ᠰᠤᠷᠪᠤᠯᠵᠢᠯᠠᠭ᠍ᠴᠢ 1 ᠰᠠᠷ᠎ᠠ᠎ᠶᠢᠨ
14᠎ᠦ ᠡᠳᠦᠷ ᠬᠤᠷᠠᠯᠳᠤᠭᠤᠯᠤᠭᠰᠠᠨ 2026 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ
ᠲᠡᠭᠡᠭᠡᠪᠦᠷᠢ᠎ᠶᠢᠨ ᠠᠵᠢᠯ᠎ᠤᠨ ᠬᠤᠷᠠᠯ᠎ᠠᠴᠠ ᠣᠢᠯᠠᠭᠠᠭᠰᠠᠨ᠎ᠢᠶᠠᠷ᠂ ᠥᠪᠥᠷ ᠮᠣᠩᠭᠣᠯ᠎ᠤᠨ ᠵᠠᠮ ᠬᠠᠷᠢᠯᠴᠠᠭ᠎ᠠ
ᠲᠡᠭᠡᠭᠡᠪᠦᠷᠢ᠎ᠶᠢᠨ ᠰᠢᠰᠲᠧᠮ ᠡᠨᠡ ᠵᠢᠯ 73 ᠵᠠᠮ ᠬᠠᠷᠢᠯᠴᠠᠭᠠᠨ᠎ᠤ ᠰᠠᠭᠤᠷᠢ ᠳᠦᠬᠦᠭᠡᠷᠦᠮᠵᠢ᠎ᠶᠢᠨ ᠴᠢᠬᠤᠯᠠ
ᠶᠡᠬᠡ ᠲᠥᠷᠥᠯ ᠵᠦᠢᠯ᠎ᠢ ᠠᠬᠢᠭᠤᠯᠵᠤ᠂ 521 ᠳ᠋ᠦᠩᠰᠢᠭᠤᠷ ᠲᠥᠭᠥᠷᠢᠭ᠎ᠦᠨ ᠪᠡᠯᠡ ᠣᠷᠣᠭᠤᠯᠤᠯᠲᠠ᠎ᠶᠢ ᠪᠡᠶᠡᠯᠡᠭᠦᠯᠬᠦ᠎ᠪᠡᠷ
ᠲᠥᠯᠥᠪᠯᠡᠵᠦ ᠪᠣᠶ᠃ ᠡᠭᠦᠨ᠎ᠳᠦ᠂ ᠲᠡᠮᠦᠷ ᠵᠠᠮ᠎ᠤᠨ ᠪᠡᠯᠡ ᠣᠷᠣᠭᠤᠯᠤᠯᠲᠠ 195 ᠳ᠋ᠦᠩᠰᠢᠭᠤᠷ ᠲᠥᠭᠥᠷᠢᠭ᠂ ᠠᠳᠠᠯᠢ
ᠬᠤᠭᠤᠴᠠᠭᠠᠨ᠎ᠤ ᠬᠢ᠎ᠡᠴᠡ 8.3% ᠪᠠᠷ ᠨᠡᠮᠡᠭᠳᠡᠪᠡ; ᠵᠠᠰᠠᠮᠠᠯ ᠵᠠᠮ᠎ᠤᠨ ᠪᠡᠯᠡ
ᠣᠷᠣᠭᠤᠯᠤᠯᠲᠠ 320 ᠳ᠋ᠦᠩᠰᠢᠭᠤᠷ ᠲᠥᠭᠥᠷᠢᠭ᠂ ᠠᠳᠠᠯᠢ ᠬᠤᠭᠤᠴᠠᠭᠠᠨ᠎ᠤ ᠬᠢ᠎ᠡᠴᠡ 23% ᠪᠠᠷ ᠨᠡᠮᠡᠭᠳᠡᠪᠡ; ᠠᠷᠠᠳ᠎ᠤᠨ ᠠᠭᠠᠷ᠎ᠤᠨ ᠵᠦᠭᠡᠭᠡᠪᠦᠷᠢ᠎ᠶᠢᠨ ᠪᠡᠯᠡ ᠣᠷᠣᠭᠤᠯᠤᠯᠲᠠ 6 ᠳ᠋ᠦᠩᠰᠢᠭᠤᠷ ᠲᠥᠭᠥᠷᠢᠭ
ᠪᠤᠯᠤᠨ᠎ᠠ᠃
ᠲᠠᠨᠢᠯᠴᠠᠭᠤᠯᠤᠭᠰᠠᠨ᠎ᠢᠶᠠᠷ᠂
ᠥᠪᠥᠷ ᠮᠣᠩᠭᠣᠯ ᠡᠨᠡ ᠵᠢᠯ ᠪᠤᠭᠤᠲᠤ ᠡᠴᠡ ᠢᠷᠭᠠᠢ ᠬᠦᠷᠬᠦ ᠲᠦᠷᠭᠡᠨ᠎ᠦ ᠲᠡᠮᠦᠷ ᠵᠠᠮ᠎ᠤᠨ ᠢᠷᠭᠠᠢ᠎ᠠᠴᠠ ᠪᠠᠶᠠᠨᠬᠤᠲᠠ
ᠬᠦᠷᠬᠦ ᠰᠠᠯᠪᠤᠷᠢ ᠱᠤᠭᠤᠮ᠂ ᠲᠠᠶ ᠽᠢ ᠴᠸᠩ᠎ᠡᠴᠡ ᠰᠢᠯᠢᠩᠬᠣᠲᠠ ᠬᠦᠷᠬᠦ ᠲᠡᠮᠦᠷ ᠵᠠᠮ᠎ᠢ ᠪᠠᠢᠭᠤᠯᠵᠤ᠂ ᠵᠢᠨᠢᠩ᠎ᠡᠴᠡ
ᠲᠦᠩᠯᠢᠶᠣᠣ ᠬᠦᠷᠬᠦ ᠲᠡᠮᠦᠷ ᠵᠠᠮ᠎ᠤᠨ ᠬᠥᠳᠡᠯᠭᠡᠬᠦ ᠬᠦᠴᠦᠨᠲᠤ ᠭᠠᠯᠲᠤ ᠲᠡᠷᠭᠡ᠎ᠶᠢ ᠥᠭᠡᠷᠡᠴᠢᠯᠡᠨ ᠪᠠᠢᠭᠤᠯᠵᠤ᠂
ᠠᠯᠠᠱᠠ ᠠᠢᠮᠠᠭ᠂ ᠰᠢᠯᠢ᠎ᠶᠢᠨ ᠭᠣᠣᠯ ᠠᠢᠮᠠᠭ ᠲᠸ᠋ ᠬᠥᠳᠡᠯᠭᠡᠬᠦ ᠬᠦᠴᠦᠨᠲᠤ ᠭᠠᠯᠲᠤ ᠲᠡᠷᠭᠡ ᠨᠡᠪᠲᠡᠷᠡᠭᠦᠯᠦᠨ᠎ᠡ᠃
G110 ᠬᠤᠶᠠᠷᠮᠣᠳᠣ᠌ᠠᠴᠠ ᠳ᠋ᠧᠩᠺᠧᠦ ᠬᠦᠷᠬᠦ᠂ ᠳ᠋ᠧᠩᠺᠧᠦ᠎ᠶᠢᠨ
ᠬᠠᠳᠤᠨ ᠭᠣᠣᠯ᠎ᠤᠨ ᠶᠡᠬᠡ ᠬᠥᠭᠥᠷᠭᠡ ᠬᠦᠷᠬᠦ ᠵᠡᠷᠭᠡ ᠵᠠᠰᠠᠮᠠᠯ ᠵᠠᠮ᠎ᠤᠨ ᠲᠥᠷᠥᠯ ᠵᠦᠢᠯ᠎ᠢ ᠪᠠᠢᠭᠤᠯᠵᠤ᠂ ᠱᠧᠩ
ᠯᠧ ᠣᠯᠠᠨ ᠤᠯᠤᠰ᠎ᠤᠨ ᠨᠢᠰᠬᠡᠯ᠎ᠦᠨ ᠪᠠᠭᠤᠳᠠᠯ᠎ᠢ ᠠᠰᠢᠭ᠍ᠯᠠᠯᠲᠠ᠎ᠳᠤ ᠣᠷᠣᠭᠤᠯᠤᠨ᠎ᠡ᠃ ᠯᠢᠨᠾᠧ᠎ᠡᠴᠡ ᠬᠠᠮᠢ ᠬᠦᠷᠬᠦ
ᠲᠡᠮᠦᠷ ᠵᠠᠮ᠂ G1816 ᠤᠯᠠᠭᠠᠨᠬᠤᠲᠠ ᠡᠴᠡ ᠱᠢ ᠲᠸᠤ ᠵᠢᠩ ᠽᠢ ᠬᠦᠷᠬᠦ ᠲᠦᠷᠭᠡᠨ᠎ᠤ
ᠵᠠᠰᠠᠮᠠᠯ ᠵᠠᠮ ᠵᠡᠷᠭᠡ ᠲᠥᠷᠥᠯ ᠵᠦᠢᠯ᠎ᠢ ᠪᠦᠲᠦᠭᠡᠨ ᠪᠠᠢᠭᠤᠯᠵᠤ᠂ ᠪᠤᠭᠤᠲᠤ ᠣᠷᠳᠣᠰ ᠲᠡᠮᠡᠭᠡᠲᠦ᠎ᠶᠢᠨ ᠲᠦᠷᠭᠡᠨ᠎ᠤ
ᠲᠡᠮᠦᠷ ᠵᠠᠮ᠂ ᠷᠠᠰᠢᠶᠠᠨ᠎ᠤ ᠲᠡᠭᠡᠭᠡᠪᠦᠷᠢ᠎ᠶᠢᠨ ᠨᠢᠰᠬᠡᠯ᠎ᠦᠨ ᠪᠠᠭᠤᠳᠠᠯ᠎ᠤᠨ ᠥᠭᠡᠷᠡᠴᠢᠯᠡᠵᠦ ᠥᠷᠭᠡᠳᠬᠡᠨ ᠪᠠᠶ᠋ᠢᠭᠤᠯᠬᠤ
ᠢᠨᠵᠧᠨᠧᠷᠢᠩ᠎ᠢ ᠪᠠᠷᠢᠯᠭ᠎ᠠ ᠡᠬᠢᠯᠡᠭᠦᠯᠦᠨ ᠪᠦᠲᠦᠭᠡᠨ ᠪᠠᠢᠭᠤᠯᠵᠤ᠂ 1500 ᠺᠢᠯᠣᠮᠧᠲᠷ ᠤᠯᠤᠰ᠎ᠤᠨ ᠪᠠ ᠮᠤᠵᠢ᠎ᠶᠢᠨ
ᠲᠡᠰ᠎ᠤᠨ ᠵᠠᠰᠠᠮᠠᠯ ᠵᠠᠮ᠎ᠢ ᠰᠢᠨ᠎ᠡ᠎ᠪᠡᠷ ᠪᠠᠷᠢᠯᠭ᠎ᠠ ᠡᠬᠢᠯᠡᠭᠦᠯᠦᠨ ᠪᠦᠲᠦᠭᠡᠨ ᠪᠠᠢᠭᠤᠯᠵᠤ᠂ ᠪᠠᠢᠭᠤᠯᠵᠤ ᠪᠠᠢᠭ᠎ᠠ
ᠵᠠᠰᠠᠮᠠᠯ ᠵᠠᠮ᠎ᠤᠨ ᠬᠡᠪᠴᠢᠶ᠎ᠡ᠎ᠶᠢ 4200 ᠺᠢᠯᠣᠮᠧᠲᠷ᠎ᠠᠴᠠ ᠳᠡᠭᠡᠭᠰᠢ᠎ᠳᠦ ᠬᠦᠷᠦᠭᠦᠯᠵᠦ᠂ ᠬᠥᠳᠡᠭᠡ ᠲᠣᠰᠬᠣᠨ᠎ᠤ
ᠵᠠᠰᠠᠮᠠᠯ ᠵᠠᠮ᠎ᠢ 5000 ᠺᠢᠯᠣᠮᠧᠲᠷ ᠰᠢᠨ᠎ᠡ᠎ᠪᠡᠷ ᠥᠭᠡᠷᠡᠴᠢᠯᠡᠨ ᠪᠠᠢᠭᠤᠯᠤᠨ᠎ᠠ᠃
ᠡᠭᠦᠨ᠎ᠡᠴᠡ ᠭᠠᠳᠠᠨ᠎ᠠ᠂ ᠥᠪᠥᠷ
ᠮᠣᠩᠭᠣᠯ ᠲᠦᠷᠭᠡᠨ᠎ᠤ ᠵᠠᠰᠠᠮᠠᠯ ᠵᠠᠮ᠎ᠤᠨ ᠦᠢᠯᠡᠴᠢᠯᠡᠭᠡᠨ᠎ᠦ ᠲᠣᠭᠣᠷᠢᠭ᠋᠎ᠢ ᠰᠠᠢᠵᠢᠷᠠᠭᠤᠯᠬᠤ ᠠᠵᠢᠯᠯᠠᠭ᠎ᠠ᠎ᠶᠢ
ᠬᠡᠷᠡᠭᠵᠢᠭᠦᠯᠵᠦ᠂ ᠪᠥᠬᠥ ᠣᠷᠣᠨ᠎ᠤ 《ᠬᠥᠬᠡᠬᠣᠲᠠ᠎ᠪᠠᠷ ᠳᠡᠮᠵᠢᠨ ᠨᠢᠰᠬᠦ》
ᠠᠶᠠᠯᠠᠯ᠎ᠤᠨ ᠱᠤᠭᠤᠮ᠎ᠤᠨ ᠲᠣᠣᠷ᠎ᠢ ᠪᠠᠢᠭᠤᠯᠵᠤ᠂ ᠨᠠᠰᠤᠲᠠᠢᠴᠤᠳ᠎ᠢ ᠬᠠᠯᠠᠮᠵᠢᠯᠠᠬᠤ
20 ᠵᠤᠷᠪᠤᠰ ᠨᠡᠢᠲᠡ ᠵᠢᠨ ᠮᠠᠰᠢᠨ ᠲᠡᠷᠭᠡᠨ᠎ᠤ ᠵᠠᠮ ᠱᠤᠭᠤᠮ᠎ᠢ ᠨᠡᠪᠲᠡᠷᠡᠭᠦᠯᠬᠦ᠎ᠪᠡᠷ ᠪᠣᠶ᠃ ᠵᠠᠮ ᠬᠠᠷᠢᠯᠴᠠᠭ᠎ᠠ
ᠵᠢᠭᠤᠯᠴᠢᠯᠠᠯ᠎ᠤᠨ ᠠᠭᠤᠰᠤᠯᠴᠠᠨ ᠬᠥᠭᠵᠢᠬᠦ᠎ᠶᠢ ᠠᠬᠢᠭᠤᠯᠵᠤ᠂ ᠲᠦᠩᠯᠢᠶᠣᠣ ᠬᠣᠲᠠ᠎ᠶᠢᠨ G111᠂ ᠤᠯᠠᠭᠠᠨᠬᠠᠳᠠ ᠬᠣᠲᠠ᠎ᠶᠢᠨ S530 ᠵᠡᠷᠭᠡ 6 ᠵᠤᠷᠪᠤᠰ ᠵᠢᠭᠤᠯᠴᠢᠯᠠᠯ᠎ᠤᠨ ᠵᠠᠰᠠᠮᠠᠯ
ᠵᠠᠮ᠎ᠢ ᠪᠦᠲᠦᠭᠡᠨ ᠪᠠᠢᠭᠤᠯᠤᠨ᠎ᠠ᠃ 《ᠵᠣᠬᠢᠶᠠᠮᠠᠯ ᠣᠶᠤᠨ ᠴᠢᠳᠠᠪᠤᠷᠢ
+ ᠵᠠᠮ ᠬᠠᠷᠢᠯᠴᠠᠭ᠎ᠠ ᠲᠡᠭᠡᠭᠡᠪᠦᠷᠢ》 ᠵᠢᠨ ᠠᠵᠢᠯᠯᠠᠭ᠎ᠠ᠎ᠶᠢ ᠬᠡᠷᠡᠭᠵᠢᠭᠦᠯᠵᠦ᠂
ᠤᠢᠷ᠎ᠠ ᠤᠬᠲᠠᠷᠭᠤᠢ ᠵᠢᠨ ᠣᠷᠣᠨ ᠪᠦᠰᠡ᠎ᠶᠢ ᠬᠤᠪᠢᠶᠠᠷᠢᠯᠠᠨ ᠲᠣᠭᠲᠠᠭᠠᠬᠤ᠎ᠶᠢ ᠪᠡᠶᠡᠯᠡᠭᠦᠯᠵᠦ᠂ G6᠂ G7᠂ G65 ᠵᠡᠷᠭᠡ
ᠭᠣᠣᠯ ᠪᠣᠯᠬᠤ ᠨᠡᠭᠦᠷᠡᠰᠦ᠎ᠶᠢ ᠭᠠᠳᠠᠭ᠍ᠰᠢ ᠲᠡᠭᠡᠭᠡᠪᠦᠷᠢᠯᠡᠬᠦ ᠵᠠᠮ᠎ᠤᠨ ᠨᠡᠭᠦᠷᠡᠰᠦᠲᠥ᠋ᠷᠥᠭᠴᠢ ᠦᠭᠡᠢ ᠲᠡᠭᠡᠭᠡᠪᠦᠷᠢ᠎ᠶᠢᠨ
ᠬᠣᠩᠭᠢᠯ ᠪᠠᠶ᠋ᠢᠭᠤᠯᠬᠤ᠎ᠶᠢ ᠠᠬᠢᠭᠤᠯᠤᠨ᠎ᠠ᠃
ᠥᠪᠥᠷ ᠮᠣᠩᠭᠣᠯ ᠪᠠᠰᠠ ᠵᠠᠮ
ᠬᠠᠷᠢᠯᠴᠠᠭ᠎ᠠ ᠪᠠᠷᠠᠭᠠᠨ᠎ᠤ ᠭᠦᠢᠯᠭᠡᠭᠡᠨ᠎ᠦ ᠥᠪᠡᠷ᠎ᠦᠨ ᠥᠷᠲᠡᠭ᠎ᠢ ᠪᠠᠭᠤᠷᠠᠭᠤᠯᠤᠨ ᠶᠠᠰᠤ ᠴᠢᠨᠠᠷ᠎ᠢ ᠳᠡᠭᠡᠭᠰᠢᠯᠡᠭᠦᠯᠵᠦ
ᠦᠷ᠎ᠡ ᠠᠰᠢᠭ᠋᠎ᠢ ᠨᠡᠮᠡᠭᠳᠡᠭᠦᠯᠬᠦ᠎ᠶᠢ ᠭᠦᠨᠵᠡᠭᠡᠢ ᠠᠬᠢᠭᠤᠯᠵᠤ᠂ ᠠᠷᠠᠴᠢᠯᠠᠨ ᠬᠠᠮᠠᠭᠠᠯᠠᠬᠤ ᠢᠨᠵᠧᠨᠧᠷᠢᠩ᠎ᠢ
6000 ᠺᠢᠯᠣᠮᠧᠲᠷ ᠬᠡᠷᠡᠭᠵᠢᠭᠦᠯᠦᠨ᠂ ᠪᠥᠬᠥ ᠤᠯᠤᠰ᠎ᠤᠨ ᠨᠢᠭᠡᠳᠦᠯᠲᠡᠢ ᠵᠠᠬ᠎ᠠ ᠳᠡᠯᠭᠡᠭᠦᠷ ᠪᠠ ᠭᠤᠤᠯᠴᠢ ᠥᠷᠢᠰᠦᠯᠳᠦᠭᠡᠨ᠎ᠢ
ᠬᠠᠷᠰᠢᠯᠠᠵᠤ ᠪᠠᠢᠭ᠎ᠠ ᠲᠥᠷᠥ᠎ᠶᠢᠨ ᠪᠣᠳᠣᠯᠭ᠎ᠠ ᠠᠷᠭ᠎ᠠ ᠬᠡᠮᠵᠢᠶ᠎ᠡ᠎ᠶᠢ ᠴᠡᠪᠡᠷᠯᠡᠨ ᠬᠦᠴᠦᠨ ᠦᠭᠡᠢ ᠪᠣᠯᠭᠠᠵᠤ᠂
ᠬᠡᠮᠵᠢᠶ᠎ᠡ ᠳᠠᠭᠠᠭᠠᠴᠠ᠎ᠠᠴᠠ ᠬᠡᠲᠦᠷᠡᠲᠡᠯ᠎ᠡ ᠲᠡᠭᠡᠭᠡᠪᠦᠷᠢᠯᠡᠬᠦ᠎ᠶᠢ ᠵᠠᠰᠠᠬᠤ ᠠᠵᠢᠯ᠎ᠢ ᠦᠷᠭᠦᠯᠵᠢᠯᠡᠨ ᠴᠢᠩᠭᠠᠳᠬᠠᠵᠤ᠂
60 ᠨᠤᠷᠠᠬᠤ ᠠᠶᠤᠯᠲᠠᠢ ᠬᠥᠭᠥᠷᠭᠡ᠎ᠶᠢ ᠥᠭᠡᠷᠡᠴᠢᠯᠡᠨ ᠵᠠᠰᠠᠬᠤ᠂ 22 ᠺᠢᠯᠣᠮᠧᠲᠷ᠎ᠤᠨ ᠭᠠᠮᠰᠢᠭ᠋᠎ᠢ ᠰᠡᠷᠭᠡᠢᠯᠡᠨ
ᠵᠠᠰᠠᠬᠤ᠂ 18 ᠺᠢᠯᠣᠮᠧᠲᠷ᠎ᠤᠨ ᠠᠮᠤᠷ ᠲᠦᠪᠰᠢᠨ᠎ᠦ ᠲᠥᠬᠦᠭᠡᠷᠦᠮᠵᠢ᠎ᠶᠢ ᠨᠠᠷᠢᠯᠢᠭ᠍ᠵᠢᠭᠤᠯᠤᠨ ᠳᠡᠭᠡᠭᠰᠢᠯᠡᠭᠦᠯᠬᠦ
ᠢᠨᠵᠧᠨᠧᠷᠢᠩᠪᠠ 1500 ᠺᠢᠯᠣᠮᠧᠲᠷ᠎ᠤᠨ ᠠᠮᠤᠷ ᠲᠦᠪᠰᠢᠨ᠎ᠦ ᠰᠡᠷᠭᠡᠢᠯᠡᠯᠲᠡ᠎ᠶᠢᠨ ᠢᠨᠵᠧᠨᠧᠷᠢᠩ᠎ᠢ ᠪᠡᠶᠡᠯᠡᠭᠦᠯᠦᠨ᠎ᠡ᠃