ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠴᠠᠭ ᠠᠭᠤᠷ ᠤ᠋ᠨ ᠦᠶ᠋ᠯᠡᠴᠢᠯᠡᠭᠡᠨ ᠤ᠋ ᠲᠥᠪ ᠤᠢᠷ᠎ᠠ ᠳ᠋ᠤ ᠥᠪᠡᠷᠲᠡᠭᠡᠨ ᠵᠠᠰᠠᠬᠤ ᠣᠷᠣᠨ ᠤ᠋ ᠳᠣᠲᠣᠭᠠᠳᠤ ᠢ᠋ᠢ ᠬᠠᠮᠠᠭᠠᠯᠠᠬᠤ ᠲᠢᠩᠬᠢᠮ ᠤ᠋ᠨ ᠵᠠᠮ ᠬᠠᠷᠢᠯᠴᠠᠭᠠᠨ ᠤ᠋ ᠬᠠᠮᠢᠶᠠᠷᠤᠯᠲᠠ ᠢ᠋ᠢᠨ ᠶᠡᠷᠦᠩᠬᠡᠶ ᠠᠩᠭᠢ ᠢ᠋ᠢᠨ ᠲᠦᠷᠭᠡᠨ ᠤ᠋ ᠵᠠᠰᠠᠮᠠᠯ ᠵᠠᠮ ᠤ᠋ᠨ ᠨᠢᠭᠡᠳᠦᠭᠡᠷ ᠰᠠᠯᠪᠤᠷᠢ ᠠᠩᠭᠢ ᠪᠣᠯᠤᠨ ᠨᠠᠨᠵᠢᠩ ᠤ᠋ᠨ ᠴᠠᠭ ᠠᠭᠤᠷ ᠤ᠋ᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ ᠱᠢᠨ᠎ᠡ ᠢ᠋ᠢ ᠡᠭᠦᠳᠬᠦ᠌ ᠰᠤᠳᠤᠯᠭᠠᠨ ᠤ᠋ ᠬᠦᠷᠢᠶᠡᠯᠡᠩ ᠲᠠᠢ ᠬᠠᠮᠲᠤᠷᠠᠨ G6 ᠪᠡᠭᠡᠵᠢᠩ — ᠲᠥᠪᠡᠳ ᠬᠥᠷᠬᠥ᠌ ᠲᠦᠷᠭᠡᠨ ᠤ᠋ ᠵᠠᠰᠠᠮᠠᠯ ᠵᠠᠮ ᠤ᠋ᠨ ᠬᠥᠬᠡᠬᠣᠲᠠ — ᠪᠤᠭᠤᠲᠤᠬᠦᠷᠬᠦ ᠬᠡᠰᠡᠭ ᠲᠤ᠌ ᠵᠠᠮ ᠬᠠᠷᠢᠯᠴᠠᠭᠠᠨ ᠤ᠋ ᠴᠠᠭ ᠠᠭᠤᠷ ᠤ᠋ᠨ ᠭᠠᠮᠱᠢᠭ ᠤ᠋ᠨ ᠲᠤᠰᠭᠠᠶ ᠪᠠᠢᠴᠠᠭᠠᠨ ᠰᠤᠳᠤᠯᠤᠯᠲᠠ ᠪᠠ ᠲᠤᠬᠠᠶ ᠢ᠋ᠢᠨ ᠭᠠᠵᠠᠷ ᠤ᠋ᠨ ᠬᠠᠢᠨ ᠪᠠᠢᠴᠠᠭᠠᠯᠲᠠ ᠥᠷᠨᠢᠭᠦᠯᠬᠦ᠌ ᠢ᠋ᠢᠨ ᠬᠠᠮᠲᠤ᠂ ᠠᠪᠴᠤ᠌ ᠶᠠᠪᠤᠬᠤ ᠳ᠋ᠤ ᠲᠥᠬᠥᠮ ᠬᠡᠯᠪᠡᠷᠢ ᠢ᠋ᠢᠨ ᠵᠠᠮ ᠬᠠᠷᠢᠯᠴᠠᠭᠠᠨ ᠤ᠋ ᠴᠠᠭ ᠠᠭᠤᠷ ᠤ᠋ᠨ 3 ᠲᠤᠷᠱᠢᠯᠲᠠ ᠢ᠋ᠢᠨ ᠥᠷᠲᠡᠭᠡ ᠢ᠋ᠢ ᠪᠠᠢᠭᠤᠯᠪᠠ᠃
ᠮᠡᠷᠭᠡᠵᠢᠯ ᠤ᠋ᠨ ᠠᠵᠢᠯᠲᠠᠨ ᠡᠴᠡ ᠵᠠᠮ ᠳᠠᠭᠠᠤ ᠢ᠋ᠢᠨ ᠲᠡᠷᠭᠡᠨ ᠤᠷᠤᠰᠭᠠᠯ ᠤ᠋ᠨ ᠬᠡᠮᠵᠢᠶ᠎ᠡ᠂ ᠭᠠᠵᠠᠷ ᠤ᠋ᠨ ᠪᠠᠢᠴᠠ᠂ ᠭᠠᠵᠠᠷ ᠤ᠋ᠨ ᠭᠠᠳᠠᠷᠭᠤ᠂ ᠤᠰᠤᠨ ᠴᠣᠭ᠍ᠴᠠ ᠪᠠ ᠴᠠᠬᠢᠯᠭᠠᠨ ᠬᠦᠴᠦᠨ ᠤ᠋ ᠴᠢᠮᠡᠭᠡ ᠬᠣᠯᠪᠣᠭ᠎ᠠ ᠢ᠋ᠢᠨ ᠲᠥᠬᠥᠷᠵᠢᠭ᠌ᠰᠡᠨ ᠪᠠᠢᠳᠠᠯᠢ ᠪᠠᠢᠴᠠᠭᠠᠵᠤ᠂ ᠲᠦᠭ᠌ᠰᠢᠭᠦᠷᠢ ᠶᠡᠬᠡᠲᠡᠶ 3 ᠵᠠᠮ ᠤ᠋ᠨ ᠬᠡᠰᠡᠭᠢ ᠰᠣᠩᠭᠣᠨ᠂ ᠠᠪᠴᠤ᠌ ᠶᠠᠪᠤᠬᠤ ᠳ᠋ᠤ ᠲᠥᠬᠥᠮ ᠬᠡᠯᠪᠡᠷᠢ ᠢ᠋ᠢᠨ ᠵᠠᠮ ᠬᠠᠷᠢᠯᠴᠠᠭᠠᠨ ᠤ᠋ ᠴᠠᠭ ᠠᠭᠤᠷ ᠤ᠋ᠨ ᠲᠤᠷᠱᠢᠯᠲᠠ ᠢ᠋ᠢᠨ ᠥᠷᠲᠡᠭᠡᠢ᠋ᠢ ᠤᠭ᠍ᠰᠠᠷᠠᠨ ᠲᠣᠬᠢᠷᠠᠭᠤᠯᠪᠠ᠃ ᠡᠨᠡ ᠬᠦ᠌ ᠲᠦᠬᠦᠭᠡᠷᠦᠮᠵᠢ ᠨᠢ ᠵᠠᠰᠠᠮᠠᠯ ᠵᠠᠮ ᠳᠠᠭᠠᠤ ᠢ᠋ᠢᠨ ᠦᠵᠡᠭ᠌ᠳᠡᠴᠡ ᠵᠢᠨ ᠬᠡᠮᠵᠢᠶ᠎ᠠ᠂ ᠵᠠᠮ ᠤ᠋ᠨ ᠭᠠᠳᠠᠷᠭᠤ ᠢ᠋ᠢᠨ ᠳᠤᠯᠠᠭᠠᠨ ᠤ᠋ ᠬᠡᠮᠵᠢᠶ᠎ᠡ᠂ ᠰᠠᠯᠬᠢᠨ ᠤ᠋ ᠴᠢᠭ᠌ᠯᠡᠯ᠂ ᠰᠠᠯᠬᠢᠨ ᠤ᠋ ᠬᠤᠷᠳᠤᠴᠠ ᠪᠠ ᠵᠠᠮ ᠤ᠋ᠨ ᠭᠠᠳᠠᠷᠭᠤ ᠢ᠋ᠢᠨ ᠬᠠᠭᠤᠷᠠᠶ ᠨᠣᠢᠲᠠᠨ ᠪᠠᠢᠳᠠᠯ ᠵᠡᠷᠭᠡ ᠵᠠᠩᠭᠢᠯᠠᠭ᠎ᠠ ᠶ᠋ᠢᠨ ᠲᠣᠭ᠎ᠠ ᠪᠠᠷᠢᠮᠲᠠ ᠢ᠋ᠢ ᠴᠠᠭ ᠲᠤᠬᠠᠶ ᠳ᠋ᠤᠨᠢ ᠴᠤᠭ᠍ᠯᠠᠭᠤᠯᠵᠤ᠂ ᠤᠲᠠᠰᠤ ᠥᠬᠡᠶ ᠰᠦᠯᠵᠢᠶ᠎ᠡ ᠪᠡᠷ ᠬᠠᠮᠢᠶ᠎ᠠ ᠪᠥᠬᠥᠶ ᠰᠠᠯᠠᠭ᠎ᠠ ᠮᠥᠴᠢᠷ ᠤ᠋ᠨ ᠭᠥᠯᠢᠶᠡᠨ ᠠᠪᠬᠤ ᠦᠵᠦᠭᠦᠷᠯᠢᠭ ᠲᠦ᠍ ᠳᠡᠮᠵᠢᠭᠤᠯᠵᠤ ᠪᠠᠢᠨ᠎ᠠ᠃
ᠤᠢᠯᠠᠭᠠᠭᠰᠠᠨ ᠵᠢᠡᠷ᠂ ᠮᠠᠨ ᠤ᠋ ᠤᠷᠤᠨ ᠴᠠᠭ ᠠᠭᠤᠷ ᠤ᠋ᠨ ᠤᠷᠢᠳᠴᠢᠯᠠᠭᠰᠠᠨ ᠰᠡᠷᠡᠮᠵᠢᠯᠡᠭᠦᠯᠤᠯ ᠬᠢᠭᠡᠳ ᠵᠠᠮ ᠬᠠᠷᠢᠯᠴᠠᠭᠠᠨ ᠤ᠋ ᠬᠠᠮᠢᠶᠠᠷᠤᠯᠳᠠ ᠡᠵᠡᠮᠳᠡᠯ ᠤ᠋ᠨ ᠭᠦᠨᠵᠡᠭᠡᠶ ᠠᠭᠤᠰᠤᠯᠴᠠᠯᠢ ᠤᠯᠠᠮ ᠨᠢᠭᠡ ᠠᠯᠬᠤᠮ ᠠᠬᠢᠭᠤᠯᠵᠤ᠂ ᠤᠶᠤᠨᠲᠤ ᠵᠠᠮ ᠬᠠᠷᠢᠯᠴᠠᠭᠠᠨ ᠤ᠋ ᠴᠠᠭ ᠠᠭᠤᠷ ᠤ᠋ᠨ ᠦᠶ᠋ᠯᠡᠴᠢᠯᠡᠭᠡᠨ ᠤ᠋ ᠴᠢᠳᠠᠪᠤᠷᠢ ᠢ᠋ᠢ ᠲᠠᠰᠤᠷᠠᠯᠳᠠ ᠦᠬᠡᠢ ᠳᠡᠭᠡᠭᠰᠢᠯᠡᠭᠦᠯᠬᠦ ᠪᠡᠷ ᠪᠤᠢ᠃