1 ᠰᠠᠷ᠎ᠠ᠎ᠶᠢᠨ 12᠎ᠤᠨ ᠡᠳᠦᠷ᠂ ᠰᠤᠷᠪᠤᠯᠵᠢᠯᠠᠭᠴᠢ
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠪᠡᠶ᠎ᠡ᠎ᠶᠢᠨ ᠲᠠᠮᠢᠷ᠎ᠤᠨ ᠲᠣᠪᠴᠢᠶ᠎ᠠ᠎ᠠᠴᠠ ᠣᠶ᠋ᠢᠯᠠᠭᠠᠭᠰᠠᠨ
ᠵᠢᠡᠷ᠂ ᠠᠩᠬᠠᠳᠤᠭᠠᠷ ᠬᠤᠭᠤᠴᠠᠭᠠᠨ᠎ᠤ ᠵᠡᠭᠦᠨ ᠬᠣᠢᠲᠤ ᠣᠷᠣᠨ᠎ᠤ ᠬᠣᠲᠠ᠎ᠶᠢᠨ ᠬᠥᠯ ᠪᠥᠮᠪᠥᠭᠡ᠎ᠶᠢᠨ ᠬᠣᠯᠪᠣᠭᠠᠲᠤ
ᠤᠷᠤᠯᠳᠤᠭᠠᠨ 5 ᠰᠠᠷ᠎ᠠ᠎ᠳᠤ ᠡᠬᠢᠯᠡᠵᠦ ᠤᠷᠤᠯᠳᠤᠬᠤ ᠪᠡᠷ ᠪᠤᠢ᠂ 《ᠦᠪᠦᠷ ᠮᠤᠨᠭᠭᠤᠯ᠎ᠤᠨ ᠦᠪᠡᠷᠲᠡᠭᠡᠨ ᠵᠠᠰᠠᠬᠤ
ᠤᠷᠤᠨ᠎ᠤ ᠬᠦᠯ ᠪᠦᠮᠪᠦᠭᠡ ᠵᠢᠨ ᠬᠡᠳᠦ ᠲᠡᠰ᠎ᠤᠨ ᠬᠤᠯᠪᠤᠭᠠᠲᠦ ᠤᠷᠤᠯᠳᠤᠭᠠᠨ》᠎ᠳᠦ ᠮᠠᠩᠯᠠᠢᠯᠠᠬᠰᠠᠨ ᠬᠥᠬᠡᠬᠣᠲᠠ᠎ᠶᠢᠨ
ᠠᠩᠭᠢ ᠪᠣᠯᠣᠨ ᠳᠡᠳ᠋ᠯᠡᠭᠰᠡᠨ ᠲᠦᠩᠯᠢᠶᠣᠣ᠎ᠶᠢᠨ ᠠᠩᠭᠢ ᠲᠤᠰ ᠤᠷᠤᠯᠳᠤᠭᠠᠨ᠎ᠳᠤ ᠣᠷᠣᠯᠴᠠᠬᠤ ᠪᠤᠯᠤᠨ᠎ᠠ᠃
ᠣᠢᠯᠠᠭᠠᠭᠰᠠᠨ᠎ᠢᠶᠠᠷ᠂ ᠵᠡᠭᠦᠨ ᠬᠣᠢᠲᠤ ᠣᠷᠣᠨ᠎ᠤ ᠬᠣᠲᠠ᠎ᠶᠢᠨ ᠬᠥᠯ ᠪᠥᠮᠪᠥᠭᠡ᠎ᠶᠢᠨ ᠬᠣᠯᠪᠣᠭᠠᠲᠤ
ᠤᠷᠤᠯᠳᠤᠭᠠᠨ᠎ᠢ ᠡᠩ᠎ᠦᠨ ᠤᠷᠤᠯᠳᠤᠭᠠᠨ ᠪᠠ ᠰᠢᠭᠰᠢᠭᠡ ᠤᠷᠤᠯᠳᠤᠭᠠᠨ ᠭᠡᠵᠦ ᠬᠣᠶᠠᠷ ᠱᠠᠲᠤ ᠬᠤᠪᠢᠶᠠᠨ
ᠶᠠᠪᠤᠬᠳᠠᠭᠤᠯᠤᠨ᠎ᠠ᠃ ᠯᠢᠶᠣᠤᠨᠢᠩ ᠮᠤᠵᠢ᠎ᠶᠢᠨ ᠮᠦᠭᠳᠡᠨ ᠬᠣᠲᠠ᠂ ᠳ᠋ᠠᠯᠢᠶᠠᠨ ᠬᠣᠲᠠ; ᠭᠢᠷᠢᠨ ᠮᠤᠵᠢ᠎ᠶᠢᠨ ᠴᠠᠩᠴᠦ᠋ᠨ
ᠬᠣᠲᠠ᠂ ᠶᠠᠨ ᠪᠢᠶᠠᠨ ᠵᠧᠦ; ᠬᠠᠷᠠᠮᠥ᠋ᠷᠡᠨ ᠮᠤᠵᠢ᠎ᠶᠢᠨ ᠬᠠᠷᠪᠢᠨ ᠬᠣᠲᠠ᠂ ᠵᠢᠢ ᠰᠢ ᠬᠣᠲᠠ; ᠥᠪᠥᠷ ᠮᠣᠩᠭᠣᠯ᠎ᠤᠨ
ᠥᠪᠡᠷᠲᠡᠭᠡᠨ ᠵᠠᠰᠠᠬᠤ ᠣᠷᠣᠨ᠎ᠤ ᠬᠥᠬᠡᠬᠣᠲᠠ᠂ ᠲᠦᠩᠯᠢᠶᠣᠣ ᠬᠣᠲᠠ ᠵᠡᠷᠭᠡ 8 ᠪᠥᠮᠪᠥᠭᠡᠨ ᠠᠩᠭᠢ ᠦᠷᠢᠰᠦᠯᠳᠦᠨ᠎ᠡ᠃
ᠡᠭᠦᠨ᠎ᠳᠦ᠂ ᠡᠩ᠎ᠦᠨ ᠤᠷᠤᠯᠳᠤᠭᠠᠨ᠎ᠢ 5 ᠰᠠᠷ᠎ᠠ᠎ᠶᠢᠨ 23᠎ᠤ ᠡᠳᠦᠷ᠎ᠡᠴᠡ 8 ᠰᠠᠷ᠎ᠠ᠎ᠶᠢᠨ 15᠎ᠤ ᠡᠳᠦᠷ ᠪᠣᠯᠲᠠᠯ᠎ᠠ
ᠶᠠᠪᠤᠬᠳᠠᠭᠤᠯᠬᠤ ᠪᠡᠷ ᠲᠦᠷ ᠲᠣᠭᠲᠠᠵᠤ᠂ ᠰᠢᠭᠰᠢᠭᠡ ᠤᠷᠤᠯᠳᠤᠭᠠᠨ (ᠶᠡᠷᠦᠩᠬᠡᠢ ᠰᠢᠢᠳᠪᠦᠷᠢᠲᠦ ᠤᠷᠤᠯᠳᠤᠭᠠᠨ)᠎ᠢ
9 ᠰᠠᠷ᠎ᠠ᠎ᠶᠢᠨ 5 ᠤ ᠡᠳᠦᠷ᠎ᠡᠴᠡ 10 ᠰᠠᠷ᠎ᠠ᠎ᠶᠢᠨ 1 ᠦ ᠡᠳᠦᠷ ᠪᠣᠯᠲᠠᠯ᠎ᠠ ᠶᠠᠪᠤᠬᠳᠠᠭᠤᠯᠬᠤ ᠪᠡᠷ ᠲᠣᠬᠢᠷᠠᠭᠤᠯᠪᠠ᠃
ᠲᠤᠰ ᠤᠷᠤᠯᠳᠤᠭᠠᠨ ᠨᠢ ᠤᠷᠤᠯᠳᠤᠭᠠᠨ᠎ᠳᠤ ᠣᠷᠣᠯᠴᠠᠬᠤ ᠲᠣᠳᠣᠷᠬᠠᠢ ᠵᠢᠷᠤᠮᠵᠢᠯ
ᠲᠤᠭᠲᠠᠭᠠᠪᠠ᠃ ᠪᠥᠮᠪᠥᠭᠡᠴᠢᠨ ᠡᠷᠬᠡᠪᠰᠢ 16 — 40 ᠪᠦᠬᠦᠯᠢ ᠨᠠᠰᠤᠨ᠎ᠤ ᠳᠤᠮᠳᠠᠳᠤ ᠤᠯᠤᠰ᠎ᠤᠨ ᠡᠷᠡᠭᠲᠡᠢ ᠤᠷᠤᠯᠴᠠᠭᠴᠢ
ᠪᠠᠢᠬᠤ ᠬᠡᠷᠡᠭᠲᠡᠢ ᠪᠥᠭᠡᠳ ᠲᠥᠯᠥᠭᠡᠯᠡᠬᠦ ᠬᠣᠲᠠ᠎ᠶᠢᠨ ᠡᠷᠦᠬᠡ ᠠᠮᠠ᠂ ᠰᠤᠷᠭᠠᠭᠤᠯᠢ᠎ᠶᠢᠨ ᠬᠠᠷᠢᠶ᠎ᠠ᠂ ᠬᠠᠷᠢᠶ᠎ᠠ
ᠭᠠᠵᠠᠷ ᠪᠤᠶᠤ ᠨᠡᠢᠭᠡᠮ᠎ᠦᠨ ᠪᠠᠲᠤᠯᠠᠭ᠎ᠠ ᠵᠡᠷᠭᠡ ᠡᠴᠡ ᠨᠠᠭᠠᠲᠤ ᠵᠠᠬ᠎ᠠ᠎ᠳᠠᠭᠠᠨ ᠨᠢᠭᠡ ᠨᠥᠬᠥᠴᠡᠯ᠎ᠢ ᠬᠠᠩᠭᠠᠬᠤ
ᠬᠡᠷᠡᠭᠲᠡᠢ᠃ ᠳᠤᠮᠳᠠᠳᠤ ᠤᠯᠤᠰ᠎ᠤᠨ ᠬᠥᠯ ᠪᠥᠮᠪᠥᠭᠡ᠎ᠶᠢᠨ ᠨᠡᠢᠭᠡᠮᠯᠢᠭ᠎ᠦᠨ ᠬᠡᠳᠦ ᠳᠡᠰ᠎ᠤᠨ ᠬᠣᠯᠪᠣᠭᠠᠲᠤ ᠤᠷᠤᠯᠳᠤᠭᠠᠨ᠂
ᠳᠤᠮᠳᠠᠳᠤ ᠤᠯᠤᠰ᠎ᠤᠨ ᠬᠥᠯ ᠪᠥᠮᠪᠥᠭᠡ᠎ᠶᠢᠨ ᠨᠡᠢᠭᠡᠮᠯᠢᠭ᠎ᠦᠨ ᠬᠥᠬᠡ ᠳᠡᠰ᠎ᠤᠨ ᠬᠣᠯᠪᠣᠭᠠᠲᠤ ᠤᠷᠤᠯᠳᠤᠭᠠᠨ᠂ ᠳᠤᠮᠳᠠᠳᠤ
ᠤᠯᠤᠰ᠎ᠤᠨ ᠬᠥᠯ ᠪᠥᠮᠪᠥᠭᠡ᠎ᠶᠢᠨ ᠨᠡᠢᠭᠡᠮᠯᠢᠭ᠎ᠦᠨ ᠬᠥᠬᠡᠭᠴᠢᠨ ᠳᠡᠰ᠎ᠤᠨ ᠬᠣᠯᠪᠣᠭᠠᠲᠤ ᠤᠷᠤᠯᠳᠤᠭᠠᠨ᠎ᠤ ᠠᠵᠢᠯ
ᠮᠡᠷᠭᠡᠵᠢᠯ᠎ᠤᠨ ᠺᠯᠦ᠋ᠪ᠎ᠲᠤ ᠲᠠᠨᠭᠰᠠᠯᠠᠭᠤᠯᠤᠭᠰᠠᠨ ᠪᠥᠮᠪᠥᠭᠡᠴᠢᠨ ᠤᠷᠤᠯᠳᠤᠭᠠᠨ᠎ᠳᠤ ᠣᠷᠣᠯᠴᠠᠬᠤ᠎ᠶᠢ ᠴᠠᠭᠠᠵᠠᠯᠠᠨ᠎ᠠ᠂
ᠭᠡᠪᠡᠴᠦ ᠮᠤᠵᠢ᠎ᠶᠢᠨ ᠳᠣᠲᠣᠷᠠᠬᠢ (ᠣᠷᠣᠨ᠎ᠤ ᠳᠣᠲᠣᠷᠠᠬᠢ) ᠪᠥᠮᠪᠥᠭᠡᠴᠢᠳ᠎ᠦᠨ ᠬᠢᠵᠠᠭᠠᠷ᠎ᠲᠠᠢ ᠰᠣᠯᠢᠯᠴᠠᠭ᠎ᠠ ᠬᠢᠬᠦ
ᠶᠢ ᠵᠥᠪᠰᠢᠶᠡᠷᠡᠵᠦ᠂ ᠬᠠᠷᠢᠴᠠᠯ᠎ᠢ 40%᠎ᠠᠴᠠ ᠬᠡᠲᠦᠷᠡᠭᠦᠯᠵᠦ
ᠪᠣᠯᠬᠤ ᠦᠭᠡᠢ᠃
ᠵᠡᠭᠦᠨ ᠬᠣᠢᠲᠤ ᠣᠷᠣᠨ᠎ᠤ ᠬᠣᠲᠠ᠎ᠶᠢᠨ ᠬᠥᠯ ᠪᠥᠮᠪᠥᠭᠡ᠎ᠶᠢᠨ ᠬᠣᠯᠪᠣᠭᠠᠲᠤ ᠤᠷᠤᠯᠳᠤᠭᠠᠨ᠎ᠤ
ᠴᠠᠭ ᠨᠢ 2026 ᠣᠨ᠎ᠤ 《ᠦᠪᠦᠷ ᠮᠤᠨᠭᠭᠤᠯ᠎ᠤᠨ ᠦᠪᠡᠷᠲᠡᠭᠡᠨ ᠵᠠᠰᠠᠬᠤ ᠤᠷᠤᠨ᠎ᠤ ᠬᠦᠯ ᠪᠦᠮᠪᠦᠭᠡ ᠵᠢᠨ ᠬᠡᠳᠦ
ᠲᠡᠰ᠎ᠤᠨ ᠬᠤᠯᠪᠤᠭᠠᠲᠦ ᠤᠷᠤᠯᠳᠤᠭᠠᠨ》 ᠲᠠᠢ ᠳᠡᠭᠡᠳᠦ ᠬᠡᠮᠵᠢᠶ᠎ᠡ ᠪᠡᠷ ᠳᠠᠪᠬᠤᠴᠠᠭᠰᠠᠨ᠎ᠠᠴᠠ ᠬᠥᠬᠡᠬᠣᠲᠠ ᠵᠢᠨ
ᠠᠩᠭᠢ ᠪᠣᠯᠣᠨ ᠲᠦᠩᠯᠢᠶᠣᠣ᠎ᠶᠢᠨ ᠠᠩᠭᠢ ᠬᠤᠶᠠᠷ ᠤᠷᠤᠯᠳᠤᠭᠠᠨ᠎ᠳᠦ ᠦᠷᠢᠰᠦᠯᠳᠦᠬᠦ ᠴᠢᠬᠤᠯᠠᠲᠠᠢ ᠪᠣᠯᠵᠠᠢ᠂ ᠡᠨᠡ
ᠨᠢ ᠬᠣᠶᠠᠷ ᠪᠥᠮᠪᠥᠭᠡᠨ ᠠᠩᠭᠢ᠎ᠳᠤ ᠠᠪᠴᠤ ᠬᠡᠯᠡᠪᠡᠯ ᠪᠠᠭ᠎ᠠ ᠪᠤᠰᠤ ᠰᠢᠯᠭᠠᠯᠲᠠ ᠪᠣᠯᠬᠤ ᠶᠤᠮ᠃