ᠦᠪᠦᠷ ᠮᠤᠡᠭᠭᠤᠯ ᠤ᠋ᠨ ᠦᠪᠡᠷᠲᠡᠭᠡᠨ ᠵᠠᠰᠠᠬᠤ ᠤᠷᠤᠨ ᠤ᠋ ᠴᠠᠭ ᠠᠭᠤᠷ ᠤ᠋ᠨ ᠬᠤᠷᠢᠶ᠎ᠠ ᠡᠴᠡ ᠤᠢᠯᠠᠭᠠᠭᠰᠠᠨ ᠢ᠋ᠢᠡᠷ᠂ 1 ᠰᠠᠷ᠎ᠠ ᠢ᠋ᠢᠨ 17 — 20 ᠤ᠋ ᠦᠷᠯᠦᠬᠡ ᠪᠣᠯᠲᠠᠯ᠎ᠠ ᠴᠢᠡᠭᠭ᠎ᠠ ᠬᠦᠢᠲᠡᠨ ᠠᠭᠠᠷ ᠮᠠᠨ ᠤ᠋ ᠣᠷᠣᠨ ᠢ᠋ ᠨᠥᠯᠥᠭᠡᠯᠡᠵᠦ᠍᠂ ᠪᠣᠷᠣᠲᠣᠬᠣᠶ ᠵᠢᠴᠢ ᠡᠷᠬᠢᠨ ᠲᠣᠭᠣᠷᠢᠨ ᠤ᠋ ᠭᠠᠵᠠᠷ ᠣᠷᠣᠨ ᠤ᠋ ᠠᠭᠠᠷ ᠤ᠋ᠨ ᠳᠤᠯᠠᠭᠠᠨ 8 — 14 ᠭᠷᠠᠳᠦ᠋ᠰ ᠪᠠᠭᠤᠷᠠᠨ᠂ ᠬᠡᠰᠡᠭ ᠭᠠᠵᠠᠷ ᠤ᠋ᠨ ᠠᠭᠠᠷ ᠤ᠋ᠨ ᠳᠤᠯᠠᠭᠠᠨ 14 ᠭᠷᠠᠳᠦ᠋ᠰᠡᠴᠡ ᠳᠡᠭᠡᠭ᠌ᠰᠢ ᠪᠠᠭᠤᠷᠠᠵᠤ᠂ ᠳᠤᠮᠳᠠ ᠪᠡᠶ᠎ᠠ ᠪᠤᠯᠤᠨ ᠵᠡᠭᠦᠨ ᠪᠡᠶ᠎ᠠ ᠢ᠋ᠢᠨ ᠬᠡᠰᠡᠭ ᠭᠠᠵᠠᠷ ᠲᠦ᠍ ᠶᠡᠬᠡ ᠴᠠᠰᠤ ᠣᠷᠣᠨ᠎ᠠ᠃
1 ᠰᠠᠷ᠎ᠠ ᠢ᠋ᠢᠨ 17 ᠤ᠋ ᠡᠳᠦᠷ ᠤ᠋ᠨ 8 ᠴᠠᠭ ᠡᠴᠡ 20 ᠤ᠋ ᠡᠳᠦᠷ ᠤ᠋ᠨ 8 ᠴᠠᠭ ᠪᠣᠯᠲᠠᠯ᠎ᠠ᠂ ᠦᠪᠦᠷ ᠮᠤᠡᠭᠭᠤᠯ ᠤ᠋ᠨ ᠳᠤᠮᠳᠠ ᠪᠡᠶ᠎ᠠ ᠪᠤᠯᠤᠨ ᠪᠠᠷᠠᠭᠤᠨ ᠪᠡᠶ᠎ᠠ ᠢ᠋ᠢᠨ ᠶᠡᠬᠡᠩᠬᠢ ᠭᠠᠵᠠᠷ ᠤ᠋ᠨ ᠠᠭᠠᠷ ᠤ᠋ᠨ ᠳᠤᠯᠠᠭᠠᠨ 6— 8 ᠭᠷᠠᠳᠦ᠋ᠰ ᠪᠠᠭᠤᠷᠠᠨ᠎ᠠ᠃ ᠡᠭᠦᠨ ᠳ᠋ᠤ ᠪᠠᠷᠠᠭᠤᠨ ᠪᠡᠶ᠎ᠠ ᠢ᠋ᠢᠨ ᠵᠡᠭᠦᠨ ᠬᠡᠰᠡᠭ ᠪᠤᠯᠤᠨ ᠬᠣᠢᠲᠤ ᠬᠡᠰᠡᠭ᠂ ᠳᠤᠮᠳᠠ ᠪᠡᠶ᠎ᠠ ᠢ᠋ᠢᠨ ᠪᠠᠷᠠᠭᠤᠨ ᠬᠡᠰᠡᠭ ᠤ᠋ᠨ ᠠᠭᠠᠷ ᠤ᠋ᠨ ᠳᠤᠯᠠᠭᠠᠨ 8 — 12 ᠭᠷᠠᠳᠦ᠋ᠰ ᠪᠠᠭᠤᠷᠠᠵᠤ᠂ ᠪᠠᠶᠠᠨᠨᠠᠭᠤᠷ ᠬᠣᠲᠠ᠂ ᠣᠷᠳᠣᠰ ᠬᠣᠲᠠ᠂ ᠪᠤᠭᠤᠲᠤ ᠬᠣᠲᠠ᠂ ᠬᠥᠬᠡᠬᠣᠲᠠ᠂ ᠤᠯᠠᠭᠠᠨᠴᠠᠪ ᠬᠣᠲᠠ ᠢ᠋ᠢᠨ ᠶᠡᠬᠡᠩᠬᠢ ᠭᠠᠵᠠᠷ ᠤ᠋ᠨ ᠠᠭᠠᠷ ᠤ᠋ᠨ ᠳᠤᠯᠠᠭᠠᠨ 12 — 14 ᠭᠷᠠᠳᠦ᠋ᠰ ᠪᠠᠭᠤᠷᠠᠵᠤ᠂ ᠬᠡᠰᠡᠭ ᠭᠠᠵᠠᠷ ᠤ᠋ᠨ ᠠᠭᠠᠷ ᠤ᠋ᠨ ᠳᠤᠯᠠᠭᠠᠨ 14 ᠭᠷᠠᠳᠦ᠋ᠰ ᠡᠴᠡ ᠳᠡᠭᠡᠭ᠌ᠰᠢ ᠪᠠᠭᠤᠷᠠᠨ᠎ᠠ᠃ ᠬᠦᠢᠳᠡᠨ ᠤ᠋ ᠡᠷᠴᠢ 19 ᠤ᠋ ᠡᠳᠦᠷ ᠪᠤᠯᠤᠨ 20 ᠤ᠋ ᠥᠷᠯᠥᠭᠡ ᠢᠯᠡᠷᠡᠵᠤ ᠂ ᠠᠯᠠᠱᠠ ᠠᠢᠮᠠᠭ ᠤ᠋ᠨ ᠬᠣᠢᠲᠤ ᠪᠡᠶ᠎ᠠ ᠪᠤᠯᠤᠨ ᠵᠡᠭᠦᠨ ᠪᠡᠶ᠎ᠠ ᠡᠴᠡ ᠵᠡᠭᠦᠨᠰᠢ ᠤᠯᠠᠭᠠᠨᠬᠠᠳᠠ ᠬᠣᠲᠠ ᠢ᠋ᠢᠨ ᠪᠠᠷᠠᠭᠤᠨ ᠪᠡᠶ᠎ᠠ ᠬᠦᠷᠲᠡᠯ᠎ᠠ ᠶᠡᠬᠡ ᠪᠡᠷ ᠬᠦᠢᠳᠡᠷᠡᠵᠤ᠂ ᠬᠠᠮᠤᠭ ᠤ᠋ᠨ ᠳᠤᠤᠷ᠎ᠠ ᠠᠭᠠᠷ ᠤ᠋ᠨ ᠳᠤᠯᠠᠭᠠᠨ ᠲᠡᠭ ᠡᠴᠡ ᠳᠣᠷᠣᠭ᠍ᠰᠢ 20 — 30 ᠭᠷᠠᠳᠦ᠋ᠰ ᠣᠷᠴᠢᠮ ᠪᠣᠯᠤᠨ᠎ᠠ᠃
1 ᠰᠠᠷ᠎ᠠ ᠢ᠋ᠢᠨ 17 ᠤ᠋ ᠡᠳᠦᠷ ᠤ᠋ᠨ 8 ᠴᠠᠭ ᠡᠴᠡ 19 ᠤ᠋ ᠡᠳᠦᠷ ᠤ᠋ᠨ 20 ᠴᠠᠭ ᠪᠣᠯᠲᠠᠯ᠎ᠠ᠂ ᠦᠪᠦᠷ ᠮᠤᠡᠭᠭᠤᠯ ᠤ᠋ᠨ ᠳᠤᠮᠳᠠ ᠪᠡᠶ᠎ᠠ ᠪᠤᠯᠤᠨ ᠵᠡᠭᠦᠨ ᠪᠡᠶ᠎ᠠ ᠢ᠋ᠢᠨ ᠶᠡᠬᠡᠩᠬᠢ ᠭᠠᠵᠠᠷ ᠲᠦ᠍ ᠪᠠᠭ᠎ᠠ ᠴᠠᠰᠤ ᠣᠷᠣᠨ᠎ᠠ᠃ ᠡᠭᠦᠨ ᠳ᠋ᠤ ᠱᠢᠯᠢ ᠢ᠋ᠢᠨ ᠭᠤᠤᠯ ᠠᠢᠮᠠᠭ ᠤ᠋ᠨ ᠡᠮᠦᠨ᠎ᠠ ᠪᠡᠶ᠎ᠠ᠂ ᠤᠯᠠᠭᠠᠨᠬᠠᠳᠠ ᠬᠣᠲᠠ ᠢ᠋ᠢᠨ ᠪᠠᠷᠠᠭᠤᠨ ᠪᠡᠶ᠎ᠠ᠂ ᠬᠥᠯᠥᠨ ᠪᠣᠢᠷ ᠬᠣᠲᠠ ᠢ᠋ᠢᠨ ᠵᠡᠭᠦᠨ ᠬᠣᠢᠲᠤ ᠪᠡᠶ᠎ᠠ ᠳ᠋ᠤ ᠳᠤᠮᠳᠠ ᠵᠡᠷᠭᠡ ᠢ᠋ᠢᠨ ᠴᠠᠰᠤ ᠣᠷᠣᠵᠤ᠂ ᠬᠡᠰᠡᠭ ᠭᠠᠵᠠᠷ ᠲᠦ᠍ ᠶᠡᠬᠡ ᠴᠠᠰᠤ ᠣᠷᠣᠨ᠎ᠠ᠃
1 ᠰᠠᠷ᠎ᠠ ᠢ᠋ᠢᠨ 17 ᠤ᠋ ᠡᠳᠦᠷ ᠤ᠋ᠨ 8 ᠴᠠᠭ ᠡᠴᠡ 19 ᠤ᠋ ᠡᠳᠦᠷ ᠤ᠋ᠨ 20 ᠴᠠᠭ ᠪᠣᠯᠲᠠᠯ᠎ᠠ᠂ ᠦᠪᠦᠷ ᠮᠤᠡᠭᠭᠤᠯ ᠤ᠋ᠨ ᠳᠤᠮᠳᠠ ᠪᠡᠶ᠎ᠠ ᠪᠤᠯᠤᠨ ᠪᠠᠷᠠᠭᠤᠨ ᠪᠡᠶ᠎ᠠ ᠢ᠋ᠢᠨ ᠶᠡᠬᠡᠩᠬᠢ ᠭᠠᠵᠠᠷ ᠵᠢᠴᠢ ᠵᠡᠭᠦᠨ ᠪᠡᠶ᠎ᠠ ᠢ᠋ᠢᠨ ᠡᠮᠦᠨ᠎ᠠ ᠬᠡᠰᠡᠭ ᠤ᠋ᠨ ᠭᠠᠵᠠᠷ ᠣᠷᠣᠨ ᠳ᠋ᠤ ᠬᠤᠢᠨ᠎ᠠ ᠪᠤᠶᠤ ᠪᠠᠷᠠᠭᠤᠨ ᠬᠣᠢᠨ᠎ᠠ ᠡᠴᠡ 4 — 5 ᠲᠠᠰ ᠤ᠋ᠨ ᠰᠠᠯᠬᠢ ᠰᠠᠯᠬᠢᠯᠡᠵᠤ᠂ ᠣᠬᠣᠷ ᠬᠤᠭᠤᠴᠠᠭᠠᠨ ᠳ᠋ᠤ 6 — 7 ᠲᠠᠰ ᠤ᠋ᠨ ᠰᠠᠯᠬᠢ ᠰᠠᠯᠬᠢᠯᠠᠨ᠎ᠠ᠃ ᠡᠭᠦᠨ ᠳ᠋ᠤ ᠵᠡᠭᠦᠨ ᠡᠮᠦᠨ᠎ᠠ ᠪᠡᠶ᠎ᠠ ᠢ᠋ᠢᠨ ᠬᠡᠰᠡᠭ ᠭᠠᠵᠠᠷ ᠲᠤ᠌ 8 — 9 ᠲᠠᠰ ᠤ᠋ᠨ ᠶᠡᠬᠡ ᠰᠠᠯᠬᠢ ᠰᠠᠯᠬᠢᠯᠡᠨᠠ᠃