ᠤᠢ᠍ᠢᠷ᠎ᠡ᠎ᠶ᠋ᠢᠨ ᠵᠢᠯ᠎ᠡᠴᠡ᠂ ᠬᠥᠬᠡᠬᠣᠲᠠ᠎ᠶ᠋ᠢᠨ ᠬᠣᠲᠣᠩ ᠠᠷᠠᠳ᠎ᠤᠨ ᠲᠣᠭᠣᠷᠢᠭ ᠣᠷᠣᠨ᠎ᠤ ᠲᠥᠪ ᠬᠤᠳᠠ᠎ᠶ᠋ᠢᠨ 《ᠨᠢᠭᠡ ᠬᠤᠩᠬᠢᠯ ᠬᠣᠶᠠᠷ ᠲᠡᠩᠭᠡᠯᠢᠭ ᠲᠠᠪᠤᠨ ᠪᠦᠰᠡ》 ᠵᠢᠨ ᠰᠣᠶᠣᠯ ᠵᠢᠭᠤᠯᠴᠢᠯᠠᠯ᠎ᠤᠨ ᠠᠵᠤ ᠦᠢᠯᠡᠰ᠎ᠦᠨ ᠬᠥᠭ᠌ᠵᠢᠯᠲᠡ᠎ᠶ᠋ᠢᠨ ᠣᠷᠣᠨ ᠵᠠᠢ᠎ᠶ᠋ᠢᠨ ᠲᠥᠯᠥᠪᠵᠢᠭᠦᠯᠭᠡ᠎ᠶ᠋ᠢᠨ ᠲᠣᠭᠣᠷᠢᠨ᠎ᠳᠤ᠂ ᠵᠦᠩᠱᠠᠨ ᠪᠠᠷᠠᠭᠤᠨ ᠵᠠᠮ᠎ᠤᠨ ᠬᠤᠳᠠᠯᠳᠤᠭᠠᠨ᠎ᠤ ᠲᠣᠭᠣᠷᠢᠭ᠎ᠢᠶᠠᠷ ᠭᠣᠣᠯ ᠲᠡᠩᠭᠡᠯᠢᠭ ᠪᠣᠯᠭᠠᠵᠤ᠂ ᠵᠤᠸᠠᠨ ᠵᠢᠶᠤᠤ ᠭᠤᠳᠤᠮᠵᠢ᠂ ᠺᠤᠸᠠᠨ ᠰᠢᠶᠠᠩ ᠽᠢ ᠭᠤᠳᠤᠮᠵᠢ᠂ ᠴᠢᠩ ᠺᠠᠢ ᠴᠢᠶᠣᠤ ᠬᠥᠭᠥᠷᠭᠡ᠂ ᠨᠢᠤ ᠵᠢᠶᠧ ᠵᠡᠭᠡᠯᠢ ᠵᠡᠷᠭᠡ ᠰᠣᠶᠣᠯ ᠵᠢᠭᠤᠯᠴᠢᠯᠠᠯ᠎ᠤᠨ ᠠᠮᠲᠠᠲᠤ ᠢᠳᠡᠭᠡᠨ᠎ᠦ ᠵᠡᠭᠡᠯᠢ ᠵᠢᠨ ᠲᠣᠭᠣᠷᠢᠭ᠎ᠢ ᠬᠣᠯᠪᠣᠵᠤ᠂ ᠬᠤᠳᠠ ᠵᠢᠨ ᠲᠣᠭᠣᠷᠢᠭ᠎ᠤᠨ ᠵᠢᠭᠤᠯᠴᠢᠯᠠᠨ ᠲᠣᠭᠣᠷᠢᠬᠤ ᠲᠣᠳᠣᠷᠬᠠᠢ ᠵᠠᠮ ᠱᠤᠭᠤᠮ ᠢ᠋ ᠠᠭᠠᠵᠢᠮ᠎ᠢᠶᠠᠷ ᠪᠦᠷᠢᠯᠳᠦᠬᠦᠯᠵᠦ᠍᠂ ᠬᠤᠳᠠ᠎ᠶ᠋ᠢᠨ ᠠᠷᠠᠳ ᠪᠣᠯᠤᠨ ᠵᠢᠭᠤᠯᠴᠢᠯᠠᠭᠰᠠᠳ᠎ᠲᠤ ᠰᠣᠶᠣᠯ᠎ᠤᠨ ᠠᠭᠤᠷ ᠠᠮᠢᠰᠬᠤᠯ ᠪᠣᠯᠤᠨ ᠴᠠᠭ ᠦᠶ᠎ᠡ᠎ᠶ᠋ᠢᠨ ᠠᠮᠢᠵᠢᠷᠠᠯ᠎ᠤᠨ ᠬᠦᠴᠦᠨ᠎ᠢ ᠤᠶᠠᠯᠳᠤᠭᠤᠯᠤᠭᠰᠠᠨ ᠬᠤᠳᠠ ᠵᠢᠨ ᠲᠣᠭᠣᠷᠢᠭ᠎ᠤᠨ 《ᠰᠣᠶᠣᠯ ᠵᠢᠭᠤᠯᠴᠢᠯᠠᠯ᠎ᠤᠨ ᠪᠦᠷᠢᠨ ᠵᠢᠷᠤᠭ》 ᠢ᠋ ᠵᠢᠷᠤᠭ᠍ᠯᠠᠪᠠ᠃
ᠵᠦᠩᠱᠠᠨ ᠪᠠᠷᠠᠭᠤᠨ ᠵᠠᠮ᠎ᠤᠨ ᠬᠤᠳᠠᠯᠳᠤᠭᠠᠨ᠎ᠤ ᠲᠣᠭᠣᠷᠢᠭ ᠨᠢ ᠬᠥᠬᠡᠬᠣᠲᠠ᠎ᠶ᠋ᠢᠨ ᠬᠤᠳᠠᠯᠳᠤᠭᠠᠨ᠎ᠤ ᠭᠣᠣᠯ ᠲᠣᠭᠣᠷᠢᠭ᠎ᠲᠤ ᠪᠠᠢᠷᠢᠯᠠᠵᠤ᠂ 1.83 ᠲᠡᠭ᠌ᠰᠢ ᠳᠥᠷᠪᠡᠯᠵᠢᠨ ᠺᠢᠯᠤᠮᠸᠲᠷ ᠭᠠᠵᠠᠷ ᠡᠵᠡᠯᠡᠵᠦ᠂ ᠬᠤᠳᠠᠯᠳᠤᠭᠠᠨ ᠤ᠋ ᠲᠤᠭᠤᠷᠢᠭ᠎ᠤᠨ ᠲᠠᠯᠠᠪᠠᠢ ᠨᠢ 122 ᠲᠦᠮᠡᠨ ᠲᠡᠭ᠌ᠰᠢ ᠳᠥᠷᠪᠡᠯᠵᠢᠨ ᠮᠸᠲᠷ ᠪᠠᠢᠵᠤ᠂ ᠡᠭᠦᠨ᠎ᠳᠦ ᠲᠤᠮᠤ ᠬᠡᠯᠪᠡᠷᠢ᠎ᠶ᠋ᠢᠨ ᠬᠤᠳᠠᠯᠳᠤᠭᠠᠨ᠎ᠤ ᠲᠡᠯᠭᠡᠭᠦᠷ 17 ᠪᠤᠯᠵᠤ᠂ ᠤᠯᠠᠨ ᠡᠵᠡᠩᠨᠡᠯᠲᠡ᠎ᠶ᠋ᠢᠨ ᠬᠡᠯᠪᠡᠷᠢ ᠲᠥᠪᠯᠡᠷᠡᠨ ᠲᠠᠷᠬᠠᠵᠤ ᠪᠤᠢ᠃
ᠰᠣᠶᠣᠯ ᠬᠤᠳᠠᠯᠳᠤᠭ᠎ᠠ ᠵᠢᠭᠤᠯᠴᠢᠯᠠᠯ᠎ᠤᠨ ᠦᠢᠯᠡᠰ᠎ᠦᠨ ᠲᠦᠷᠭᠡᠨ ᠬᠥᠭ᠌ᠵᠢᠯᠲᠡ᠎ᠶ᠋ᠢᠨ ᠪᠠᠢᠳᠠᠯ᠎ᠢ ᠠᠱᠢᠭ᠍ᠯᠠᠵᠤ᠂ ᠬᠣᠲᠣᠩ ᠠᠷᠠᠳ᠎ᠤᠨ ᠲᠣᠭᠣᠷᠢᠭᠣᠷᠣᠨᠤ ᠲᠥᠪ᠎ᠦᠨ ᠬᠤᠳᠠᠯᠳᠤᠭᠠᠨ᠎ᠤ ᠭᠣᠣᠯ ᠲᠣᠭᠣᠷᠢᠭ᠎ᠤᠨ ᠬᠦᠳᠦᠯᠦᠨ ᠳᠠᠭᠠᠭᠤᠯᠬᠤ ᠦᠢᠯᠡᠳᠦᠯ᠎ᠢ ᠭᠦᠢᠴᠡᠳ ᠪᠠᠳᠠᠷᠠᠭᠤᠯᠵᠤ᠂ ᠵᠦᠩᠱᠠᠨ ᠪᠠᠷᠠᠭᠤᠨ ᠵᠠᠮ᠎ᠤᠨ ᠬᠤᠳᠠᠯᠳᠤᠭᠠᠨ᠎ᠤ ᠲᠣᠭᠣᠷᠢᠭ ᠵᠢᠴᠢ ᠡᠷᠬᠢᠨ ᠲᠣᠭᠣᠷᠢᠨ᠎ᠤ 《ᠪᠢᠴᠢᠯ ᠥᠭᠡᠷᠡᠴᠢᠯᠡᠯᠲᠡ᠂ ᠨᠠᠷᠢᠯᠢᠭ ᠳᠡᠭᠡᠭ᠌ᠰᠢᠯᠡᠯᠲᠡ》 ᠵᠢ ᠭᠦᠨᠵᠡᠭᠡᠢ ᠠᠬᠢᠭᠤᠯᠵᠤ᠂ ᠰᠣᠶᠣᠯ ᠬᠤᠳᠠᠯᠳᠤᠭ᠎ᠠ ᠵᠢᠭᠤᠯᠴᠢᠯᠠᠯ᠎ᠤᠨ ᠠᠭᠤᠰᠤᠯᠴᠠᠯ᠎ᠢ ᠭᠦᠨᠵᠡᠭᠡᠢᠷᠡᠭᠦᠯᠪᠡ᠃ᠨᠠᠷᠠ ᠱᠢᠩᠭᠡᠬᠦ᠌ ᠦᠶ᠎ᠡ᠎ᠪᠡᠷ᠂ ᠵᠦᠩᠱᠠᠨ ᠪᠠᠷᠠᠭᠤᠨ ᠵᠠᠮ᠎ᠤᠨ ᠬᠤᠳᠠᠯᠳᠤᠭᠠᠨ᠎ᠤ ᠲᠣᠭᠣᠷᠢᠭ᠎ᠤᠨ ᠵᠤᠸᠠᠨ ᠵᠢᠶᠤᠤ ᠭᠤᠳᠤᠮᠵᠢ ᠨᠢ ᠨᠢᠭᠡ ᠡᠳᠦᠷ᠎ᠦᠨ ᠬᠠᠮᠤᠭ᠎ᠤᠨ ᠶᠠᠭᠠᠷᠠᠤ ᠴᠠᠭ᠎ᠢᠶᠠᠨ ᠤᠭ᠍ᠲᠤᠨ ᠠᠪᠤᠯ᠎ᠠ᠃
ᠬᠥᠬᠡᠬᠣᠲᠠ᠎ᠶ᠋ᠢᠨ ᠠᠩᠬᠠᠳᠠᠭ᠍ᠴᠢ HI - BOX ᠴᠢᠩᠭᠡᠯᠢᠭ᠎ᠦᠨ ᠣᠨᠴᠠᠯᠢᠭ᠍ᠲᠤ ᠤᠷᠤᠰᠭᠠᠯᠲᠤ ᠵᠤᠭ᠎ᠠ ᠴᠡᠩᠬᠡᠯ ᠤ᠋ᠨ ᠶᠠᠪᠠᠭᠠᠨ ᠵᠡᠭᠡᠯᠢ ᠪᠣᠯᠤᠭ᠍ᠰᠠᠨ᠎ᠤ ᠬᠤᠪᠢ᠎ᠳᠤ᠂ ᠵᠤᠸᠠᠨ ᠵᠢᠶᠤᠤ ᠭᠤᠳᠤᠮᠵᠢ᠎ᠶ᠋ᠢᠨ ᠣᠷᠳᠣᠨ᠎ᠢ 240 ᠮᠧᠲ᠋ᠷ᠂ ᠡᠵᠡᠯᠡᠬᠦ ᠲᠠᠯᠠᠪᠠᠶ᠎ᠨᠢ 5000 ᠲᠡᠭ᠌ᠰᠢ ᠳᠥᠷᠪᠡᠯᠵᠢᠨ ᠮᠧᠲ᠋ᠷ ᠣᠷᠴᠢᠮ ᠪᠠᠢᠵᠤ᠂ ᠪᠠᠷᠠᠭ᠎ᠠ ᠬᠤᠳᠠᠯᠳᠤᠨ ᠠᠪᠬᠤ᠂ ᠵᠤᠭ᠎ᠠ ᠴᠡᠩᠭᠡᠯ᠂ ᠢᠳᠡᠭᠡᠨ ᠤᠮᠳᠠᠭᠠᠨ᠂ ᠰᠡᠯᠡᠭᠦᠴᠡᠯᠢ ᠨᠢᠭᠡ ᠴᠣᠭ᠍ᠴᠠᠵᠢᠭᠤᠯᠵᠤ᠂ ᠬᠣᠲᠠ᠎ᠶ᠋ᠢᠨ ᠠᠷᠠᠳ᠂ ᠵᠢᠭᠤᠯᠴᠢᠯᠠᠭᠰᠠᠳ᠎ᠲᠤ ᠠᠯᠭᠤᠷ ᠵᠢᠭᠤᠯᠴᠢᠯᠠᠨ ᠲᠤᠭᠤᠷᠢᠬᠤ ᠪᠡᠶᠡᠴᠢᠯᠡᠨ ᠤᠢᠯᠠᠭᠠᠯᠳᠠ ᠬᠦᠷᠳᠡᠬᠦ ᠵᠢ ᠪᠠᠶᠡᠯᠡᠬᠦᠯᠦᠭᠰᠡᠨᠤ ᠬᠠᠮᠲᠤ᠂ ᠪᠠᠰᠠ ᠬᠥᠬᠡᠬᠣᠲᠠ᠎ᠶ᠋ᠢᠨ ᠬᠠᠮᠤᠭ᠎ᠤᠨ ᠱᠢᠨ᠎ᠡ ᠬᠣᠲᠠ᠎ᠶ᠋ᠢᠨ ᠠᠭᠤᠯᠵᠠᠯᠲᠠ᠎ᠶ᠋ᠢᠨ ᠲᠢᠩᠬᠢᠮ ᠪᠣᠯᠵᠣ᠂ ᠰᠣᠶᠣᠯ ᠵᠢᠭᠤᠯᠴᠢᠯᠠᠯ᠎ᠤᠨ ᠤᠷᠤᠰᠭᠠᠯᠲᠤ ᠵᠤᠭ᠎ᠠ ᠴᠡᠩᠬᠡᠯ ᠤ᠋ᠨ ᠱᠢᠨ᠎ᠡ ᠪᠡᠯᠭᠡ ᠲᠡᠮᠳᠡᠭ ᠪᠣᠯᠤᠭ᠍ᠰᠠᠨ ᠪᠠᠢᠨ᠎ᠠ᠃
《ᠡᠨᠡ ᠪᠣᠯ ᠲᠠᠨ᠎ᠤ ᠵᠠᠬᠢᠶᠠᠯᠠᠭ᠍ᠰᠠᠨ ᠺᠣᠹᠧ》᠃ ᠵᠤᠸᠠᠨ ᠵᠢᠶᠤᠤ ᠭᠤᠳᠤᠮᠵᠢ ᠵᠢᠨ ᠨᠢᠭᠡᠨ ᠺᠣᠹᠧᠶ᠋ᠢᠨ ᠮᠤᠬᠤᠯᠠᠭᠲᠤ᠂ ᠭᠣᠣᠯ ᠬᠠᠷᠢᠭᠤᠴᠠᠯᠭᠠᠲᠠᠨ ᠰᠦᠩ ᠴᠢᠶᠠᠨ ᠺᠣᠹᠧ ᠪᠠᠨ ᠪᠦᠷᠢᠬᠦ ᠵᠢᠨ ᠲᠠᠭᠠᠤ ᠵᠢᠶᠠᠩᠰᠦ᠎ᠶ᠋ᠢᠨ ᠵᠢᠭᠤᠯᠴᠢᠯᠠᠭᠴᠢ ᠸᠠᠩ ᠸᠸᠢ ᠵᠢᠨ ᠠᠰᠠᠭᠤᠯᠲᠠ᠎ᠶ᠋ᠢ ᠬᠠᠷᠢᠭᠤᠯᠤᠨ᠎ᠠ᠃ 《ᠲᠠ᠎ᠨᠠᠷ ᠵᠤᠸᠠᠨ ᠵᠢᠶᠤᠤ ᠭᠤᠳᠤᠮᠵᠢ᠎ᠶ᠋ᠢ ᠲᠣᠭᠣᠷᠢᠵᠤ ᠪᠠᠷᠠᠭᠠᠳ᠂ ᠪᠠᠷᠠᠭᠤᠨᠰᠢ᠎ᠪᠠᠨ ᠵᠦᠩᠱᠠᠨ ᠪᠠᠷᠠᠭᠤᠨ ᠵᠠᠮ᠎ᠤᠨ ᠶᠠᠪᠠᠭᠠᠨ ᠵᠡᠭᠡᠯᠢ᠂ ᠺᠤᠸᠠᠨ ᠱᠢᠶᠠᠩ ᠽᠢ ᠭᠤᠳᠤᠮᠵᠢ᠂ ᠴᠢᠩ ᠺᠠᠶ ᠴᠢᠶᠣᠤ ᠬᠦᠬᠦᠷᠭᠡ᠂ ᠨᠢᠤ ᠵᠢᠶᠧ ᠵᠡᠭᠡᠯᠢ ᠵᠡᠷᠭᠡ ᠵᠠᠮ ᠱᠤᠭᠤᠮ᠎ᠢᠶᠠᠷ ᠲᠣᠭᠣᠷᠢᠪᠠᠯ᠂ ᠭᠤᠴᠤ ᠰᠠᠢᠬᠠᠨ ᠪᠡᠶᠡᠴᠢᠯᠡᠨ ᠤᠢᠯᠠᠭᠠᠯᠳᠠ ᠬᠦᠷᠳᠡᠵᠤ ᠪᠤᠯᠬᠤ ᠶᠤᠮ》 ᠭᠡᠪᠡ᠃ ᠰᠦᠩ ᠴᠢᠶᠠᠨ᠎ᠤ ᠬᠠᠯᠠᠭᠤᠮᠰᠤᠭ ᠲᠠᠨᠢᠯᠴᠠᠭᠤᠯᠭ᠎ᠠ ᠪᠡᠷ ᠸᠠᠩ ᠸᠧᠢ ᠨᠠᠢᠵᠠ᠎ᠨᠠᠷ᠎ᠲᠠᠶ᠎ᠪᠠᠨ ᠵᠠᠭᠤᠨ ᠵᠢᠯ᠎ᠦᠨ ᠲᠡᠤᠬᠡ ᠲᠠᠢ ᠠᠮᠲᠠᠲᠤ ᠢᠳᠡᠭᠡᠨ᠎ᠦ ᠵᠡᠭᠡᠯᠢ ᠭᠤᠳᠤᠮᠵᠢ ᠪᠤᠯᠬᠤ ᠺᠤᠸᠠᠨ ᠱᠢᠶᠠᠩ ᠽᠢ ᠭᠤᠳᠤᠮᠵᠢ ᠳ᠋ᠤ ᠬᠦᠷᠴᠦ᠍ ᠤᠴᠢᠪᠠ᠃
《ᠪᠢᠳᠡ ᠵᠠᠮ ᠲᠤᠵᠢ ᠬᠠᠭ᠍ᠰᠠᠭᠠᠮᠠᠯ ᠪᠤᠤᠪᠤ᠂ ᠪᠣᠷᠴᠠ᠂ ᠱᠢᠷᠠᠭ᠍ᠰᠠᠨ ᠲᠠᠬᠢᠶ᠎ᠠ᠂ ᠱᠢᠩᠭᠡᠨ ᠵᠢᠮᠢᠰ᠎ᠦᠨ ᠡᠭᠡᠳᠡᠩ᠂ ᠠᠮᠲᠠᠲᠤ ᠰᠠᠮ ᠪᠣᠭᠣᠷᠰᠣᠭ᠂ ᠰᠦᠯᠵᠢᠮᠡᠯ ᠪᠤᠤᠪᠤ᠂ ᠮᠤᠰᠭᠢᠮᠠᠯ ᠪᠤᠤᠪᠤ ᠵᠡᠷᠭᠡ ᠵᠢ ᠬᠤᠳᠠᠯᠳᠤᠨ ᠠᠪᠴᠤ᠌᠂ ᠥᠪᠡᠷᠮᠢᠴᠡ ᠣᠨᠴᠠᠯᠢᠭ᠎ᠲᠠᠶ ᠢᠳᠡᠭᠡᠨ ᠨᠢ ᠪᠢᠳᠡᠨ᠎ᠢ ᠮᠠᠰᠢ ᠭᠠᠢᠬᠠᠰᠢᠷᠠᠭᠤᠯᠪᠠ》 ᠭᠡᠵᠦ᠍ ᠸᠠᠩ ᠸᠧᠢ ᠪᠠᠶᠠᠷᠯᠠᠨ ᠬᠡᠯᠡᠪᠡ᠃
ᠬᠣᠲᠣᠩ ᠠᠷᠠᠳ᠎ᠤᠨ ᠲᠣᠭᠣᠷᠢᠭ᠎ᠤᠨ ᠢᠳᠡᠭᠡᠨ ᠤᠮᠳᠠᠭᠠᠨ᠎ᠤ ᠦᠢᠯᠡᠰ᠎ᠤᠨ ᠪᠠᠢᠳᠠᠯ ᠡᠯᠪᠡᠭ ᠪᠠᠶᠠᠯᠢᠭ ᠪᠠᠢᠵᠤ᠂ ᠺᠤᠸᠠᠨ ᠰᠢᠶᠠᠩ ᠽᠢ ᠭᠤᠳᠤᠮᠵᠢ ᠨᠢ ᠬᠣᠲᠣᠩ ᠠᠷᠠᠳ᠎ᠤᠨ ᠲᠣᠭᠣᠷᠢᠭ᠎ᠤᠨ ᠴᠢᠬᠤᠯᠠ ᠬᠤᠳᠠᠯᠳᠤᠭᠠᠨ᠎ᠤ ᠵᠡᠭᠡᠯᠢ ᠲᠣᠭᠣᠷᠢᠭ᠎ᠤᠨ ᠨᠢᠭᠡ ᠪᠣᠯᠤᠭ᠍ᠰᠠᠨ᠎ᠤ ᠬᠤᠪᠢ᠎ᠳᠤ᠂ ᠨᠢᠭᠡᠨᠲᠡ ᠵᠠᠭᠤ ᠭᠠᠷᠤᠢ ᠵᠢᠯ᠎ᠤᠨ ᠲᠡᠦᠬᠡ᠎ᠲᠡᠶ ᠪᠤᠯᠵᠤ᠂ ᠬᠥᠬᠡᠬᠣᠲᠠ᠎ᠶ᠋ᠢᠨ ᠬᠡᠳᠦᠨ ᠦᠶ᠎ᠡ᠎ᠶ᠋ᠢᠨ ᠬᠥᠮᠦᠰ᠎ᠤᠨ ᠰᠡᠳᠬᠢᠯ ᠤ᠋ᠨ ᠭᠦᠨ᠎ᠳᠡᠬᠢ ᠦᠨᠦᠷ ᠠᠮᠲᠠ᠎ᠶ᠋ᠢ ᠠᠴᠢᠶᠠᠯᠠᠵᠤ᠂ ᠬᠣᠲᠣᠩ ᠠᠷᠠᠳ᠎ᠤᠨ ᠲᠣᠭᠣᠷᠢᠭ᠎ᠤᠨ ᠰᠣᠶᠣᠯ ᠢᠷᠭᠡᠨᠱᠢᠯ ᠨᠡᠢᠭᠡᠮ᠎ᠤᠨ ᠬᠤᠪᠢᠷᠠᠯᠲᠠ᠎ᠶ᠋ᠢ ᠭᠡᠷᠡᠴᠢᠯᠡᠵᠦ᠍᠂ ᠤᠳᠤ ᠦᠶ᠎ᠡ᠎ᠶ᠋ᠢᠨ ᠬᠤᠳᠠᠯᠳᠤᠭᠠᠨ᠎ᠤ ᠬᠥᠭ᠌ᠵᠢᠯ ᠪᠠᠳᠠᠷᠠᠯ᠎ᠢ ᠬᠣᠯᠪᠣᠭ᠍ᠰᠠᠨ᠎ᠢᠶᠠᠷ ᠪᠠᠷᠠᠬᠤ ᠦᠭᠡᠢ ᠪᠠᠰᠠ ᠬᠤᠲᠠ᠎ᠶ᠋ᠢᠨ ᠵᠡᠭᠡᠯᠢ ᠭᠤᠳᠤᠮᠵᠢ ᠵᠢᠨ ᠠᠮᠢᠳᠦᠷᠠᠯ᠎ᠤᠨ ᠠᠭᠤᠷ ᠠᠮᠢᠰᠬᠤᠯ ᠢ᠋ ᠬᠦᠭᠵᠢᠭᠡᠭᠰᠡᠨ ᠪᠠᠢᠨ᠎ᠠ᠃
2023 ᠣᠨ᠎ᠳᠤ᠂ ᠬᠣᠲᠣᠩ ᠠᠷᠠᠳ᠎ᠤᠨ ᠲᠣᠭᠣᠷᠢᠭ ᠡᠴᠡ ᠺᠤᠸᠠᠨ ᠱᠢᠶᠠᠩ ᠽᠢ ᠭᠤᠳᠤᠮᠵᠢ ᠵᠢᠨ ᠠᠰᠠᠷ᠎ᠤᠨ ᠭᠠᠳᠠᠷ ᠲᠠᠯ᠎ᠠ᠎ᠳᠤ ᠪᠥᠬᠥ᠌ ᠲᠠᠯ᠎ᠠ᠎ᠶ᠋ᠢᠨ ᠥᠭᠡᠷᠡᠴᠢᠯᠡᠯᠲᠡ ᠬᠢᠵᠦ᠍᠂ ᠳᠤᠮᠳᠠᠳᠤ ᠤᠯᠤᠰ᠎ᠤᠨ ᠬᠡᠪ ᠨᠠᠮᠪᠠ ᠵᠢ ᠳᠣᠪᠣᠢᠯᠭᠠᠨ᠂ ᠰᠣᠶᠣᠯ᠎ᠤᠨ ᠠᠭᠤᠯᠤᠭ᠍ᠳᠠᠬᠤᠨ ᠵᠢᠴᠢ ᠣᠷᠣᠨ ᠪᠦᠰᠡ᠎ᠶ᠋ᠢᠨ ᠳᠦᠷᠰᠦ ᠪᠠᠢᠳᠠᠯ ᠪᠠ ᠣᠲᠣ ᠦᠶ᠎ᠡ᠎ᠶ᠋ᠢᠨ ᠤᠨᠴᠠᠯᠢᠭ᠎ᠢ ᠢᠯᠡᠷᠡᠭᠦᠯᠦᠭᠰᠡᠨ ᠪᠦᠭᠡᠳ 《ᠬᠥᠬᠡᠬᠣᠲᠠ᠎ᠶ᠋ᠢᠨ ᠬᠠᠭᠤᠴᠢᠨ ᠬᠣᠲᠠ᠎ᠶ᠋ᠢᠨ ᠠᠮᠲᠠᠲᠤ ᠢᠳᠡᠭᠡᠨ᠎ᠦ ᠰᠣᠶᠣᠯ》 ᠢ᠋ ᠢᠳᠡᠪᠬᠢᠲᠡᠶ ᠳᠡᠯᠭᠡᠷᠡᠭᠦᠯᠵᠦ᠍᠂ ᠵᠠᠭᠤᠨ ᠵᠢᠯ ᠤᠯᠠᠮᠵᠢᠯᠠᠭ᠍ᠳᠠᠭ᠍ᠰᠠᠨ 《ᠬᠠᠭᠤᠴᠢᠨ ᠲᠦᠷᠦᠯ ᠲᠡᠮᠳᠡᠭᠳᠤ》 ᠲᠥᠬᠥᠮ ᠢᠳᠡᠭᠡᠨ᠎ᠢ ᠰᠡᠷᠬᠦᠬᠡᠵᠤ᠂ ᠣᠨᠴᠠᠯᠢᠭ᠍ᠲᠤ ᠠᠮᠲᠠᠲᠤ ᠢᠳᠡᠭᠡᠨ ᠲᠥᠬᠥᠮ ᠢᠳᠡᠭᠡᠨ᠎ᠦ ᠪᠣᠳᠠᠰ᠎ᠤᠨ ᠪᠤᠰᠤ ᠰᠣᠶᠣᠯ᠎ᠤᠨ ᠥᠪ᠎ᠢ ᠲᠡᠯᠬᠡᠷᠡᠬᠦᠯᠬᠦ ᠰᠠᠭᠤᠷᠢᠨ᠎ᠢ ᠪᠠᠢᠭᠤᠯᠵᠤ᠂ 《ᠺᠤᠸᠠᠨ ᠱᠢᠶᠠᠩ ᠽᠢ ᠵᠢᠨ ᠠᠮᠲᠠᠲᠤ ᠢᠳᠡᠭᠡᠨ᠎ᠦ ᠦᠨᠦᠷ ᠠᠮᠳᠠ》 ᠭᠡᠬᠦ ᠠᠮᠳᠠᠳᠤ ᠢᠳᠡᠭᠡᠨ ᠤ᠋ ᠲᠦᠷᠦᠯ ᠲᠡᠮᠳᠡᠭ ᠢ᠋ ᠬᠦᠭᠵᠢᠭᠦᠯᠵᠦ᠂ ᠰᠣᠶᠣᠯ᠎ᠤᠨ ᠨᠡᠮᠡᠯᠲᠡ ᠥᠷᠲᠡᠭ᠎ᠢ ᠳᠡᠭᠡᠭ᠌ᠰᠢᠯᠡᠭᠦᠯᠪᠡ᠃
ᠡᠷᠲᠡᠨ᠎ᠦ ᠴᠢᠯᠠᠭᠤᠨ ᠬᠠᠪᠳᠠᠰᠤᠨ ᠵᠠᠮ᠂ ᠳᠤᠮᠳᠠᠳᠤ ᠤᠯᠤᠰ᠎ᠤᠨ ᠬᠡᠪ ᠨᠠᠮᠪᠠ ᠪᠦᠬᠦᠢ ᠰᠣᠶᠣᠯ᠎ᠤᠨ ᠬᠡᠷᠡᠮ᠂ ᠡᠯᠪᠡᠭ ᠪᠠᠶᠠᠯᠢᠭ ᠠᠮᠲᠠᠲᠤ ᠢᠳᠡᠭᠡᠨ᠎ᠦ ᠰᠣᠶᠣᠯ ᠨᠢ ᠪᠦᠷ ᠥᠩᠭᠡᠷᠡᠭ᠌ᠰᠡᠨ᠎ᠦ ᠦᠯᠢᠭᠡᠷ᠎ᠢ ᠲᠣᠭᠠᠴᠢᠨ᠎ᠠ᠃ ᠡᠳᠦᠭᠡ᠂ ᠺᠤᠸᠠᠨ ᠱᠢᠶᠠᠩ ᠽᠢ ᠠᠮᠲᠠᠲᠤ ᠢᠳᠡᠭᠡᠨ᠎ᠦ ᠵᠡᠭᠡᠯᠢ ᠨᠢ ᠨᠢᠭᠡᠨᠲᠡ ᠣᠷᠣᠨ᠎ᠤ ᠲᠥᠪ᠎ᠦᠨ ᠦᠵᠡᠰᠭᠦᠯᠡᠩᠲᠦ ᠰᠠᠢᠬᠠᠨ ᠰᠣᠶᠣᠯ ᠵᠢᠭᠤᠯᠴᠢᠯᠠᠯ᠎ᠤᠨ ᠨᠡᠷ᠎ᠡ᠎ᠶ᠋ᠢᠨ ᠬᠠᠭᠤᠳᠠᠰᠤ ᠪᠤᠯᠵᠤ᠂ ᠮᠠᠰᠢ ᠤᠯᠠᠨ ᠵᠢᠭᠤᠯᠴᠢᠯᠠᠭᠰᠠᠳ᠎ᠤᠨ ᠠᠩᠬᠠᠷᠤᠯ᠎ᠢ ᠲᠠᠲᠠᠵᠤ ᠬᠠᠭᠤᠴᠢᠨ ᠵᠡᠭᠡᠯᠢ᠎ᠶ᠋ᠢᠨ ᠦᠨᠦᠷ ᠠᠮᠲᠠ᠎ᠶ᠋ᠢ ᠮᠡᠳᠡᠷᠡᠭᠦᠯᠪᠡ᠃
ᠬᠣᠲᠣᠩ ᠠᠷᠠᠳ᠎ᠤᠨ ᠲᠣᠭᠣᠷᠢᠭ᠎ᠲᠤ᠂ ᠰᠥᠨᠢ᠎ᠶ᠋ᠢᠨ ᠠᠵᠤ ᠠᠬᠤᠢ᠎ᠶ᠋ᠢᠨ ᠬᠥᠭ᠌ᠵᠢᠯ ᠴᠡᠴᠡᠭ᠌ᠯᠡᠯ ᠨᠢ ᠰᠣᠶᠣᠯ ᠵᠢᠭᠤᠯᠴᠢᠯᠠᠯ᠎ᠤᠨ ᠬᠠᠯᠠᠮᠱᠢᠯ᠎ᠤᠨ ᠱᠢᠭᠤᠳ ᠢᠯᠡᠷᠡᠯ ᠪᠣᠯᠤᠨ᠎ᠠ᠃
2025 ᠤᠨ᠎ᠤ ᠵᠤᠨ᠂ ᠰᠢᠨᠡᠳᠭᠡᠨ ᠵᠠᠰᠠᠭᠰᠠᠨ ᠤ᠋ ᠳᠠᠷᠠᠭᠠᠬᠢ ᠬᠣᠲᠣᠩ ᠠᠷᠠᠳ᠎ᠤᠨ ᠲᠣᠭᠣᠷᠢᠭ᠎ᠤᠨ ᠨᠢᠤ ᠵᠢᠶᠧ ᠵᠡᠭᠡᠯᠢ ᠨᠢ ᠨᠡᠩ ᠱᠢᠨ᠎ᠡ ᠰᠡᠪᠡᠬᠦᠨ ᠳᠦᠷᠰᠦ ᠪᠠᠢᠳᠠᠯ᠎ᠢᠶᠠᠷ ᠤᠯᠠᠨ ᠲᠦᠮᠡᠨ᠎ᠦ ᠬᠠᠷᠠᠭᠠᠨ᠎ᠳᠤ ᠳᠠᠬᠢᠨᠲᠠ ᠣᠷᠣᠵᠤ᠂ ᠱᠢᠶᠠᠩᠭᠠᠩ ᠤ᠋ᠨ ᠬᠠᠭᠤᠴᠢᠨ ᠤᠷᠤᠰᠬᠠᠯ᠎ᠳᠤ ᠮᠠᠶᠢᠭ᠎ᠤᠨ ᠫᠠᠢᠰᠠ᠂ ᠰᠣᠯᠣᠩᠭᠠᠨ ᠳ᠋ᠧᠩ᠎ᠦᠨ ᠴᠢᠮᠡᠭ᠌ᠯᠡᠯ᠂ ᠭᠤᠤᠯ ᠰᠡᠳᠦᠪᠲᠦ ᠬᠤᠸᠠᠷ ᠴᠡᠴᠡᠭᠳᠤ ᠬᠡᠷᠡᠮ᠂ 《ᠨᠢᠦ ᠵᠢᠶᠸ ᠵᠡᠭᠡᠯᠢ ᠵᠢᠨ ᠦᠨᠦᠷ ᠠᠮᠲᠠ》 ᠵᠡᠷᠭᠡ ᠤᠷᠤᠰᠭᠠᠯ᠎ᠳᠤ ᠤᠷᠢᠶ᠎ᠠ ᠪᠢᠴᠢᠬᠡᠰᠦ᠂ ᠥᠷᠭᠡᠳᠭᠡᠭ᠌ᠰᠡᠨ ᠶᠠᠪᠠᠭᠠᠨ ᠵᠠᠮ᠂ ᠨᠡᠮᠡᠵᠦ᠍ ᠲᠣᠬᠢᠷᠠᠭᠤᠯᠤᠭ᠍ᠰᠠᠨ ᠤᠷᠠᠯᠢᠭ᠎ᠳᠤ ᠠᠮᠠᠷᠠᠬᠤ ᠰᠠᠭᠤᠳᠠᠯ᠂ ᠡᠪᠡᠰᠦ ᠤᠷᠭᠤᠮᠠᠯ ᠤ᠋ᠨ ᠦᠵᠡᠮᠵᠢ ᠨᠢ ᠬᠣᠲᠠ᠎ᠶ᠋ᠢᠨ ᠠᠷᠠᠳ ᠪᠠ ᠵᠢᠭᠤᠯᠴᠢᠯᠠᠭᠰᠠᠳ᠎ᠲᠤ ᠨᠢᠭᠡᠨ ᠬᠠᠯᠠᠭᠤᠨ ᠲᠤᠯᠠᠭᠠᠨ ᠲᠠᠭᠠᠯᠠᠮᠵᠢᠲᠠᠶ ᠵᠡᠭᠡᠯᠢ ᠭᠤᠳᠤᠮᠵᠢ᠎ᠶ᠋ᠢ ᠪᠠᠢᠭᠤᠯᠵᠤ ᠥᠭ᠌ᠴᠡᠶ ᠁
《ᠬᠥᠬᠡᠬᠣᠲᠠ᠎ᠳᠤ ᠢᠷᠡᠪᠡᠯ ᠯᠠᠪᠲᠠᠶ ᠨᠢᠦ ᠵᠢᠶᠸ ᠵᠡᠭᠡᠯᠢ᠎ᠶ᠋ᠢᠨ ᠣᠨᠴᠠᠯᠢᠭ᠍ᠲᠤ ᠢᠳᠡᠭᠡᠨ᠎ᠢ ᠠᠮᠲᠠᠯᠠᠵᠤ ᠦᠵᠡᠨ᠎ᠡ᠃ ᠪᠢᠳᠡ ᠵᠦᠩᠱᠠᠨ ᠪᠠᠷᠠᠭᠤᠨ ᠵᠠᠮ᠎ᠤᠨ ᠬᠤᠳᠠᠯᠳᠤᠭᠠᠨ ᠤ᠋ ᠲᠤᠭᠤᠷᠢᠭ ᠵᠢᠡᠷ ᠲᠠᠮᠵᠢᠨ᠂ ᠺᠤᠸᠠᠨ ᠰᠢᠶᠠᠩ ᠽᠢ ᠭᠤᠳᠤᠮᠵᠢ᠎ᠪᠠᠷ ᠲᠣᠭᠣᠷᠢᠵᠤ ᠪᠠᠷᠠᠭᠠᠳ᠂ ᠴᠢᠩ ᠺᠠᠢ ᠴᠢᠶᠣᠤ ᠬᠥᠭᠥᠷᠭᠡ᠎ᠶ᠋ᠢ ᠰᠣᠨᠢᠷᠬᠠᠭ᠍ᠰᠠᠨᠤ ᠳᠠᠷᠠᠭ᠎ᠠ᠂ ᠰᠠᠶᠢ ᠡᠨᠳᠡ ᠢᠷᠡᠵᠦ ᠣᠨᠴᠠᠯᠢᠭ᠍ᠲᠤ ᠢᠳᠡᠭᠡᠨ᠎ᠢ ᠠᠮᠲᠠᠯᠠᠨ᠎ᠠ᠂ ᠲᠤᠩ ᠪᠠᠶᠠᠷ ᠵᠢᠷᠭᠠᠯ ᠲᠠᠢ᠂ ᠲᠤᠩ ᠤᠳᠭ᠎ᠠ ᠠᠭᠤᠯᠭ᠎ᠠ ᠲᠠᠢ ᠰᠠᠨᠠᠬᠳᠠᠨ᠎ᠠ》 ᠭᠡᠵᠦ᠍ ᠦᠬᠠᠨ᠎ᠡᠴᠡ ᠢᠷᠡᠭᠰᠡᠨ ᠵᠢᠭᠤᠯᠴᠢᠯᠠᠭᠴᠢ ᠵᠢᠶᠠᠩ ᠮᠠᠨ ᠰᠤᠷᠪᠤᠯᠵᠢᠯᠠᠭ᠍ᠴᠢ᠎ᠳᠤ ᠬᠡᠯᠡᠪᠡ᠃
ᠠᠮᠲᠠᠲᠤ ᠢᠳᠡᠭᠡᠨ᠎ᠡᠴᠡ ᠰᠣᠶᠣᠯ ᠢᠷᠭᠡᠨᠱᠢᠯ᠎ᠦᠨ ᠡᠳᠡᠭᠡᠳ ᠭᠤᠢᠳᠠ ᠦᠵᠡᠮᠵᠢ ᠬᠦᠷᠲᠡᠯ᠎ᠡ᠂ ᠲᠠᠬᠢᠭᠠᠳ ᠬᠦᠷ ᠬᠦᠭᠵᠢᠶᠡᠨᠳᠤ ᠰᠥᠨᠢ᠎ᠶ᠋ᠢᠨ ᠦᠵᠡᠮᠵᠢ ᠬᠦᠷᠲᠡᠯ᠎ᠡ᠂ ᠬᠤᠳᠤᠩ ᠠᠷᠠᠳ᠎ᠤᠨ ᠲᠤᠭᠤᠷᠢᠭ ᠵᠢᠷᠤᠭ ᠪᠦᠷᠢ᠎ᠶ᠋ᠢ ᠨᠡᠢᠯᠡᠭᠦᠯᠵᠦ᠍ ᠭᠦᠨ ᠵᠤᠵᠠᠭᠠᠨ ᠲᠡᠦᠬᠡ᠎ᠲᠡᠶ ᠪᠥᠭᠡᠳ ᠴᠠᠭ᠎ᠤᠨ ᠦᠨᠭ᠌ᠭᠡ᠎ᠵᠢ ᠲᠠᠭᠠᠭᠰᠠᠨ ᠱᠢᠨ᠎ᠡ ᠤᠷᠤᠰᠭᠠᠯ᠎ᠳᠤ᠂ ᠡᠷᠬᠢᠮᠰᠦᠭ ᠬᠡᠬᠡᠨᠴᠢᠷ ᠪᠥᠭᠡᠳ ᠬᠦᠷ ᠨᠠᠷᠭᠢᠶᠠᠨᠳᠤ ᠬᠣᠲᠣᠩ ᠠᠷᠠᠳ᠎ᠤᠨ ᠲᠣᠭᠣᠷᠢᠭ᠎ᠢ ᠪᠦᠷᠢᠯᠳᠦᠭᠦᠯᠵᠡᠢ᠃
ᠬᠣᠲᠣᠩ ᠠᠷᠠᠳ᠎ᠤᠨ ᠲᠣᠭᠣᠷᠢᠭ᠎ᠤᠨ 《ᠰᠣᠶᠣᠯ ᠵᠢᠭᠤᠯᠴᠢᠯᠠᠯ᠎ᠤᠨ ᠪᠦᠷᠢᠨ ᠵᠢᠷᠤᠭ》 ᠨᠢ ᠭᠠᠵᠠᠷ ᠣᠷᠣᠨ᠎ᠤ ᠤᠯᠠᠨ ᠡᠱᠢᠲᠦ ᠣᠨᠴᠠᠯᠢᠭᠳᠤ ᠡᠯᠧᠮᠧᠨ᠋ᠲ᠎ᠢ ᠤᠷᠠᠨ᠎ᠢᠶᠠᠷ ᠠᠭᠤᠰᠤᠯᠴᠠᠭᠤᠯᠵᠤ᠂ ᠬᠤᠲᠠ᠎ᠶ᠋ᠢᠨ ᠠᠷᠠᠳ᠂ ᠵᠢᠭᠤᠯᠴᠢᠯᠠᠭᠰᠠᠳ ᠤ᠋ᠨ ᠰᠣᠶᠣᠯ᠎ᠤᠨ ᠲᠤᠬᠠᠢ ᠪᠡᠶᠡᠴᠢᠯᠡᠨ ᠣᠢᠯᠠᠭᠠᠯᠲᠠ ᠢ᠋ ᠨᠡᠩ ᠭᠦᠨᠵᠡᠭᠡᠢ ᠪᠣᠯᠭᠠᠪᠠ᠃
ᠡᠨᠡ ᠬᠦ᠌ 《ᠰᠣᠶᠣᠯ ᠵᠢᠭᠤᠯᠴᠢᠯᠠᠯ᠎ᠤᠨ ᠪᠦᠷᠢᠨ ᠵᠢᠷᠤᠭ》 ᠨᠢ ᠶᠠᠭ ᠬᠣᠲᠣᠩ ᠠᠷᠠᠳ᠎ᠤᠨ ᠲᠣᠭᠣᠷᠢᠭ᠎ᠤᠨ ᠰᠣᠶᠣᠯ ᠵᠢᠭᠤᠯᠴᠢᠯᠠᠯ᠎ᠤᠨ ᠠᠵᠤ ᠦᠢᠯᠡᠰ᠎ᠦᠨ ᠬᠥᠭ᠌ᠵᠢᠯᠲᠡ᠎ᠶ᠋ᠢ ᠠᠬᠢᠭᠤᠯᠬᠤ ᠬᠠᠮᠤᠭ᠎ᠤᠨ ᠴᠢᠬᠤᠯᠠ ᠭᠠᠷᠳᠠᠴᠠ ᠪᠤᠯᠵᠤ᠂ ᠣᠷᠣᠨ ᠪᠦᠰᠡ᠎ᠶ᠋ᠢᠨ ᠠᠵᠤ ᠠᠬᠤᠢ᠎ᠶ᠋ᠢᠨ ᠬᠡᠯᠪᠡᠷᠢ᠎ᠶ᠋ᠢ ᠬᠤᠪᠢᠷᠠᠭᠤᠯᠤᠨ ᠲᠡᠰ ᠳᠡᠪᠱᠢᠭᠦᠯᠬᠦ᠌᠂ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ ᠬᠦᠴᠦᠲᠦ ᠬᠥᠳᠡᠯᠭᠡᠭᠦᠷ ᠪᠣᠯᠪᠠ᠃