ᠲᠥᠪ᠎ᠦᠨ ᠪᠠᠢᠭᠤᠯᠭ᠎ᠠ ᠵᠢᠴᠢ ᠲᠡᠭᠦᠨ᠎ᠦ ᠰᠢᠭᠤᠳ ᠬᠠᠷᠢᠶ᠎ᠠ ᠪᠠᠢᠭᠤᠯᠤᠮᠵᠢ᠎ᠶᠢᠨ
2026 ᠣᠨ᠎ᠤ ᠠᠯᠪᠠᠲᠠᠨ ᠡᠯᠰᠡᠬᠦ ᠰᠢᠯᠭᠠᠯᠲᠠ᠎ᠶᠢᠨ ᠪᠢᠴᠢᠭ᠎ᠦᠨ ᠰᠢᠯᠭᠠᠯᠲᠠ᠎ᠶᠢᠨ ᠬᠢᠷᠢ ᠪᠦᠲᠦᠮᠵᠢ ᠪᠠ ᠬᠢᠷᠢ
ᠲᠡᠩᠴᠡᠬᠦ ᠬᠤᠪᠢ᠎ᠶᠢᠨ ᠱᠤᠭᠤᠮ᠎ᠢ ᠨᠡᠢᠲᠡᠯᠡᠪᠡ᠂ ᠰᠢᠯᠭᠠᠭᠤᠯᠤᠭ᠍ᠴᠢ ᠲᠣᠰ ᠡᠳᠦᠷ᠎ᠡᠴᠡ ᠡᠬᠢᠯᠡᠨ 《ᠲᠥᠪ᠎ᠦᠨ ᠪᠠᠢᠭᠤᠯᠭ᠎ᠠ ᠵᠢᠴᠢ ᠲᠡᠭᠦᠨ᠎ᠦ ᠰᠢᠭᠤᠳ ᠬᠠᠷᠢᠶ᠎ᠠ ᠪᠠᠢᠭᠤᠯᠤᠮᠵᠢ᠎ᠶᠢᠨ 2026
ᠣᠨ᠎ᠤ ᠠᠯᠪᠠᠲᠠᠨ ᠰᠢᠯᠭᠠᠵᠤ ᠡᠯᠰᠡᠬᠦ ᠲᠤᠰᠬᠠᠢ ᠰᠦᠯᠵᠢᠶ᠎ᠡ》᠎ᠳᠤ ᠣᠷᠣᠵᠤ ᠪᠠᠢᠴᠠᠭᠠᠨ ᠯᠠᠪᠯᠠᠵᠤ
ᠪᠣᠯᠣᠨ᠎ᠠ᠃

ᠬᠢᠷᠢ ᠲᠡᠩᠴᠡᠬᠦ ᠬᠤᠪᠢ᠎ᠶᠢᠨ ᠱᠤᠭᠤᠮ
ᠲᠥᠪ᠎ᠦᠨ ᠪᠠᠢᠭᠤᠯᠭ᠎ᠠ ᠪᠠ ᠮᠤᠵᠢ᠎ᠶᠢᠨ
ᠲᠠᠰ (ᠳᠡᠳ᠋ ᠮᠤᠵᠢ᠎ᠶᠢᠨ ᠲᠠᠰ ᠪᠠᠭᠲᠠᠨ᠎ᠠ)᠎ᠤᠨ ᠰᠢᠭᠤᠳ ᠬᠠᠷᠢᠶ᠎ᠠ ᠪᠠᠢᠭᠤᠯᠤᠮᠵᠢ᠎ᠶᠢᠨ ᠶᠡᠷᠦᠩᠬᠡᠢᠯᠡᠭᠰᠡᠨ
ᠬᠠᠮᠢᠶᠠᠷᠤᠯᠲᠠ᠎ᠶᠢᠨ ᠲᠥᠷᠥᠯ᠎ᠦᠨ ᠠᠵᠢᠯ᠎ᠤᠨ ᠪᠠᠢᠷᠢ ᠵᠢᠨ ᠬᠢᠷᠢ ᠲᠡᠩᠴᠡᠬᠦ ᠬᠤᠪᠢ᠎ᠶᠢᠨ ᠱᠤᠭᠤᠮ᠄ ᠶᠡᠷᠦᠩᠬᠡᠢ
ᠬᠤᠪᠢ (ᠵᠠᠰᠠᠭ ᠵᠠᠬᠢᠷᠭᠠᠨ᠎ᠤ ᠠᠵᠢᠯ ᠮᠡᠷᠭᠡᠵᠢᠯ᠎ᠦᠨ ᠴᠢᠳᠠᠪᠤᠷᠢ᠎ᠶᠢᠨ ᠰᠢᠯᠭᠠᠯᠲᠠ ᠪᠠ ᠥᠭᠦᠯᠡᠬᠦᠢ᠎ᠶᠢᠨ ᠬᠢᠴᠢᠶᠡᠯ
ᠲᠥᠷᠥᠯ᠎ᠦᠨ ᠬᠢᠷᠢ ᠪᠦᠲᠦᠮᠵᠢ᠎ᠶᠢ ᠨᠡᠢᠯᠡᠭᠦᠯᠦᠨ ᠪᠤᠳᠤᠨ᠎ᠠ᠂ ᠳᠣᠷᠣᠭ᠍ᠰᠢ ᠠᠳᠠᠯᠢ) 105 ᠬᠤᠪᠢ᠂ ᠵᠠᠰᠠᠭ ᠵᠠᠬᠢᠷᠭᠠᠨ᠎ᠤ
ᠠᠵᠢᠯ ᠮᠡᠷᠭᠡᠵᠢᠯ᠎ᠦᠨ ᠴᠢᠳᠠᠪᠤᠷᠢ᠎ᠶᠢ ᠰᠢᠯᠭᠠᠨ ᠪᠠᠢᠴᠠᠭᠠᠬᠤ ᠬᠢᠴᠢᠶᠡᠯ ᠲᠥᠷᠥᠯ 60 ᠬᠤᠪᠢ ᠪᠣᠯᠣᠨ᠎ᠠ︔
ᠬᠣᠲᠠ (ᠲᠤᠰᠬᠠᠢ ᠣᠷᠣᠨ)᠎ᠶᠢᠨ ᠱᠠᠲᠤ
ᠪᠠ ᠰᠢᠶᠠᠨ (ᠲᠣᠭᠣᠷᠢᠭ᠋)᠎ᠤ ᠱᠠᠲᠤᠨ᠎ᠤ ᠰᠢᠭᠤᠳ ᠬᠠᠷᠢᠶ᠎ᠠ ᠪᠠᠢᠭᠤᠯᠤᠮᠵᠢ᠎ᠶᠢᠨ ᠶᠡᠷᠦᠩᠬᠡᠢᠯᠡᠭᠰᠡᠨ ᠬᠠᠮᠢᠶᠠᠷᠤᠯᠲᠠ᠎ᠶᠢᠨ
ᠲᠥᠷᠥᠯ᠎ᠦᠨ ᠠᠵᠢᠯ᠎ᠤᠨ ᠪᠠᠢᠷᠢ᠂ ᠵᠠᠰᠠᠭ ᠵᠠᠬᠢᠷᠭᠠᠨ᠎ᠤ ᠬᠠᠤᠯᠢ ᠬᠡᠷᠡᠭᠵᠢᠭᠦᠯᠬᠦ ᠲᠥᠷᠥᠯ᠎ᠦᠨ ᠠᠵᠢᠯ᠎ᠤᠨ
ᠪᠠᠢᠷᠢ ᠵᠢᠨ ᠬᠢᠷᠢ ᠲᠡᠩᠴᠡᠬᠦ ᠬᠤᠪᠢ ᠵᠢᠨ ᠱᠤᠭᠤᠮ᠄ ᠶᠡᠷᠦᠩᠬᠡᠢ ᠬᠤᠪᠢ 95 ᠬᠤᠪᠢ᠂ ᠵᠠᠰᠠᠭ ᠵᠠᠬᠢᠷᠭᠠᠨ᠎ᠤ ᠠᠵᠢᠯ
ᠮᠡᠷᠭᠡᠵᠢᠯ᠎ᠦᠨ ᠴᠢᠳᠠᠪᠤᠷᠢ᠎ᠶᠢ ᠰᠢᠯᠭᠠᠨ ᠪᠠᠢᠴᠠᠭᠠᠬᠤ ᠬᠢᠴᠢᠶᠡᠯ ᠲᠥᠷᠥᠯ 50 ᠬᠤᠪᠢ︔
ᠪᠠᠷᠠᠭᠤᠨ ᠬᠡᠰᠡᠭ᠎ᠦᠨ ᠭᠠᠵᠠᠷ ᠣᠷᠣᠨ
ᠪᠣᠯᠣᠨ ᠬᠠᠲᠠᠭᠤ ᠪᠡᠷᠬᠡᠰᠢᠶᠡᠯᠲᠡᠢ ᠬᠢᠯᠢ ᠬᠢᠵᠠᠭᠠᠷ ᠣᠷᠣᠨ (ᠱᠠᠨ ᠰᠢ᠂ ᠥᠪᠥᠷ ᠮᠣᠩᠭᠣᠯ᠂ ᠭᠢᠷᠢᠨ᠂ ᠬᠠᠷᠠᠮᠥ᠋ᠷᠡᠨ᠂
ᠭᠤᠸᠠᠩᠰᠢ᠂ ᠴᠦᠩᠴᠢᠩ᠂ ᠰᠧᠴᠤᠸᠠᠨ᠂ ᠭᠦᠢᠵᠧᠦ᠂ ᠶᠦᠨᠨᠠᠨ᠂ ᠲᠥᠪᠡᠳ᠂ ᠱᠠᠨᠰᠢ᠂ ᠭᠠᠨᠰᠤ᠂ ᠬᠥᠬᠡᠨᠠᠭᠤᠷ᠂ ᠨᠢᠩᠰᠢᠶᠠ᠂
ᠰᠢᠨᠵᠢᠶᠠᠩ ᠵᠡᠷᠭᠡ 15 ᠮᠤᠵᠢ ᠣᠷᠣᠨ ᠬᠣᠲᠠ)᠎ᠤ ᠬᠣᠲᠠ (ᠭᠠᠵᠠᠷ)᠎ᠶᠢᠨ ᠱᠠᠲᠤ᠂ ᠰᠢᠶᠠᠨ (ᠲᠣᠭᠣᠷᠢᠭ᠋)᠎ᠤ
ᠱᠠᠲᠤᠨ᠎ᠤ ᠰᠢᠭᠤᠳ ᠬᠠᠷᠢᠶ᠎ᠠ ᠪᠠᠢᠭᠤᠯᠤᠮᠵᠢ᠎ᠶᠢᠨ ᠶᠡᠷᠦᠩᠬᠡᠢᠯᠡᠭᠰᠡᠨ ᠬᠠᠮᠢᠶᠠᠷᠤᠯᠲᠠ᠎ᠶᠢᠨ ᠲᠥᠷᠥᠯ ᠪᠣᠯᠣᠨ
ᠵᠠᠰᠠᠭ ᠵᠠᠬᠢᠷᠭᠠᠨ᠎ᠤ ᠬᠠᠤᠯᠢ ᠬᠡᠷᠡᠭᠵᠢᠭᠦᠯᠬᠦ ᠲᠥᠷᠥᠯ᠎ᠦᠨ ᠠᠵᠢᠯ᠎ᠤᠨ ᠪᠠᠢᠷᠢ᠂ ᠦᠨᠳᠦᠰᠦᠨ ᠱᠠᠲᠤᠨ᠎ᠳᠤ ᠦᠢᠯᠡᠴᠢᠯᠡᠬᠦ
ᠲᠥᠷᠥᠯ ᠵᠦᠢᠯ᠎ᠦᠨ ᠠᠵᠢᠯᠲᠠᠨ ᠪᠣᠯᠣᠨ ᠴᠡᠷᠢᠭ ᠠᠩᠭᠢ᠎ᠳᠤ 5 ᠵᠢᠯ᠎ᠡᠴᠡ ᠳᠡᠭᠡᠭᠰᠢ ᠴᠡᠷᠢᠭ᠎ᠦᠨ ᠠᠯᠪᠠ ᠬᠠᠭᠠᠵᠤ
ᠬᠠᠯᠠᠭᠳᠠᠭᠰᠠᠨ ᠶᠡᠬᠡ ᠳᠡᠭᠡᠳᠦ ᠰᠤᠷᠭᠠᠭᠤᠯᠢ ᠲᠡᠭᠦᠰᠦᠭᠰᠡᠳ᠎ᠦᠨ ᠠᠵᠢᠯ᠎ᠤᠨ ᠪᠠᠢᠷᠢ᠂ ᠨᠡᠢᠳᠡᠮ ᠬᠡᠷᠡᠭᠯᠡᠭᠡᠨ᠎ᠤ
ᠪᠤᠰᠤ ᠬᠡᠯᠡᠨ᠎ᠦ ᠠᠵᠢᠯ᠎ᠤᠨ ᠪᠠᠢᠷᠢ᠂ ᠣᠨᠴᠠᠭᠠᠢ ᠲᠤᠰᠬᠠᠢ ᠮᠡᠷᠭᠡᠵᠢᠯ᠎ᠦᠨ ᠠᠵᠢᠯ᠎ᠤᠨ ᠪᠠᠢᠷᠢ᠎ᠶᠢᠨ ᠬᠢᠷᠢ ᠲᠡᠩᠴᠡᠬᠦ
ᠬᠤᠪᠢ᠎ᠶᠢᠨ ᠱᠤᠭᠤᠮ᠄ ᠶᠡᠷᠦᠩᠬᠡᠢ ᠬᠤᠪᠢ 90 ᠬᠤᠪᠢ᠂ ᠵᠠᠰᠠᠭ ᠵᠠᠬᠢᠷᠭᠠᠨ᠎ᠤ ᠠᠵᠢᠯ ᠮᠡᠷᠭᠡᠵᠢᠯ᠎ᠦᠨ ᠴᠢᠳᠠᠪᠤᠷᠢ᠎ᠶᠢᠨ
ᠰᠢᠯᠭᠠᠨ ᠪᠠᠢᠴᠠᠭᠠᠬᠤ ᠬᠢᠴᠢᠶᠡᠯ ᠲᠥᠷᠥᠯ 45 ᠬᠤᠪᠢ ᠪᠣᠯᠣᠨ᠎ᠠ᠃
ᠡᠭᠦᠨ᠎ᠡᠴᠡ ᠭᠠᠳᠠᠨ᠎ᠠ᠂ ᠮᠥᠩᠭᠥᠨ ᠭᠦᠢᠯᠭᠡᠭᠡᠨ᠎ᠦ
ᠬᠢᠨᠠᠯᠲᠠ ᠬᠠᠮᠢᠶᠠᠷᠤᠯᠲᠠ᠎ᠶᠢᠨ ᠶᠡᠷᠦᠩᠬᠡᠢ ᠲᠣᠪᠴᠢᠶ᠎ᠠ ᠵᠢᠴᠢ ᠲᠡᠭᠦᠨ᠎ᠦ ᠲᠣᠮᠢᠯᠠᠭᠰᠠᠨ ᠪᠠᠢᠭᠤᠯᠤᠮᠵᠢ᠎ᠶᠢᠨ
ᠠᠵᠢᠯ᠎ᠤᠨ ᠪᠠᠢᠷᠢ᠂ ᠳᠤᠮᠳᠠᠳᠤ ᠤᠯᠤᠰ᠎ᠤᠨ ᠦᠨᠡᠲᠦ ᠲᠡᠮᠳᠡᠭᠲᠦ᠎ᠶᠢᠨ ᠬᠢᠨᠠᠯᠲᠠ ᠬᠠᠮᠢᠶᠠᠷᠤᠯᠲᠠ ᠵᠢᠨ ᠵᠥᠪᠯᠡᠯ
ᠵᠢᠴᠢ ᠲᠡᠭᠦᠨ᠎ᠦ ᠲᠣᠮᠢᠯᠠᠭᠰᠠᠨ ᠪᠠᠢᠭᠤᠯᠤᠮᠵᠢ᠎ᠶᠢᠨ ᠠᠵᠢᠯ᠎ᠤᠨ ᠪᠠᠢᠷᠢ ᠪᠠ ᠳᠣᠲᠣᠭᠠᠳᠤ᠎ᠶᠢ ᠬᠠᠮᠠᠭᠠᠯᠠᠬᠤ ᠪᠠᠢᠭᠤᠯᠭ᠎ᠠ᠎ᠶᠢᠨ
ᠠᠷᠠᠳ᠎ᠤᠨ ᠴᠠᠭᠳᠠᠭ᠎ᠠ᠎ᠶᠢᠨ ᠠᠵᠢᠯ᠎ᠤᠨ ᠪᠠᠢᠷᠢ᠎ᠳᠤ ᠲᠤᠰᠬᠠᠢ ᠮᠡᠷᠭᠡᠵᠢᠯ᠎ᠦᠨ ᠪᠢᠴᠢᠭ᠎ᠦᠨ ᠰᠢᠯᠭᠠᠯᠲᠠ᠎ᠶᠢ ᠨᠢᠭᠡᠳᠦᠯᠲᠡᠢ
ᠵᠣᠬᠢᠶᠠᠨ ᠪᠠᠢᠭᠤᠯᠵᠤ᠂ ᠲᠤᠰᠬᠠᠢ ᠮᠡᠷᠭᠡᠵᠢᠯ᠎ᠦᠨ ᠪᠢᠴᠢᠭ᠎ᠦᠨ ᠰᠢᠯᠭᠠᠯᠲᠠ᠎ᠶᠢᠨ ᠬᠢᠷᠢ ᠲᠡᠩᠴᠡᠬᠦ ᠬᠤᠪᠢ᠎ᠶᠢᠨ
ᠱᠤᠭᠤᠮ ᠨᠢ 45 ᠬᠤᠪᠢ ᠪᠣᠯᠣᠨ᠎ᠠ᠃
ᠤᠯᠤᠰ᠎ᠤᠨ ᠰᠢᠯᠭᠠᠯᠲᠠ᠎ᠶᠢᠨ ᠬᠢᠷᠢ ᠪᠦᠲᠦᠮᠵᠢ᠎ᠶᠢ
ᠬᠡᠷᠬᠢᠨ ᠪᠠᠢᠴᠠᠭᠠᠨ ᠯᠠᠪᠯᠠᠬᠤ ᠪᠣᠶ︖
ᠰᠢᠯᠭᠠᠭᠤᠯᠤᠭ᠍ᠴᠢ ᠤᠯᠤᠰ᠎ᠤᠨ ᠠᠯᠪᠠᠲᠠᠨ᠎ᠤ
ᠰᠢᠯᠭᠠᠯᠲᠠ᠎ᠶᠢᠨ ᠲᠤᠰᠬᠠᠢ ᠰᠦᠯᠵᠢᠶᠡᠨ᠎ᠳᠤ ᠭᠠᠷᠴᠤ ᠬᠠᠮᠢᠶ᠎ᠠ ᠪᠦᠬᠦᠢ ᠮᠡᠳᠡᠭᠡ ᠵᠠᠩᠭᠢ᠎ᠪᠠᠨ ᠣᠷᠣᠭᠤᠯᠤᠨ ᠪᠠᠢᠴᠠᠭᠠᠨ
ᠯᠠᠪᠯᠠᠵᠤ ᠪᠣᠯᠣᠨ᠎ᠠ᠃
ᠤᠯᠤᠰ᠎ᠤᠨ ᠠᠯᠪᠠᠲᠠᠨ᠎ᠤ ᠲᠣᠪᠴᠢᠶ᠎ᠠ᠎ᠶᠢᠨ
ᠠᠯᠪᠠᠨ ᠰᠦᠯᠵᠢᠶ᠎ᠡ᠄
http://bm.scs.gov.cn/pp/gkweb/core/web/ui/business/home/gkhome.html
ᠵᠢᠷᠭᠢᠶ᠎ᠡ ᠪᠤᠶᠤ ᡁᠢ ᠹᠦ ᠪᠤᠤ ᠵᠢᠨ 《ᠡᠯᠧᠺᠲᠷᠣᠨ ᠨᠡᠢᠭᠡᠮ᠎ᠦᠨ ᠪᠠᠲᠤᠯᠠᠭ᠎ᠠ᠎ᠶᠢᠨ ᠺᠠᠷᠲ》 ᠵᠢᠵᠢᠭ ᠫᠷᠣᠭ᠌ᠷᠠᠮ᠎ᠳᠤ ᠪᠠᠰᠠ ᠤᠯᠤᠰ᠎ᠤᠨ ᠰᠢᠯᠭᠠᠯᠲᠠ᠎ᠶᠢᠨ ᠪᠢᠴᠢᠭ᠎ᠦᠨ
ᠰᠢᠯᠭᠠᠯᠲᠠ᠎ᠶᠢᠨ ᠬᠢᠷᠢ ᠪᠦᠲᠦᠮᠵᠢ᠎ᠶᠢ ᠪᠠᠢᠴᠠᠭᠠᠨ ᠯᠠᠪᠯᠠᠬᠤ ᠬᠤᠯᠪᠤᠭᠠᠰᠤ ᠪᠠᠢᠳᠠᠭ᠃

ᠢᠷᠡᠯᠲᠡ᠄ ᠲᠥᠪ ᠲᠧᠯᠸᠢᠰ᠎ᠦᠨ
ᠰᠣᠨᠢᠨ ᠮᠡᠳᠡᠭᠡ