ᠭᠤᠷᠪᠠᠨ ᠰᠠᠯᠠᠭ᠎ᠠ ᠮᠥᠴᠢᠷ᠄ ᠰᠠᠭᠤᠭᠠᠯᠢ ᠠᠷᠠᠳ᠎ᠤᠨ ᠣᠷᠣᠨ ᠰᠠᠭᠤᠴᠠ ᠰᠣᠯᠢᠬᠤ ᠪᠤᠶᠤ ᠬᠤᠳᠠᠯᠳᠤᠨ ᠠᠪᠬᠤ᠎ᠶᠢ ᠳᠡᠮᠵᠢᠨ᠎ᠡ
2026-01-15 15:48:57
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠰᠠᠭᠤᠭᠠᠯᠢ ᠠᠷᠠᠳ᠎ᠤᠨ ᠣᠷᠣᠨ ᠰᠠᠭᠤᠴᠠ᠎ᠶᠢᠨ ᠨᠥᠬᠥᠴᠡᠯ᠎ᠢᠶᠡᠨ ᠰᠠᠢᠵᠢᠷᠠᠭᠤᠯᠬᠤ᠎ᠶᠢ ᠦᠷᠭᠦᠯᠵᠢᠯᠡᠨ ᠳᠡᠮᠵᠢᠬᠦ᠎ᠶᠢᠨ ᠲᠥᠯᠥᠭᠡ᠂ ᠡᠳ᠋᠎ᠦᠨ ᠵᠠᠰᠠᠭ᠎ᠤᠨ ᠶᠠᠮᠤᠨ᠂ ᠤᠯᠤᠰ᠎ᠤᠨ ᠭᠠᠢᠯᠢ᠎ᠶᠢᠨ ᠶᠠᠪᠤᠳᠠᠯ᠎ᠤᠨ ᠶᠡᠷᠦᠩᠬᠡᠢ ᠲᠣᠪᠴᠢᠶ᠎ᠠ᠂ ᠣᠷᠣᠨ ᠰᠠᠭᠤᠴᠠ ᠪᠠ ᠬᠣᠲᠠ ᠬᠥᠳᠡᠭᠡ᠎ᠶᠢᠨ ᠪᠦᠲᠦᠭᠡᠨ ᠪᠠᠢᠭᠤᠯᠤᠯᠲᠠ᠎ᠶᠢᠨ ᠶᠠᠮᠤᠨ 1 ᠰᠠᠷ᠎ᠠ᠎ᠶᠢᠨ 14᠎ᠦ ᠡᠳᠦᠷ ᠠᠯᠪᠠᠨ ᠵᠠᠷᠯᠠᠯ ᠨᠡᠢᠲᠡᠯᠡᠵᠦ᠂ 2026 ᠣᠨ᠎ᠤ 1 ᠰᠠᠷ᠎ᠠ᠎ᠶᠢᠨ 1᠎ᠦ ᠡᠳᠦᠷ᠎ᠡᠴᠡ 2027 ᠣᠨ᠎ᠤ 12 ᠰᠠᠷ᠎ᠠ᠎ᠶᠢᠨ 31᠎ᠦ ᠡᠳᠦᠷ ᠪᠣᠯᠲᠠᠯ᠎ᠠ᠂ ᠥᠪᠡᠷ᠎ᠦᠨ ᠣᠷᠣᠨ ᠰᠠᠭᠤᠴᠠ᠎ᠪᠠᠨ ᠬᠤᠳᠠᠯᠳᠤᠭᠰᠠᠨ ᠪᠥᠭᠡᠳ ᠣᠲᠣ᠌᠎ᠶᠢᠨ ᠣᠷᠣᠨ ᠰᠠᠭᠤᠴᠠ᠎ᠪᠠᠨ ᠬᠤᠳᠠᠯᠳᠤᠭᠰᠠᠨ᠎ᠤ ᠳᠠᠷᠠᠭᠠᠬᠢ 1 ᠵᠢᠯ᠎ᠦᠨ ᠳᠣᠲᠣᠷ᠎ᠠ ᠵᠠᠬ᠎ᠠ ᠳᠡᠯᠭᠡᠭᠦᠷ᠎ᠡᠴᠡ ᠣᠷᠣᠨ ᠰᠠᠭᠤᠴᠠ ᠳᠠᠬᠢᠨ ᠬᠤᠳᠠᠯᠳᠤᠨ ᠠᠪᠤᠭᠰᠠᠨ ᠭᠠᠢᠯᠢ ᠲᠤᠰᠢᠶᠠᠭ᠍ᠴᠢ᠎ᠶᠢᠨ ᠣᠲᠣ᠌᠎ᠶᠢᠨ ᠣᠷᠣᠨ ᠰᠠᠭᠤᠴᠠ᠎ᠪᠠᠨ ᠬᠤᠳᠠᠯᠳᠤᠭᠠᠳ ᠨᠢᠭᠡᠨᠲᠡ ᠲᠤᠰᠢᠶᠠᠭᠰᠠᠨ ᠬᠤᠪᠢ ᠬᠥᠮᠥᠨ᠎ᠦ ᠠᠰᠢᠭ᠋ ᠣᠷᠣᠯᠭ᠎ᠠ᠎ᠶᠢᠨ ᠭᠠᠢᠯᠢ ᠳ᠋ᠤᠨᠢ ᠭᠠᠢᠯᠢ ᠪᠤᠴᠠᠭᠠᠬᠤ ᠬᠠᠷᠠᠭᠠᠯᠵᠠᠯ ᠦᠵᠡᠭᠦᠯᠦᠨ᠎ᠡ ᠭᠡᠵᠡᠢ᠃  

ᠡᠭᠦᠨ᠎ᠳᠦ᠂ ᠰᠢᠨ᠎ᠡ᠎ᠪᠡᠷ ᠬᠤᠳᠠᠯᠳᠤᠨ ᠠᠪᠤᠭᠰᠠᠨ ᠣᠷᠣᠨ ᠰᠠᠭᠤᠴᠠ᠎ᠶᠢᠨ ᠵᠣᠭᠣᠰ᠎ᠤᠨ ᠲᠣᠭ᠎ᠠ ᠨᠢ ᠣᠳᠣ᠌᠎ᠶᠢᠨ ᠣᠷᠣᠨ ᠰᠠᠭᠤᠴᠠ᠎ᠶᠢ ᠰᠢᠯᠵᠢᠭᠦᠯᠦᠨ ᠥᠭᠬᠦᠭᠰᠡᠨ ᠵᠣᠭᠣᠰ᠎ᠤᠨ ᠲᠣᠭ᠎ᠠ᠎ᠠᠴᠠ ᠶᠡᠬᠡ ᠪᠤᠶᠤ ᠲᠡᠩᠴᠡᠭᠦᠦ ᠪᠠᠢᠪᠠᠯ᠂ ᠨᠢᠭᠡᠨᠲᠡ ᠲᠤᠰᠢᠶᠠᠭᠰᠠᠨ ᠬᠤᠪᠢ ᠬᠥᠮᠥᠨ᠎ᠦ ᠠᠰᠢᠭ᠋ ᠣᠷᠣᠯᠭ᠎ᠠ᠎ᠶᠢᠨ ᠭᠠᠢᠯᠢ᠎ᠶᠢ ᠪᠦᠬᠦᠨ᠎ᠢ ᠪᠤᠴᠠᠭᠠᠵᠤ ᠥᠭᠭᠦᠨ᠎ᠡ; ᠰᠢᠨ᠎ᠡ ᠬᠤᠳᠠᠯᠳᠤᠨ ᠠᠪᠤᠭᠰᠠᠨ ᠣᠷᠣᠨ ᠰᠠᠭᠤᠴᠠ᠎ᠶᠢᠨ ᠵᠣᠭᠣᠰ᠎ᠤᠨ ᠲᠣᠭ᠎ᠠ ᠨᠢ ᠣᠳᠣ᠌᠎ᠶᠢᠨ ᠣᠷᠣᠨ ᠰᠠᠭᠤᠴᠠ᠎ᠪᠠᠨ ᠰᠢᠯᠵᠢᠭᠦᠯᠦᠨ ᠥᠭᠭᠦᠭᠰᠡᠨ ᠵᠣᠭᠣᠰ᠎ᠤᠨ ᠲᠣᠭ᠎ᠠ᠎ᠠᠴᠠ ᠪᠠᠭ᠎ᠠ ᠪᠠᠢᠪᠠᠯ᠂ ᠰᠢᠨ᠎ᠡ ᠬᠤᠳᠠᠯᠳᠤᠨ ᠠᠪᠤᠭᠰᠠᠨ ᠣᠷᠣᠨ ᠰᠠᠭᠤᠴᠠ᠎ᠶᠢᠨ ᠵᠣᠭᠣᠰ᠎ᠤᠨ ᠲᠣᠭ᠎ᠠ᠎ᠶᠢᠨ ᠣᠳᠣ᠌᠎ᠶᠢᠨ ᠣᠷᠣᠨ ᠰᠠᠭᠤᠴᠠ᠎ᠪᠠᠨ ᠰᠢᠯᠵᠢᠭᠦᠯᠦᠨ ᠥᠭᠬᠦᠭᠰᠡᠨ ᠵᠣᠭᠣᠰ᠎ᠤᠨ ᠲᠣᠭ᠎ᠠ᠎ᠳᠠᠬᠢ ᠡᠵᠡᠯᠡᠬᠦ ᠬᠠᠷᠢᠴᠠᠯ ᠶᠣᠰᠣᠭᠠᠷ ᠣᠳᠣ᠌᠎ᠶᠢᠨ ᠣᠷᠣᠨ ᠰᠠᠭᠤᠴᠠ᠎ᠪᠠᠨ ᠬᠤᠳᠠᠯᠳᠤᠬᠤ᠎ᠳᠤ ᠨᠢᠭᠡᠨᠲᠡ ᠲᠤᠰᠢᠶᠠᠭᠰᠠᠨ ᠬᠤᠪᠢ ᠬᠥᠮᠥᠨ᠎ᠦ ᠠᠰᠢᠭ᠋ ᠣᠷᠣᠯᠭ᠎ᠠ᠎ᠶᠢᠨ ᠭᠠᠢᠯᠢ᠎ᠶᠢ ᠪᠤᠴᠠᠭᠠᠨ᠎ᠠ᠃

ᠠᠯᠪᠠᠨ ᠵᠠᠷᠯᠠᠯ᠎ᠢ ᠦᠨᠳᠦᠰᠦᠯᠡᠪᠡᠯ᠂ ᠬᠠᠷᠠᠭᠠᠯᠵᠠᠯ᠎ᠤᠨ ᠲᠥᠷᠥ᠎ᠶᠢᠨ ᠪᠣᠳᠣᠯᠭ᠎ᠠ ᠭᠥᠷᠳᠡᠬᠦ ᠭᠠᠢᠯᠢ ᠲᠤᠰᠢᠶᠠᠭ᠍ᠴᠢ ᠨᠢ ᠡᠷᠬᠡᠪᠰᠢ ᠳᠣᠣᠷᠠᠬᠢ ᠨᠥᠬᠥᠴᠡᠯ᠎ᠢ ᠬᠠᠮᠲᠤ ᠳ᠋ᠤᠨᠢ ᠬᠠᠩᠭᠠᠬᠤ ᠬᠡᠷᠡᠭᠲᠡᠢ᠄ ᠭᠠᠢᠯᠢ ᠲᠤᠰᠢᠶᠠᠭ᠍ᠴᠢ᠎ᠶᠢᠨ ᠬᠤᠳᠠᠯᠳᠤᠬᠤ ᠪᠠ ᠳᠠᠭᠢᠵᠤ ᠬᠤᠳᠠᠯᠳᠤᠨ ᠠᠪᠬᠤ ᠣᠷᠣᠨ ᠰᠠᠭᠤᠴᠠ ᠨᠢ ᠠᠳᠠᠯᠢ ᠨᠢᠭᠡ ᠬᠣᠲᠠ᠎ᠶᠢᠨ ᠬᠡᠪᠴᠢᠶᠡᠨ᠎ᠳᠦ ᠪᠠᠢᠬᠤ ᠬᠡᠷᠡᠭᠲᠡᠢ᠃ ᠥᠪᠡᠷ᠎ᠦᠨ ᠣᠷᠣᠨ ᠰᠠᠭᠤᠴᠠ᠎ᠪᠠᠨ ᠬᠤᠳᠠᠯᠳᠤᠭᠰᠠᠨ ᠭᠠᠢᠯᠢ ᠲᠤᠰᠢᠶᠠᠭ᠍ᠴᠢ ᠬᠢᠭᠡᠳ ᠰᠢᠨ᠎ᠡ ᠬᠤᠳᠠᠯᠳᠤᠨ ᠠᠪᠤᠭᠰᠠᠨ ᠣᠷᠣᠨ ᠰᠠᠭᠤᠴᠠ᠎ᠶᠢᠨ ᠬᠣᠭᠣᠷᠣᠨᠳᠤ ᠡᠷᠬᠡᠪᠰᠢ ᠰᠢᠭᠤᠳ ᠬᠣᠯᠪᠣᠭ᠎ᠠ᠎ᠲᠠᠢ ᠪᠠᠢᠵᠤ᠂ ᠰᠢᠨ᠎ᠡ ᠬᠤᠳᠠᠯᠳᠤᠨ ᠠᠪᠤᠭᠰᠠᠨ ᠣᠷᠣᠨ ᠰᠠᠭᠤᠴᠠ᠎ᠶᠢᠨ ᠥᠮᠴᠢᠯᠡᠬᠦ ᠡᠷᠬᠡᠲᠦ ᠬᠥᠮᠥᠨ ᠪᠤᠶᠤ ᠥᠮᠴᠢᠯᠡᠬᠦ ᠡᠷᠬᠡᠲᠦ ᠬᠥᠮᠥᠨ᠎ᠦ ᠨᠢᠭᠡ ᠨᠢ ᠪᠠᠢᠬᠤ ᠬᠡᠷᠡᠭᠲᠡᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠱᠢᠡᠬᠤᠸᠠ ᠬᠤᠷᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号