— ᠶᠡᠷᠦᠩᠬᠡᠢ ᠱᠦᠵᠢ ᠰᠢ ᠵᠢᠨ ᠫᠢᠩ᠎ᠦᠨ ᠬᠣᠷᠢᠳᠤᠭᠠᠷ ᠬᠤᠭᠤᠴᠠᠭᠠᠨ᠎ᠤ ᠲᠥᠪ᠎ᠦᠨ ᠰᠠᠬᠢᠯᠭ᠎ᠠ ᠪᠠᠲᠤ ᠪᠠᠢᠴᠠᠭᠠᠬᠤ ᠬᠤᠷᠢᠶ᠎ᠠ ᠵᠢᠨ ᠲᠠᠪᠤᠳᠤᠭᠠᠷ ᠪᠦᠬᠦᠳᠠ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠰᠤᠷᠤᠯᠴᠠᠨ ᠲᠤᠭᠤᠱᠢᠯᠠᠭᠤᠯᠬᠤ ᠲᠤᠬᠠᠢ ᠥᠭᠦᠯᠡᠬᠦ᠌ ᠨᠢ
《ᠨᠠᠮ᠎ᠤᠨ ᠥᠪᠡᠷ ᠪᠡᠶ᠎ᠡ᠎ᠵᠢᠨ ᠬᠤᠪᠢᠰᠭᠠᠯ᠎ᠤᠨ ᠭᠣᠣᠯᠳᠠᠯᠭ᠎ᠠ ᠨᠢ ᠡᠷᠬᠡ᠎ᠶ᠋ᠢ ᠵᠠᠰᠠᠬᠤ᠎ᠳᠤ ᠪᠤᠢ᠂ ᠡᠷᠬᠡ᠎ᠶ᠋ᠢ ᠲᠦᠷᠢᠮ᠎ᠤᠨ ᠰᠢᠩᠭᠡᠯᠢᠭ ᠲᠤ᠌ ᠬᠤᠷᠢᠬᠤ ᠪᠣᠯ ᠱᠢᠨ᠎ᠡ ᠴᠠᠭ ᠦᠶ᠎ᠡ᠎ᠶ᠋ᠢᠨ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶ᠋ᠢᠨ ᠴᠢᠬᠤᠯᠠ ᠡᠭᠦᠷᠭᠡ ᠪᠣᠯᠤᠨ᠎ᠠ》᠃ ᠬᠣᠷᠢᠳᠤᠭᠠᠷ ᠬᠤᠭᠤᠴᠠᠭᠠᠨ᠎ᠤ ᠲᠥᠪ᠎ᠦᠨ ᠰᠠᠬᠢᠯᠭ᠎ᠠ ᠪᠠᠲᠤ ᠪᠠᠢᠴᠠᠭᠠᠬᠤ ᠬᠤᠷᠢᠶ᠎ᠠ ᠵᠢᠨ ᠲᠠᠪᠤᠳᠤᠭᠠᠷ ᠪᠦᠬᠦᠳᠡ ᠬᠤᠷᠠᠯ ᠳᠡᠭᠡᠷ᠎ᠡ᠂ ᠶᠡᠷᠦᠩᠬᠡᠢ ᠱᠦᠵᠢ ᠰᠢ ᠵᠢᠨ ᠫᠢᠩ 《ᠠᠷᠪᠠᠨ ᠲᠠᠪᠤᠳᠤᠭᠠᠷ ᠲᠠᠪᠤᠨ ᠵᠢᠯ》 ᠤ᠋ᠨ ᠬᠤᠭᠤᠴᠠᠭᠠᠨ᠎ᠤ ᠬᠠᠷᠠᠯᠲᠠ ᠡᠭᠦᠷᠭᠡ᠎ᠶ᠋ᠢ ᠪᠡᠶᠡᠯᠡᠭᠦᠯᠬᠦ᠌᠎ᠳᠦ ᠪᠠᠲᠤ ᠴᠢᠩᠭ᠎ᠠ ᠪᠠᠲᠤᠯᠠᠭ᠎ᠠ ᠬᠠᠩᠭᠠᠬᠤ᠎ᠶ᠋ᠢ ᠪᠣᠳᠣᠯᠬᠢᠯᠠᠵᠤ᠂ 《ᠡᠷᠬᠡ᠎ᠶ᠋ᠢ ᠨᠡᠩ ᠱᠢᠨᠵᠢᠯᠡᠬᠦ᠌ ᠤᠬᠠᠭᠠᠨᠴᠢ ᠪᠦᠲᠦᠮᠵᠢᠲᠡᠢ᠎ᠪᠡᠷ ᠲᠦᠷᠢᠮ᠎ᠤᠨ ᠰᠢᠩᠭᠡᠯᠢᠭ ᠲᠤ᠌ ᠬᠤᠷᠢᠬᠤ ᠬᠡᠷᠡᠭ᠌ᠲᠡᠢ》 ᠭᠡᠵᠦ᠍ ᠱᠠᠭᠠᠷᠳᠠᠪᠠ᠃
ᠲᠦᠷᠢᠮ ᠪᠣᠯ ᠤᠯᠤᠰ ᠢ ᠲᠣᠭ᠍ᠲᠠᠭᠠᠵᠤ ᠲᠦᠷᠦ᠍᠎ᠶ᠋ᠢ ᠲᠦᠪᠱᠢᠳᠭᠡᠬᠦ᠌ᠶ᠋ᠢᠨ ᠦᠨᠳᠦᠰᠦ ᠮᠥᠨ᠂ ᠪᠠᠰᠠ ᠴᠤ᠌ ᠨᠠᠮ᠎ᠢ ᠬᠠᠮᠢᠶᠠᠷᠴᠤ᠌ ᠨᠠᠮ᠎ᠢ ᠵᠠᠰᠠᠬᠤ᠎ᠶ᠋ᠢᠨ ᠦᠨᠳᠦᠰᠦ ᠮᠥᠨ᠃ ᠨᠠᠮ᠎ᠤᠨ ᠠᠷᠪᠠᠨ ᠨᠠᠶ᠋ᠮᠠᠳᠤᠭᠠᠷ ᠶᠡᠬᠡ ᠬᠤᠷᠠᠯ᠎ᠡᠴᠡ ᠨᠠᠭᠠᠰᠢ᠂ ᠨᠠᠮ᠎ᠤᠨ ᠲᠥᠪ ᠬᠣᠷᠢᠶ᠎ᠠ ᠬᠠᠤᠯᠢ ᠲᠣᠭ᠍ᠲᠠᠭᠠᠯ ᠲᠦᠷᠢᠮ᠎ᠦᠨ ᠪᠠᠢᠭᠤᠯᠤᠯᠲᠠ᠎ᠶ᠋ᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠵᠤ᠂ ᠲᠣᠭ᠍ᠲᠠᠭᠠᠭ᠍ᠰᠠᠨ ᠪᠠ ᠵᠠᠰᠠᠪᠤᠷᠢ ᠣᠷᠣᠭᠤᠯᠤᠭ᠍ᠰᠠᠨ ᠲᠣᠭ᠎ᠠ ᠬᠡᠮᠵᠢᠶ᠎ᠡ ᠨᠢ ᠤᠷᠢᠳ ᠡᠮᠦᠨ᠎ᠡ ᠪᠠᠢᠭ᠎ᠠ ᠥᠬᠡᠶ ᠤᠯᠠᠨ ᠪᠠᠢᠵᠤ᠂ ᠢᠯᠡᠷᠭᠡᠢ ᠠᠮᠵᠢᠯᠲᠠ ᠪᠦᠲᠦᠮᠵᠢ ᠤᠯᠵᠠᠢ᠃ ᠲᠣᠭ᠍ᠲᠠᠭᠠᠯ ᠶᠣᠰᠣᠭᠠᠷ ᠨᠠᠮ᠎ᠢ ᠵᠠᠰᠠᠬᠤ᠎ᠶ᠋ᠢ ᠪᠠᠷᠢᠮᠲᠠᠯᠠᠵᠤ᠂ ᠥᠪᠡᠷ ᠪᠡᠶ᠎ᠡ ᠵᠢᠨ ᠬᠤᠪᠢᠰᠭᠠᠯ᠎ᠤᠨ ᠳᠦᠷᠢᠮ᠎ᠦᠨ ᠪᠠᠢᠭᠤᠯᠤᠯᠲᠠ᠎ᠶ᠋ᠢ ᠴᠢᠩᠭᠠᠳᠭᠠᠬᠤ ᠨᠢ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠵᠠᠰᠠᠯᠲᠠ᠎ᠶ᠋ᠢᠨ ᠥᠪᠡᠷᠮᠢᠴᠡ ᠨᠢᠭᠤᠴᠠ ᠨᠤᠮᠧᠷ ᠪᠣᠯᠵᠠᠢ᠃
ᠶᠡᠷᠦᠩᠬᠡᠢ ᠱᠦᠵᠢ ᠰᠢ ᠵᠢᠨ ᠫᠢᠩ᠄ 《ᠡᠷᠬᠡ᠎ᠶ᠋ᠢ ᠲᠦᠷᠢᠮ᠎ᠦᠨ ᠱᠢᠩᠭᠡᠯᠢᠭ᠎ᠲᠦ ᠬᠣᠷᠢᠬᠤ᠎ᠳᠤ᠂ ᠲᠦᠷᠢᠮ ᠲᠣᠭ᠍ᠲᠠᠭᠠᠯ᠎ᠢ ᠲᠠᠰᠤᠷᠠᠯᠳᠠ ᠦᠭᠡᠢ ᠲᠡᠭᠦᠯᠳᠡᠷᠵᠢᠭᠦᠯᠵᠦ᠍᠂ ᠲᠦᠷᠢᠮ᠎ᠢ ᠨᠢᠭ᠍ᠲᠠ ᠪᠥᠭᠡᠳ ᠪᠤᠳᠤᠯᠢᠶᠠᠨᠲᠠᠢ ᠪᠢᠰᠢ᠂ ᠪᠦᠲᠦᠮᠵᠢᠲᠡᠢ ᠪᠥᠭᠡᠳ ᠲᠤᠰᠠᠲᠠᠢ ᠪᠠᠢᠯᠭᠠᠬᠤ ᠮᠥᠷᠲᠡᠭᠡᠨ ᠪᠠᠰᠠ ᠲᠦᠷᠢᠮ᠎ᠦᠨ ᠬᠡᠷᠡᠭ᠌ᠵᠢᠭᠦᠯᠬᠦ᠌ ᠬᠦᠴᠦᠨ᠎ᠢ ᠬᠦᠴᠦᠯᠡᠨ ᠳᠡᠭᠡᠭ᠌ᠰᠢᠯᠡᠭᠦᠯᠵᠦ᠍᠂ ᠬᠠᠲᠠᠭᠤ ᠬᠢᠵᠠᠭᠠᠷᠯᠠᠯ ᠢ ᠴᠢᠩᠭᠠᠳᠭᠠᠬᠤ ᠬᠡᠷᠡᠭ᠌ᠲᠡᠢ》 ᠭᠡᠵᠦ ᠵᠢᠭᠠᠵᠤ ᠭᠠᠷᠭᠠᠪᠠ᠃
《ᠦᠬᠡᠷ᠎ᠦᠨ ᠬᠠᠱᠢᠶᠠᠨ᠎ᠳᠤ ᠮᠤᠤᠷᠢ ᠬᠣᠷᠢᠬᠤ》᠂ 《ᠴᠠᠭᠠᠰᠤᠨ ᠱᠢᠩᠭᠡᠯᠢᠭ᠎ᠢᠶᠡᠷ ᠪᠠᠷᠰ ᠢ ᠬᠣᠷᠢᠬᠤ》 ᠶ᠋ᠢ ᠰᠡᠷᠭᠡᠢᠯᠡᠬᠦ᠌᠎ᠶ᠋ᠢᠨ ᠵᠠᠩᠭᠢᠯᠠᠭ᠎ᠠ ᠨᠢ 《ᠱᠢᠨᠵᠢᠯᠡᠬᠦ᠌ ᠤᠬᠠᠭᠠᠨᠴᠢ ᠪᠦᠲᠦᠮᠵᠢᠲᠡᠢ》 ᠪᠠᠢᠬᠤ᠎ᠳᠤ ᠪᠤᠢ᠃
ᠨᠢᠭᠡ ᠲᠠᠯ᠎ᠠ᠎ᠪᠠᠷ᠂ ᠵᠠᠷᠢᠮ ᠬᠠᠤᠯᠢ ᠲᠣᠭ᠍ᠲᠠᠭᠠᠯ ᠲᠦᠷᠢᠮ ᠲᠣᠭ᠍ᠲᠠᠭᠠᠯ ᠨᠢ ᠬᠡᠲᠦᠷᠬᠡᠢ ᠵᠠᠷᠴᠢᠮᠯᠢᠭ ᠲᠤᠳᠤᠷᠬᠠᠢ ᠪᠤᠰᠤ᠂ ᠬᠠᠨᠳᠤᠯᠭᠠᠲᠤ ᠴᠢᠨᠠᠷ ᠪᠠ ᠬᠡᠷᠡᠭ᠌ᠵᠢᠭᠦᠯᠵᠦ᠍ ᠪᠣᠯᠬᠤᠢᠴᠠ ᠴᠢᠨᠠᠷ᠎ᠢᠶᠠᠷ ᠴᠢᠩᠭ᠎ᠠ ᠪᠢᠰᠢ ᠵᠡᠷᠭᠡ ᠠᠰᠠᠭᠤᠳᠠᠯ᠎ᠳᠤ ᠴᠢᠭ᠌ᠯᠡᠭᠦᠯᠦᠨ᠂ ᠨᠠᠮ᠎ᠢ ᠬᠠᠮᠢᠶᠠᠷᠴᠤ᠌ ᠨᠠᠮ᠎ᠢ ᠵᠠᠰᠠᠬᠤ ᠪᠣᠳᠠᠲᠤ ᠬᠡᠷᠡᠭ᠌ᠴᠡᠭᠡ᠎ᠶ᠋ᠢ ᠦᠨᠳᠦᠰᠦᠯᠡᠨ ᠲᠦᠷᠢᠮ᠎ᠦᠨ ᠬᠠᠩᠭᠠᠯᠭ᠎ᠠ᠎ᠶ᠋ᠢ ᠴᠢᠩᠭᠠᠳᠭᠠᠵᠤ᠂ ᠱᠢᠩᠭᠡᠯᠢᠭᠢ ᠨᠢᠭ᠍ᠲᠠ ᠰᠦᠯᠵᠢᠵᠦ᠍ ᠪᠡᠲᠤ ᠰᠦᠯᠵᠢᠬᠦ ᠬᠡᠷᠡᠭ᠌ᠲᠡᠢ; ᠨᠦᠬᠦᠭᠡ ᠲᠠᠯ᠎ᠠ᠎ᠪᠠᠷ᠂ ᠬᠠᠤᠯᠢ ᠲᠣᠭ᠍ᠲᠠᠭᠠᠯ ᠲᠦᠷᠢᠮ᠎ᠦᠨ ᠡᠮᠦᠨ᠎ᠡ ᠬᠥᠮᠦᠨ ᠪᠦᠬᠦᠨ ᠡᠷᠬᠡ ᠲᠡᠭ᠌ᠰᠢ ᠪᠠᠢᠬᠤ᠂ ᠬᠠᠤᠯᠢ ᠲᠣᠭ᠍ᠲᠠᠭᠠᠯ ᠲᠦᠷᠢᠮ᠎ᠢ ᠵᠢᠷᠤᠮᠯᠠᠬᠤ᠎ᠳᠤ ᠣᠨᠴᠠ ᠡᠷᠬᠡ ᠦᠭᠡᠢ ᠪᠠᠢᠬᠤ᠂ ᠬᠠᠤᠯᠢ ᠲᠣᠭ᠍ᠲᠠᠭᠠᠯ ᠲᠦᠷᠢᠮ᠎ᠢ ᠬᠡᠷᠡᠭ᠌ᠵᠢᠭᠦᠯᠬᠦ᠌᠎ᠳᠦ ᠣᠨᠴᠠᠭᠠᠢ ᠪᠠᠢᠳᠠᠯ ᠦᠭᠡᠢ ᠪᠠᠢᠬᠤ᠎ᠶ᠋ᠢ ᠪᠠᠷᠢᠮᠲᠠᠯᠠᠵᠤ᠂ 《ᠤᠯᠠᠭᠠᠨ ᠳ᠋ᠧᠩ᠎ᠢ ᠵᠥᠷᠢᠴᠡᠬᠦ᠌》᠂ 《ᠬᠡᠷᠡᠰᠭᠡ ᠳᠠᠪᠠᠬᠤ》 ᠪᠠᠢᠳᠠᠯ᠎ᠢ ᠴᠢᠩᠭ᠎ᠠ ᠪᠠᠢᠴᠠᠭᠠᠨ ᠱᠢᠢᠳᠪᠦᠷᠢᠯᠡᠵᠦ᠍᠂ ᠲᠦᠷᠢᠮ ᠲᠣᠭ᠍ᠲᠠᠭᠠᠯ᠎ᠤᠨ ᠰᠦᠷ ᠬᠦᠴᠦᠲᠤ ᠪᠠᠢᠳᠠᠯ ᠢ ᠦᠨᠡᠨ ᠬᠦ᠌ ᠪᠠᠲᠤᠯᠠᠬᠤ ᠬᠡᠷᠡᠭ᠌ᠲᠡᠢ᠃
ᠺᠠᠳ᠋ᠷ ᠣᠯᠠᠨ ᠲᠦᠮᠡᠨ᠎ᠦ ᠳᠡᠷᠭᠡᠳᠡᠬᠢ ᠦᠨᠡᠨ ᠬᠦ᠌ ᠨᠢᠳᠦᠨ᠎ᠳᠤ ᠦᠵᠡᠭᠳᠡᠮ᠎ᠡ ᠬᠤᠪᠢᠷᠠᠯᠲᠠ ᠳᠤᠮᠳᠠ᠎ᠡᠴᠡ ᠨᠠᠮ᠎ᠤᠨ ᠳᠣᠲᠣᠭᠠᠳᠤ᠎ᠶ᠋ᠢᠨ ᠬᠠᠤᠯᠢ ᠲᠣᠭ᠍ᠲᠠᠭᠠᠯ ᠳᠦᠷᠢᠮ᠎ᠦᠨ ᠪᠠᠢᠭᠤᠯᠤᠯᠲᠠ᠎ᠶ᠋ᠢ ᠴᠢᠩᠭᠠᠳᠭᠠᠬᠤ ᠭᠡᠬᠦ᠌ ᠡᠨᠡ ᠬᠦ᠌ 《ᠨᠠᠮ ᠢ ᠪᠦᠬᠦ᠌ ᠲᠠᠯ᠎ᠠ᠎ᠪᠠᠷ ᠴᠢᠩᠭ᠎ᠠ ᠵᠠᠰᠠᠬᠤ᠎ᠶ᠋ᠢᠨ ᠠᠯᠤᠰ ᠬᠡᠳᠦ᠍᠎ᠶ᠋ᠢᠨ ᠪᠣᠳᠣᠯᠭ᠎ᠠ᠂ ᠦᠨᠳᠦᠰᠦᠨ ᠪᠣᠳᠣᠯᠭ᠎ᠠ》 ᠶ᠋ᠢ ᠨᠡᠩ ᠢᠯᠡᠭᠦᠦ ᠣᠢᠯᠠᠭᠠᠵᠤ ᠴᠢᠳᠠᠬᠤ ᠶᠤᠮ᠃
《ᠬᠦᠴᠢᠷ ᠪᠤᠳᠤᠯᠢᠶᠠᠨᠲᠠᠢ ᠠᠰᠠᠭᠤᠳᠠᠯ᠎ᠢ ᠰᠢᠢᠳᠪᠦᠷᠢᠯᠡᠬᠦ᠎ᠳᠤ ᠬᠠᠮᠢᠭ᠎ᠠ ᠡᠴᠡ ᠨᠢ ᠭᠠᠷ ᠤᠷᠤᠬᠤ ᠪᠡᠨ ᠮᠡᠳᠡᠬᠦ ᠦᠭᠡᠢ》 ᠠᠰᠠᠭᠤᠳᠠᠯ᠎ᠢ ᠬᠡᠷᠬᠢᠨ ᠱᠢᠶ᠋ᠳᠪᠦᠷᠢᠯᠡᠬᠦ᠌ ᠪᠤᠢ?
ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ᠎ᠤᠨ ᠳᠠᠷᠠᠭ᠎ᠠ᠂ ᠨᠠᠮ᠎ᠤᠨ ᠲᠥᠪ ᠬᠣᠷᠢᠢ᠎ᠠ ᠡᠴᠡ ᠲᠥᠪ᠎ᠦᠨ ᠨᠠᠢ᠍ᠮᠠᠨ ᠲᠣᠭ᠍ᠲᠠᠭᠠᠯ᠎ᠢ ᠲᠣᠭ᠍ᠲᠠᠭᠠᠨ ᠬᠡᠷᠡᠭ᠌ᠵᠢᠭᠦᠯᠬᠦ᠌᠎ᠪᠡᠷ ᠡᠬᠢᠯᠡᠯᠲᠡ ᠪᠣᠯᠭᠠᠨ ᠠᠰᠠᠭᠤᠳᠠᠯ᠎ᠢ ᠰᠢᠢᠳᠪᠦᠷᠢᠯᠡᠪᠡ᠃ ᠤᠯᠠᠨ ᠲᠦᠮᠡᠨ᠎ᠦ ᠲᠤᠰᠭᠠᠯ ᠬᠠᠮᠤᠭ᠎ᠤᠨ ᠴᠢᠩᠭ᠎ᠠ ᠪᠠᠢᠭ᠎ᠠ ᠠᠰᠠᠭᠤᠳᠠᠯ᠎ᠡᠴᠡ ᠭᠠᠷᠳᠠᠵᠤ᠂ ᠴᠢᠩᠭ᠎ᠠ ᠶᠣᠰᠣ ᠳᠦᠷᠢᠮ ᠲᠣᠭ᠍ᠲᠠᠭᠠᠵᠤ᠂ ᠴᠢᠩᠭ᠎ᠠ ᠬᠢᠵᠠᠭᠠᠷᠯᠠᠯ᠎ᠢ ᠴᠢᠩᠭᠠᠳᠬᠠᠵᠤ᠂ ᠥᠩᠭᠡᠷᠡᠭ᠌ᠰᠡᠨ᠎ᠳᠦ ᠬᠣᠷᠢᠭ᠍ᠯᠠᠵᠤ ᠳᠡᠢᠯᠬᠦ᠌ ᠦᠭᠡᠢ ᠭᠡᠵᠦ᠍ ᠦᠵᠡᠵᠦ᠍ ᠪᠠᠢᠭ᠍ᠰᠠᠨ ᠴᠥᠭᠡᠨ ᠪᠤᠰᠤ ᠭᠠᠵᠢᠭᠤ ᠰᠤᠷᠲᠠᠯ᠎ᠢ ᠬᠣᠷᠢᠭ᠍ᠯᠠᠨ ᠵᠣᠭ᠍ᠰᠣᠭᠠᠵᠤ᠂ ᠤᠯᠠᠨ ᠵᠢᠯ᠎ᠦᠨ ᠲᠤᠷᠰᠢ ᠠᠷᠢᠯᠭᠠᠬᠤᠶ᠎ᠠ ᠪᠡᠷᠬᠡ ᠵᠠᠷᠢᠮ ᠠᠷᠬᠠᠭ ᠭᠡᠮ᠎ᠢ ᠠᠷᠢᠯᠭᠠᠨ᠂ 《ᠬᠡᠳᠦᠨ ᠵᠠᠭᠤᠨ ᠪᠢᠴᠢᠭ ᠮᠠᠲ᠋ᠧᠷᠢᠶᠠᠯ ᠨᠢ ᠢᠳᠡᠵᠦ ᠤᠤᠭᠤᠬᠤ ᠠᠰᠠᠭᠤᠳᠠᠯ᠎ᠢ ᠬᠠᠮᠢᠶᠠᠷᠴᠤ᠌ ᠳᠡᠢᠯᠬᠦ᠌ ᠦᠭᠡᠢ》 ᠰᠠᠮᠠᠭᠤᠨ ᠪᠠᠢᠳᠠᠯ ᠢ ᠡᠴᠦᠰᠯᠡᠭᠦᠯᠵᠦ᠍᠂ ᠨᠠᠮ᠎ᠤᠨ ᠰᠤᠷᠲᠠᠯ ᠵᠠᠰᠠᠭ᠎ᠤᠨ ᠰᠤᠷᠲᠠᠯ᠎ᠤᠨ ᠴᠣ ᠱᠢᠨ᠎ᠡ ᠪᠠᠢᠳᠠᠯ᠎ᠲᠠᠶ ᠪᠣᠯᠬᠤ᠎ᠶ᠋ᠢ ᠠᠬᠢᠭᠤᠯᠪᠠ᠃ 《ᠨᠠᠢ᠍ᠮᠠᠨ ᠲᠣᠭ᠍ᠲᠠᠭᠠᠯ ᠳᠤᠮᠳᠠᠳᠤ ᠤᠯᠤᠰ ᠢ ᠬᠤᠪᠢᠷᠠᠭᠤᠯᠤᠭ᠍ᠰᠠᠨ》 ᠨᠢ ᠠᠷᠠᠳ ᠤᠯᠠᠨ᠎ᠤ ᠮᠠᠭ᠍ᠲᠠᠭᠠᠯ ᠰᠠᠢᠱᠢᠶᠠᠯ ᠪᠣᠯᠬᠤ ᠪᠥᠭᠡᠳ ᠪᠦᠬᠦ᠌ ᠨᠠᠮ᠎ᠳᠤ ᠳᠦᠷᠢᠮ᠎ᠦᠨ ᠪᠠᠢᠭᠤᠯᠤᠯᠲᠠ᠎ᠶ᠋ᠢᠨ ᠬᠡᠪ ᠳᠠᠭᠤᠷᠢᠶᠠᠯ ᠪᠣᠯᠤᠭ᠍ᠰᠠᠨ ᠪᠠᠢᠨ᠎ᠠ᠃
ᠨᠠᠮ ᠵᠠᠰᠠᠭ᠎ᠤᠨ ᠣᠨᠴᠠ ᠵᠠᠷᠢᠮ ᠪᠠᠢᠭᠤᠯᠭ᠎ᠠ᠎ᠶ᠋ᠢᠨ ᠭᠠᠷ ᠶᠡᠬᠡᠲᠡᠢ᠂ ᠰᠤᠷᠲᠤᠭᠤᠯᠤᠨ ᠪᠦᠷᠢᠯᠭᠡᠬᠦ᠌ ᠦᠵᠡᠭ᠌ᠳᠡᠯ᠎ᠢ ᠣᠯᠠᠨᠲᠠ ᠬᠣᠷᠢᠭ᠍ᠯᠠᠭ᠍ᠰᠠᠨ ᠴᠤ᠌ ᠵᠣᠭ᠍ᠰᠣᠬᠤ ᠦᠭᠡᠢ ᠪᠠᠢᠬᠤ ᠠᠰᠠᠭᠤᠳᠠᠯ᠎ᠢ ᠬᠡᠷᠬᠢᠨ ᠱᠢᠢᠳᠪᠦᠷᠢᠯᠡᠬᠦ᠌ ᠪᠤᠢ?
2025 ᠣᠨ᠎ᠳᠤ᠂ ᠱᠢᠨ᠎ᠡ᠎ᠪᠡᠷ ᠵᠠᠰᠠᠪᠤᠷᠢ ᠣᠷᠣᠭᠤᠯᠤᠭ᠍ᠰᠠᠨ 《ᠨᠠᠮ ᠵᠠᠰᠠᠭ᠎ᠤᠨ ᠪᠠᠢᠭᠤᠯᠭ᠎ᠠ᠎ᠶ᠋ᠢᠨ ᠠᠷᠪᠢᠯᠠᠨ ᠭᠠᠮᠨᠠᠬᠤ ᠵᠢ ᠴᠢᠩᠭ᠎ᠠ ᠬᠡᠷᠡᠭᠵᠢᠭᠦᠯᠵᠦ ᠪᠦᠷᠢᠯᠭᠡᠨ ᠰᠦᠶ᠋ᠳᠭᠡᠬᠦ᠌᠎ᠶ᠋ᠢ ᠡᠰᠡᠷᠭᠦᠴᠡᠬᠦ᠌ ᠲᠦᠷᠢᠮ》 ᠨᠢ ᠲᠥᠪ ᠪᠤᠰᠤ ᠰᠤᠷᠲᠠᠯ᠎ᠳᠤ ᠰᠢᠭᠤᠳ ᠴᠢᠭᠯᠡᠭᠦᠯᠵᠡᠢ᠃ ᠨᠠᠮ ᠵᠠᠰᠠᠭ᠎ᠤᠨ ᠪᠠᠢᠭᠤᠯᠭ᠎ᠠ ᠲᠦᠷᠦᠭᠦᠯᠡᠨ ᠠᠷᠪᠢᠴᠢ ᠭᠠᠮᠲᠠᠢ ᠠᠮᠢᠳᠤᠷᠠᠬᠤ ᠲᠦᠷᠢᠮ᠎ᠦᠨ ᠱᠤᠷᠠᠭ᠎ᠢ ᠴᠢᠨᠠᠭ᠍ᠰᠢᠳᠠ ᠴᠢᠩᠭᠠᠯᠠᠵᠤ᠂ ᠪᠦᠷᠢᠯᠭᠡᠨ ᠰᠦᠢᠳᠭᠡᠬᠦ᠌᠎ᠶ᠋ᠢ ᠡᠰᠡᠷᠭᠦᠴᠡᠬᠦ᠌ ᠲᠦᠷᠢᠮ᠎ᠦᠨ ᠬᠠᠱᠢᠯᠭ᠎ᠠ᠎ᠶ᠋ᠢ ᠪᠠᠲᠤ ᠴᠣᠭ᠍ᠴᠠᠯᠠᠵᠤ᠂ ᠠᠷᠪᠢᠯᠠᠨ ᠭᠠᠮᠨᠠᠬᠤ᠎ᠵᠢ 《ᠱᠠᠭᠠᠷᠳᠠᠯᠭ᠎ᠠ》 ᠪᠠᠢᠭᠰᠠᠨ ᠡᠴᠡ 《ᠳᠠᠳᠭᠠᠯ》 ᠪᠤᠯᠭᠠᠨ ᠬᠤᠪᠢᠷᠠᠭᠤᠯᠬᠤ᠎ᠶ᠋ᠢ ᠠᠬᠢᠭᠤᠯᠪᠠ᠃ ᠦᠨᠳᠦᠰᠦᠨ ᠱᠠᠲᠤᠨ᠎ᠤ ᠵᠠᠷᠢᠮ ᠺᠠᠳ᠋ᠷ᠄ 《ᠣᠳᠣ ᠣᠯᠠᠨ᠎ᠤ ᠦᠵᠡᠯᠲᠡ ᠬᠤᠪᠢᠷᠠᠵᠠᠶ᠂ ᠢᠳᠡᠵᠦ᠍ ᠴᠠᠳᠤᠭᠠᠳ ᠪᠦᠷᠢᠯᠭᠡᠬᠦ᠌ ᠦᠭᠡᠢ ᠪᠣᠯ ᠰᠠᠶᠢ ᠵᠢᠩᠬᠢᠨᠢ 〈ᠨᠡᠷ᠎ᠡ ᠨᠢᠭᠤᠷ〉 ᠪᠣᠯᠤᠨ᠎ᠠ》 ᠭᠡᠵᠡᠢ᠃
《ᠬᠡᠯᠪᠡᠷᠢᠴᠢ ᠦᠵᠡᠯ ᠢ ᠴᠡᠭ᠌ᠴᠡᠯᠡᠨ ᠵᠠᠰᠠᠵᠤ ᠦᠨᠳᠦᠰᠦᠨ ᠱᠠᠲᠤᠨ᠎ᠤ ᠳᠠᠷᠤᠭᠠᠰᠤ᠎ᠶ᠋ᠢ ᠬᠥᠩᠭᠡᠷᠡᠭᠦᠯᠬᠦ᠌ ᠲᠣᠭ᠍ᠲᠠᠭᠠᠯ᠎ᠤᠳ》 ᠢ᠋ ᠲᠣᠭ᠍ᠲᠠᠭᠠᠵᠤ᠂ ᠦᠨᠳᠦᠰᠦᠨ ᠱᠠᠲᠤᠨ᠎ᠤ ᠳᠠᠷᠤᠭᠠᠰᠤ᠎ᠶ᠋ᠢ ᠬᠥᠩᠭᠡᠷᠡᠭᠦᠯᠬᠦ᠌᠎ᠶ᠋ᠢ ᠭᠦᠨᠵᠡᠭᠡᠢᠷᠡᠭᠦᠯᠦᠨ ᠪᠣᠳᠠᠲᠠᠢᠵᠢᠭᠤᠯᠵᠤ᠂ ᠪᠣᠳᠠᠲᠤ ᠦᠷ᠎ᠡ ᠪᠦᠲᠦᠮᠵᠢ ᠤᠯᠬᠤ᠎ᠶ᠋ᠢ ᠠᠬᠢᠭᠤᠯᠬᠤ ᠡᠴᠡ 《ᠬᠥᠳᠡᠭᠡ ᠲᠣᠰᠭᠣᠨ᠎ᠤ ᠦᠨᠳᠦᠰᠦᠨ ᠱᠠᠲᠤᠨ᠎ᠤ ᠺᠠᠳ᠋ᠷ᠎ᠤᠨ ᠠᠷᠢᠭᠤᠨ ᠴᠢᠬᠡᠴᠢ᠎ᠪᠡᠷ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌ ᠲᠣᠭ᠍ᠲᠠᠭᠠᠯ》 ᠳ᠋ᠤ᠌ ᠵᠠᠰᠠᠪᠤᠷᠢ ᠣᠷᠣᠭᠤᠯᠵᠤ᠂ ᠺᠠᠳ᠋ᠷ᠎ᠤᠨ ᠠᠷᠢᠭᠤᠨ ᠴᠢᠬᠡᠴᠢ᠎ᠪᠡᠷ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌᠎ᠶ᠋ᠢᠨ ᠬᠠᠮᠲᠤ ᠵᠣᠷᠢᠭ᠍ᠲᠠᠢ ᠠᠵᠢᠯᠯᠠᠵᠤ᠂ ᠳᠠᠷᠤᠭᠠᠰᠤᠦᠭᠡᠢᠪᠠᠷ ᠠᠵᠢᠯᠯᠠᠬᠤ᠎ᠳᠤ ᠬᠦᠴᠦᠨ ᠨᠡᠮᠡᠷᠢᠯᠡᠬᠦ ᠬᠦᠷᠲᠡᠯ᠎ᠡ᠂ ᠳᠠᠬᠢᠭᠠᠳ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠦᠵᠡᠯ ᠰᠠᠨᠠᠭ᠎ᠠ ᠤᠯᠤᠰ ᠲᠥᠷᠥ᠎ᠶ᠋ᠢᠨ ᠠᠵᠢᠯ᠎ᠤᠨ ᠲᠦᠷᠢᠮ》 ᠢ᠋ ᠨᠡᠢᠲᠡᠯᠡᠵᠦ᠍᠂ ᠱᠢᠨ᠎ᠡ ᠴᠠᠭ ᠦᠶ᠎ᠡ᠎ᠶ᠋ᠢᠨ ᠦᠵᠡᠯ ᠰᠠᠨᠠᠭ᠎ᠠ ᠤᠯᠤᠰ ᠲᠥᠷᠥ᠎ᠶ᠋ᠢᠨ ᠠᠵᠢᠯ᠎ᠢ ᠰᠠᠢᠲᠤᠷ ᠬᠢᠬᠦ᠌᠎ᠳᠦ ᠦᠨᠳᠦᠰᠦᠨ ᠵᠢᠷᠤᠮᠯᠠᠯ ᠬᠠᠩᠭᠠᠭᠰᠡᠨ ᠬᠦᠷᠲᠡᠯ᠎ᠡ ᠁ ᠲᠦᠷᠢᠮ᠎ᠦᠨ ᠱᠢᠰᠲ᠋ᠧᠮ ᠨᠠᠩ ᠪᠦᠷᠢᠨ ᠲᠡᠭᠦᠯᠳᠡᠷ ᠪᠣᠯᠬᠤ ᠲᠤᠳᠤᠮ᠂ ᠨᠠᠮ᠎ᠢ ᠬᠠᠮᠢᠶᠠᠷᠴᠤ᠌ ᠨᠠᠮ᠎ᠢ ᠵᠠᠰᠠᠬᠤ ᠠᠵᠢᠯ ᠨᠠᠩ ᠬᠦᠴᠦᠲᠡᠶ ᠪᠣᠯᠤᠨ᠎ᠠ᠃
ᠳᠡᠯᠡᠬᠡᠢ᠎ᠶ᠋ᠢᠨ ᠬᠥᠮᠦᠰ᠂ ᠮᠠᠰᠢ ᠤᠯᠠᠨ ᠤᠯᠤᠰ᠎ᠤᠨ ᠲᠦᠷᠦ᠍᠎ᠶ᠋ᠢᠨ ᠨᠠᠮ ᠴᠥᠮ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠤᠷᠱᠢᠯᠭ᠎ᠠ᠎ᠡᠴᠡ ᠰᠡᠩᠬᠡᠷᠡᠭᠦᠯᠦᠯ ᠣᠯᠵᠤ ᠪᠣᠯᠤᠨ᠎ᠠ — ᠤᠯᠤᠰ ᠲᠦᠷᠦ᠍᠎ᠶ᠋ᠢᠨ ᠰᠠᠬᠢᠯᠭ᠎ᠠ ᠪᠠᠲᠤ᠎ᠶ᠋ᠢ ᠴᠢᠩᠭᠠᠳᠭᠠᠬᠤ᠂ ᠲᠦᠷᠢᠮ᠎ᠦᠨ ᠬᠡᠷᠡᠭ᠌ᠵᠢᠭᠦᠯᠦᠯᠲᠡ᠎ᠶ᠋ᠢ ᠲᠡᠭᠦᠯᠳᠡᠷᠵᠢᠭᠦᠯᠬᠦ᠌᠂ ᠶᠣᠰᠣ ᠰᠤᠷᠲᠠᠬᠤᠨ᠎ᠤ ᠵᠢᠯᠣᠭᠣᠳᠤᠮᠵᠢ᠎ᠶ᠋ᠢ ᠴᠢᠬᠤᠯᠠᠴᠢᠯᠠᠬᠤ᠎ᠪᠠᠷ ᠳᠠᠮᠵᠢᠭᠤᠯᠤᠨ᠂ ᠲᠦᠷᠦ᠍᠎ᠶ᠋ᠢᠨ ᠨᠠᠮ᠎ᠤᠨ ᠢᠲᠡᠭᠡᠭᠦᠯᠬᠦ᠌ ᠬᠦᠴᠦᠨ ᠪᠣᠯᠤᠨ ᠵᠠᠰᠠᠯᠲᠠ᠎ᠶ᠋ᠢᠨ ᠴᠢᠳᠠᠪᠤᠷᠢ᠎ᠶ᠋ᠢ ᠳᠡᠭᠡᠭ᠌ᠰᠢᠯᠡᠭᠦᠯᠵᠦ᠍ ᠪᠣᠯᠤᠨ᠎ᠠ ᠭᠡᠵᠦ ᠦᠨᠡᠯᠡᠪᠡ᠃
ᠳᠦᠷᠢᠮ᠎ᠦᠨ ᠠᠮᠢᠵᠢᠷᠠᠯ᠎ᠤᠨ ᠬᠦᠴᠦᠨ ᠨᠢ ᠬᠡᠷᠡᠭ᠌ᠵᠢᠭᠦᠯᠬᠦ᠌᠎ᠳᠦ ᠪᠠᠢᠨ᠎ᠠ᠂ ᠵᠠᠩᠭᠢᠯᠠᠭ᠎ᠠ ᠨᠢ ᠦᠨᠡᠨ ᠬᠦ᠌ ᠠᠳᠭᠤᠬᠤ᠎ᠳᠤ ᠪᠠᠢᠨ᠎ᠠ᠂ ᠴᠢᠩᠭ᠎ᠠ ᠬᠠᠮᠢᠶᠠᠷᠬᠤ᠎ᠳᠤ ᠲᠦᠰᠢᠭᠯᠡᠨ᠎ᠠ᠃
ᠶᠡᠷᠦᠩᠬᠡᠶ ᠱᠦᠵᠢ ᠰᠢ ᠵᠢᠨ ᠫᠢᠩ᠄ 《〈ᠭᠤᠤᠯ ᠬᠠᠷᠢᠭᠤᠴᠠᠯᠭᠠᠲᠠᠨ〉 ᠲᠦᠷᠦᠭᠦᠯᠡᠨ ᠲᠦᠷᠢᠮ᠎ᠢ ᠬᠡᠷᠡᠭ᠌ᠵᠢᠭᠦᠯᠬᠦ᠌ ᠬᠡᠷᠡᠭ᠌ᠲᠡᠶ》᠂ 《ᠬᠠᠤᠯᠢ ᠲᠣᠭ᠍ᠲᠠᠭᠠᠯ ᠲᠦᠷᠢᠮ᠎ᠦᠨ ᠤᠬᠠᠭᠤᠯᠭ᠎ᠠ ᠬᠥᠮᠦᠵᠢᠯ᠎ᠢ ᠴᠢᠩᠭᠠᠳᠭᠠᠬᠤ ᠬᠡᠷᠡᠭ᠌ᠲᠡᠶ》᠂ 《ᠨᠠᠮ᠎ᠤᠨ ᠶᠠᠪᠤᠳᠠᠯ᠂ ᠵᠠᠰᠠᠭ᠎ᠤᠨ ᠶᠠᠪᠤᠳᠠᠯ᠎ᠤᠨ ᠢᠯᠡ ᠲᠣᠳᠣ᠎ᠶ᠋ᠢᠨ ᠬᠡᠮᠵᠢᠶ᠎ᠡ᠎ᠶ᠋ᠢ ᠴᠢᠨᠠᠭᠰᠢᠳᠠ ᠳᠡᠭᠡᠭ᠌ᠰᠢᠯᠡᠭᠦᠯᠬᠦ᠌ ᠬᠡᠷᠡᠭ᠌ᠲᠡᠶ》 ᠭᠡᠵᠦ᠍ ᠴᠢᠬᠤᠯᠠᠴᠢᠯᠠᠪᠠ᠃ ᠨᠢᠭᠡ ᠭᠠᠵᠠᠷ ᠣᠷᠣᠨ᠂ ᠨᠢᠭᠡ ᠰᠠᠯᠠᠭ᠎ᠠ ᠮᠥᠴᠢᠷ᠎ᠦᠨ ᠲᠦᠷᠢᠮ᠎ᠢ ᠰᠠᠢᠲᠤᠷ ᠬᠡᠷᠡᠭ᠌ᠵᠢᠭᠦᠯᠦᠭ᠌ᠰᠡᠨ ᠡᠰᠡᠬᠦ᠌᠎ᠶ᠋ᠢᠨ ᠵᠠᠩᠭᠢᠯᠠᠭ᠎ᠠ ᠨᠢ 《ᠭᠤᠤᠯ ᠬᠠᠷᠢᠭᠤᠴᠠᠯᠭᠠᠲᠠᠨ》 ᠳ᠋ᠤ᠌ ᠪᠠᠢᠨ᠎ᠠ᠃ ᠡᠯ᠎ᠡ ᠱᠠᠲᠤᠨ᠎ᠤ ᠤᠳᠤᠷᠢᠳᠭᠤ ᠪᠠᠭ᠎ᠤᠨ ᠪᠦᠷᠢᠯᠳᠦᠬᠦᠨ ᠢᠯᠠᠩᠭᠤᠶ᠎ᠠ 《ᠭᠤᠤᠯ ᠬᠠᠷᠢᠭᠤᠴᠠᠯᠭᠠᠲᠠᠨ》 ᠪᠡᠶ᠎ᠡ᠎ᠪᠡᠷ᠎ᠢᠶᠡᠨ ᠬᠡᠪ ᠲᠦᠷᠢᠮ ᠪᠤᠯᠵᠤ᠂ ᠲᠦᠷᠦᠭᠦᠯᠡᠨ ᠪᠣᠳᠠᠲᠠᠢ ᠬᠡᠷᠡᠭ᠌ᠵᠢᠭᠦᠯᠵᠦ᠍᠂ ᠬᠣᠯᠪᠣᠭ᠍ᠳᠠᠯ ᠪᠦᠬᠦᠢ ᠬᠢᠨᠠᠯᠲᠠ᠎ᠶ᠋ᠢ ᠴᠤ᠌ ᠪᠣᠳᠠᠲᠠᠢ ᠨᠠᠢᠳᠠᠪᠤᠷᠢᠵᠢᠭᠤᠯᠬᠤ ᠬᠡᠷᠡᠭ᠌ᠲᠡᠢ᠃ ᠥᠷᠭᠡᠨ ᠣᠯᠠᠨ ᠨᠠᠮ᠎ᠤᠨ ᠭᠡᠱᠢᠭᠦᠨ᠂ ᠺᠠᠳ᠋ᠷᠴᠤᠳ ᠬᠠᠤᠯᠢ ᠴᠠᠭᠠᠵᠠ ᠰᠠᠬᠢᠯᠭ᠎ᠠ ᠪᠠᠲᠤ᠎ᠶ᠋ᠢ ᠣᠢᠯᠠᠭᠠᠵᠤ᠂ ᠶᠣᠰᠣ ᠲᠦᠷᠢᠮ᠎ᠢ ᠲᠣᠳᠣᠷᠬᠠᠶ ᠮᠡᠳᠡᠵᠦ᠍᠂ ᠪᠢᠱᠢᠷᠡᠨ ᠵᠢᠷᠦᠬᠡᠱᠢᠶᠡᠬᠦ᠌᠎ᠶ᠋ᠢ ᠮᠡᠳᠡᠵᠦ᠍᠂ ᠬᠠᠤᠯᠢ ᠲᠣᠭ᠍ᠲᠠᠭᠠᠯ ᠲᠦᠷᠢᠮ ᠪᠣᠯ 《ᠬᠦᠯᠢᠶᠡᠰᠦ》 ᠪᠣᠯᠬᠤ᠎ᠪᠠᠷ ᠪᠠᠷᠠᠬᠤ ᠥᠬᠡᠶ ᠨᠠᠩ ᠴᠤ᠌ 《ᠬᠠᠮᠠᠭᠠᠯᠠᠯᠲᠠ》 ᠮᠥᠨ ᠭᠡᠳᠡᠭ᠎ᠢ ᠲᠠᠨᠢᠬᠤ ᠬᠡᠷᠡᠭ᠌ᠲᠡᠶ᠃ ᠡᠷᠬᠡ᠎ᠶ᠋ᠢ ᠢᠯᠡ᠎ᠪᠡᠷ ᠬᠡᠷᠡᠭ᠌ᠵᠢᠭᠦᠯᠵᠦ᠍᠂ ᠢᠯᠡ ᠲᠣᠳᠣᠷᠬᠠᠢ ᠶᠣᠰᠣ ᠳᠦᠷᠢᠮ᠎ᠦᠨ ᠬᠡᠷᠡᠭ᠌ᠵᠢᠭᠦᠯᠬᠦ᠌ ᠬᠦᠴᠦᠨ᠎ᠢ ᠳᠡᠭᠡᠭ᠌ᠰᠢᠯᠡᠭᠦᠯᠪᠡᠯ ᠰᠠᠶᠢ ᠳᠠᠯᠳᠠ ᠳᠦᠷᠢᠮ᠎ᠢ ᠵᠠᠬ᠎ᠠ ᠳᠡᠯᠭᠡᠭᠦᠷ ᠦᠭᠡᠢ ᠪᠣᠯᠭᠠᠵᠤ᠂ ᠨᠠᠮ᠎ᠤᠨ ᠰᠠᠬᠢᠯᠭ᠎ᠠ ᠪᠠᠲᠤ ᠤᠯᠤᠰ᠎ᠤᠨ ᠬᠠᠤᠯᠢ ᠴᠠᠭᠠᠵᠠ᠎ᠶ᠋ᠢ ᠦᠵᠡᠯ ᠰᠠᠨᠠᠭᠠᠨ᠎ᠤ ᠤᠬᠠᠮᠰᠠᠷ᠂ ᠦᠢᠯᠡ ᠠᠵᠢᠯᠯᠠᠭ᠎ᠠ᠎ᠶ᠋ᠢᠨ ᠤᠬᠠᠮᠰᠠᠷ ᠪᠣᠯᠭᠠᠨ ᠰᠡᠳᠭᠢᠯ ᠳ᠋ᠡᠭᠡᠨ ᠰᠢᠩᠭᠡᠭᠡᠵᠦ ᠴᠢᠳᠠᠨ᠎ᠠ᠃
ᠠᠤᠭ᠎ᠠ ᠵᠢᠷᠤᠭ ᠲᠥᠰᠦᠪ᠎ᠢ ᠰᠠᠢ᠌ᠨ ᠰᠠᠢᠬᠠᠨ ᠪᠣᠳᠠᠲᠤ ᠠᠬᠤᠢ ᠪᠣᠯᠭᠠᠨ ᠬᠤᠪᠢᠷᠠᠭᠤᠯᠵᠤ᠂ ᠥᠷᠭᠡᠨ ᠤᠯᠠᠨ ᠨᠠᠮ᠎ᠤᠨ ᠭᠡᠱᠢᠭᠦᠨ᠂ ᠺᠠᠳ᠋ᠷᠴᠤᠳ᠎ᠤᠨ ᠡᠭᠦᠷᠭᠡ ᠬᠠᠷᠢᠭᠤᠴᠠᠯᠭ᠎ᠠ ᠮᠥᠷᠥᠨ ᠳᠡᠭᠡᠷ᠎ᠡ ᠲᠠᠯᠪᠢᠭᠳᠠᠵᠤ ᠪᠠᠢᠨ᠎ᠠ᠃ ᠲᠦᠷᠢᠮ᠎ᠢᠶᠡᠷ ᠨᠠᠮ᠎ᠢ ᠵᠠᠰᠠᠬᠤ᠂ ᠲᠤᠭᠲᠠᠭᠠᠯ᠎ᠢᠶᠡᠷ ᠨᠠᠮ᠎ᠢ ᠵᠠᠰᠠᠬᠤ᠎ᠶ᠋ᠢ ᠪᠠᠷᠢᠮᠲᠠᠯᠠᠵᠤ᠂ ᠡᠷᠬᠡ᠎ᠶ᠋ᠢ ᠨᠡᠩ ᠱᠢᠨᠵᠢᠯᠡᠬᠦ᠌ ᠤᠬᠠᠭᠠᠨᠴᠢ ᠪᠦᠲᠦᠮᠵᠢᠲᠡᠢ᠎ᠪᠡᠷ ᠲᠦᠷᠢᠮ᠎ᠦᠨ ᠱᠢᠩᠭᠡᠯᠢᠭ᠎ᠲᠦ ᠬᠣᠷᠢᠪᠠᠯ᠂ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠱᠢᠨ᠎ᠡ ᠦᠷ᠎ᠡ ᠪᠦᠲᠦᠮᠵᠢ᠎ᠪᠡᠷ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠯᠠᠪᠳᠠᠭᠤᠨ᠎ᠢᠶᠠᠷ ᠬᠤᠯᠠ ᠠᠶᠠᠯᠠᠬᠤ᠎ᠶ᠋ᠢ ᠬᠦᠲᠦᠯᠦᠨ ᠵᠢᠯᠤᠭᠤᠳᠴᠤ ᠪᠠᠲᠤᠯᠠᠵᠤ ᠴᠢᠳᠠᠬᠤ ᠨᠢ ᠯᠠᠪᠲᠠᠢ᠃
(ᠱᠢᠨᠬᠤᠸᠠ ᠬᠤᠷᠢᠶ᠎ᠠ ᠵᠢᠨ ᠪᠡᠭᠡᠵᠢᠩ᠎ᠦᠨ 1 ᠰᠠᠷ᠎ᠠ᠎ᠶ᠋ᠢᠨ 13 ᠤ᠋ ᠴᠠᠬᠢᠯᠭᠠᠨ ᠮᠡᠳᠡᠭᠡ)