G6 ᠲᠦᠷᠭᠡᠨ᠎ᠦ ᠵᠠᠰᠠᠮᠠᠯ ᠵᠠᠮ᠎ᠤᠨ ᠬᠣᠶᠠᠷ ᠦᠢᠯᠡᠴᠢᠯᠡᠭᠡᠨ᠎ᠦ ᠲᠣᠭᠣᠷᠢᠭ᠎ᠢ ᠲᠤᠷᠰᠢᠨ ᠠᠵᠢᠯᠯᠠᠭᠤᠯᠬᠤ᠎ᠪᠠᠷ ᠪᠣᠶ!
2026-01-15 10:22:46
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

G6 ᠪᠡᠭᠡᠵᠢᠩ — ᠲᠥᠪᠡᠳ᠎ᠦᠨ ᠲᠦᠷᠭᠡᠨ᠎ᠤ ᠵᠠᠰᠠᠮᠠᠯ ᠵᠠᠮ᠎ᠤᠨ ᠤᠯᠠᠭᠠᠨᠰᠤᠬᠠᠢ᠂ 

ᠦᠶᠤᠸᠠᠨ᠎ᠤ ᠦᠢᠯᠡᠴᠢᠯᠡᠭᠡᠨ᠎ᠦ ᠲᠣᠭᠣᠷᠢᠭ᠎ᠤᠨ ᠪᠠᠲᠤᠯᠠᠭ᠎ᠠ᠎ᠶᠢᠨ ᠴᠢᠨᠠᠷᠲᠠᠶ 

ᠲᠤᠷᠰᠢᠨ ᠠᠵᠢᠯᠯᠠᠭᠤᠯᠬᠤ᠎ᠶᠢ ᠨᠡᠪᠲᠡᠷᠡᠭᠦᠯᠬᠦ᠌ ᠲᠤᠬᠠᠶ ᠠᠯᠪᠠᠨ ᠵᠠᠷᠯᠠᠯ


ᠥᠪᠥᠷ ᠮᠣᠩᠭᠣᠯ᠎ᠤᠨ ᠵᠠᠮ ᠬᠠᠷᠢᠯᠴᠠᠭᠠᠨ᠎ᠤ ᠪᠦᠯᠦᠭᠯᠡᠯ᠎ᠦᠨ ᠬᠢᠵᠠᠭᠠᠷᠲᠤ᠌ ᠺᠣᠮᠫᠠᠨᠢ᠎ᠶᠢᠨ ᠬᠠᠷᠢᠶᠠᠨ᠎ᠳᠠᠬᠢ ᠲᠦᠷᠭᠡᠨ᠎ᠤ ᠵᠠᠰᠠᠮᠠᠯ ᠵᠠᠮ᠎ᠤᠨ ᠦᠢᠯᠡᠴᠢᠯᠡᠭᠡᠨ᠎ᠦ ᠲᠣᠭᠣᠷᠢᠭ᠎ᠤᠨ ᠦᠢᠯᠡᠴᠢᠯᠡᠭᠡᠨ᠎ᠦ ᠶᠠᠰᠤ ᠴᠢᠨᠠᠷ᠎ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠍᠂ ᠲᠦᠷᠭᠡᠨ᠎ᠤ ᠵᠠᠰᠠᠮᠠᠯ ᠵᠠᠮ᠎ᠤᠨ ᠶᠠᠪᠤᠵᠤ ᠰᠠᠭᠤᠬᠤ᠎ᠶᠢ ᠪᠠᠲᠤᠯᠠᠬᠤ ᠲᠦᠭᠦᠭᠡᠷᠦᠮᠵᠢ᠎ᠶᠢ ᠲᠡᠭᠦᠯᠳᠡᠷᠵᠢᠭᠦᠯᠦᠨ᠂ ᠠᠷᠠᠳ ᠣᠯᠠᠨ᠎ᠤ ᠶᠠᠪᠤᠵᠤ ᠰᠠᠭᠤᠬᠤ ᠪᠡᠶᠡᠴᠢᠯᠡᠨ ᠤᠢᠯᠠᠭᠠᠯᠳᠠ ᠪᠠ ᠬᠠᠨᠤᠮᠵᠢ ᠵᠢᠨ ᠬᠡᠮᠵᠢᠶ᠎ᠡ᠎ᠶᠢ ᠦᠨᠡᠨᠬᠦ᠌ ᠨᠡᠮᠡᠭᠳᠡᠭᠦᠯᠬᠦ᠌᠎ᠶᠢᠨ ᠲᠤᠰᠠᠳᠠ᠂ G6 ᠪᠡᠭᠡᠵᠢᠩ — ᠲᠥᠪᠡᠳ᠎ᠤᠨ ᠲᠦᠷᠭᠡᠨ᠎ᠤ ᠵᠠᠰᠠᠮᠠᠯ ᠵᠠᠮ᠎ᠳ᠋ᠡᠬᠢ ᠤᠯᠠᠭᠠᠨᠰᠤᠬᠠᠢ᠂ ᠦᠶᠤᠸᠠᠨ᠎ᠤ ᠦᠢᠯᠡᠴᠢᠯᠡᠭᠡᠨ᠎ᠦ ᠲᠣᠭᠣᠷᠢᠭ (ᠤᠤᠯ᠎ᠤᠨ ᠮᠤᠨᠠ ᠠᠭᠤᠯᠠ᠂ ᠯᠢᠨᠾᠧ ᠦᠢᠯᠡᠴᠢᠯᠡᠭᠡᠨ᠎ᠦ ᠲᠣᠭᠣᠷᠢᠭ) ᠨᠢ ᠡᠳᠦᠭᠡ ᠨᠢᠭᠡᠨᠲᠡ ᠭᠤᠤᠯ ᠴᠣᠭᠴᠠ᠎ᠶᠢᠨ ᠴᠢᠳᠠᠮᠵᠢᠲᠤ᠌ ᠣᠷᠣᠨ᠎ᠤ ᠳᠠᠬᠢᠨ ᠪᠠᠶ᠋ᠢᠭᠤᠯᠵᠤ ᠥᠭᠡᠷᠡᠴᠢᠯᠡᠬᠦ᠌ ᠠᠵᠢᠯ᠎ᠢ ᠪᠡᠶᠡᠯᠡᠭᠦᠯᠪᠡ᠃ 2026 ᠣᠨ᠎ᠤ ᠴᠠᠭᠠᠨ ᠰᠠᠷ᠎ᠠ᠎ᠶᠢᠨ ᠵᠥᠭᠡᠭᠡᠪᠦᠷᠢ᠎ᠶᠢᠨ ᠠᠵᠢᠯ ᠡᠮᠬᠢ ᠵᠢᠷᠤᠮ ᠲᠠᠶ ᠥᠷᠨᠢᠭᠦ ᠵᠢ ᠪᠠᠲᠤᠯᠠᠬᠤ᠎ᠶᠢᠨ ᠲᠥᠯᠥᠭᠡ᠂ ᠨᠢᠭᠡᠳᠦᠯᠲᠡᠶ ᠲᠥᠯᠥᠪᠯᠡᠨ ᠪᠠᠶ᠋ᠢᠷᠢᠯᠠᠭᠤᠯᠬᠤ ᠪᠠᠷ ᠳᠡᠮᠵᠢᠨ᠂ ᠳᠡᠭᠡᠷ᠎ᠡ ᠳᠤᠷᠠᠳᠤᠭᠰᠠᠨ ᠦᠢᠯᠡᠴᠢᠯᠡᠭᠡᠨ᠎ᠦ ᠳᠤᠭᠤᠷᠢᠭ᠎ᠢ 2026 ᠣᠨ᠎ᠤ 1 ᠰᠠᠷ᠎ᠠ᠎ᠶᠢᠨ 16᠎ᠤ ᠡᠳᠦᠷ᠎ᠦᠨ ᠦᠳᠡ᠎ᠶᠢᠨ ᠡᠮᠦᠨᠡᠬᠢ 10 ᠴᠠᠭ᠎ᠠᠴᠠ ᠡᠬᠢᠯᠡᠨ ᠪᠠᠲᠤᠯᠠᠭ᠎ᠠ᠎ᠶᠢᠨ ᠴᠢᠨᠠᠷᠲᠠᠶ ᠲᠤᠷᠰᠢᠨ ᠠᠵᠢᠯᠯᠠᠭᠤᠯᠬᠤ᠎ᠪᠠᠷ ᠲᠥᠯᠥᠪᠯᠡᠵᠦ᠍ ᠪᠠᠶ᠋ᠢᠨ᠎ᠠ᠃ ᠲᠤᠷᠰᠢᠨ ᠠᠵᠢᠯᠯᠠᠭᠤᠯᠬᠤ ᠬᠤᠭᠤᠴᠠᠭᠠᠨ᠎ᠳᠤ᠂ ᠦᠢᠯᠡᠴᠢᠯᠡᠭᠡᠨ᠎ᠦ ᠲᠣᠭᠣᠷᠢᠭ ᠨᠢ ᠨᠠᠭᠠᠰᠢ ᠴᠠᠭᠠᠰᠢ ᠵᠤᠷᠴᠢᠬᠤ ᠵᠢᠯᠣᠭᠣᠴᠢ᠎ᠳᠤ ᠳᠤᠤᠷᠠᠬᠢ ᠮᠡᠲᠦ᠍ ᠰᠠᠭᠤᠷᠢ ᠪᠠᠲᠤᠯᠠᠭ᠎ᠠ᠎ᠶᠢᠨ ᠦᠢᠯᠡᠴᠢᠯᠡᠭᠡ ᠬᠠᠩᠭᠠᠨ᠎ᠠ᠄

ᠨᠡᠶ᠋ᠢᠲᠡ᠎ᠶᠢᠨ ᠵᠤᠷᠯᠤᠡᠭ᠎ᠢ ᠪᠦᠬᠦᠯᠢ ᠡᠳᠦᠷ᠎ᠢᠶᠡᠷ ᠴᠢᠯᠥᠭᠡᠲᠡᠶ ᠨᠡᠭᠡᠭᠡᠬᠦ᠂ ᠰᠦᠢᠳᠬᠡᠯ ᠬᠤᠷᠢᠶᠠᠬᠤ ᠥᠬᠡᠶ᠎ᠪᠡᠷ ᠲᠡᠷᠭᠡ ᠵᠣᠭᠰᠣᠭᠠᠵᠤ ᠠᠮᠠᠷᠠᠬᠤ ᠦᠢᠯᠡᠴᠢᠯᠡᠭᠡ᠂ 24 ᠴᠠᠭ᠎ᠤᠨ ᠬᠠᠯᠠᠭᠤᠨ ᠤᠰᠤᠨ᠎ᠤ ᠬᠠᠩᠭᠠᠯᠭ᠎ᠠ᠂ ᠲᠡᠷᠭᠡ ᠬᠥᠰᠬᠡ᠎ᠶᠢᠨ ᠲᠣᠰᠣ ᠨᠡᠮᠡᠬᠦ᠌ ᠦᠢᠯᠡᠴᠢᠯᠡᠭᠡ ᠵᠡᠷᠭᠡ᠃

ᠳᠣᠲᠣᠨᠣ ᠰᠠᠨᠠᠭᠤᠯᠤᠮᠵᠢ᠄ ᠪᠠᠲᠤᠯᠠᠭ᠎ᠠ᠎ᠶᠢᠨ ᠴᠢᠨᠠᠷᠲᠠᠶ ᠲᠤᠷᠰᠢᠨ ᠠᠵᠢᠯᠯᠠᠭᠤᠯᠬᠤ ᠬᠤᠭᠤᠴᠠᠭᠠᠨ᠎ᠳᠤ᠂ ᠬᠡᠰᠡᠭ ᠢᠵᠢ ᠦᠢᠯᠡᠴᠢᠯᠡᠭᠡ᠎ᠶᠢ ᠲᠦᠷ ᠪᠦᠷᠢᠮᠦᠰᠦᠨ ᠨᠡᠭᠡᠭᠡᠭᠡᠳᠦᠶ ᠪᠠᠶ᠋ᠢᠵᠤ᠂ ᠬᠣᠶ᠋ᠢᠰᠢᠳᠠ ᠠᠯᠬᠤᠮ ᠠᠯᠬᠤᠮ᠎ᠢᠶᠠᠷ ᠰᠢᠯᠢᠳᠡᠭᠵᠢᠭᠦᠯᠦᠨ ᠲᠡᠭᠦᠯᠳᠡᠷᠵᠢᠭᠦᠯᠦᠨ᠎ᠡ᠃ ᠪᠢᠳᠡ ᠦᠢᠯᠡᠴᠢᠯᠡᠭᠡᠨ᠎ᠦ ᠶᠠᠰᠤ ᠴᠢᠨᠠᠷ᠎ᠢᠶᠠᠨ ᠲᠠᠰᠤᠷᠠᠯᠲᠠ ᠥᠬᠡᠶ ᠳᠡᠭᠡᠭᠰᠢᠯᠡᠭᠦᠯᠵᠦ᠍᠂ ᠲᠠᠨ᠎ᠳᠤ ᠨᠠᠩ ᠠᠮᠤᠷ ᠲᠦᠪᠰᠢᠨ᠂ ᠳᠥᠭᠥᠮ ᠳᠥᠲᠡ᠂ ᠲᠠᠭᠠᠯᠠᠮᠵᠢᠲᠠᠶ ᠶᠠᠪᠤᠵᠤ ᠰᠠᠭᠤᠬᠤ ᠣᠷᠴᠢᠨ ᠨᠥᠬᠥᠴᠡᠯ᠎ᠢ ᠪᠣᠶ ᠪᠣᠯᠭᠠᠵᠤ ᠥᠭᠭᠦᠨ᠎ᠡ᠂ ᠲᠠᠨ᠎ᠤ ᠣᠶ᠋ᠢᠯᠠᠭᠠᠯᠲᠠ ᠪᠠ ᠳᠡᠮᠵᠢᠯᠭᠡ᠎ᠳᠦ ᠲᠠᠯᠠᠷᠬᠠᠵᠤ ᠪᠠᠶ᠋ᠢᠨ᠎ᠠ!

ᠡᠭᠦᠨ᠎ᠦ ᠲᠤᠯᠠ ᠣᠨᠴᠠᠭᠠᠶ᠋ᠢᠯᠠᠨ ᠵᠠᠷᠯᠠᠪᠠ


ᠥᠪᠥᠷ ᠮᠣᠩᠭᠣᠯ᠎ᠤᠨ ᠵᠠᠮ ᠬᠠᠷᠢᠯᠴᠠᠭᠠᠨ᠎ᠤ ᠪᠦᠯᠦᠭᠯᠡᠯ᠎ᠦᠨ ᠬᠢᠵᠠᠭᠠᠷᠲᠤ᠌ ᠺᠣᠮᠫᠠᠨᠢ ᠵᠢᠨ ᠪᠠᠶᠠᠨᠨᠠᠭᠤᠷ᠎ᠤᠨ ᠬᠤᠪᠢᠶᠠᠷᠢ ᠺᠣᠮᠫᠠᠨᠢ

2026 ᠣᠨ᠎ᠤ 1 ᠰᠠᠷ᠎ᠠ᠎ᠶᠢᠨ 13᠎ᠤ ᠡᠳᠦᠷ


ᠢᠷᠡᠯᠲᠡ᠄ ᠥᠪᠥᠷ ᠮᠣᠩᠭᠣᠯ᠎ᠤᠨ ᠵᠠᠮ ᠬᠠᠷᠢᠯᠴᠠᠭᠠᠨ᠎ᠤ ᠪᠦᠯᠦᠭᠯᠡᠯ᠎ᠦᠨ ᠬᠢᠵᠠᠭᠠᠷᠲᠤ᠌ ᠺᠣᠮᠫᠠᠨᠢ᠎ᠶᠢᠨ ᠪᠠᠶᠠᠨᠨᠠᠭᠤᠷ᠎ᠤᠨ ᠬᠤᠪᠢᠶᠠᠷᠢ ᠺᠣᠮᠫᠠᠨᠢ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号