ᠥᠪᠥᠷ ᠮᠣᠩᠭᠣᠯ ᠨᠧᠦᠳᠢᠮ ᠲᠡᠮᠦᠷ ᠪᠣᠷ ᠎ᠤᠨ ᠤᠰᠤᠲᠥ᠋ᠷᠥᠭ᠌ᠴᠢ ᠬᠡᠮᠬᠡᠯᠬᠦ᠌ ᠬᠦᠷᠢᠶᠡᠨ ᠎ᠳᠡᠬᠢ ᠤᠰᠤᠲᠥ᠋ᠷᠥᠭ᠌ᠴᠢ ᠬᠡᠶ᠎ᠶ᠋ᠢ ᠡᠭᠡᠭᠦᠯᠦᠨ ᠬᠤᠷᠢᠶᠠᠬᠤ ᠮᠡᠷᠭᠡᠵᠢᠯ ᠎ᠦᠨ ᠬᠣᠭᠣᠰᠣᠨ᠎ᠢ ᠨᠦᠬᠦᠪᠦᠷᠢᠯᠡᠪᠡ
2026-01-16 09:42:02
ᠵᠣᠬᠢᠶᠠᠭ᠍ᠴᠢ᠄
ᠼᠠᠢ ᠳ᠋ᠦᠩ ᠮᠧᠢ
ᠣᠩᠱᠢᠭ᠍ᠰᠠᠨ ᠣᠳᠠᠭ᠎ᠠ᠄
★★★☆☆

ᠰᠤᠷᠪᠤᠯᠵᠢᠯᠠᠭ᠍ᠴᠢ 1 ᠰᠠᠷ᠎ᠠ᠎ᠶ᠋ᠢᠨ 9 ᠎ᠤ᠋ ᠡᠳᠦᠷ ᠪᠤᠭᠤᠲᠤ᠎ᠶ᠋ᠢᠨ ᠪᠤᠯᠤᠳ ᠲᠡᠮᠤᠷ᠎ᠦᠨ ᠪᠦᠯᠦᠭ᠌ᠯᠡᠯ᠎ᠡᠴᠡ ᠣᠢᠯᠠᠭᠠᠭ᠍ᠰᠠᠨ᠎ᠢᠶᠠᠷ᠂ ᠪᠤᠭᠤᠲᠤ ᠶ᠋ᠢᠨ ᠬᠣᠪᠣᠷ ᠱᠢᠷᠣᠢ ᠎ᠶ᠋ᠢᠨ ᠰᠤᠳᠤᠯᠭᠠᠨ᠎ᠤ ᠬᠦᠷᠢᠶᠡᠯᠡᠩ ᠎ᠦᠨ ᠪᠡᠶ᠎ᠡ᠎ᠪᠡᠨ ᠳᠠᠭᠠᠭᠠᠵᠤ ᠰᠤᠳᠤᠯᠤᠨ ᠨᠡᠭᠡᠭᠡᠬᠦ᠌ ᠮᠡᠷᠭᠡᠵᠢᠯ ᠴᠢᠬᠤᠯᠠ ᠱᠢᠪᠲᠤᠯᠤᠯᠲᠠ᠎ᠲᠠᠶ ᠪᠣᠯᠪᠠ᠃ ᠲᠣᠰ ᠬᠦᠷᠢᠶᠡᠯᠡᠩ ᠎ᠦᠨ ᠰᠤᠳᠤᠯᠤᠨ ᠨᠡᠭᠡᠭᠡᠭ᠌ᠰᠡᠨ 《ᠬᠣᠪᠣᠷ ᠱᠢᠷᠣᠶ᠎ᠶ᠋ᠢᠨ ᠬᠠᠲᠠᠭᠤ ᠲᠥᠯᠥᠪᠲᠦ ᠤᠰᠤᠲᠥ᠋ᠷᠥᠭ᠌ᠴᠢ ᠬᠠᠳᠠᠭᠠᠯᠠᠬᠤ — ᠤᠰᠤᠲᠥ᠋ᠷᠥᠭ᠌ᠴᠢ ᠡᠭᠡᠭᠦᠯᠦᠨ ᠬᠤᠷᠢᠶᠠᠬᠤ ᠱᠢᠰᠲ᠋ᠧᠮ 》 ᠨᠢ ᠲᠣᠨ ᠎ᠤ ᠲᠠᠰ᠎ᠤᠨ ᠨᠧᠦᠳᠢᠮ ᠲᠡᠮᠦᠷ ᠪᠣᠷ᠎ᠤᠨ ᠤᠰᠤᠲᠥ᠋ᠷᠥᠭ᠌ᠴᠢ ᠬᠡᠮᠬᠡᠯᠬᠦ᠌ ᠠᠵᠤ ᠦᠶ᠋ᠯᠡᠳᠪᠦᠷᠢ ᠎ᠳᠦ ᠵᠢᠱ᠌ᠢᠶ᠎ᠡ ᠦᠵᠡᠭᠦᠯᠬᠦ᠌ ᠬᠡᠷᠡᠭ᠌ᠯᠡᠯᠲᠡ᠎ᠶ᠋ᠢ ᠠᠮᠵᠢᠯᠲᠠᠲᠠᠶ ᠪᠡᠶᠡᠯᠡᠭᠦᠯᠪᠡ᠃ ᠡᠨᠡ ᠪᠣᠯ ᠮᠠᠨ ᠎ᠤ ᠤᠯᠤᠰ ᠠᠩᠬ᠎ᠠ ᠤᠳᠠᠭ᠎ᠠ ᠬᠣᠪᠣᠷ ᠱᠢᠷᠣᠶ᠎ᠶ᠋ᠢᠨ ᠬᠠᠲᠠᠭᠤ ᠲᠥᠯᠥᠪᠲᠦ ᠤᠰᠤᠲᠥ᠋ᠷᠥᠭ᠌ᠴᠢ ᠬᠠᠳᠠᠭᠠᠯᠠᠬᠤ ᠮᠡᠷᠭᠡᠵᠢᠯ ᠎ᠢ ᠠᠱᠢᠭ᠍ᠯᠠᠨ ᠨᠧᠦᠳᠢᠮ ᠲᠡᠮᠦᠷ ᠪᠣᠷ᠎ᠤᠨ ᠬᠡᠪᠴᠢᠶᠡᠵᠢᠭ᠌ᠰᠡᠨ ᠦᠶ᠋ᠯᠡᠳᠪᠦᠷᠢᠯᠡᠯ ᠳᠤᠮᠳᠠ ᠤᠰᠤᠲᠥ᠋ᠷᠥᠭ᠌ᠴᠢ ᠎ᠶ᠋ᠢ ᠥᠨᠳᠥᠷ ᠪᠦᠲᠦᠮᠵᠢᠲᠡᠶ᠎ᠪᠡᠷ ᠬᠣᠷᠢᠶᠠᠨ ᠠᠪᠬᠤ ᠪᠠ ᠡᠷᠭᠢᠯᠳᠦᠭᠦᠯᠦᠨ ᠳᠠᠬᠢᠨ ᠠᠱᠢᠭ᠍ᠯᠠᠬᠤ᠎ᠶ᠋ᠢ ᠪᠡᠶᠡᠯᠡᠭᠦᠯᠵᠦ᠍᠂ ᠬᠠᠮᠢᠶ᠎ᠠ ᠪᠥᠬᠥᠶ ᠠᠵᠤ ᠦᠶ᠋ᠯᠡᠰ᠎ᠦᠨ ᠪᠣᠬᠢᠷᠲᠤᠯ ᠥᠬᠡᠶ ᠴᠢᠨᠠᠷ ᠰᠠᠢᠲᠠᠶ ᠬᠥᠭ᠌ᠵᠢᠯᠲᠡ᠎ᠳᠦ ᠵᠠᠩᠭᠢᠯᠠᠭ᠎ᠠ᠎ᠶ᠋ᠢᠨ ᠮᠡᠷᠭᠡᠵᠢᠯ᠎ᠦᠨ ᠲᠤᠯᠭᠠᠭᠤᠷᠢᠯᠠᠯ ᠬᠠᠩᠭᠠᠭ᠍ᠰᠠᠨ ᠶᠠᠪᠤᠳᠠᠯ ᠪᠣᠯᠤᠨ᠎ᠠ᠃

ᠨᠧᠦᠳᠢᠮ ᠲᠡᠮᠦᠷ ᠪᠣᠷ ᠪᠣᠯ ᠴᠢᠬᠤᠯᠠ ᠬᠣᠪᠣᠷ ᠱᠢᠷᠣᠶ᠎ᠶ᠋ᠢᠨ ᠴᠢᠳᠠᠮᠵᠢᠲᠦ ᠮᠠᠲ᠋ᠧᠷᠢᠶᠠᠯ ᠪᠣᠯᠤᠨ᠎ᠠ᠂ ᠮᠠᠨ᠎ᠤ ᠤᠯᠤᠰ᠎ᠤᠨ ᠵᠢᠯ᠎ᠦᠨ ᠭᠠᠷᠤᠯᠲᠠ ᠨᠢᠭᠡᠨᠲᠡ 30 ᠲᠦᠮᠡᠨ ᠲᠣᠨ᠎ᠢ ᠳᠠᠪᠠᠵᠠᠶ᠃ ᠨᠤᠨᠲᠠᠭ᠎ᠤᠨ ᠪᠡᠯᠡᠳᠬᠡᠬᠥ  ᠶᠠᠪᠤᠴᠠ᠎ᠳᠤ 《ᠤᠰᠤᠲᠥ᠋ᠷᠥᠭ᠌ᠴᠢ ᠬᠡᠮᠬᠡᠯᠬᠦ᠌ 》 ᠪᠣᠯ ᠨᠢᠭᠡᠨ ᠴᠢᠬᠤᠯᠠ ᠤᠷ᠎ᠠ ᠮᠡᠷᠭᠡᠰᠢᠯ ᠪᠣᠯᠤᠨ᠎ᠠ᠂ ᠭᠡᠪᠡᠴᠦ᠍ ᠡᠭᠦᠨ᠎ᠡᠴᠡ ᠡᠮᠦᠨ᠎ᠡ ᠲᠣᠰ ᠤᠷ᠎ᠠ ᠮᠡᠷᠭᠡᠰᠢᠯ᠎ᠳᠤ ᠬᠡᠷᠡᠭ᠌ᠯᠡᠵᠦ᠍ ᠪᠠᠢᠭ᠍ᠰᠠᠨ ᠤᠰᠤᠲᠥ᠋ᠷᠥᠭ᠌ᠴᠢ᠎ᠶ᠋ᠢ ᠤᠷᠪᠠᠯ᠎ᠤᠨ ᠳᠠᠷᠠᠭ᠎ᠠ ᠴᠥᠮ ᠱᠢᠭᠤᠳ ᠭᠠᠳᠠᠭ᠍ᠰᠢᠯᠠᠭᠤᠯᠵᠤ᠂ ᠡᠬᠢ ᠪᠠᠶᠠᠯᠢᠭ᠎ᠢ ᠢᠯᠡᠳᠲᠡ ᠪᠦᠷᠢᠯᠭᠡᠳᠡᠭ᠃ ᠤᠰᠤᠲᠥ᠋ᠷᠥᠭ᠌ᠴᠢ ᠎ᠶ᠋ᠢ ᠡᠭᠡᠭᠦᠯᠦᠨ ᠬᠤᠷᠢᠶᠠᠬᠤ ᠪᠠ ᠣᠷᠴᠢᠯᠳᠤᠭᠤᠯᠤᠨ ᠬᠠᠩᠭᠠᠬᠤ ᠎ᠶ᠋ᠢ ᠪᠡᠶᠡᠯᠡᠭᠦᠯᠬᠦ᠌ ᠶᠠᠪᠤᠳᠠᠯ ᠨᠢ ᠨᠢᠭᠡᠨᠲᠡ ᠠᠵᠤ ᠦᠢᠯᠡᠰ᠎ᠦᠨ ᠳᠡᠰ ᠳᠡᠪᠱᠢᠬᠦ᠌ ᠲᠤᠯᠭᠠᠮ ᠬᠡᠷᠡᠭ᠌ᠴᠡᠭᠡ ᠪᠣᠯᠤᠭ᠍ᠰᠠᠨ ᠪᠠᠢᠨ᠎ᠠ᠃

ᠬᠣᠪᠣᠷ ᠱᠢᠷᠣᠶ᠎ᠶ᠋ᠢᠨ ᠬᠠᠲᠠᠭᠤ ᠲᠥᠯᠥᠪᠲᠦ ᠤᠰᠤᠲᠥ᠋ᠷᠥᠭ᠌ᠴᠢ ᠬᠠᠳᠠᠭᠠᠯᠠᠬᠤ ᠮᠡᠷᠭᠡᠵᠢᠯ᠎ᠨᠢ ᠲᠡᠭᠦᠨ᠎ᠦ ᠤᠰᠤᠲᠥ᠋ᠷᠥᠭ᠌ᠴᠢ ᠬᠠᠳᠠᠭᠠᠯᠠᠬᠤ ᠨᠢᠭ᠍ᠲᠠᠴᠠ ᠨᠢ ᠥᠨᠳᠥᠷ᠂ ᠠᠶᠤᠯᠭᠦᠶ ᠴᠢᠨᠠᠷ ᠰᠠᠢᠨ᠂ ᠠᠵᠢᠯ᠎ᠤᠨ ᠳᠠᠷᠤᠯᠲᠠ ᠳᠤᠤᠷ᠎ᠠ ᠵᠡᠷᠭᠡ ᠣᠨᠴᠠᠯᠢᠭ᠎ᠡᠴᠡ ᠪᠣᠯᠵᠣ᠂ ᠤᠰᠤᠲᠥ᠋ᠷᠥᠭ᠌ᠴᠢ ᠬᠡᠶ᠎ᠶ᠋ᠢ ᠡᠭᠡᠭᠦᠯᠦᠨ ᠬᠤᠷᠢᠶᠠᠬᠤ ᠬᠦᠷᠢᠶᠡᠨ᠎ᠳᠡᠬᠢ ᠳᠠᠯᠳᠠ ᠬᠦᠴᠦᠨ ᠲᠠᠢ ᠱᠢᠶ᠋ᠳᠪᠦᠷᠢᠯᠡᠬᠦ᠌ ᠲᠥᠰᠦᠯ᠎ᠢᠶᠡᠷ ᠦᠵᠡᠭ᠌ᠳᠡᠳᠡᠭ᠃ ᠭᠡᠪᠡᠴᠦ᠍ ᠤᠯᠠᠮᠵᠢᠯᠠᠯᠲᠤ ᠬᠠᠲᠠᠭᠤ ᠲᠥᠯᠥᠪᠲᠦ ᠤᠰᠤᠲᠥ᠋ᠷᠥᠭ᠌ᠴᠢ ᠬᠠᠳᠠᠭᠠᠯᠠᠬᠤ ᠮᠡᠷᠭᠡᠵᠢᠯ᠎ᠨᠢ ᠬᠡᠪᠴᠢᠶᠡᠵᠢᠭᠰᠡᠨ ᠤᠰᠤᠲᠥ᠋ᠷᠥᠭ᠌ᠴᠢ ᠬᠡᠮᠬᠡᠯᠬᠦ᠌ ᠮᠡᠷᠭᠡᠱᠢᠯ ᠎ᠦᠨ ᠣᠨᠴᠠ ᠲᠣᠭ᠍ᠲᠠᠭ᠍ᠰᠠᠨ ᠱᠠᠲᠤᠨ᠎ᠳᠤ ᠶᠡᠬᠡ ᠬᠡᠮᠵᠢᠶᠡᠨ ᠎ᠦ ᠲᠦᠷᠭᠡᠨ ᠤᠰᠤᠲᠥ᠋ᠷᠥᠭ᠌ᠴᠢ ᠬᠠᠩᠭᠠᠬᠤ ᠴᠢᠩᠭ᠎ᠠ ᠱᠠᠭᠠᠷᠳᠠᠯᠭ᠎ᠠ᠎ᠶ᠋ᠢ ᠬᠠᠩᠭᠠᠵᠤ ᠳᠡᠢᠯᠬᠦ᠌ ᠦᠭᠡᠢ ᠶᠤᠮ᠃ ᠡᠨᠡ ᠬᠦ᠌ ᠮᠡᠷᠭᠡᠵᠢᠯ᠎ᠦᠨ ᠪᠣᠭᠣᠮᠢ᠎ᠳᠤ ᠴᠢᠭ᠌ᠯᠡᠭᠦᠯᠦᠨ ᠪᠤᠭᠤᠲᠤ᠎ᠶ᠋ᠢᠨ ᠬᠣᠪᠣᠷ ᠱᠢᠷᠣᠶ ᠎ᠶ᠋ᠢᠨ ᠰᠤᠳᠤᠯᠭᠠᠨ ᠎ᠤ ᠬᠦᠷᠢᠶᠡᠯᠡᠩ ᠨᠢ ᠬᠣᠪᠣᠷ ᠱᠢᠷᠣᠶ᠎ᠶ᠋ᠢᠨ ᠱᠢᠨ᠎ᠡ ᠮᠠᠲ᠋ᠧᠷᠢᠶᠠᠯ᠎ᠤᠨ ᠮᠡᠷᠭᠡᠵᠢᠯ ᠎ᠦᠨ ᠱᠢᠨ᠎ᠡ ᠎ᠶ᠋ᠢ ᠡᠭᠦᠳᠬᠦ᠌ ᠲᠥᠪ᠂ ᠪᠤᠭᠤᠲᠤ᠎ᠶ᠋ᠢᠨ ᠵᠢᠨ ᠴᠤᠸᠠᠩ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠎ᠦᠨ ᠬᠢᠵᠠᠭᠠᠷᠲᠤ ᠺᠣᠮᠫᠠᠨᠢ᠎ᠲᠠᠶ ᠬᠠᠮᠲᠤᠷᠠᠨ᠂ ᠠᠵᠢᠯ ᠲᠥᠷᠥᠯ᠎ᠦᠨ ᠪᠣᠳᠠᠲᠠᠶ ᠲᠦᠪᠡᠭᠳᠡᠯ ᠳ᠋ᠤ ᠠᠩᠬᠠᠷᠤᠯ᠎ᠢᠶᠠᠨ ᠲᠥᠪᠯᠡᠷᠡᠭᠦᠯᠵᠦ᠍᠂ ᠱᠢᠨ᠎ᠡ ᠬᠡᠯᠪᠡᠷᠢ᠎ᠶ᠋ᠢᠨ ᠬᠣᠪᠣᠷ ᠱᠢᠷᠣᠶ᠎ᠶ᠋ᠢᠨ ᠬᠠᠲᠠᠭᠤ ᠪᠡᠶᠡᠲᠦ ᠤᠰᠤᠲᠥ᠋ᠷᠥᠭ᠌ᠴᠢ ᠬᠠᠳᠠᠭᠠᠯᠠᠬᠤ ᠱᠢᠰᠲ᠋ᠧᠮ᠎ᠢ ᠠᠮᠵᠢᠯᠲᠠ᠎ᠲᠠᠶ ᠰᠤᠳᠤᠯᠤᠨ ᠦᠶ᠋ᠯᠡᠳᠪᠡ᠃

ᠲᠠᠨᠢᠯᠴᠠᠭᠤᠯᠤᠭ᠍ᠰᠠᠨ᠎ᠢᠶᠠᠷ᠂ ᠲᠣᠰ ᠱᠢᠰᠲ᠋ᠧᠮ᠎ᠦᠨ ᠵᠠᠩᠭᠢᠯᠠᠭ᠎ᠠ᠎ᠶ᠋ᠢᠨ ᠱᠢᠪᠲᠤᠯᠤᠯᠲᠠ ᠨᠢ ᠤᠰᠤᠲᠥ᠋ᠷᠥᠭ᠌ᠴᠢ ᠬᠡᠮᠬᠡᠯᠬᠦ᠌ ᠤᠷ᠎ᠠ ᠮᠡᠷᠭᠡᠱᠢᠯ᠎ᠳᠡᠬᠢ ᠬᠠᠶᠠᠭ᠍ᠳᠠᠮᠠᠯ ᠤᠰᠤᠲᠥ᠋ᠷᠥᠭ᠌ᠴᠢ ᠬᠡᠶ ᠵᠢ 《ᠳᠤᠤᠷ᠎ᠠ ᠳᠠᠷᠤᠯᠲᠠ᠎ᠪᠠᠷ ᠡᠭᠡᠭᠦᠯᠦᠨ ᠬᠤᠷᠢᠶᠠᠬᠤ 》 ᠪᠠ ᠱᠢᠨ᠎ᠡ ᠰᠣᠷᠭᠣᠭ ᠤᠰᠤᠲᠥ᠋ᠷᠥᠭ᠌ᠴᠢ ᠬᠡᠶ ᠵᠢ 《ᠥᠨᠳᠥᠷ ᠳᠠᠷᠤᠯᠲᠠ᠎ᠪᠠᠷ ᠬᠠᠩᠭᠠᠬᠤ》 ᠬᠤᠤᠰ ᠬᠡᠷᠡᠭ᠌ᠴᠡᠭᠡ᠎ᠶ᠋ᠢ ᠬᠠᠮᠲᠤ᠎ᠳᠤᠨᠢ ᠬᠠᠩᠭᠠᠵᠤ ᠳᠡᠢᠯᠬᠦ᠌᠎ᠶ᠋ᠢᠨ ᠬᠠᠮᠲᠤ ᠲᠣᠨ ᠤ᠋ ᠲᠠᠰ᠎ᠤᠨ ᠦᠶ᠋ᠯᠡᠳᠪᠦᠷᠢᠯᠡᠯ᠎ᠦᠨ ᠤᠰᠤᠲᠥ᠋ᠷᠥᠭ᠌ᠴᠢ ᠰᠣᠷᠣᠬᠤ 《ᠳᠡᠯᠪᠡᠷᠡᠯᠲᠡ᠎ᠶ᠋ᠢᠨ ᠬᠤᠭᠤᠴᠠᠭ᠎ᠠ》 ᠳ᠋ᠤ ᠬᠡᠷᠡᠭ᠌ᠰᠡᠬᠦ᠌ ᠴᠠᠭ ᠣᠷᠳᠣ᠂ ᠳᠡᠭᠡᠳᠦ ᠬᠤᠷᠳᠤᠴᠠᠲᠤ ᠤᠰᠤᠲᠥ᠋ᠷᠥᠭ᠌ᠴᠢ ᠬᠠᠩᠭᠠᠬᠤ ᠮᠡᠷᠭᠡᠵᠢᠯ᠎ᠦᠨ ᠪᠡᠷᠬᠡ ᠰᠡᠳᠦᠪ ᠎ᠢ ᠠᠮᠵᠢᠯᠲᠠᠲᠠᠶ ᠱᠢᠶ᠋ᠳᠪᠦᠷᠢᠯᠡᠭ᠌ᠰᠡᠨ᠎ᠳᠦ ᠪᠠᠢᠨ᠎ᠠ᠃ ᠲᠣᠰ ᠤᠳᠠᠭᠠᠨ᠎ᠤ ᠠᠮᠵᠢᠯᠲᠠ᠎ᠲᠠᠶ ᠬᠡᠪᠴᠢᠶᠡᠵᠢᠭᠦᠯᠦᠭ᠌ᠰᠡᠨ ᠵᠢᠱ᠌ᠢᠶ᠎ᠡ ᠦᠵᠡᠭᠦᠯᠬᠦ᠌ ᠬᠡᠷᠡᠭ᠌ᠯᠡᠯᠲᠡ ᠨᠢ ᠨᠧᠦᠳᠢᠮ ᠲᠡᠮᠦᠷ ᠪᠣᠷ ᠤ᠋ᠨ ᠤᠰᠤᠲᠥ᠋ᠷᠥᠭ᠌ᠴᠢ ᠬᠡᠮᠬᠡᠯᠬᠥ ᠬᠦᠷᠢᠶᠡᠨ᠎ᠳᠡᠬᠢ ᠤᠰᠤᠲᠥ᠋ᠷᠥᠭ᠌ᠴᠢ ᠬᠡᠶ᠎ᠶ᠋ᠢ ᠬᠣᠷᠢᠶᠠᠨ ᠠᠪᠬᠤ ᠮᠡᠷᠭᠡᠵᠢᠯ᠎ᠦᠨ ᠬᠣᠭᠣᠰᠣᠨ᠎ᠢ ᠨᠥᠬᠥᠪᠥᠷᠢᠯᠡᠭ᠌ᠰᠡᠨ᠎ᠢᠶᠡᠷ ᠪᠠᠷᠠᠬᠤ ᠥᠬᠡᠶ ᠯᠠᠨᠲ᠋ᠠᠨ᠂ ᠼᠧᠷᠢ ᠵᠡᠷᠭᠡ ᠡᠯᠪᠡᠭ ᠳᠡᠯᠪᠡᠭ ᠬᠣᠪᠣᠷ ᠱᠢᠷᠣᠶ᠎ᠶ᠋ᠢᠨ ᠡᠯᠧᠮᠧᠨ᠋ᠲ᠎ᠲᠦ ᠥᠨᠳᠥᠷ ᠥᠷᠲᠡᠭ᠌ᠲᠦ ᠠᠱᠢᠭ᠍ᠯᠠᠯᠲᠠ ᠬᠢᠬᠦ᠌ ᠱᠢᠨ᠎ᠡ ᠠᠷᠭ᠎ᠠ ᠵᠠᠮ᠎ᠢ ᠡᠷᠢᠵᠦ᠍ ᠣᠯᠤᠭ᠍ᠰᠠᠨ ᠪᠠᠢᠨ᠎ᠠ᠃

ᠡᠨᠡ ᠬᠦ᠌ ᠮᠡᠷᠭᠡᠵᠢᠯ᠎ᠢ ᠪᠣᠳᠠᠲᠠᠢᠵᠢᠭᠤᠯᠤᠨ ᠬᠡᠷᠡᠭ᠌ᠯᠡᠬᠦ᠌ ᠪᠣᠯ ᠪᠤᠭᠤᠲᠤ᠎ᠶ᠋ᠢᠨ ᠪᠤᠯᠤᠳ ᠲᠡᠮᠦᠷ᠎ᠦᠨ ᠪᠦᠯᠦᠭ᠌ᠯᠡᠯ᠎ᠦᠨ 《ᠬᠣᠶᠠᠷ ᠬᠣᠪᠣᠷ ᠱᠢᠷᠣᠢ᠎ᠶ᠋ᠢᠨ ᠰᠠᠭᠤᠷᠢᠨ》 ᠢ᠋ ᠴᠢᠨᠠᠷ ᠰᠠᠢᠲᠠᠢ ᠪᠦᠳᠦᠭᠡᠨ ᠪᠠᠢᠭᠤᠯᠬᠤ ᠪᠣᠳᠠᠲᠠᠢ ᠦᠢᠯᠡᠳᠦᠯᠭᠡ᠎ᠶ᠋ᠢ ᠯᠠᠪᠳᠠᠭᠤᠨ ᠪᠠᠲᠤᠲᠠᠢ ᠠᠬᠢᠭᠤᠯᠵᠤ᠂ ᠲᠡᠭᠦᠨ᠎ᠦ 《ᠠᠷᠪᠠᠨ ᠲᠠᠪᠤᠳᠤᠭᠠᠷ ᠲᠠᠪᠤᠨ ᠵᠢᠯ》 ᠤ᠋ᠨ ᠬᠤᠭᠤᠴᠠᠭᠠᠨ᠎ᠳᠠᠬᠢ ᠬᠣᠯᠪᠣᠭ᠍ᠳᠠᠯ ᠪᠦᠬᠦᠢ ᠠᠵᠤ ᠦᠢᠯᠡᠰ᠎ᠦᠨ ᠬᠥᠭ᠌ᠵᠢᠯᠲᠡ᠎ᠳᠦ ᠪᠠᠲᠤ ᠪᠡᠬᠢ ᠱᠢᠨᠵᠢᠯᠡᠬᠦ᠌ ᠤᠬᠠᠭᠠᠨ᠎ᠤ ᠰᠤᠳᠤᠯᠭᠠᠨ ᠪᠠ ᠬᠡᠷᠡᠭ᠌ᠯᠡᠭᠡᠨ᠎ᠦ ᠰᠠᠭᠤᠷᠢ᠎ᠶ᠋ᠢ ᠲᠠᠯᠪᠢᠵᠤ᠂ ᠮᠠᠨ᠎ᠤ ᠤᠯᠤᠰ ᠎ᠤᠨ ᠬᠣᠪᠣᠷ ᠱᠢᠷᠣᠢ᠎ᠶ᠋ᠢᠨ ᠠᠵᠤ ᠦᠢᠯᠡᠰ᠎ᠦᠨ ᠡᠨᠧᠷᠭᠢ ᠠᠷᠪᠢᠯᠠᠵᠤ ᠪᠣᠬᠢᠷᠲᠤᠯ᠎ᠢ ᠪᠠᠭᠠᠰᠭᠠᠬᠤ ᠪᠠ ᠡᠬᠢ ᠪᠠᠶᠠᠯᠢᠭ ᠎ᠢ ᠥᠨᠳᠥᠷ ᠪᠦᠲᠦᠮᠵᠢᠲᠡᠢ ᠠᠱᠢᠭ᠍ᠯᠠᠬᠤ᠎ᠶ᠋ᠢ ᠠᠬᠢᠭᠤᠯᠬᠤ᠎ᠳᠤ ᠢᠳᠡᠪᠬᠢ ᠠᠴᠢ ᠬᠣᠯᠪᠣᠭ᠍ᠳᠠᠯ᠎ᠲᠠᠶ ᠶᠤᠮ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号