16 ᠠᠵᠤ ᠠᠬᠤᠢᠯᠠᠯ ᠭᠠᠵᠠᠷ ᠵᠦᠢ᠎ᠶᠢᠨ ᠢᠯᠡᠷᠬᠡᠢᠯᠡᠯᠲᠦ ᠲᠤᠰᠬᠠᠢ ᠲᠡᠮᠳᠡᠭ᠎ᠢ ᠬᠡᠷᠡᠭᠯᠡᠬᠦ ᠵᠥᠪᠰᠢᠶᠡᠷᠡᠯ ᠣᠯᠵᠠᠢ
2026-01-15 15:51:39
ᠵᠣᠬᠢᠶᠠᠭ᠍ᠴᠢ᠄
ᠯᠢ ᠭᠦᠸᠧ ᠫᠢᠩ
ᠣᠩᠱᠢᠭ᠍ᠰᠠᠨ ᠣᠳᠠᠭ᠎ᠠ᠄
★★★☆☆

1 ᠰᠠᠷ᠎ᠠ᠎ᠶᠢᠨ 14᠎ᠦ ᠡᠳᠦᠷ᠂ ᠰᠤᠷᠪᠤᠯᠵᠢᠯᠠᠭ᠍ᠴᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶᠢᠨ ᠲᠣᠪᠴᠢᠶ᠎ᠠ᠎ᠡᠴᠠ ᠣᠢᠯᠠᠭᠠᠭᠰᠠᠨ ᠵᠢᠡᠷ᠂ ᠤᠯᠤᠰ᠎ᠤᠨ ᠮᠡᠳᠡᠯᠭᠡ᠎ᠶᠢᠨ ᠥᠮᠴᠢᠯᠡᠯ᠎ᠤᠨ ᠡᠷᠬᠡ᠎ᠶᠢᠨ ᠲᠣᠪᠴᠢᠶ᠎ᠠ ᠲᠦᠷᠦᠭᠦᠬᠡᠨ 660 ᠳ᠋ᠤᠭᠠᠷ ᠠᠯᠪᠠᠨ ᠵᠠᠷᠯᠠᠯ ᠨᠡᠢᠲᠡᠯᠡᠵᠦ᠂ 875 ᠠᠵᠤ ᠠᠬᠤᠢᠯᠠᠯ᠎ᠤᠨ ᠭᠠᠵᠠᠷ ᠵᠦᠢ᠎ᠶᠢᠨ ᠢᠯᠡᠷᠬᠡᠢᠯᠡᠯᠲᠦ ᠲᠤᠰᠬᠠᠢ ᠲᠡᠮᠳᠡᠭ᠎ᠢ ᠬᠡᠷᠡᠭᠯᠡᠬᠦ᠎ᠶᠢ ᠬᠢᠨᠠᠨ ᠵᠥᠪᠰᠢᠶᠡᠷᠡᠪᠡ᠂ ᠡᠭᠦᠨ᠎ᠳᠦ᠂ ᠥᠪᠥᠷ ᠮᠣᠩᠭᠣᠯ᠎ᠤᠨ 16 ᠠᠵᠤ ᠠᠬᠤᠢᠯᠠᠯ ᠠᠮᠵᠢᠯᠲᠠ ᠲᠠᠢ ᠰᠣᠩᠭᠣᠭᠳᠠᠵᠤ᠂ ᠦᠢᠯᠡᠳᠪᠦᠷᠢᠯᠡᠭᠰᠡᠨ ᠭᠠᠵᠠᠷ ᠵᠦᠢ᠎ᠶᠢᠨ ᠢᠯᠡᠷᠬᠡᠢᠯᠡᠯᠲᠦ ᠪᠦᠲᠦᠭᠡᠭᠳᠡᠬᠦᠨ ᠨᠢ ᠤᠯᠤᠰ᠎ᠤᠨ ᠲᠠᠰ᠎ᠤᠨ ᠲᠤᠰᠬᠠᠢ ᠬᠠᠮᠠᠭᠠᠯᠠᠯᠲᠠ᠎ᠶᠢ ᠭᠥᠷᠳᠡᠬᠦ ᠪᠣᠯᠣᠨ᠎ᠠ᠃ ᠡᠨᠡ ᠬᠦ᠌ ᠠᠷᠭ᠎ᠠ ᠬᠡᠮᠵᠢᠶ᠎ᠡ ᠨᠢ ᠥᠪᠥᠷ ᠮᠣᠩᠭᠣᠯ᠎ᠤᠨ ᠣᠨᠴᠠᠯᠢᠭ᠍ᠲᠤ ᠮᠠᠯ᠎ᠤᠨ ᠠᠰᠢᠭ᠋ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠳᠦ 《ᠤᠯᠤᠰ᠎ᠤᠨ》 ᠶᠠᠰᠤ ᠴᠢᠨᠠᠷ᠎ᠤᠨ ᠱᠣᠰᠢᠭ᠎ᠠ ᠨᠠᠭᠠᠭᠰᠠᠨ᠎ᠢᠶᠠᠷ ᠪᠠᠷᠠᠬᠤ ᠦᠭᠡᠢ᠂ ᠨᠡᠩ ᠴᠤ᠌ ᠣᠷᠣᠨ ᠪᠦᠰᠡ᠎ᠶᠢᠨ ᠣᠨᠴᠠᠯᠢᠭ᠍ᠲᠤ ᠠᠵᠤ ᠦᠢᠯᠡᠰ᠎ᠦᠨ ᠴᠢᠨᠠᠷ ᠰᠠᠢᠲᠠᠢ ᠬᠥᠭᠵᠢᠯᠲᠡ᠎ᠳᠦ ᠬᠦᠴᠦᠨ ᠨᠡᠮᠡᠷᠢᠯᠡᠪᠡ᠃

ᠡᠨᠡ ᠤᠳᠠᠭ᠎ᠠ ᠵᠥᠪᠰᠢᠶᠡᠷᠡᠭᠳᠡᠭᠰᠡᠨ ᠦᠪᠦᠷ ᠮᠤᠩᠭᠤᠯ᠎ᠤᠨ 16 ᠠᠵᠤ ᠠᠬᠤᠢᠯᠠᠯ ᠨᠢ ᠬᠥᠯᠥᠨ ᠪᠣᠶ᠋ᠢᠷ ᠬᠣᠲᠠ᠂ ᠤᠯᠠᠭᠠᠨᠬᠠᠳᠠ ᠬᠣᠲᠠ᠂ ᠤᠯᠠᠭᠠᠨᠴᠠᠪ ᠬᠣᠲᠠ ᠵᠡᠷᠭᠡ ᠣᠯᠠᠨ ᠠᠢᠮᠠᠭ ᠬᠣᠲᠠ᠎ᠳᠤ ᠲᠠᠷᠬᠠᠵᠤ᠂ ᠡᠷᠳᠡᠨᠢ ᠰᠢᠰᠢ᠂ ᠰᠢᠷ᠎ᠠ ᠪᠤᠷᠴᠠᠭ᠂ ᠨᠠᠷᠢᠮᠤ᠂ ᠬᠠᠷ᠎ᠠ ᠳᠡᠯᠳᠡᠦ᠂ ᠧᠦ᠋ᠷᠦᠫᠠ ᠴᠤᠭᠤᠷ ᠵᠡᠷᠭᠡ ᠣᠯᠠᠨ ᠲᠥᠷᠥᠯ᠎ᠢ ᠬᠠᠮᠤᠷᠴᠤ᠂ ᠲᠠᠯ᠎ᠠ ᠨᠤᠲᠤᠭ᠎ᠤᠨ ᠣᠨᠴᠠᠯᠢᠭ᠋ ᠪᠠ ᠭᠠᠵᠠᠷ ᠣᠷᠣᠨ᠎ᠤ ᠳᠠᠪᠠᠭᠤᠯᠢᠭ᠋᠎ᠢ ᠭᠦᠢᠴᠡᠳ ᠢᠯᠡᠷᠡᠭᠦᠯᠪᠡ᠃ ᠡᠭᠦᠨ᠎ᠳᠦ᠂ 《ᠠᠤᠬᠠᠨ ᠨᠠᠷᠢᠮᠤ》 ᠨᠢ ᠥᠪᠡᠷᠮᠢᠴᠡ ᠴᠢᠨᠠᠷ ᠵᠢᠠᠷ᠎ᠢᠶᠠᠨ ᠠᠮᠵᠢᠯᠲᠠ ᠲᠠᠢ ᠵᠥᠪᠰᠢᠶᠡᠷᠡᠭᠳᠡᠵᠡᠢ︔ ᠬᠥᠯᠥᠨ ᠪᠤᠢ᠍ᠢᠷ᠎ᠤᠨ 《ᠠᠷᠤᠨ᠎ᠤ ᠰᠢᠷ᠎ᠠ ᠪᠤᠷᠴᠠᠭ》᠂ 《ᠠᠷᠤᠨ᠎ᠤ ᠡᠷᠳᠡᠨᠢ ᠰᠢᠰᠢ》᠂ 《ᠭᠡᠭᠡᠨ ᠭᠣᠣᠯ᠎ᠤᠨ ᠬᠠᠷ᠎ᠠ ᠳᠡᠯᠳᠡᠦ》᠂ 《ᠬᠥᠯᠥᠨ ᠪᠤᠢ᠍ᠢᠷ᠎ᠤᠨ ᠱᠣᠰᠢ》᠂ 《ᠶᠠᠭᠰᠢ ᠵᠢᠨ ᠲᠥᠮᠥᠰᠥ》 ᠵᠡᠷᠭᠡ ᠤᠯᠠᠨ ᠪᠦᠲᠦᠭᠡᠭᠳᠡᠬᠦᠨ ᠨᠢ ᠭᠠᠵᠠᠷ ᠵᠦᠢ᠎ᠶᠢᠨ ᠢᠯᠡᠷᠬᠡᠢᠯᠡᠯᠲᠦ ᠲᠤᠰᠬᠠᠢ ᠲᠡᠮᠳᠡᠭ᠎ᠤᠨ ᠬᠡᠷᠡᠭᠯᠡᠬᠦ ᠡᠷᠬᠡ᠎ᠶᠢ ᠣᠯᠵᠠᠢ᠃ ᠡᠭᠦᠨ᠎ᠡᠴᠡ ᠭᠠᠳᠠᠨ᠎ᠠ᠂ 《ᠱᠠᠩᠳᠤ ᠵᠢᠨ ᠧᠦ᠋ᠷᠦᠫᠠ ᠴᠤᠭᠤᠷ》᠂ 《ᠴᠠᠬᠠᠷ ᠬᠤᠨᠢᠨ ᠮᠢᠬ᠎ᠠ》᠂ 《ᠬᠣᠷᠴᠢᠨ ᠵᠡᠭᠦᠨ ᠭᠠᠷᠤᠨ ᠬᠣᠢᠲᠤ ᠬᠣᠰᠢᠭᠤᠨ᠎ᠤ ᠲᠤᠲᠤᠷᠭ᠎ᠠ》 ᠵᠡᠷᠭᠡ ᠵᠠᠬ᠎ᠠ ᠳᠡᠯᠭᠡᠭᠦᠷ᠎ᠦᠨ ᠲᠠᠭᠠᠰᠢᠶᠠᠯ᠎ᠢ ᠣᠯᠣᠭᠰᠠᠨ ᠣᠨᠴᠠᠯᠢᠭ᠍ᠲᠤ ᠪᠦᠲᠦᠭᠡᠭᠳᠡᠬᠦᠨ᠎ᠢ ᠪᠠᠰᠠ ᠬᠣᠯᠪᠣᠭᠳᠠᠯ ᠪᠦᠬᠦᠢ ᠠᠵᠤ ᠠᠬᠤᠢᠯᠠᠯ᠎ᠤᠨ ᠭᠤᠶᠤᠴᠢᠯᠠᠵᠤ ᠬᠢᠨᠠᠨ ᠬᠠᠷᠭᠤᠭᠤᠯᠬᠤ᠎ᠪᠠᠷ ᠳᠠᠮᠵᠢᠨ᠂ ᠭᠠᠵᠠᠷ ᠵᠦᠢ᠎ᠶᠢᠨ ᠢᠯᠡᠷᠬᠡᠢᠯᠡᠯᠲᠦ ᠪᠦᠲᠦᠭᠡᠭᠳᠡᠬᠦᠨ᠎ᠦ ᠬᠠᠮᠠᠭᠠᠯᠠᠯᠲᠠ᠎ᠶᠢᠨ ᠰᠢᠰᠲᠧᠮ᠎ᠳᠦ ᠣᠷᠣᠭᠤᠯᠪᠠ᠃

ᠭᠠᠵᠠᠷ ᠵᠦᠢ᠎ᠶᠢᠨ ᠢᠯᠡᠷᠬᠡᠢᠯᠡᠯᠲᠦ ᠲᠤᠰᠬᠠᠢ ᠲᠡᠮᠳᠡᠭ ᠪᠣᠯ ᠪᠦᠲᠦᠭᠡᠭᠳᠡᠬᠦᠨ᠎ᠦ ᠶᠠᠰᠤ ᠴᠢᠨᠠᠷ ᠪᠠ ᠭᠠᠵᠠᠷ ᠣᠷᠣᠨ᠎ᠤ ᠣᠨᠴᠠᠯᠢᠭ᠋᠎ᠤᠨ ᠴᠢᠬᠤᠯᠠ ᠪᠡᠯᠭᠡ ᠲᠡᠮᠳᠡᠭ ᠮᠥᠨ᠂ ᠳᠤᠰ ᠲᠡᠮᠳᠡᠭ᠎ᠢ ᠬᠡᠷᠡᠭᠯᠡᠬᠦ ᠡᠷᠬᠡ᠎ᠶᠢ ᠣᠯᠣᠭᠰᠠᠨ ᠨᠢ ᠪᠦᠲᠦᠭᠡᠭᠳᠡᠬᠦᠨ᠎ᠦ ᠲᠦᠭᠦᠬᠡᠢ ᠮᠠᠲᠧᠷᠢᠶᠠᠯ᠂ ᠦᠢᠯᠡᠳᠪᠦᠷᠢᠯᠡᠯ᠎ᠦᠨ ᠤᠷ᠎ᠠ ᠮᠡᠷᠭᠡᠰᠢᠯ᠂ ᠶᠠᠰᠤ ᠴᠢᠨᠠᠷ᠎ᠤᠨ ᠪᠠᠷᠢᠮᠵᠢᠶ᠎ᠠ ᠵᠡᠷᠭᠡ ᠲᠠᠯ᠎ᠠ᠎ᠪᠠᠷ ᠴᠥᠮ ᠤᠯᠤᠰ᠎ᠤᠨ ᠬᠣᠯᠪᠣᠭᠳᠠᠯ ᠪᠦᠬᠦᠢ ᠲᠣᠭᠲᠠᠭᠠᠯ᠎ᠳᠤ ᠨᠡᠢᠴᠡᠭᠰᠡᠨ᠎ᠢ ᠬᠠᠷᠠᠭᠤᠯᠵᠤ ᠪᠠᠢᠨ᠎ᠠ᠃ 《ᠭᠠᠵᠠᠷ ᠵᠦᠢ᠎ᠶᠢᠨ ᠢᠯᠡᠷᠬᠡᠢᠯᠡᠯᠲᠦ ᠪᠦᠲᠦᠭᠡᠭᠳᠡᠭᠦᠨ᠎ᠢ ᠬᠠᠮᠠᠭᠠᠯᠠᠬᠤ ᠠᠷᠭ᠎ᠠ》᠎ᠶᠢ ᠦᠨᠳᠦᠰᠦᠯᠡᠪᠡᠯ᠂ ᠵᠥᠪᠰᠢᠶᠡᠷᠡᠯ ᠣᠯᠣᠭᠰᠠᠨ ᠠᠵᠤ ᠠᠬᠤᠢᠯᠠᠯ ᠨᠢ ᠦᠢᠯᠡᠳᠪᠦᠷᠢᠯᠡᠭᠰᠡᠨ ᠭᠠᠵᠠᠷ ᠵᠦᠢ᠎ᠶᠢᠨ ᠢᠯᠡᠷᠬᠡᠢᠯᠡᠯᠲᠦ ᠪᠦᠲᠦᠭᠡᠭᠳᠡᠭᠦᠨ᠎ᠤ ᠪᠣᠭᠣᠳᠠᠯ᠂ ᠱᠤᠰᠢᠭ᠎ᠠ ᠲᠡᠮᠳᠡᠭ ᠳᠡᠭᠡᠷ᠎ᠡ ᠪᠠᠨ ᠲᠤᠰᠬᠠᠢ ᠬᠡᠷᠡᠭᠯᠡᠬᠦ ᠲᠡᠮᠳᠡᠭ᠎ᠢ ᠬᠡᠷᠡᠭᠯᠡᠵᠦ ᠪᠣᠯᠣᠨ᠎ᠠ᠂ ᠡᠨᠡ ᠨᠢ ᠪᠦᠲᠦᠭᠡᠭᠳᠡᠭᠦᠨ᠎ᠦ ᠵᠠᠬ᠎ᠠ ᠳᠡᠯᠭᠡᠭᠦᠷ᠎ᠦᠨ ᠢᠯᠭᠠᠨ ᠲᠠᠨᠢᠬᠤ ᠬᠡᠮᠵᠢᠶ᠎ᠡ ᠪᠠ ᠣᠯᠠᠨ ᠨᠡᠶ᠋ᠢᠲᠡ᠎ᠶᠢᠨ ᠢᠲᠡᠭᠡᠭᠦᠯᠬᠦ ᠬᠦᠴᠦᠨ᠎ᠢ ᠪᠦᠲᠦᠮᠵᠢᠲᠡᠶ ᠳᠡᠭᠡᠭᠰᠢᠯᠡᠭᠦᠯᠵᠦ᠂ ᠭᠣᠣᠯᠯᠠᠬᠤ ᠥᠷᠢᠰᠦᠯᠳᠦᠬᠦ ᠬᠦᠴᠦᠨ᠎ᠢ ᠴᠢᠩᠭᠠᠷᠠᠭᠤᠯᠬᠤ ᠪᠣᠯᠣᠨ᠎ᠠ᠃ ᠡᠭᠦᠨ᠎ᠦ ᠬᠠᠮᠲᠤ᠂ ᠤᠯᠤᠰ᠎ᠤᠨ ᠮᠡᠳᠡᠯᠭᠡ᠎ᠶᠢᠨ ᠥᠮᠴᠢᠯᠡᠬᠦ ᠡᠷᠬᠡ᠎ᠶᠢᠨ ᠲᠣᠪᠴᠢᠶ᠎ᠠ ᠴᠢᠩᠭ᠎ᠠ ᠬᠢᠨᠠᠨ ᠬᠠᠷᠭᠤᠭᠤᠯᠬᠤ ᠪᠠ ᠳᠡᠩᠰᠡᠯᠡᠨ ᠲᠡᠮᠳᠡᠭᠯᠡᠬᠦ᠎ᠪᠡᠷ ᠳᠠᠮᠵᠢᠭᠤᠯᠤᠨ᠂ ᠭᠠᠵᠠᠷ ᠵᠦᠢ᠎ᠶᠢᠨ ᠢᠯᠡᠷᠬᠡᠢᠯᠡᠯᠲᠦ ᠪᠦᠲᠦᠭᠡᠭᠳᠡᠭᠦᠨ᠎ᠳᠦ ᠪᠥᠬᠥ ᠬᠡᠯᠬᠢᠶᠡᠲᠦ ᠬᠠᠮᠠᠭᠠᠯᠠᠯᠲᠠ᠎ᠶᠢᠨ ᠲᠣᠭᠲᠠᠴᠠ᠎ᠶᠢ ᠪᠠᠢᠭᠤᠯᠤᠨ ᠥᠭᠴᠦ᠂ ᠬᠠᠭᠤᠷᠮᠠᠭ ᠮᠠᠭᠤ ᠪᠦᠲᠦᠭᠡᠭᠳᠡᠭᠦᠨ᠎ᠢ ᠰᠡᠷᠭᠡᠢᠯᠡᠵᠦ  ᠵᠠᠬ᠎ᠠ ᠳᠡᠯᠭᠡᠭᠦᠷ᠎ᠦᠨ ᠡᠮᠬᠢ ᠵᠢᠷᠤᠮ ᠪᠠ ᠬᠡᠷᠡᠭᠯᠡᠭᠴᠢᠳ᠎ᠦᠨ ᠡᠷᠬᠡ ᠠᠰᠢᠭ᠋᠎ᠢ ᠬᠠᠮᠠᠭᠠᠯᠠᠬᠤ᠎ᠳᠤ ᠠᠰᠢᠭ᠍ᠲᠠᠢ ᠪᠠᠢᠳᠠᠭ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号