ᠬᠡᠷᠡᠭᠯᠡᠬᠦ ᠤᠳᠠᠭ᠎ᠠ᠎ᠶᠢ 10 ᠤᠳᠠᠭ᠎ᠠ᠎ᠠᠴᠠ ᠪᠠᠭ᠎ᠠ ᠦᠭᠡᠢ ᠲᠤᠭᠤᠷᠢᠯ ᠵᠠᠮ᠎ᠤᠨ ᠲᠠᠰ᠎ᠤᠨ ᠰᠠᠨᠰᠠᠷ᠎ᠤᠨ ᠨᠢᠰᠦᠭᠦᠷ ᠪᠤᠯᠭᠠᠨ ᠦᠢᠯᠡᠳᠴᠦ᠂ 《ᠰᠠᠨᠰᠠᠷ ᠭᠠᠵᠠᠷ᠎ᠤᠨ ᠬᠣᠭᠣᠷᠣᠨᠳᠣᠬᠢ ᠲᠡᠭᠡᠭᠡᠪᠦᠷᠢᠯᠡᠯᠲᠡ᠂ ᠲᠤᠭᠤᠷᠢᠯ ᠵᠠᠮ᠎ᠳᠠᠬᠢ ᠰᠤᠳᠤᠯᠭᠠᠨ᠂ ᠥᠯᠢᠭᠡᠷ ᠡᠳ᠋᠎ᠢ ᠡᠭᠡᠬᠦᠯᠦᠨ ᠠᠪᠴᠢᠷᠠᠬᠤ᠂ ᠲᠣᠭ᠎ᠠ ᠪᠠᠷᠢᠮᠲᠠ᠎ᠳᠤ ᠡᠨᠧᠷᠭᠢ ᠣᠯᠭᠣᠬᠤ》 ᠤᠷᠤᠨ ᠵᠠᠢ ᠵᠢᠨ ᠰᠢᠨᠵᠢᠯᠡᠬᠦ ᠤᠬᠠᠭᠠᠨ᠎ᠤ ᠲᠤᠷᠰᠢᠯᠲᠠ᠎ᠶᠢᠨ ᠲᠠᠪᠴᠠᠩ᠎ᠢ ᠪᠠᠢᠭᠤᠯᠵᠤ᠂ ᠰᠠᠨᠰᠠᠷ᠎ᠤᠨ ᠡᠮ ᠦᠢᠯᠡᠳᠬᠦ᠂ ᠡᠮ᠎ᠦᠨ ᠵᠦᠢᠯ᠎ᠢ ᠰᠢᠭ᠌ᠰᠢᠨ ᠰᠣᠩᠭᠣᠬᠤ᠂ ᠠᠮᠢᠲᠠᠨ᠎ᠤ ᠲᠤᠷᠰᠢᠯᠲᠠ᠂ ᠳᠡᠭᠡᠳᠦ ᠲᠠᠰ᠎ᠤᠨ ᠬᠠᠭᠠᠰ ᠳᠠᠮᠵᠢᠭᠤᠯᠤᠭ᠍ᠴᠢ ᠦᠢᠯᠡᠳᠬᠦ ᠵᠡᠷᠭᠡ ᠲᠤᠭᠤᠷᠢᠯ ᠵᠠᠮ᠎ᠳᠠᠬᠢ ᠣᠯᠠᠨ ᠵᠦᠢᠯ᠎ᠦᠨ ᠦᠢᠯᠡᠳᠬᠦ ᠦᠢᠯᠡᠰ ᠵᠢᠴᠢ ᠪᠢᠴᠢᠯ ᠬᠦᠨᠳᠦ᠎ᠶᠢᠨ ᠬᠦᠴᠦᠨ᠎ᠦ ᠹᠢᠽᠢᠺ᠂ ᠣᠭᠲᠠᠷᠭᠤᠢ᠎ᠶᠢᠨ ᠠᠮᠢ᠎ᠶᠢᠨ ᠰᠢᠨᠵᠢᠯᠡᠬᠦ ᠤᠬᠠᠭᠠᠨ᠂ ᠣᠭᠲᠠᠷᠭᠤᠢ᠎ᠶᠢᠨ ᠮᠠᠲᠧᠷᠢᠶᠠᠯ᠎ᠤᠨ ᠰᠢᠨᠵᠢᠯᠡᠬᠦ ᠤᠬᠠᠭᠠᠨ ᠵᠡᠷᠭᠡ ᠬᠣᠰᠢᠭᠤᠷᠠᠯ ᠰᠢᠨᠵᠢᠯᠡᠬᠦ ᠤᠬᠠᠭᠠᠨ᠎ᠤ ᠲᠤᠷᠰᠢᠯᠲᠠ᠎ᠶᠢ ᠲᠤᠯᠭᠠᠭᠤᠷᠢᠯᠠᠵᠤ ᠪᠣᠯᠣᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号