ᠡᠨᠡ ᠵᠢᠯ 521 ᠳ᠋ᠦᠩᠱᠢᠭᠤᠷ ᠲᠥᠭᠥᠷᠢᠭ ᠤ᠋ᠨ ᠪᠠᠯᠠ ᠮᠦᠩᠬᠦ ᠣᠷᠣᠭᠤᠯᠵᠤ — ᠮᠠᠨ ᠤ᠋ ᠤᠷᠤᠨ ᠤᠳᠤᠬᠢᠴᠢᠯᠠᠭᠰᠠᠨ ᠵᠠᠮ ᠬᠠᠷᠢᠯᠴᠠᠭ᠎ᠠ ᠲᠠᠬᠡᠬᠡᠪᠤᠷᠢ ᠵᠢᠨ ᠰᠢᠰᠲᠸᠮ ᠢ᠋ ᠲᠠᠬᠦᠯᠳᠡᠷᠵᠢᠬᠦᠯᠦᠨ᠎ᠠ
2026-01-15 10:35:30
ᠵᠣᠬᠢᠶᠠᠭ᠍ᠴᠢ᠄
ᠦᠨᠢᠷ
ᠣᠩᠱᠢᠭ᠍ᠰᠠᠨ ᠣᠳᠠᠭ᠎ᠠ᠄
★★★☆☆

1 ᠰᠠᠷ᠎ᠠ ᠢ᠋ᠢᠨ 14 ᠤ᠋ ᠡᠳᠦᠷ ᠬᠤᠷᠠᠯᠳᠤᠭ᠍ᠰᠠᠨ 2026 ᠣᠨ ᠤ᠋ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠵᠠᠮ ᠬᠠᠷᠢᠯᠴᠠᠭ᠎ᠠ ᠲᠡᠭᠡᠭᠡᠪᠦᠷᠢ ᠢ᠋ᠢᠨ ᠠᠵᠢᠯ ᠤ᠋ᠨ ᠬᠤᠷᠠᠯ ᠡᠴᠡ ᠣᠢᠯᠠᠭᠠᠭ᠍ᠰᠠᠨ ᠵᠢᠡᠷ᠂ ᠪᠦᠬᠦ ᠤᠷᠤᠨ ᠤ᠋ ᠵᠠᠮ ᠬᠠᠷᠢᠯᠴᠠᠭ᠎ᠠ ᠲᠡᠭᠡᠭᠡᠪᠦᠷᠢ ᠢ᠋ᠢᠨ ᠱᠢᠰᠲ᠋ᠧᠮ ᠤ᠋ᠨ ᠬᠢᠨ ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠣᠷᠢᠶ᠎ᠠ ᠢ᠋ᠢᠨ 《1571》 ᠠᠵᠢᠯ ᠤ᠋ᠨ ᠪᠠᠢᠷᠢᠯᠠᠭᠤᠯᠤᠯᠲᠠ ᠶᠣᠰᠣᠭᠠᠷ ᠣᠳᠣᠬᠢᠴᠢᠯᠠᠭ᠍ᠰᠠᠨ ᠶᠡᠷᠦᠩᠬᠡᠢᠯᠡᠭ᠌ᠰᠡᠨ ᠵᠠᠮ ᠬᠠᠷᠢᠯᠴᠠᠭ᠎ᠠ ᠲᠡᠭᠡᠭᠡᠪᠦᠷᠢ ᠢ᠋ᠢᠨ ᠱᠢᠰᠲ᠋ᠧᠮ ᠢ᠋ ᠲᠡᠭᠦᠯᠳᠡᠷᠵᠢᠭᠦᠯᠵᠤ᠂ ᠣᠳᠣᠬᠢᠴᠢᠯᠠᠭ᠍ᠰᠠᠨ ᠴᠢᠨᠠᠷ ᠰᠠᠢᠲᠠᠶ ᠶᠡᠷᠦᠩᠬᠡᠢᠯᠡᠭ᠌ᠰᠡᠨ ᠪᠣᠰᠣᠭ᠎ᠠ ᠴᠣᠭ᠍ᠴᠠᠲᠤ ᠵᠠᠮ ᠬᠠᠷᠢᠯᠴᠠᠭᠠᠨ ᠤ᠋ ᠲᠤᠤᠷ ᠢ᠋ ᠲᠡᠬᠦᠯᠳᠡᠷᠵᠢᠬᠦᠯᠬᠦ ᠵᠢ ᠲᠦᠷᠭᠡᠳᠬᠡᠬᠦ᠂ ᠨᠢᠭᠡ ᠴᠣᠭ᠍ᠴᠠᠵᠢᠭᠤᠯᠤᠨ ᠠᠭᠤᠰᠤᠯᠴᠠᠭᠤᠯᠬᠤ ᠢ᠋ᠢ ᠳᠣᠪᠣᠢᠯᠭᠠᠬᠤ᠂ ᠠᠮᠤᠷ ᠲᠦᠪᠱᠢᠨ ᠤ᠋ ᠳᠡᠭᠡᠭ᠌ᠰᠢᠯᠡᠬᠦᠯᠦᠯᠲᠡ ᠢ᠋ᠢ ᠳᠣᠪᠣᠢᠯᠭᠠᠬᠤ᠂ ᠲᠤᠭᠠᠴᠢᠯᠠᠯᠲᠠ ᠤᠶᠤᠨᠴᠢᠯᠠᠯᠲᠠ ᠢ᠋ᠢ ᠳᠡᠰ ᠳᠡᠪᠱᠢᠭᠦᠯᠬᠦ ᠢ᠋ᠢ ᠳᠤᠪᠤᠢᠯᠭᠠᠬᠤ᠂ ᠪᠣᠬᠢᠷᠲᠤᠯ ᠥᠬᠡᠶ ᠲᠡᠢᠰᠢ ᠬᠡᠯᠪᠡᠷᠢ ᠪᠡᠨ ᠬᠤᠪᠢᠷᠠᠭᠤᠯᠬᠤ ᠢ᠋ᠢ ᠳᠣᠪᠣᠢᠯᠭᠠᠬᠤ ᠵᠡᠷᠬᠡ 《ᠨᠢᠬᠡ ᠢ᠋ᠢ ᠲᠦᠷᠬᠡᠳᠬᠡᠵᠤ ᠲᠦᠷᠪᠡ ᠵᠢ ᠲᠤᠪᠤᠢᠯᠭᠠᠬᠤ》 ᠵᠢ ᠬᠦᠴᠦᠯᠡᠨ ᠠᠬᠢᠭᠤᠯᠵᠤ᠂ ᠪᠠᠯᠠ ᠣᠷᠣᠭᠤᠯᠤᠯᠲᠠ ᠢ᠋ᠢ ᠲᠣᠭ᠍ᠲᠠᠪᠤᠷᠢᠵᠢᠭᠤᠯᠬᠤ᠂ ᠥᠪᠡᠷ ᠤ᠋ᠨ ᠤᠢ᠍ᠷᠳᠡᠭ ᠢ᠋ ᠪᠠᠭᠤᠷᠠᠭᠤᠯᠬᠤ᠂ ᠥᠭᠡᠷᠡᠴᠢᠯᠡᠯᠲᠡ ᠢ᠋ᠢ ᠠᠬᠢᠭᠤᠯᠬᠤ᠂ ᠱᠢᠨ᠎ᠡ ᠢ᠋ᠢ ᠡᠭᠦᠳᠬᠦ ᠢ᠋ᠢ ᠴᠢᠡᠭᠭᠠᠳᠬᠠᠬᠤ᠂ ᠠᠷᠠᠳ ᠤ᠋ᠨ ᠠᠮᠢᠳᠤᠷᠠᠯ ᠳ᠋ᠤ ᠠᠱᠢᠭ ᠬᠦᠷᠲᠡᠭᠡᠬᠦ᠂ ᠠᠮᠤᠷ ᠲᠦᠪᠱᠢᠨ ᠢ᠋ ᠪᠠᠲᠤᠯᠠᠬᠤ᠂ ᠵᠠᠮ ᠲᠡᠭᠡᠭᠡᠪᠦᠷᠢ ᠢ᠋ᠢᠨ ᠶᠠᠰᠤ ᠴᠢᠨᠠᠷ ᠢ᠋ ᠪᠦᠲᠦᠮᠵᠢᠲᠡᠶ ᠳᠡᠭᠡᠭ᠌ᠰᠢᠯᠡᠬᠦᠯᠬᠦ ᠪᠠ ᠲᠤᠭ᠎ᠠ ᠬᠡᠮᠵᠢᠶ᠎ᠠ ᠢ᠋ᠢ ᠵᠦᠶ ᠵᠣᠬᠢᠰᠲᠠᠶ ᠨᠡᠮᠡᠭᠳᠡᠭᠦᠯᠬᠦ ᠢ᠋ᠢ ᠠᠬᠢᠭᠤᠯᠵᠤ᠂ 《ᠠᠷᠪᠠᠨ ᠲᠠᠪᠤᠳᠤᠭᠠᠷ ᠲᠠᠪᠤᠨ ᠵᠢᠯ》 ᠢ᠋ ᠰᠠᠢ᠌ᠳᠤᠷ ᠡᠬᠢᠯᠡᠬᠦᠯᠬᠦ ᠢ᠋ᠢ ᠦᠨᠡᠨ ᠬᠦ᠌ ᠪᠠᠲᠤᠯᠠᠬᠤ ᠪᠤᠯᠤᠨ᠎ᠠ᠃

ᠵᠠᠮ ᠬᠠᠷᠢᠯᠴᠠᠭᠠᠨ ᠤ᠋ ᠰᠠᠭᠤᠷᠢ ᠲᠥᠬᠥᠭᠡᠷᠦᠮᠵᠢ ᠢ᠋ᠢᠨ ᠲᠠᠯ᠎ᠠ ᠪᠡᠷ᠂ ᠡᠨᠡ ᠵᠢᠯ ᠮᠠᠨ ᠤ᠋ ᠤᠷᠤᠨ 73 ᠴᠢᠬᠤᠯᠠ ᠶᠡᠬᠡ ᠲᠥᠷᠥᠯ ᠵᠦᠶ᠋ᠯ ᠢ᠋ ᠠᠬᠢᠭᠤᠯᠵᠤ᠂ 521 ᠳ᠋ᠦᠩᠱᠢᠭᠤᠷ ᠲᠥᠭᠥᠷᠢᠭ ᠤ᠋ᠨ ᠪᠠᠯᠠ ᠣᠷᠣᠭᠤᠯᠤᠯᠲᠠ ᠢ᠋ᠢ ᠪᠡᠶᠡᠯᠡᠭᠦᠯᠬᠦ᠌ ᠪᠡᠷ ᠲᠥᠯᠥᠪᠯᠡᠵᠦ᠍ ᠪᠠᠢᠨ᠎ᠠ᠃ ᠡᠭᠦᠨ ᠳ᠋ᠤ ᠲᠡᠮᠦᠷ ᠵᠠᠮ ᠤ᠋ᠨ ᠪᠦᠳᠦᠬᠡᠨ ᠪᠠᠢᠭᠤᠯᠤᠯᠳᠠ ᠳ᠋ᠤ 195 ᠳ᠋ᠦᠩᠱᠢᠭᠤᠷ ᠲᠥᠭᠥᠷᠢᠭ ᠤ᠋ᠨ ᠪᠡᠯᠡ ᠤᠷᠤᠭᠤᠯᠤᠨ᠂ ᠵᠠᠰᠠᠮᠠᠯ ᠵᠠᠮ ᠤ᠋ᠨ ᠪᠦᠳᠦᠬᠡᠨ ᠪᠠᠢᠭᠤᠯᠤᠯᠳᠠ ᠳ᠋ᠤ 320 ᠳ᠋ᠦᠩᠱᠢᠭᠤᠷ ᠲᠥᠭᠥᠷᠢᠭ ᠤ᠋ᠨ ᠪᠡᠯᠡ ᠤᠷᠤᠭᠤᠯᠵᠤ᠂ ᠠᠷᠠᠳ ᠤ᠋ᠨ ᠠᠭᠠᠷ ᠤ᠋ᠨ ᠲᠡᠭᠡᠭᠡᠪᠦᠷᠢ ᠵᠢᠨ ᠪᠦᠳᠦᠬᠡᠨ ᠪᠠᠢᠭᠤᠯᠤᠯᠳᠠ ᠳ᠋ᠤ 6 ᠳ᠋ᠦᠩᠱᠢᠭᠤᠷ ᠲᠥᠭᠥᠷᠢᠭ ᠤ᠋ᠨ ᠪᠡᠯᠡ ᠤᠷᠤᠭᠤᠯᠤᠨ᠎ᠠ᠃ ᠪᠤᠭᠤᠲᠤ — ᠢᠷᠭᠠᠢ ᠬᠦᠷᠬᠦ᠌ ᠲᠦᠷᠭᠡᠨ ᠤ᠋ ᠲᠡᠮᠦᠷ ᠵᠠᠮ ᠤ᠋ᠨ ᠢᠷᠭᠠᠢ ᠡᠴᠡ ᠪᠠᠶᠠᠨᠬᠣᠲᠠ ᠬᠦᠷᠬᠦ᠌ ᠰᠠᠯᠪᠤᠷᠢ ᠱᠤᠭᠤᠮ᠂ ᠲᠠᠢ ᠽᠢ ᠴᠸᠡᠭ — ᠰᠢᠯᠢᠡᠭᠬᠤᠲᠠ ᠬᠦᠷᠬᠦ ᠲᠡᠮᠦᠷ ᠵᠠᠮ ᠢ᠋ ᠪᠦᠳᠦᠬᠡᠨ ᠪᠠᠢᠭᠤᠯᠵᠤ ᠳᠠᠭᠤᠰᠭᠠᠨ᠂ ᠵᠢᠨᠢᠩ — ᠲᠦᠩᠯᠢᠶᠣᠤ ᠬᠦᠷᠬᠦ᠌ ᠲᠡᠮᠦᠷ ᠵᠠᠮ ᠤ᠋ᠨ ᠬᠦᠳᠡᠯᠭᠡᠭᠦ ᠬᠦᠴᠦᠨᠲᠤ ᠭᠠᠯᠲᠤ ᠲᠡᠷᠭᠡᠨ ᠤ᠋ ᠦᠭᠡᠷᠡᠴᠢᠯᠡᠯᠲᠡ ᠢ᠋ᠢ ᠳᠠᠭᠤᠰᠭᠠᠵᠤ᠂ ᠠᠯᠠᠱᠨ ᠠᠢᠮᠠᠭ ᠪᠤᠯᠤᠨ ᠱᠢᠯᠢ ᠢ᠋ᠢᠨ ᠭᠣᠣᠯ ᠠᠢᠮᠠᠭ ᠲᠦ᠍ ᠬᠦᠳᠡᠯᠭᠡᠬᠦ ᠬᠦᠴᠦᠨᠲᠤ ᠭᠠᠯᠲᠤ ᠲᠡᠷᠭᠡ ᠨᠡᠪᠲᠡᠷᠡᠬᠦᠯᠤᠨ᠎ᠠ; G110 ᠬᠤᠶᠠᠷᠮᠣᠳᠣ — ᠳ᠋ᠧᠩᠺᠧᠦ ᠬᠦᠷᠬᠦ᠌᠂ ᠳ᠋ᠧᠩᠺᠧᠦ᠍ ᠢ᠋ᠢᠨ ᠬᠠᠲᠤᠨ ᠭᠣᠣᠯ ᠤ᠋ᠨ ᠲᠣᠮᠣ ᠬᠥᠭᠥᠷᠭᠡ ᠵᠡᠷᠭᠡ ᠲᠥᠷᠥᠯ ᠵᠦᠢᠯ ᠢ᠋ ᠪᠦᠳᠦᠬᠡᠨ ᠪᠠᠢᠭᠤᠯᠵᠤ ᠳᠠᠭᠤᠰᠭᠠᠨ᠂ ᠬᠠᠲᠤᠨ ᠭᠣᠣᠯ ᠳᠠᠭᠠᠤ ᠢ᠋ᠢᠨ ᠨᠡᠪᠲᠡᠷᠡᠬᠦ᠌ ᠵᠠᠮ ᠤ᠋ᠨ ᠦᠢᠯᠡᠴᠢᠯᠡᠭᠡᠨ ᠤ᠋ ᠴᠢᠳᠠᠪᠤᠷᠢ ᠢ᠋ᠢ ᠴᠢᠩᠭᠠᠷᠠᠭᠤᠯᠤᠨ᠎ᠠ; ᠱᠧᠩ ᠯᠧ ᠣᠯᠠᠨ ᠤᠯᠤᠰ ᠤ᠋ᠨ ᠨᠢᠰᠭᠡᠯ ᠤ᠋ᠨ ᠪᠠᠭᠤᠳᠠᠯ ᠢ᠋ ᠠᠱᠢᠭ᠍ᠯᠠᠯᠲᠠ ᠳ᠋ᠤ ᠣᠷᠣᠭᠤᠯᠵᠤ᠂ ᠠᠭᠠᠷ ᠤ᠋ᠨ ᠠᠶᠠᠯᠠᠯ ᠤ᠋ᠨ ᠬᠦᠢᠰᠦ ᠢ᠋ᠢᠨ ᠬᠥᠭ᠌ᠵᠢᠯᠲᠡ ᠢ᠋ᠢᠨ ᠴᠢᠳᠠᠪᠤᠷᠢ ᠢ᠋ᠢ ᠳᠡᠭᠡᠭ᠌ᠰᠢᠯᠡᠭᠦᠯᠦᠨ᠎ᠡ; ᠯᠢᠨᠾᠧ — ᠰᠢᠨᠵᠢᠶᠠᠡᠭ ᠤ᠋ᠨ ᠬᠠᠮᠢ ᠬᠦᠷᠬᠦ᠌ ᠲᠡᠮᠦᠷ ᠵᠠᠮ᠂ G1816 ᠱᠢ ᠲᠸᠤ ᠵᠢᠡᠭ ᠽᠢ — ᠤᠯᠠᠭᠠᠨᠬᠣᠲᠠ ᠬᠦᠷᠬᠦ᠌ ᠲᠦᠷᠭᠡᠨ ᠤ᠋ ᠵᠠᠰᠠᠮᠠᠯ ᠵᠠᠮ ᠵᠡᠷᠭᠡ ᠲᠥᠷᠥᠯ ᠵᠦᠢᠯ ᠢ᠋ ᠲᠦᠷᠭᠡᠳᠭᠡᠨ ᠪᠦᠲᠦᠭᠡᠨ ᠪᠠᠢᠭᠤᠯᠵᠤ᠂ ᠪᠤᠭᠤᠲᠤ ᠣᠷᠳᠣᠰ ᠲᠡᠮᠡᠭᠡᠲᠦ᠍ ᠢ᠋ᠢᠨ ᠲᠦᠷᠭᠡᠨ ᠤ᠋ ᠲᠡᠮᠦᠷ ᠵᠠᠮ ᠤ᠋ᠨ ᠢᠨᠵᠸᠨ᠋ᠸᠷᠢᠩ ᠪᠤᠯᠤᠨ ᠷᠠᠱᠢᠶᠠᠨ ᠤ᠋ ᠲᠡᠭᠡᠭᠡᠪᠦᠷᠢ ᠢ᠋ᠢᠨ ᠨᠢᠰᠭᠡᠯ ᠤ᠋ᠨ ᠪᠠᠭᠤᠳᠠᠯ ᠢ᠋ ᠥᠭᠡᠷᠡᠴᠢᠯᠡᠵᠦ᠍ ᠥᠷᠭᠡᠳᠭᠡᠨ ᠪᠠᠢᠭᠤᠯᠬᠤ ᠢᠨᠵᠧᠨᠧᠷᠢᠩ ᠢ᠋ ᠪᠠᠷᠢᠯᠭ᠎ᠠ ᠡᠬᠢᠯᠡᠭᠦᠯᠦᠨ ᠪᠦᠲᠦᠭᠡᠨ ᠪᠠᠢᠭᠤᠯᠵᠤ᠂ 1500 ᠺᠢᠯᠣᠮᠧᠲᠷ ᠤᠯᠤᠰ ᠤ᠋ᠨ ᠪᠠ ᠮᠤᠵᠢ ᠢ᠋ᠢᠨ ᠵᠠᠰᠠᠮᠠᠯ ᠵᠠᠮ ᠢ᠋ ᠱᠢᠨ᠎ᠡ ᠪᠡᠷ ᠪᠠᠷᠢᠯᠭ᠎ᠠ ᠡᠬᠢᠯᠡᠭᠦᠯᠵᠦ᠍᠂ ᠪᠦᠳᠦᠬᠡᠨ ᠪᠠᠢᠭᠤᠯᠵᠤ ᠪᠠᠢᠭ᠎ᠠ ᠵᠠᠰᠠᠮᠠᠯ ᠵᠠᠮ ᠤ᠋ᠨ ᠬᠡᠪᠴᠢᠶ᠎ᠡ ᠢ᠋ᠢ 4200 ᠺᠢᠯᠣᠮᠧᠲᠷ ᠡᠴᠡ ᠳᠡᠭᠡᠭ᠌ᠰᠢ ᠬᠦᠷᠭᠡᠨ᠂ ᠬᠥᠳᠡᠭᠡ ᠲᠣᠰᠭᠣᠨ ᠤ᠋ ᠵᠠᠰᠠᠮᠠᠯ ᠵᠠᠮ ᠢ᠋ 5000 ᠺᠢᠯᠣᠮᠧᠲᠷ ᠱᠢᠨ᠎ᠡ ᠪᠡᠷ ᠥᠭᠡᠷᠡᠴᠢᠯᠡᠨ ᠪᠠᠢᠭᠤᠯᠤᠨ᠎ᠠ᠃

ᠵᠠᠮ ᠬᠠᠷᠢᠯᠴᠠᠭᠠᠨ ᠤ᠋ ᠠᠷᠠᠳ ᠲᠤ᠌ ᠦᠢᠯᠡᠴᠢᠯᠡᠬᠦ ᠪᠣᠳᠠᠲᠤ ᠶᠠᠪᠤᠳᠠᠯ ᠤ᠋ᠨ ᠲᠠᠯ᠎ᠠ ᠪᠡᠷ᠂ ᠡᠨᠡ ᠵᠢᠯ ᠮᠠᠨ ᠤ᠋ ᠤᠷᠤᠨ ᠲᠦᠷᠭᠡᠨ ᠤ᠋ ᠵᠠᠰᠠᠮᠠᠯ ᠵᠠᠮ ᠤ᠋ᠨ ᠦᠶ᠋ᠯᠡᠴᠢᠯᠡᠭᠡᠨ ᠤ᠋ ᠲᠣᠭᠣᠷᠢᠭ ᠢ᠋ ᠳᠡᠰ ᠳᠡᠪᠰᠢᠭᠦᠯᠬᠦ ᠠᠵᠢᠯᠯᠠᠭ᠎ᠠ ᠢ᠋ᠢ ᠬᠡᠷᠡᠭᠵᠢᠭᠦᠯᠵᠤ᠂ ᠰᠠᠭᠠᠳ ᠥᠬᠡᠶ ᠨᠡᠪᠲᠡᠷᠡᠬᠦ᠌ ᠵᠠᠮ᠂ ᠲᠡᠷᠭᠡᠨ ᠵᠣᠭ᠍ᠰᠣᠭᠠᠯ ᠪᠠ ᠵᠣᠷᠯᠣᠩ ᠢ᠋ 100% ᠪᠡᠷ ᠪᠦᠷᠬᠦᠭᠦᠯᠤᠨ᠂ ᠪᠠᠷᠢᠮᠵᠢᠶᠠᠵᠢᠭ᠍ᠰᠠᠨ ᠵᠢᠷᠤᠮᠵᠢᠭ᠍ᠰᠠᠨ ᠲᠦᠷᠭᠡᠨ ᠤ᠋ ᠵᠠᠰᠠᠮᠠᠯ ᠵᠠᠮ ᠤ᠋ᠨ ᠦᠶ᠋ᠯᠡᠴᠢᠯᠡᠭᠡᠨ ᠤ᠋ ᠲᠣᠭᠣᠷᠢᠭ ᠤ᠋ᠨ 《ᠵᠢᠯᠣᠭᠣᠴᠢ ᠢ᠋ᠢᠨ ᠬᠡᠷ》 ᠢ᠋ 10 ᠪᠠᠢᠭᠤᠯᠤᠨ᠎ᠠ᠃   

ᠶᠠᠪᠤᠵᠤ ᠰᠠᠭᠤᠬᠤ ᠦᠶ᠋ᠯᠡᠴᠢᠯᠡᠭᠡᠨ ᠤ᠋ ᠶᠠᠰᠤ ᠴᠢᠨᠠᠷ ᠢ᠋ ᠳᠡᠭᠡᠭ᠌ᠰᠢᠯᠡᠭᠦᠯᠤᠨ᠂ ᠪᠥᠬᠥ᠌ ᠣᠷᠣᠨ ᠤ᠋ 《ᠬᠥᠬᠡᠬᠣᠲᠠ ᠪᠡᠷ ᠳᠡᠮᠵᠢᠨ ᠥᠩᠭᠡᠷᠡᠬᠦ᠌ ᠨᠢᠰᠭᠡᠯ》 ᠤ᠋ᠨ ᠠᠶᠠᠯᠠᠯ ᠤ᠋ᠨ ᠱᠤᠭᠤᠮ ᠤ᠋ᠨ ᠲᠤᠤᠷ ᠢ᠋ ᠪᠠᠢᠭᠤᠯᠵᠤ᠂ ᠨᠠᠰᠤᠲᠠᠨ ᠢ᠋ᠢᠡᠨ ᠬᠦᠨᠳᠦᠯᠡᠵᠦ᠍ ᠨᠠᠰᠤᠲᠠᠨ ᠵᠢᠡᠨ ᠬᠠᠢᠷᠠᠯᠠᠬᠤ 20 ᠵᠤᠷᠪᠤᠰ ᠵᠠᠮ ᠬᠠᠷᠢᠯᠴᠠᠭᠠᠨ ᠤ᠋ ᠱᠤᠭᠤᠮ ᠢ᠋ ᠨᠡᠪᠲᠡᠷᠡᠭᠦᠯᠤᠨ᠂ ᠨᠡᠰᠤᠲᠠᠢᠴᠤᠳ ᠲᠤ᠌ ᠬᠠᠨᠳᠤᠭᠤᠯᠤᠭᠰᠠᠨ ᠱᠠᠯᠠ ᠪᠠ ᠡᠭᠦᠳᠡ ᠲᠡᠶ ᠨᠡᠢᠲᠡ ᠢ᠋ᠢᠨ ᠮᠠᠱᠢᠨ ᠲᠡᠷᠭᠡ ᠢ᠋ᠢ ᠱᠢᠨ᠎ᠡ ᠪᠡᠷ 70 ᠨᠡᠮᠡᠭ᠌ᠳᠡᠭᠦᠯᠤᠨ᠎ᠠ᠃ ᠵᠠᠮ ᠬᠠᠷᠢᠯᠴᠠᠭ᠎ᠠ ᠪᠠ ᠵᠢᠭᠤᠯᠴᠢᠯᠠᠯ ᠤ᠋ᠨ ᠠᠭᠤᠰᠤᠯᠴᠠᠨ ᠬᠥᠭ᠌ᠵᠢᠬᠦ᠌ ᠢ᠋ᠢ ᠠᠬᠢᠭᠤᠯᠵᠤ᠂ ᠲᠦᠩᠯᠢᠶᠣᠤ ᠬᠣᠲᠠ ᠢ᠋ᠢᠨ G111᠂ ᠤᠯᠠᠭᠠᠨᠬᠠᠳᠠ ᠬᠣᠲᠠ ᠢ᠋ᠢᠨ S530 ᠵᠡᠷᠭᠡ 6 ᠵᠤᠷᠪᠤᠰ ᠵᠢᠭᠤᠯᠴᠢᠯᠠᠯ ᠤ᠋ᠨ ᠵᠠᠰᠠᠮᠠᠯ ᠵᠠᠮ ᠢ᠋ ᠪᠥᠲᠥᠭᠡᠨ ᠪᠠᠢᠭᠤᠯᠵᠤ᠂ ᠵᠢᠭᠤᠯᠴᠢᠯᠠᠯ ᠤ᠋ᠨ ᠲᠤᠰᠭᠠᠶ ᠭᠠᠯᠲᠤ ᠲᠡᠷᠭᠡ᠂ ᠨᠠᠰᠤᠲᠠᠢᠴᠤᠳ ᠤ᠋ᠨ ᠭᠠᠯᠲᠤ ᠲᠡᠷᠭᠡ᠂ ᠠᠭᠠᠷ ᠤ᠋ᠨ ᠠᠶᠠᠯᠠᠯ ᠤ᠋ᠨ ᠲᠦᠷᠭᠡᠨ ᠱᠤᠭᠤᠮ᠂ ᠠᠶᠠᠨᠴᠢᠳ ᠤ᠋ᠨ ᠵᠦᠭᠡᠭᠡᠪᠦᠷᠢ ᠢ᠋ᠢᠨ ᠲᠠᠭᠠᠭᠠᠴᠢᠯᠠᠯᠲᠠ ᠢ᠋ᠢᠨ ᠨᠢᠰᠭᠡᠯ  ᠵᠡᠷᠭᠡ ᠲᠥᠷᠥᠯ ᠲᠡᠮᠳᠡᠭ ᠢ᠋ ᠴᠤᠭᠴᠠᠯᠠᠨ᠎ᠠ᠃

ᠵᠠᠮ ᠬᠠᠷᠢᠯᠴᠠᠭᠠᠨ ᠤ᠋ ᠬᠦᠷᠢᠶᠠᠨ ᠤ᠋ ᠱᠢᠨ᠎ᠡ ᠴᠢᠨᠠᠷ ᠤ᠋ᠨ ᠦᠶ᠋ᠯᠡᠳᠪᠦᠷᠢᠯᠡᠯ ᠤ᠋ᠨ ᠬᠦᠴᠦᠨ ᠢ᠋ ᠪᠣᠢᠵᠢᠭᠤᠯᠬᠤ ᠲᠠᠯ᠎ᠠ ᠪᠡᠷ᠂ ᠡᠨᠡ ᠵᠢᠯ ᠮᠠᠨ ᠤ᠋ ᠤᠷᠤᠨ《ᠵᠣᠬᠢᠶᠠᠮᠠᠯ ᠣᠶᠤᠨ ᠴᠢᠳᠠᠪᠤᠷᠢ + ᠵᠠᠮ ᠬᠠᠷᠢᠯᠴᠠᠭ᠎ᠠ ᠲᠡᠭᠡᠭᠡᠪᠦᠷᠢ》 ᠢ᠋ᠢᠨ ᠠᠵᠢᠯᠯᠠᠭ᠎ᠠ ᠢ᠋ᠢ ᠬᠡᠷᠡᠭ᠌ᠵᠢᠭᠦᠯᠵᠦ᠍᠂ ᠤᠢᠷ᠎ᠠ ᠤᠭᠲᠠᠷᠭᠤᠢ ᠢ᠋ᠢᠨ ᠣᠷᠣᠨ ᠢ᠋ ᠬᠤᠪᠢᠶᠠᠷᠢᠯᠠᠨ ᠲᠣᠭ᠍ᠲᠠᠭᠠᠵᠤ᠂ G6᠂ G7᠂ G65 ᠵᠡᠷᠭᠡ ᠭᠤᠤᠯ ᠪᠣᠯᠬᠤ ᠨᠡᠭᠦᠷᠡᠰᠦ ᠢ᠋ᠢ ᠭᠠᠳᠠᠭ᠍ᠰᠢ ᠲᠡᠭᠡᠭᠡᠪᠦᠷᠢᠯᠡᠬᠦ᠌ ᠨᠡᠪᠲᠡᠷᠡᠯ ᠵᠠᠮ ᠤ᠋ᠨ ᠨᠡᠭᠦᠷᠡᠰᠦᠲᠥ᠋ᠷᠥᠭ᠌ᠴᠢ ᠦᠯᠤ ᠭᠠᠳᠠᠭᠰᠢᠯᠠᠭᠤᠯᠬᠤ ᠲᠡᠭᠡᠭᠡᠪᠦᠷᠢ ᠢ᠋ᠢᠨ ᠬᠣᠩᠭᠢᠯ ᠤ᠋ᠨ ᠪᠦᠲᠦᠭᠡᠨ ᠪᠠᠢᠭᠤᠯᠤᠯᠲᠠ ᠶ᠋ᠢ ᠠᠬᠢᠭᠤᠯᠤᠨ᠎ᠠ᠃ ᠡᠬᠦᠨ ᠡᠴᠡ ᠭᠠᠳᠠᠨ᠎ᠠ ᠪᠠᠰᠠ ᠵᠠᠮ ᠬᠠᠷᠢᠯᠴᠠᠭ᠎ᠠ ᠪᠤᠳᠠᠰ ᠤ᠋ᠨ ᠬᠦᠢᠯᠬᠡᠬᠡ ᠵᠢᠨ ᠦᠪᠡᠷ ᠤ᠋ᠨ ᠦᠷᠳᠡᠭ ᠢ᠋ ᠪᠠᠭᠤᠷᠠᠭᠤᠯᠤᠨ ᠦᠷ᠎ᠠ ᠠᠰᠢᠭ ᠢ᠋ ᠨᠡᠮᠡᠭᠳᠡᠬᠦᠯᠬᠦ ᠵᠢ ᠬᠦᠨᠵᠡᠬᠡᠢ ᠠᠬᠢᠭᠤᠯᠵᠤ᠂ ᠵᠠᠰᠠᠮᠠᠯ ᠵᠠᠮ ᠤ᠋ᠨ ᠰᠠᠭᠠᠳ ᠦᠬᠡᠢ ᠨᠡᠪᠳᠡᠷᠡᠬᠦ ᠲᠦᠪᠰᠢᠨ ᠢ᠋ ᠯᠠᠪᠳᠠᠭᠤᠨ ᠵᠢᠡᠷ ᠲᠠᠬᠡᠭᠰᠢᠯᠡᠬᠦᠯᠤᠨ᠂ 6000 ᠺᠢᠯᠤᠮᠸᠲᠷ ᠵᠠᠰᠠᠮᠠᠯ ᠵᠠᠮ ᠳ᠋ᠤ ᠠᠷᠠᠴᠢᠯᠠᠨ ᠬᠠᠮᠠᠭᠠᠯᠠᠬᠤ ᠢᠨᠵᠸᠨ᠋ᠸᠷᠢᠩ ᠢ᠋ ᠬᠡᠷᠡᠭᠵᠢᠬᠦᠯᠵᠤ᠂ ᠰᠢᠨ᠎ᠠ ᠨᠢᠬᠡ ᠡᠬᠡᠯᠵᠢ ᠵᠢᠨ ᠮᠠᠯᠵᠢᠬᠤ ᠲᠠᠷᠢᠶᠠᠯᠠᠬᠤ ᠤᠷᠤᠨ ᠤ᠋ ᠵᠠᠰᠠᠮᠠᠯ ᠵᠠᠮ ᠢ᠋ ᠲᠡᠰ ᠲᠡᠪᠰᠢᠬᠦᠯᠬᠦ ᠠᠵᠢᠯᠯᠠᠭᠠᠨ ᠢ᠋ ᠬᠡᠷᠡᠭᠵᠢᠬᠦᠯᠦᠨ᠂ 5000 ᠺᠢᠯᠦᠮᠸᠲᠷ ᠤ᠋ᠨ ᠮᠠᠯᠵᠢᠬᠤ ᠲᠠᠷᠢᠶᠠᠯᠠᠬᠤ ᠤᠷᠤᠨ ᠤ᠋ ᠵᠠᠰᠠᠮᠠᠯ ᠵᠠᠮ ᠢ᠋ ᠰᠢᠨ᠎ᠠ ᠪᠡᠷ ᠪᠦᠳᠦᠬᠡᠨ ᠪᠠᠢᠭᠤᠯᠬᠤ ᠪᠤᠶᠤ ᠦᠬᠡᠷᠡᠴᠢᠯᠡᠨ ᠪᠠᠢᠭᠤᠯᠬᠤ ᠪᠡᠷ ᠪᠤᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号