ᠬᠠᠭᠤᠴᠢᠨ ᠪᠠᠷᠭᠤ ᠬᠣᠰᠢᠭᠤᠨ᠎ᠤ ᠰᠤᠷᠭᠠᠨ ᠬᠥᠮᠦᠵᠢᠯ ᠪᠡᠶ᠎ᠡ᠎ᠶᠢᠨ ᠲᠠᠮᠢᠷ᠎ᠤᠨ ᠲᠣᠪᠴᠢᠶ᠎ᠠ᠂ ᠰᠢᠨ᠎ᠡ ᠴᠠᠭ ᠦᠶ᠎ᠡ᠎ᠶᠢᠨ ᠪᠣᠯᠪᠠᠰᠤᠨ᠎ᠤ ᠦᠢᠯᠡᠳᠦᠯᠭᠡ᠎ᠶᠢᠨ ᠦᠢᠯᠡᠴᠢᠯᠡᠭᠡᠨ᠎ᠦ ᠲᠥᠪ᠎ᠡᠴᠡ ᠬᠠᠮᠲᠤᠷᠠᠨ ᠪᠠᠢᠭᠤᠯᠤᠭᠰᠠᠨ ᠤᠯᠤᠰ᠎ᠤᠨ ᠨᠡᠢᠳᠡᠮ ᠬᠡᠷᠡᠭᠯᠡᠬᠦ ᠦᠬᠡ ᠬᠡᠯᠡ ᠦᠰᠦᠭ ᠪᠢᠴᠢᠭ ᠢ᠋ ᠤᠬᠠᠭᠤᠯᠤᠨ ᠲᠠᠢᠯᠪᠤᠷᠢᠯᠠᠬᠤ ᠦᠢᠯᠡᠴᠢᠯᠡᠭᠡᠨ᠎ᠦ ᠠᠩᠭᠢ ᠵᠢᠨ ᠬᠢᠨ ᠤᠢᠷ᠎ᠠ᠎ᠳᠤ ᠭᠠᠴᠠᠭ᠎ᠠ ᠳᠤᠰᠬᠤᠨ᠎ᠤ ᠮᠠᠯᠵᠢᠬᠤ ᠡᠷᠦᠬᠡ ᠪᠡᠷ ᠭᠦᠨᠵᠡᠭᠡᠢᠷᠡᠨ᠂ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ᠎ᠦᠨ 《ᠬᠢᠴᠢᠶᠡᠯ᠎ᠦᠨ ᠲᠠᠩᠬᠢᠮ》 ᠢ᠋ ᠮᠣᠩᠭᠣᠯ ᠭᠡᠷ᠎ᠲᠦ ᠨᠡᠭᠦᠯᠭᠡᠨ᠂ ᠦᠨᠳᠦᠰᠦᠲᠡᠨ᠎ᠦ ᠪᠦᠯᠬᠦᠮᠳᠡᠯ᠎ᠦᠨ ᠲᠠᠭᠤᠨ᠎ᠢ ᠥᠷᠭᠡᠨ ᠠᠭᠤᠳᠠᠮ ᠲᠠᠯ᠎ᠠ ᠨᠤᠲᠤᠭ᠎ᠲᠤ ᠳᠠᠮᠵᠢᠭᠤᠯᠵᠠᠢ᠃
ᠮᠠᠯᠵᠢᠬᠤ ᠣᠷᠣᠨ᠎ᠤ ᠭᠠᠵᠠᠷ ᠨᠤᠲᠤᠭ ᠥᠷᠭᠡᠨ ᠠᠭᠤᠳᠠᠮ᠂ ᠮᠠᠯᠴᠢᠳ᠎ᠤᠨ ᠰᠠᠭᠤᠷᠢᠰᠢᠯ ᠲᠠᠷᠠᠬᠠᠢ ᠪᠤᠲᠠᠷᠬᠠᠢ ᠪᠠᠢᠬᠤ ᠣᠨᠴᠠᠯᠢᠭ᠋᠎ᠲᠤ ᠴᠢᠭᠯᠡᠭᠦᠯᠦᠨ᠂ ᠤᠬᠠᠭᠤᠯᠤᠨ ᠲᠠᠢᠯᠪᠤᠷᠢᠯᠠᠬᠤ ᠦᠢᠯᠡᠴᠢᠯᠡᠭᠡᠨ᠎ᠦ ᠠᠩᠭᠢ᠎ᠶᠢᠨ ᠬᠢᠨ 《ᠨᠡᠭᠦᠳᠡᠯ ᠬᠢᠴᠢᠶᠡᠯ᠎ᠦᠨ ᠲᠠᠩᠬᠢᠮ + ᠡᠷᠦᠬᠡ᠎ᠪᠡᠷ ᠬᠦᠷᠴᠦ ᠤᠬᠠᠭᠤᠯᠤᠨ ᠲᠠᠢᠯᠪᠤᠷᠢᠯᠠᠬᠤ》 ᠵᠠᠭᠪᠤᠷ᠎ᠤᠨ ᠰᠢᠨ᠎ᠡ᠎ᠵᠢ ᠡᠭᠦᠳᠴᠦ᠂ ᠮᠠᠯᠴᠢᠳ᠎ᠤᠨ ᠮᠠᠯ ᠬᠠᠷᠢᠭᠤᠯᠬᠤ᠂ ᠡᠪᠡᠰᠦ ᠬᠠᠳᠤᠬᠤ ᠵᠡᠷᠭᠡ ᠶᠠᠭᠠᠷᠠᠯᠲᠠᠢ ᠴᠠᠭ᠎ᠠᠴᠠ ᠵᠠᠢᠯᠠᠰᠬᠢᠵᠦ᠂ ᠮᠣᠩᠭᠣᠯ ᠭᠡᠷ᠎ᠢ ᠲᠦᠬᠡᠮᠡᠯᠵᠢᠬᠦᠯᠦᠨ ᠳᠡᠯᠭᠡᠷᠡᠭᠦᠯᠬᠦ ᠠᠮᠢᠳᠤᠯᠢᠭ ᠰᠠᠢᠬᠠᠨ ᠵᠢᠭ᠍ᠰᠠᠭᠠᠯ᠎ᠤᠨ ᠭᠠᠵᠠᠷ ᠪᠣᠯᠭᠠᠪᠠ᠃ ᠤᠬᠠᠭᠤᠯᠤᠨ ᠲᠠᠢᠯᠪᠤᠷᠢᠯᠠᠭ᠍ᠴᠢᠳ ᠬᠡᠪᠰᠢᠮᠡᠯ ᠵᠢᠡᠷ ᠤᠬᠠᠭᠤᠯᠤᠨ ᠳᠠᠢᠯᠪᠤᠷᠢᠯᠠᠭᠰᠠᠨ ᠦᠬᠡᠢ ᠬᠠᠷᠢᠨ 《ᠵᠣᠭᠣᠭ ᠳᠡᠯᠭᠡᠬᠦ》 ᠳᠣᠲᠣᠨᠣ᠌ ᠬᠡᠯᠪᠡᠷᠢ᠎ᠪᠡᠷ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠲᠦᠬᠡᠮᠡᠯᠵᠢᠬᠦᠯᠦᠨ ᠳᠡᠯᠭᠡᠷᠡᠭᠦᠯᠬᠦ ᠲᠦᠷᠦ᠎ᠶᠢᠨ ᠪᠣᠳᠣᠯᠭ᠎ᠠ᠎ᠶᠢ ᠲᠠᠢᠯᠪᠤᠷᠢᠯᠠᠵᠤ᠂ ᠨᠦᠭᠦᠭᠡ ᠲᠠᠯ᠎ᠠ᠎ᠪᠠᠷ ᠦᠨᠳᠦᠰᠦᠲᠡᠨ᠎ᠦ ᠪᠦᠯᠬᠦᠮᠳᠡᠯ᠂ ᠨᠠᠮᠤᠷ ᠡᠪᠦᠯ᠎ᠤᠨ ᠤᠯᠠᠷᠢᠯ᠎ᠤᠨ ᠭᠠᠯ ᠰᠡᠷᠭᠡᠢᠯᠡᠬᠦ ᠵᠡᠷᠭᠡ ᠮᠠᠯᠴᠢᠳ᠎ᠤᠨ ᠠᠩᠬᠠᠷᠴᠤ ᠪᠠᠢᠭ᠎ᠠ ᠬᠠᠯᠠᠮᠰᠢᠯ ᠶᠠᠪᠤᠳᠠᠯ ᠤᠴᠢᠷ ᠲᠠᠢ ᠤᠶᠠᠯᠳᠤᠭᠤᠯᠵᠤ᠂ 《ᠦᠭᠡ ᠬᠡᠯᠡ ᠨᠡᠪᠲᠡᠷᠡᠯᠴᠡᠪᠡᠰᠦ ᠰᠡᠳᠬᠢᠯ ᠨᠡᠪᠲᠡᠷᠡᠯᠴᠡᠵᠦ᠂ ᠰᠡᠳᠬᠢᠯ ᠨᠡᠪᠲᠡᠷᠡᠯᠴᠡᠪᠡᠰᠦ ᠬᠠᠢᠷ᠎ᠠ ᠰᠡᠳᠬᠢᠯᠭᠡ ᠠᠭᠤᠰᠤᠯᠴᠠᠬᠤ》 ᠭᠦᠨ ᠳᠠᠪᠬᠤᠷᠭ᠎ᠠ᠎ᠶᠢᠨ ᠠᠴᠢ ᠬᠣᠯᠪᠣᠭᠳᠠᠯ᠎ᠢ ᠲᠠᠢᠯᠪᠤᠷᠢᠯᠠᠪᠠ᠃
《ᠳᠠᠨᠠᠢᠬᠢᠨ ᠮᠠᠯ ᠤᠨᠤᠭ᠎ᠠ᠎ᠪᠠᠨ ᠨᠠᠮᠤᠷᠬᠤᠳᠠᠯᠳᠤᠬᠤᠳᠤ ᠭᠠᠳᠠᠨ᠎ᠠ ᠣᠷᠣᠨ᠎ᠤ ᠬᠤᠳᠠᠯᠳᠤᠭᠠᠴᠢᠨ ᠲᠠᠢ ᠬᠠᠷᠢᠯᠴᠠᠬᠤ᠎ᠳᠤ ᠲᠦᠬᠦᠮ ᠤᠤ?》᠂ 《ᠵᠢᠭᠤᠯᠴᠢᠯᠠᠭᠰᠠᠳ ᠢ᠋ ᠬᠦᠯᠢᠶᠡᠨ ᠠᠪᠬᠤ᠎ᠳᠠᠭᠠᠨ ᠲᠠᠯ᠎ᠠ ᠨᠤᠲᠤᠭ᠎ᠤᠨ ᠥᠩᠭᠡ ᠦᠵᠡᠮᠵᠢ ᠪᠠᠨ ᠤᠯᠤᠰ᠎ᠤᠨ ᠨᠡᠢᠳᠡᠮ ᠬᠡᠷᠡᠭᠯᠡᠬᠦ ᠦᠬᠡ ᠬᠡᠯᠡ᠎ᠪᠡᠷ ᠰᠠᠢᠬᠠᠨ ᠲᠠᠨᠢᠯᠴᠠᠭᠤᠯᠵᠦ ᠲᠡᠢᠯᠦᠨ᠎ᠡ ᠤᠤ?》 ᠬᠠᠷᠢᠯᠴᠠᠨ ᠰᠣᠯᠢᠯᠴᠠᠬᠤ ᠭᠣᠭᠴᠣᠭ᠎ᠠ᠎ᠳᠤ᠂ ᠤᠬᠠᠭᠤᠯᠤᠨ ᠲᠠᠢᠯᠪᠤᠷᠢᠯᠠᠭ᠍ᠴᠢ ᠡᠴᠡ ᠮᠠᠯ᠎ᠤᠨ ᠠᠷᠠᠯᠵᠢᠶ᠎ᠠ᠂ ᠵᠢᠭᠤᠯᠴᠢᠯᠠᠭᠰᠠᠳ᠎ᠢ ᠵᠤᠴᠢᠯᠠᠬᠤ᠂ ᠵᠠᠰᠠᠭ᠎ᠤᠨ ᠶᠠᠪᠤᠳᠠᠯ᠎ᠤᠨ ᠭᠠᠷ ᠭᠦᠢᠴᠡᠳᠬᠡᠯ ᠬᠢᠬᠦ ᠵᠡᠷᠬᠡ ᠤᠯᠠᠨ ᠳᠤᠬᠢᠶᠠᠯᠳᠤᠬᠤ ᠠᠬᠤᠢ ᠤᠷᠴᠢᠨ ᠳᠠᠢ ᠤᠶᠠᠯᠳᠤᠭᠤᠯᠤᠨ᠂ ᠮᠠᠯᠴᠢᠳ᠎ᠲᠤ ᠤᠯᠤᠰ᠎ᠤᠨ ᠨᠡᠢᠳᠡᠮ ᠬᠡᠷᠡᠭᠯᠡᠬᠦ ᠦᠬᠡ ᠬᠡᠯᠡ ᠦᠰᠦᠭ ᠪᠢᠴᠢᠭ᠎ᠢ ᠵᠢᠭᠠᠵᠤ ᠥᠭᠬᠦ᠎ᠶᠢᠨ ᠬᠠᠮᠲᠤ ᠲᠤᠬᠠᠢ᠎ᠶᠢᠨ ᠲᠠᠯᠠᠪᠠᠢ᠎ᠳᠤ ᠤᠬᠠᠭᠤᠯᠭ᠎ᠠ᠎ᠶᠢᠨ ᠭᠠᠷᠤᠨ ᠠᠪᠤᠯᠭ᠎ᠠ ᠪᠣᠯᠣᠨ ᠤᠬᠠᠭᠤᠯᠭ᠎ᠠ ᠵᠢᠨ ᠬᠠᠭᠤᠳᠠᠰᠦ ᠲᠠᠷᠬᠠᠭᠠᠵᠤ᠂ ᠮᠠᠯᠴᠢᠳ ᠢ᠋ ᠪᠣᠳᠠᠲᠠᠢ ᠪᠣᠯᠪᠠᠰᠤᠷᠠᠯᠵᠢᠡᠷ ᠳᠠᠮᠵᠢᠨ ᠦᠭᠡ ᠬᠡᠯᠡᠨ᠎ᠦ ᠤᠷ᠎ᠠ ᠮᠡᠷᠭᠡᠵᠢᠯ᠎ᠢ ᠡᠵᠡᠮᠰᠢᠭᠦᠯᠤᠯᠡ᠃ 《ᠤᠯᠤᠰ᠎ᠤᠨ ᠨᠡᠢᠳᠡᠮ ᠬᠡᠷᠡᠭᠯᠡᠬᠦ ᠦᠬᠡ ᠬᠡᠯᠡ ᠦᠰᠦᠭ ᠪᠢᠴᠢᠭ᠎ᠢ ᠰᠠᠢᠲᠤᠷ ᠶᠠᠷᠢᠵᠤ ᠴᠢᠳᠠᠬᠤ ᠨᠢ ᠮᠠᠯ ᠵᠢᠡᠨ ᠬᠤᠳᠠᠯᠳᠤᠬᠤ ᠪᠤᠶᠤ ᠬᠤᠳᠠᠯᠳᠤᠭᠠᠴᠢᠳ᠎ᠲᠠᠢ ᠬᠠᠷᠢᠯᠴᠠᠬᠤ᠎ᠳᠤ ᠮᠠᠰᠢ ᠲᠦᠭᠦᠮ ᠪᠠᠢᠳᠠᠭ᠂ ᠨᠡᠩ ᠤᠯᠠᠨ ᠨᠤᠲᠤᠭ᠎ᠤᠨ ᠠᠬ᠎ᠠ ᠳᠡᠭᠦᠦ ᠨᠠᠷ᠎ᠤᠨ ᠤᠯᠤᠰ᠎ᠤᠨ ᠨᠡᠢᠳᠡᠮ ᠬᠡᠷᠡᠭᠯᠡᠬᠦ ᠦᠬᠡ ᠬᠡᠯᠡ ᠦᠰᠦᠭ ᠪᠢᠴᠢᠭ ᠢ᠋ ᠰᠠᠢᠲᠤᠷ ᠰᠤᠷᠴᠤ ᠬᠡᠷᠡᠭᠯᠡᠬᠦ᠎ᠶᠢ ᠬᠦᠰᠡᠵᠦ ᠪᠠᠢᠨ᠎ᠠ》 ᠬᠡᠵᠦ ᠪᠠᠷᠠᠭᠤᠨ ᠦᠵᠦᠭᠦᠷ ᠰᠤᠮᠤ᠎ᠶᠢᠨ ᠰᠠᠷᠠᠭᠤᠯ ᠳᠠᠯ᠎ᠠ ᠭᠠᠴᠠᠭ᠎ᠠ᠎ᠶᠢᠨ ᠮᠠᠯᠴᠢᠨ ᠲᠠᠪᠠᠯᠭᠠᠨ ᠬᠠᠷᠠᠬᠠᠨ ᠪᠠᠭ᠎ᠠ᠎ᠠᠴᠠ᠎ᠪᠠᠨ ᠤᠯᠤᠰ᠎ᠤᠨ ᠨᠡᠢᠳᠡᠮ ᠬᠡᠷᠡᠭᠯᠡᠬᠦ ᠦᠬᠡ ᠬᠡᠯᠡ ᠦᠰᠦᠭ ᠪᠢᠴᠢᠭ᠎ᠢ ᠰᠤᠷᠴᠤ ᠪᠠᠢᠭᠰᠠᠨ ᠳᠤᠬᠠᠢ ᠲᠤᠷᠰᠢᠯᠭ᠎ᠠ᠎ᠪᠠᠨ ᠬᠤᠪᠢᠶᠠᠯᠴᠠᠨ᠎ᠠ᠃
《ᠪᠢᠳᠡ ᠮᠠᠯᠴᠢᠳ ᠢ᠋ ᠤᠯᠤᠰ᠎ᠤᠨ ᠨᠡᠢᠳᠡᠮ ᠬᠡᠷᠡᠭᠯᠡᠬᠦ ᠦᠬᠡ ᠬᠡᠯᠡ ᠦᠰᠦᠭ ᠪᠢᠴᠢᠭ ᠵᠢᠡᠷ ᠬᠡᠯᠡᠵᠦ ᠶᠠᠷᠢᠵᠤ ᠬᠡᠷᠡᠭᠯᠡᠵᠦ ᠴᠢᠳᠠᠬᠤ ᠪᠤᠯᠭᠠᠬᠤ ᠵᠢᠨ ᠵᠡᠷᠬᠡ ᠪᠡᠷ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠪᠣᠯ ᠦᠨᠳᠦᠰᠦᠲᠡᠨᠨᠤᠬᠦᠳᠤᠨ ᠰᠣᠯᠢᠯᠴᠠᠭᠠᠨ᠎ᠤ 〈ᠰᠡᠳᠬᠢᠯ᠎ᠤᠨ ᠬᠤᠯᠪᠤᠭᠠᠰᠤ ᠬᠥᠭᠥᠷᠭᠡ〉 ᠪᠤᠯᠬᠤ ᠵᠢ ᠣᠯᠠᠨ᠎ᠳᠤ ᠤᠢᠯᠠᠭᠠᠭᠤᠯᠤᠨ᠎ᠠ》 ᠭᠡᠵᠦ ᠬᠠᠭᠤᠴᠢᠨ ᠪᠠᠷᠭᠤ ᠬᠣᠰᠢᠭᠤᠨ᠎ᠤ ᠨᠠᠮ᠎ᠤᠨ ᠬᠣᠷᠢᠶᠠᠨ᠎ᠤ ᠨᠠᠮ᠎ᠤᠨ ᠰᠤᠷᠭᠠᠭᠤᠯᠢ᠎ᠶᠢᠨ ᠪᠠᠭ᠍ᠰᠢ ᠵᠢᠩ ᠵᠢᠩ ᠶᠠᠷᠢᠬᠤ ᠵᠢᠨ ᠳᠠᠭᠠᠤ ᠳ᠋ᠤ᠂ ᠡᠷᠦᠭᠡ᠎ᠳᠦ ᠬᠦᠷᠴᠦ ᠤᠬᠠᠭᠤᠯᠤᠨ ᠲᠠᠢᠯᠪᠤᠷᠢᠯᠠᠬᠤ᠎ᠶᠢᠨ ᠭᠣᠣᠯᠳᠠᠯᠭ᠎ᠠ ᠪᠣᠯ ᠮᠠᠯᠴᠢᠳ᠎ᠲᠤ ᠦᠭᠡ ᠬᠡᠯᠡᠨ᠎ᠦ ᠲᠠᠯ᠎ᠠ᠎ᠪᠠᠷ ᠬᠢ ᠲᠦᠭᠦᠮ ᠨᠥᠬᠥᠴᠡᠯ᠎ᠢ ᠦᠨᠡᠨᠬᠦ ᠮᠡᠳᠡᠷᠡᠭᠦᠯᠵᠦ᠂ ᠡᠭᠦᠨ᠎ᠦ ᠤᠯᠠᠮ᠎ᠢᠶᠠᠷ ᠦᠨᠳᠦᠰᠦᠲᠡᠨ᠎ᠨᠦᠭᠦᠳ᠎ᠦᠨ ᠬᠠᠢᠷ᠎ᠠ ᠰᠡᠳᠬᠢᠯᠭᠡ᠎ᠶᠢᠨ ᠠᠭᠤᠰᠤᠯᠴᠠᠯ᠎ᠢ ᠠᠬᠢᠭᠤᠯᠬᠤ ᠶᠠᠪᠤᠳᠠᠯ ᠪᠣᠯᠣᠨ᠎ᠠ ᠬᠡᠯᠡ᠃
ᠲᠣᠰ ᠤᠳᠠᠭᠠᠨ᠎ᠤ ᠡᠷᠦᠬᠡ᠎ᠳᠦ ᠬᠦᠷᠴᠦ ᠤᠬᠠᠭᠤᠯᠤᠨ ᠲᠠᠢᠯᠪᠤᠷᠢᠯᠠᠬᠤ ᠠᠵᠢᠯᠯᠠᠭ᠎ᠠ ᠨᠢ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ᠎ᠦᠨ ᠲᠦᠬᠡᠮᠡᠯᠵᠢᠬᠦᠯᠦᠯᠳᠡ᠎ᠶᠢᠨ 《ᠡᠴᠦᠰ᠎ᠦᠨ ᠨᠢᠭᠡ ᠺᠢᠯᠣᠮᠧᠲᠷ》 ᠢ᠋ ᠨᠡᠪᠲᠡᠷᠡᠭᠦᠯᠦᠭᠰᠡᠨ᠎ᠢᠶᠡᠷ ᠪᠠᠷᠠᠬᠤ ᠦᠭᠡᠢ ᠨᠠᠩ ᠴᠤ᠌ ᠦᠭᠡ ᠬᠡᠯᠡ᠎ᠪᠡᠷ ᠬᠣᠯᠪᠣᠭᠠᠰᠤ ᠪᠣᠯᠭᠠᠵᠤ᠂ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠦ ᠰᠡᠳᠬᠢᠯ᠎ᠦᠨ ᠵᠠᠢ᠎ᠶᠢ ᠣᠢᠷᠠᠲᠤᠭᠤᠯᠵᠠᠢ᠃ ᠣᠳᠣᠬᠠᠨ᠎ᠳᠤ᠂ ᠬᠠᠭᠤᠴᠢᠨ ᠪᠠᠷᠭᠤ᠎ᠶᠢᠨ ᠲᠠᠯ᠎ᠠ ᠨᠤᠲᠤᠭ᠎ᠲᠤ ᠦᠨᠳᠦᠰᠦᠲᠡᠨ᠎ᠦ ᠪᠦᠯᠬᠦᠮᠳᠡᠯ᠎ᠦᠨ ᠲᠠᠭᠤᠨ ᠪᠣᠯᠣᠨ ᠬᠥᠳᠡᠭᠡᠨᠤᠳᠤᠭᠤᠨ ᠤᠶᠠᠩᠭᠠᠳᠦ ᠲᠠᠭᠤᠨ ᠰᠦᠯᠵᠢᠯᠳᠦᠵᠦ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠬᠦᠴᠦᠨ ᠨᠡᠮᠡᠷᠢᠯᠡᠬᠦ᠂ ᠬᠥᠭᠵᠢᠯᠲᠡ᠎ᠶᠢᠨ ᠬᠠᠮᠲᠤᠷᠠᠯ᠎ᠤᠨ ᠬᠦᠴᠦᠨ᠎ᠢ ᠨᠢᠭ᠍ᠲᠠᠷᠠᠭᠤᠯᠬᠤ᠎ᠶᠢᠨ ᠠᠮᠢᠳᠤᠯᠢᠭ᠋ ᠵᠢᠷᠤᠬᠯᠠᠯ ᠪᠣᠯᠵᠠᠢ᠃