ᠭᠤᠷᠪᠠᠨ ᠱᠠᠳᠤᠨ᠎ᠤ ᠬᠤᠯᠪᠤᠭᠠᠯᠠᠯ ᠲᠤᠰᠬᠠᠢ ᠰᠡᠳᠦᠪᠲᠦ ᠮᠡᠳᠡᠭᠡᠯᠡᠯ ①
ᠬᠡᠪᠯᠡᠯ ᠡᠬᠢᠯᠡᠬᠦᠯᠬᠦ ᠦᠬᠡ
ᠳᠤᠰ ᠬᠤᠭᠤᠴᠠᠭ᠎ᠠ ᠡᠴᠡ ᠡᠬᠢᠯᠡᠨ᠂ 《ᠡᠬᠦᠯᠡᠨ ᠬᠦᠯᠦᠭ》 ᠳᠤᠰᠬᠠᠢ ᠬᠡᠪᠯᠡᠯ ᠨᠢ ᠦᠪᠦᠷ ᠮᠤᠨᠭᠭᠤᠯ ᠤᠨ ᠡᠯ᠎ᠠ ᠭᠠᠵᠠᠷ᠎ᠤᠨ ᠦᠪᠡᠷᠮᠢᠴᠡ᠂ ᠤᠨᠴᠠᠯᠠᠬᠤ᠂ ᠨᠡᠢᠳᠡᠯᠢᠭ ᠪᠦᠬᠦᠢ ᠵᠦᠢᠯᠡᠰ ᠢ ᠳᠤᠰᠬᠠᠢ ᠮᠡᠳᠡᠬᠡᠯᠡᠬᠦ ᠵᠤᠷᠢᠯᠭ᠎ᠠ ᠪᠡᠷ 《ᠭᠤᠷᠪᠡᠨ ᠱᠠᠳᠤᠨ᠎ᠤ ᠬᠤᠯᠪᠤᠭᠠᠯᠠᠯ·ᠳᠤᠰᠬᠠᠢ ᠰᠡᠳᠦᠪᠳᠤ ᠮᠡᠳᠡᠬᠡᠯᠡᠯ》᠎ᠢ ᠰᠢᠨ᠎ᠠ ᠪᠡᠷ ᠳᠤᠬᠢᠷᠠᠭᠤᠯᠵᠦ᠂ᠠᠭᠤᠯᠭ᠎ᠠ ᠪᠠ ᠤᠷᠡᠯᠡᠯ᠎ᠤᠨ ᠰᠢᠨᠡᠴᠢᠯᠡᠯᠳᠡ ᠬᠢᠪᠡ᠃ ᠳᠤᠬᠠᠢᠯᠡᠪᠡᠯ᠂ ᠦᠪᠦᠷ ᠮᠤᠨᠭᠭᠤᠯ ᠤᠨ ᠡᠯ᠎ᠠ ᠠᠢᠮᠠᠭ ᠬᠤᠳᠠ ᠵᠢᠴᠢ ᠬᠤᠰᠢᠭᠤ ᠰᠢᠶᠡᠨ (ᠳᠤᠭᠤᠷᠢᠭ) ᠤ ᠬᠠᠮ ᠵᠠᠭᠤᠴᠢᠯᠠᠭᠤᠷ ᠤᠨ ᠳᠦᠪ ᠳᠠᠢ ᠬᠠᠮᠳᠤᠷᠡᠨ ᠤᠬᠠᠭᠠᠯᠠᠵᠦ᠂ ᠳᠤᠬᠠᠢ ᠵᠢᠨ ᠤᠷᠤᠨ ᠤ ᠠᠵᠦ ᠠᠬᠤᠢ᠂ ᠨᠡᠢᠬᠡᠮ᠂ ᠰᠤᠶᠤᠯ᠎ᠤᠨ ᠬᠦᠷᠢᠶᠡᠨ᠎ᠳᠡᠬᠢ ᠰᠤᠨᠭᠭᠤᠳᠠᠭᠤᠳ ᠢ ᠰᠢᠯᠢᠵᠦ ᠰᠤᠷᠪᠤᠯᠵᠢᠯᠡᠨ ᠮᠡᠳᠡᠬᠡᠯᠡᠨ᠎ᠠ᠃ ᠳᠠᠷᠤᠢ᠂ ᠬᠤᠭᠤᠴᠠᠭ᠎ᠠ ᠪᠦᠷᠢ ᠨᠢᠭᠡ ᠳᠤᠰᠬᠠᠢ ᠰᠡᠳᠦᠪᠳᠤ ᠬᠦᠨᠴᠡ ᠮᠡᠳᠡᠬᠡᠯᠡᠯ ᠪᠡᠯᠡᠳᠴᠤ᠂ ᠬᠦᠨᠴᠡ ᠮᠡᠳᠡᠬᠡᠯᠡᠯ ᠳᠤ ᠬᠠᠨᠳᠤᠭᠤᠯᠤᠭᠰᠠᠨ ᠳᠠᠭᠠᠯᠳᠤᠭᠤᠯᠤᠯ ᠵᠤᠬᠢᠶᠡᠯ ᠪᠡ ᠵᠢᠷᠤᠭ ᠰᠡᠬᠦᠳᠡᠷ ᠬᠠᠪᠰᠤᠷᠭᠠᠨ᠂ ᠤᠷᠤᠨ ᠨᠤᠳᠤᠭ ᠤᠨ ᠭᠠᠢᠬᠠᠮᠰᠢᠭ ᠢ ᠤᠯᠠᠨ ᠳᠠᠶᠠᠭᠠᠷ ᠲᠤ᠌ ᠬᠦᠨᠵᠡᠬᠡᠢ ᠳᠠᠨᠢᠭᠤᠯᠬᠤ ᠪᠤᠯᠤᠨ᠎ᠠ᠃ ᠲᠠ ᠪᠦᠬᠦᠨ ᠠᠨᠭᠬᠠᠷᠤᠯ ᠵᠢᠡᠨ ᠦᠷᠬᠦᠯᠵᠢᠯᠡᠨ ᠬᠠᠨᠳᠤᠭᠤᠯᠤᠭᠠᠷᠡᠢ!

ᠡᠵᠡᠨᠡᠴᠤᠳ ᠬᠡᠳᠤᠨ ᠵᠠᠭᠤᠨ ᠣᠨ᠎ᠤ ᠤᠷᠲᠤ ᠤᠳᠠᠭᠠᠨ ᠶᠠᠪᠤᠴᠠ᠎ᠳᠤ ᠲᠡᠤᠬᠡᠨ ᠤᠯᠠ ᠮᠥᠷ᠎ᠢᠶᠡᠨ ᠦᠯᠡᠳᠡᠭᠡᠵᠤ᠂ ᠤᠷᠣᠰᠢᠨ ᠲᠣᠭᠲᠠᠨᠢᠵᠤ ᠠᠮᠢᠳᠤᠷᠠᠵᠤ ᠴᠢᠳᠠᠭᠰᠠᠨ᠎ᠤ ᠬᠢᠨᠢ ᠴᠢᠬᠤᠯᠠ ᠨᠢᠭᠡ ᠨᠦᠯᠦᠬᠡᠯᠡᠬᠦ ᠬᠦᠴᠦᠨ ᠪᠣᠯ ᠲᠣᠣᠷᠠᠢ ᠮᠣᠳᠣ᠌ ᠲᠠᠢ ᠰᠠᠯᠵᠤ ᠪᠣᠯᠤᠰᠢ ᠦᠭᠡᠢ ᠬᠠᠷᠢᠴᠠᠭ᠎ᠠ ᠬᠣᠯᠪᠣᠭ᠎ᠠ ᠲᠠᠢ ᠶᠤᠮ᠃ ᠡᠵᠡᠨ᠎ᠠ᠎ᠶᠢᠨ ᠲᠣᠣᠷᠠᠢ ᠣᠢ ᠨᠢ ᠣᠷᠣᠰᠢᠨ ᠲᠣᠭᠲᠠᠨᠢᠭ᠍ᠰᠠᠨ ᠬᠦᠮᠤᠨ ᠪᠠ ᠠᠯᠢᠪᠠ ᠠᠮᠢᠳᠠᠨ᠎ᠤ ᠦᠷᠡᠵᠢᠨ ᠲᠦᠯᠵᠢᠬᠦ᠎ᠶᠢᠨ ᠠᠯᠲᠡᠨ ᠦᠯᠣᠭᠡᠢ᠂ ᠦᠰᠤᠨ ᠪᠣᠢᠵᠢᠬᠤ᠎ᠶᠢᠨ ᠤᠭᠤᠷᠠᠭ ᠰᠢᠮ᠎ᠡ ᠨᠢ ᠪᠣᠯᠣᠭᠰᠡᠨ ᠳᠡᠳᠦᠢ ᠦᠬᠡᠢ ᠠᠳᠡᠬᠢ᠎ᠶᠢᠨ ᠠᠷᠠᠳ ᠲᠦᠮᠡᠨ᠎ᠳᠦ ᠠᠮᠢᠵᠢᠷᠡᠯ ᠤ᠋ᠨ ᠬᠦᠰᠡᠯ ᠡᠷᠡᠮᠠᠯᠵᠠᠯᠢ ᠤᠯᠭᠤᠵᠤ᠂ ᠠᠮᠢᠳᠤᠷᠠᠯ᠎ᠦᠨ ᠬᠢᠨᠢ ᠲᠦᠰᠢᠭ ᠲᠤᠯᠭᠠᠭᠤᠷᠢ ᠪᠣᠯᠤᠭᠰᠠᠭᠠᠷ ᠢᠷᠡᠵᠠᠢ᠃ ᠬᠦᠮᠤᠨ ᠪᠠ ᠪᠠᠢᠭᠠᠯᠢ᠎ᠶᠢᠨ ᠨᠢᠭᠡᠳᠦᠯ᠂ ᠬᠦᠮᠤᠨ ᠪᠠ ᠲᠤᠣᠷᠠᠢ ᠶ᠋ᠢᠨ ᠵᠣᠬᠢᠴᠠᠯ ᠨᠢ ᠡᠵᠡᠨ᠎ᠠ᠎ᠶᠢᠨ ᠣᠨᠴᠠᠯᠢᠭ᠋ ᠲᠠᠢ ᠬᠡᠷᠡᠯ ᠰᠠᠴᠤᠷᠠᠩᠭᠤᠢ ᠲᠣᠣᠷᠠᠢ᠎ᠶᠢᠨ ᠰᠣᠶᠣᠯ᠎ᠢ ᠡᠭᠦᠳᠦᠨ ᠪᠦᠳᠦᠭᠡᠭᠰᠡᠨ ᠪᠠᠢᠨ᠎ᠠ᠃
ᠡᠵᠡᠨ᠎ᠠ ᠵᠢᠨ ᠳᠤᠤᠷᠡᠢ ᠵᠢᠨ ᠤᠢ ᠵᠢᠨ ᠵᠢᠭᠤᠯᠴᠢᠯᠡᠯ᠎ᠤᠨ ᠤᠷᠤᠨ ᠨᠢ 5A ᠲᠡᠰ ᠤ᠋ᠨ ᠦᠵᠡᠮᠵᠢᠳᠤ ᠤᠷᠤᠨ ᠪᠤᠯᠤᠭᠰᠠᠨ ᠤ᠋ ᠬᠤᠪᠢ ᠳ᠋ᠤ᠌᠂ 2025 ᠣᠨ᠎ᠤ ᠡᠵᠡᠨ᠎ᠡ᠎ᠶᠢᠨ ᠲᠤᠤᠷᠠᠶ᠎ᠶᠢᠨ ᠪᠠᠶᠠᠷ᠎ᠤᠨ ᠬᠤᠭᠤᠴᠠᠭᠠᠨ᠎ᠳᠤ᠂ 16 ᠤᠳᠠᠭᠠᠨ᠎ᠤ ᠵᠢᠭᠤᠯᠴᠢᠯᠠᠯ᠎ᠤᠨ ᠲᠤᠰᠬᠠᠶ ᠭᠠᠯᠲᠤ ᠲᠡᠷᠭᠡ ᠵᠢ ᠵᠠᠯᠭᠠᠭ᠎ᠠ᠎ᠪᠠᠷ ᠨᠡᠬᠡᠬᠡᠵᠤ᠂ ᠶᠡᠭᠡ ᠬᠡᠮᠵᠢᠶᠡᠨ᠎ᠤ ᠡᠯ᠎ᠡ ᠭᠠᠵᠠᠷ ᠤ᠋ᠨ ᠵᠢᠭᠤᠯᠴᠢᠯᠠᠭᠰᠠᠳ᠎ᠢ ᠲᠠᠳᠠᠨ ᠠᠪᠴᠢᠷᠠᠵᠤ ᠦᠪᠡᠷ ᠤ᠋ᠨ ᠨᠤᠳᠤᠭ ᠵᠢᠡᠨ ᠲᠠᠨᠢᠭᠤᠯᠵᠡᠢ᠃ ᠦᠵᠡᠮᠵᠢ ᠵᠢᠨ ᠤᠷᠤᠨ ᠤ᠋ ᠰᠦᠯᠵᠢᠶᠠᠨ ᠲᠡᠬᠡᠷᠡᠬᠢ ᠪᠤᠷᠤᠯᠠᠭᠤᠯᠭ᠎ᠠ ᠵᠢᠨ ᠲᠤᠭ᠎ᠠ ᠡᠮᠤᠨᠠᠬᠢ ᠵᠢᠯ ᠡᠴᠡ ᠲᠠᠬᠢᠨ ᠵᠢᠡᠷ ᠨᠡᠮᠡᠭᠳᠡᠵᠤ᠂ ᠬᠢᠨᠠᠨ ᠪᠤᠷᠤᠯᠠᠭᠤᠯᠤᠭᠰᠠᠨ ᠨᠤᠷᠮ᠎ᠠ ᠨᠢ ᠮᠠᠰᠢ ᠦᠨᠳᠤᠷ ᠲᠤ᠌ ᠬᠦᠷᠦᠭᠰᠡᠨ ᠪᠠᠢᠨ᠎ᠠ᠃ ᠡᠬᠦᠨ ᠳ᠋ᠤ᠌᠂ 《ᠵᠢᠵᠢᠭ ᠭᠠᠯᠳᠤ ᠲᠡᠷᠬᠡ ᠪᠡᠷ ᠲᠤᠤᠷᠠᠢ ᠵᠢᠨ ᠤᠢ ᠵᠢᠨ ᠦᠵᠡᠮᠵᠢ ᠵᠢ ᠰᠤᠨᠢᠷᠬᠠᠬᠤ 》᠂ 《ᠲᠤᠤᠷᠠᠢ ᠵᠢᠨ ᠤᠢ ᠵᠢᠨ ᠰᠦᠨᠢ ᠵᠢᠨ ᠵᠢᠭᠤᠯᠴᠢᠯᠠᠯ》᠂ ᠲᠤᠮᠤ ᠬᠡᠯᠪᠡᠷᠢ ᠵᠢᠨ ᠪᠠᠶᠠᠴᠢᠯᠡᠨ ᠤᠢᠯᠠᠭᠠᠬᠤ ᠮᠠᠶᠢᠭ᠋ ᠤ᠋ᠨ ᠲᠠᠭᠤᠯᠠᠯᠳᠤ ᠵᠦᠴᠦᠬᠡ 《ᠤᠴᠠᠷᠠᠯ ᠤ᠋ᠨ ᠰᠠᠢᠬᠠᠨ ᠡᠵᠡᠨ᠎ᠠ 》 ᠵᠡᠷᠬᠡ ᠨᠢ ᠵᠢᠭᠤᠯᠴᠢᠯᠠᠭᠰᠠᠳ ᠤ᠋ᠨ ᠬᠦᠷᠢᠶᠠᠯᠠᠯ ᠢ᠋ ᠶᠡᠬᠡᠳᠡ ᠲᠠᠳᠠᠵᠠᠢ᠃ ᠡᠬᠦᠨ ᠤ᠋ ᠬᠠᠮᠳᠤ ᠮᠠᠰᠢ ᠤᠯᠠᠨ ᠤᠳᠬ᠎ᠠ ᠠᠭᠤᠯᠭ᠎ᠠ ᠪᠦᠬᠦᠢ ᠠᠵᠢᠯᠯᠠᠭ᠎ᠠ ᠦᠷᠨᠢᠬᠦᠯᠵᠤ᠂ ᠠᠷᠠᠳ ᠤᠯᠠᠨ ᠤ᠋ ᠰᠤᠶᠤᠯ ᠤ᠋ᠨ ᠠᠮᠢᠳᠤᠷᠠᠯ ᠢ᠋ ᠪᠠᠶᠠᠯᠢᠭ᠍ᠵᠢᠭᠤᠯᠳᠠᠭ᠃
ᠡᠵᠡᠨ᠎ᠠ ᠬᠤᠰᠢᠭᠤ ᠨᠢ ᠠᠮᠢ ᠠᠬᠤᠶ᠎ᠶᠢ ᠤᠷᠢᠳ᠎ᠢᠶᠠᠷ ᠪᠣᠳᠣᠯᠬᠢᠯᠠᠬᠤ᠂ ᠪᠣᠬᠢᠷᠲᠤᠯ ᠥᠬᠡᠶ ᠬᠥᠭᠵᠢᠭᠦᠯᠬᠦ ᠱᠠᠭᠠᠷᠳᠠᠯᠭ᠎ᠠ᠎ᠲᠠᠢ ᠨᠢᠭ᠍ᠲᠠ ᠤᠶᠠᠯᠳᠤᠭᠤᠯᠤᠨ᠂ ᠣᠶ ᠰᠢᠭᠤᠶ᠎ᠶᠢᠨ ᠠᠮᠢ ᠠᠬᠤᠶ᠎ᠶᠢ ᠬᠠᠮᠠᠭᠠᠯᠠᠨ ᠰᠡᠷᠭᠦᠭᠡᠬᠦ᠎ᠪᠡᠷ ᠭᠤᠤᠯ ᠱᠤᠭᠤᠮ ᠪᠣᠯᠭᠠᠵᠤ᠂ ᠣᠲᠣ᠌ ᠦᠶ᠎ᠡ᠎ᠶᠢᠨ ᠣᠶ ᠰᠢᠭᠤᠶ ᠨᠤᠲᠤᠭ ᠪᠡᠯᠴᠢᠭᠡᠷ᠎ᠦᠨ ᠬᠥᠭᠵᠢᠯᠲᠡ᠎ᠶᠢᠨ ᠱᠠᠭᠠᠷᠳᠠᠯᠭ᠎ᠠ᠎ᠲᠠᠢ ᠵᠣᠬᠢᠴᠠᠭᠰᠠᠨ ᠣᠶ ᠰᠢᠭᠤᠶ ᠨᠤᠲᠤᠭ ᠪᠡᠯᠴᠢᠭᠡᠷ᠎ᠦᠨ ᠬᠥᠨᠥᠭᠡᠯᠲᠦ ᠠᠮᠢᠳᠤ ᠪᠣᠳᠠᠰ᠎ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ᠂ ᠬᠢᠵᠢᠭ᠎ᠢ ᠪᠠᠶ᠋ᠢᠴᠠᠭᠠᠵᠤ ᠭᠠᠮᠰᠢᠭ᠋᠎ᠢ ᠰᠡᠷᠭᠡᠶ᠋ᠢᠯᠡᠬᠦ᠂ ᠭᠠᠮᠰᠢᠭ᠋᠎ᠢ ᠪᠠᠭᠠᠰᠬᠠᠬᠤ ᠪᠠ ᠪᠠᠲᠤᠯᠠᠭ᠎ᠠ᠎ᠶᠢᠨ ᠲᠤᠯᠭᠠᠭᠤᠷᠢᠯᠠᠬᠤ ᠰᠢᠰᠲᠧᠮ᠎ᠢ ᠴᠢᠷᠮᠠᠶ᠋ᠢᠨ ᠪᠠᠶ᠋ᠢᠭᠤᠯᠵᠤ᠂ ᠢᠯᠠᠩᠭᠤᠶ᠎ᠠ ᠲᠤᠤᠷᠠᠶ ᠮᠣᠳᠣᠨ᠎ᠤ ᠬᠥᠨᠥᠭᠡᠯ᠎ᠦᠨ ᠬᠡᠮᠵᠢᠶ᠎ᠡ᠎ᠶᠢ ᠪᠦᠲᠦᠮᠵᠢᠲᠡᠶ ᠬᠣᠷᠢᠭ᠍ᠯᠠᠵᠤ᠂ ᠨᠣᠭᠣᠭᠠᠨ ᠪᠦᠷᠢᠳᠦ᠎ᠶᠢᠨ ᠠᠮᠢ ᠠᠬᠤᠶ᠎ᠶᠢᠨ ᠰᠠᠶ᠋ᠢᠵᠢᠷᠠᠯᠲᠠ᠎ᠶᠢ ᠠᠬᠢᠭᠤᠯᠤᠨ᠂ ᠠᠮᠢ ᠠᠬᠤᠶ᠎ᠶᠢᠨ ᠪᠥᠲᠥᠭᠡᠨ ᠪᠠᠶ᠋ᠢᠭᠤᠯᠤᠯᠲᠠ᠎ᠶᠢᠨ ᠴᠢᠨᠠᠷ ᠰᠠᠶ᠋ᠢᠲᠠᠶ ᠬᠥᠭᠵᠢᠯᠲᠡ᠎ᠶᠢ ᠳᠥᠯᠭᠢᠨ ᠠᠬᠢᠭᠤᠯᠵᠦ ᠪᠠᠢᠭ᠎ᠠ ᠠᠵᠢ᠃
ᠡᠷᠳᠡᠨ᠎ᠤ ᠮᠤᠳᠤ ᠵᠢ ᠬᠠᠮᠠᠭᠠᠯᠠᠬᠤ ᠠᠵᠢᠯ᠎ᠢ ᠰᠠᠢᠳᠤᠷ ᠬᠢᠨ᠎ᠠ
ᠲᠦᠷᠦᠭᠦᠬᠡᠨ᠂ ᠪᠥᠬᠥ ᠤᠯᠤᠰ᠎ᠤᠨ ᠨᠣᠭᠣᠭᠠᠷᠠᠭᠤᠯᠤᠯᠲᠠ᠎ᠶᠢᠨ ᠵᠥᠪᠯᠡᠯ᠎ᠦᠨ ᠠᠯᠪᠠᠨ ᠬᠡᠷ᠎ᠡᠴᠡ ᠵᠢᠯᠣᠭᠣᠳᠴᠤ᠂ ᠰᠢᠨᠬᠤᠸᠠ ᠰᠦᠯᠵᠢᠶ᠎ᠡ᠎ᠡᠴᠡ ᠭᠤᠤᠯᠯᠠᠨ ᠡᠷᠭᠢᠯᠡᠵᠦ᠂ ᠤᠯᠤᠰ᠎ᠤᠨ ᠣᠶ ᠰᠢᠭᠤᠶ ᠪᠠ ᠨᠤᠲᠤᠭ ᠪᠡᠯᠴᠢᠭᠡᠷ᠎ᠦᠨ ᠲᠣᠪᠴᠢᠶ᠎ᠠ᠎ᠶᠢᠨ ᠠᠵᠤ ᠦᠢᠯᠡᠰ᠎ᠦᠨ ᠬᠥᠭᠵᠢᠯᠲᠡ᠎ᠶᠢᠨ ᠲᠥᠯᠥᠪᠵᠢᠭᠦᠯᠭᠡ᠎ᠶᠢᠨ ᠬᠦᠷᠢᠶᠡᠯᠡᠩ᠎ᠡᠴᠡ ᠳᠠᠭᠠᠭᠠᠴᠢᠯᠠᠨ ᠡᠷᠭᠢᠯᠡᠭᠰᠡᠨ 《ᠬᠤᠤᠰ ᠵᠠᠭᠤᠨ》 ᠤ᠋ ᠡᠷᠲᠡᠨ᠎ᠦ ᠮᠣᠳᠣ᠌᠎ᠶᠢ ᠰᠣᠩᠭᠣᠨ ᠲᠠᠨᠢᠯᠴᠠᠭᠤᠯᠬᠤ ᠤᠬᠠᠭᠤᠯᠭ᠎ᠠ᠎ᠶᠢᠨ ᠠᠵᠢᠯᠯᠠᠭ᠎ᠠ ᠳᠤᠮᠳᠠ ᠡᠵᠡᠨ᠎ᠡ ᠬᠣᠰᠢᠭᠤᠨ᠎ᠤ ᠲᠤᠤᠷᠠᠶ᠎ᠶᠢᠨ ᠣᠶ᠎ᠶᠢᠨ ᠵᠢᠭᠤᠯᠴᠢᠯᠠᠯ᠎ᠤᠨ ᠣᠷᠣᠨ᠎ᠤ 100 ᠰᠠᠭᠤᠷᠢ ᠲᠤᠤᠷᠠᠶ᠎ᠶᠢᠨ ᠡᠷᠲᠡᠨ᠎ᠦ ᠮᠣᠳᠣᠨ᠎ᠤ ᠰᠦᠷᠦᠭ ᠤᠯᠤᠰ᠎ᠤᠨ《ᠬᠠᠮᠤᠭ ᠭᠣᠶᠣ᠌ ᠡᠷᠲᠡᠨ᠎ᠦ ᠮᠣᠳᠣᠨ᠎ᠤ ᠰᠦᠷᠦᠭ》᠎ᠲᠦ ᠰᠣᠩᠭᠣᠭᠳᠠᠨ ᠣᠷᠣᠪᠠ᠃ ᠡᠵᠡᠨ᠎ᠡ᠎ᠶᠢᠨ ᠲᠤᠤᠷᠠᠶ᠎ᠶᠢᠨ ᠡᠷᠲᠡᠨ᠎ᠦ ᠮᠣᠳᠣᠨ᠎ᠤ ᠰᠦᠷᠦᠭ ᠪᠣᠯ ᠡᠵᠡᠨ᠎ᠡ ᠬᠣᠰᠢᠭᠤᠨ᠎ᠤ 44 ᠲᠦᠮᠡᠨ ᠮᠤ᠌ ᠲᠤᠤᠷᠠᠶ᠎ᠶᠢᠨ ᠣᠶ᠎ᠶᠢᠨ ᠭᠤᠤᠯ ᠣᠷᠣᠨ ᠪᠣᠯᠤᠨ᠎ᠠ᠂ ᠣᠳᠣᠬᠠᠨ᠎ᠳᠤ ᠨᠡᠶ᠋ᠢᠲᠡ 15420 ᠰᠠᠭᠤᠷᠢ ᠡᠷᠲᠡᠨ᠎ᠦ ᠮᠣᠳᠣ᠌ ᠠᠮᠢᠳᠤᠷᠠᠵᠤ᠂ 3971.4 ᠮᠤ᠌ ᠡᠷᠲᠡᠨ᠎ᠦ ᠮᠣᠳᠣᠨ᠎ᠤ ᠰᠦᠷᠦᠭ᠎ᠦᠨ ᠡᠵᠡᠯᠡᠬᠦ ᠲᠠᠯᠠᠪᠠᠶ ᠨᠢ ᠭᠤᠤᠯ ᠪᠣᠯᠬᠤ ᠮᠣᠳᠣᠨ᠎ᠤ ᠲᠥᠷᠥᠯ᠎ᠦᠨ ᠶᠡᠷᠦᠩᠬᠡᠶ ᠲᠣᠭᠠᠨ᠎ᠤ 80% ᠵᠢ ᠡᠵᠡᠯᠡᠵᠦ᠂ ᠳᠤᠮᠳᠠᠴᠢ ᠣᠨ ᠵᠢᠯ ᠨᠢ 186 ᠣᠨ᠎ᠳᠤ ᠬᠦᠷᠴᠦ᠂ ᠡᠨᠡᠬᠦ ᠲᠤᠤᠷᠠᠶ᠎ᠶᠢᠨ ᠣᠶ ᠨᠢ ᠠᠮᠢ ᠠᠬᠤᠶ᠎ᠶᠢᠨ ᠵᠢᠭᠤᠯᠴᠢᠯᠠᠯ᠎ᠤᠨ ᠬᠠᠮᠤᠭ᠎ᠤᠨ ᠰᠠᠶ᠋ᠢᠨ ᠰᠣᠩᠭᠣᠯᠲᠠ ᠪᠣᠯᠤᠭᠰᠠᠨ ᠪᠠᠶ᠋ᠢᠨ᠎ᠠ᠃
ᠮᠠᠨ᠎ᠤ ᠤᠯᠤᠰ᠎ᠤᠨ ᠪᠠᠷᠠᠭᠤᠨ ᠬᠣᠢᠲᠤ᠎ᠶᠢᠨ ᠭᠠᠩ ᠬᠠᠭᠤᠷᠠᠢ ᠭᠠᠵᠠᠷ ᠣᠷᠣᠨ᠎ᠤ ᠴᠢᠬᠤᠯᠠ ᠠᠮᠢ ᠠᠬᠤᠢ᠎ᠶᠢᠨ ᠬᠠᠮᠠᠭᠠᠯᠠᠯᠲᠠ᠎ᠶᠢᠨ ᠬᠠᠯᠬᠠᠪᠴᠢ ᠪᠣᠯᠤᠭᠰᠠᠨ᠎ᠤ ᠬᠤᠪᠢ᠎ᠳᠤ᠂ ᠲᠣᠣᠷᠠᠢ ᠮᠤᠳᠤ ᠨᠢ ᠰᠠᠯᠬᠢ ᠰᠢᠭᠤᠷᠭᠠᠨ᠎ᠤ ᠳᠠᠭᠠᠷᠢᠯᠲᠠ᠎ᠶᠢ ᠬᠣᠷᠢᠭ᠍ᠯᠠᠵᠤ ᠴᠢᠳᠠᠬᠤ᠎ᠪᠠᠷ ᠪᠠᠷᠠᠬᠤ ᠦᠭᠡᠢ᠂ ᠪᠠᠰᠠ ᠴᠠᠭᠠᠨ ᠳᠡᠭᠡᠯᠡᠢ᠂ ᠬᠤᠨ ᠭᠠᠯᠠᠭᠤ ᠵᠡᠷᠭᠡ ᠣᠯᠠᠨ ᠵᠦᠢᠯ᠎ᠦᠨ ᠤᠯᠤᠰ᠎ᠤᠨ ᠬᠠᠮᠠᠭᠠᠯᠠᠯᠳᠠ ᠶ᠋ᠢᠨ ᠰᠢᠪᠠᠭᠤᠳ᠎ᠤᠨ ᠣᠷᠣᠰᠢᠨ ᠠᠮᠢᠳᠤᠷᠠᠵᠤ ᠦᠷᠡᠵᠢᠨ ᠲᠤᠭᠳᠠᠨᠢᠬᠤ ᠭᠡᠷ ᠣᠷᠣᠨ ᠪᠣᠯᠤᠭᠰᠠᠨ ᠪᠠᠢᠨ᠎ᠠ᠃ ᠵᠢᠯ ᠪᠦᠷᠢ᠎ᠶᠢᠨ 10 ᠰᠠᠷ᠎ᠠ᠎ᠳᠤ᠂ ᠡᠵᠡᠨ᠎ᠡ ᠬᠣᠰᠢᠭᠤᠨ᠎ᠤ ᠲᠣᠣᠷᠠᠢ᠎ᠶᠢᠨ ᠤᠢ᠎ᠶᠢᠨ ᠵᠢᠭᠤᠯᠴᠢᠯᠠᠯ᠎ᠤᠨ ᠣᠷᠣᠨ ᠨᠢ ᠪᠦᠬᠦ ᠤᠯᠤᠰ᠎ᠲᠤ ᠠᠯᠳᠠᠷᠲᠠᠢ ᠠᠮᠢ ᠠᠬᠤᠢ᠎ᠶᠢᠨ ᠵᠢᠭᠤᠯᠴᠢᠯᠠᠯ᠎ᠤᠨ ᠬᠠᠯᠠᠮᠰᠢᠯ ᠴᠡᠭ ᠪᠣᠯᠳᠠᠭ᠃ ᠡᠵᠡᠨ᠎ᠡ ᠬᠣᠰᠢᠭᠤᠨ᠎ᠤ ᠣᠶ ᠰᠢᠭᠤᠢ ᠪᠠ ᠨᠤᠲᠤᠭ ᠪᠡᠯᠴᠢᠭᠡᠷ᠎ᠦᠨ ᠲᠣᠪᠴᠢᠶ᠎ᠠ᠎ᠶᠢᠨ ᠳᠡᠳ᠋ ᠳᠠᠷᠤᠭ᠎ᠠ ᠪᠥᠬᠡᠪᠠᠭᠠᠲᠤᠷ ᠤ᠋ᠨ ᠶᠠᠷᠢᠬᠤ ᠪᠡᠷ᠂ 2022 ᠣᠨ᠎ᠳᠤ ᠲᠤᠰᠬᠠᠢᠯᠠᠨ ᠡᠷᠲᠡᠨ᠎ᠦ ᠮᠣᠳᠣ᠌ ᠨᠠᠷᠠᠲᠤ ᠮᠣᠳᠣ᠌᠎ᠶᠢ ᠬᠠᠮᠠᠭᠠᠯᠠᠬᠤ ᠲᠥᠷᠥᠯ ᠵᠦᠢᠯ᠎ᠢ ᠬᠡᠷᠡᠭᠵᠢᠭᠦᠯᠵᠦ᠂ 42 ᠲᠦᠮᠡᠨ ᠲᠥᠭᠥᠷᠢᠭ᠎ᠦᠨ ᠪᠡᠯᠡ ᠮᠥᠩᠭᠥ ᠣᠷᠣᠭᠤᠯᠤᠨ᠂ ᠬᠠᠷᠢᠶᠠᠲᠤ ᠣᠷᠣᠨ᠎ᠤ ᠲᠣᠣᠷᠠᠢ ᠮᠤᠳᠤᠨ᠎ᠤ ᠡᠷᠲᠡᠨ᠎ᠦ ᠮᠣᠳᠣ᠌ ᠨᠠᠷᠠᠲᠤ ᠮᠣᠳᠣᠨ᠎ᠳᠤ ᠴᠢᠭᠯᠡᠭᠦᠯᠦᠨ ᠫᠠᠢᠰᠠ ᠡᠯᠭᠦᠨ ᠬᠠᠮᠢᠶᠠᠷᠬᠤ᠂ ᠡᠪᠡᠳᠴᠢᠨ ᠬᠣᠷᠣᠬᠠᠢ ᠬᠤᠯᠤᠭᠠᠨ᠎ᠠ᠎ᠶᠢᠨ ᠬᠥᠨᠥᠭᠡᠯ᠎ᠢ ᠰᠡᠷᠭᠡᠢᠯᠡᠨ ᠵᠠᠰᠠᠬᠤ᠂ ᠰᠢᠨᠵᠢᠯᠡᠬᠦ ᠤᠬᠠᠭᠠᠨᠴᠢ᠎ᠪᠠᠷ ᠤᠰᠤᠯᠠᠬᠤ ᠵᠢᠴᠢ ᠬᠦᠷᠢᠶᠡᠯᠡᠵᠦ ᠬᠠᠮᠠᠭᠠᠯᠠᠬᠤ ᠣᠯᠠᠨ ᠵᠦᠢᠯ᠎ᠦᠨ ᠠᠷᠭ᠎ᠠ ᠬᠡᠮᠵᠢᠶ᠎ᠡ᠎ᠶᠢ ᠵᠡᠷᠭᠡ᠎ᠪᠡᠷ ᠬᠡᠷᠡᠭᠵᠢᠭᠦᠯᠵᠦ᠂ ᠬᠠᠮᠠᠭᠠᠯᠠᠯᠲᠠ᠎ᠶᠢᠨ ᠰᠠᠭᠤᠷᠢ᠎ᠶᠢ ᠤᠯᠠᠮ ᠨᠢᠭᠡ ᠠᠯᠬᠤᠮ ᠪᠡᠬᠢᠵᠢᠬᠦᠯᠵᠦ᠂ ᠬᠠᠮᠠᠭᠠᠯᠠᠯᠲᠠ᠎ᠶᠢᠨ ᠤᠬᠠᠭᠤᠯᠭ᠎ᠠ᠎ᠶᠢᠨ ᠫᠠᠢᠰᠠ ᠪᠠᠢᠷᠢᠯᠠᠭᠤᠯᠬᠤ᠂ ᠰᠤᠮᠤ ᠪᠠᠯᠭᠠᠰᠤ ᠭᠠᠴᠠᠭ᠎ᠠ᠎ᠳᠤ ᠬᠦᠷᠴᠦ 《ᠡᠷᠲᠡᠨ᠎ᠦ ᠮᠣᠳᠣ᠌᠎ᠶᠢ ᠰᠠᠬᠢᠨ ᠬᠠᠮᠠᠭᠠᠯᠠᠬᠤ ᠬᠢᠴᠢᠶᠡᠯ᠎ᠦᠨ ᠲᠠᠩᠬᠢᠮ》ᠨᠡᠭᠡᠭᠡᠬᠦ ᠵᠡᠷᠭᠡ ᠬᠡᠯᠪᠡᠷᠢ᠎ᠪᠡᠷ ᠳᠠᠮᠵᠢᠭᠤᠯᠤᠨ᠂ ᠬᠠᠮᠠᠭᠠᠯᠠᠯᠲᠠ᠎ᠶᠢᠨ ᠠᠵᠢᠯᠯᠠᠭ᠎ᠠ᠎ᠶᠢ ᠣᠯᠠᠨ ᠤᠳᠠᠭ᠎ᠠ ᠥᠷᠨᠢᠭᠦᠯᠵᠦ᠂ ᠣᠯᠠᠨ ᠨᠡᠶ᠋ᠢᠲᠡ᠎ᠶᠢᠨ ᠣᠷᠣᠯᠴᠠᠬᠤ᠎ᠶᠢ ᠦᠷᠭᠦᠯᠵᠢᠯᠡᠨ ᠠᠬᠢᠭᠤᠯᠵᠤ᠂ ᠲᠣᠣᠷᠠᠢ᠎ᠶᠢᠨ ᠬᠠᠮᠠᠭᠠᠯᠠᠯᠲᠠ᠎ᠶᠢᠨ ᠣᠢᠯᠠᠭᠠᠭᠳᠠᠬᠤᠨ᠎ᠢ ᠬᠥᠮᠥᠰ᠎ᠦᠨ ᠰᠡᠳᠬᠢᠯ᠎ᠳᠦ ᠬᠠᠳᠠᠩᠰᠢᠭᠤᠯᠵᠠᠢ ᠬᠡᠪᠡ᠃
ᠦᠵᠡᠮᠵᠢ᠎ᠶᠢᠨ ᠣᠷᠣᠨ᠎ᠳᠤ 《ᠠᠭᠠᠷ᠎ᠤᠨ ᠬᠠᠷᠠᠭᠤᠯ᠎ᠤᠨ ᠴᠡᠷᠢᠭ 》 ᠲᠠᠢ ᠪᠣᠯᠪᠠ
ᠵᠢᠯ ᠪᠦᠷᠢ ᠵᠢᠨ ᠠᠯᠲᠠᠨ ᠨᠠᠮᠤᠷ᠎ᠤᠨ ᠠᠷᠪᠠᠨ ᠰᠠᠷ᠎ᠠ᠎ᠳᠤ᠂ ᠡᠵᠡᠨ᠎ᠠ ᠬᠤᠰᠢᠭᠤ ᠵᠢᠭᠤᠯᠴᠢᠯᠠᠯ᠎ᠤᠨ ᠰᠢᠵᠢᠷ ᠠᠯᠲᠠᠨ ᠤᠯᠠᠷᠢᠯ᠎ᠳᠤ ᠣᠷᠣᠵᠤ᠂ ᠪᠥᠬᠥ ᠤᠯᠤᠰ᠎ᠤᠨ ᠡᠯ᠎ᠡ ᠭᠠᠵᠠᠷ᠎ᠤᠨ ᠵᠢᠭᠤᠯᠴᠢᠯᠠᠭᠰᠠᠳ ᠬᠣᠢᠨ᠎ᠠ ᠬᠣᠢᠨ᠎ᠠ᠎ᠠᠴᠠ᠎ᠪᠠᠨ ᠬᠦᠷᠦᠯᠴᠡᠨ ᠢᠷᠡᠳᠡᠭ᠃ ᠵᠢᠭᠤᠯᠴᠢᠯᠠᠭᠰᠠᠳ᠎ᠤᠨ ᠲᠣᠭ᠎ᠠ ᠲᠦᠷᠭᠡᠨ ᠨᠡᠮᠡᠭᠳᠡᠭᠰᠡᠨ᠎ᠡᠴᠡ ᠪᠣᠯᠤᠭᠰᠠᠨ ᠣᠯᠠᠨ ᠨᠡᠶ᠋ᠢᠲᠡ᠎ᠶᠢᠨ ᠠᠮᠤᠷ ᠲᠦᠪᠰᠢᠨ᠎ᠦ ᠪᠠᠲᠤᠯᠠᠭ᠎ᠠ᠎ᠶᠢ ᠪᠦᠲᠦᠮᠵᠢᠲᠡᠶ ᠬᠠᠨᠭᠭᠠᠬᠤ᠎ᠶᠢᠨ ᠲᠤᠰᠠᠳᠠ᠂ ᠡᠵᠡᠨ᠎ᠠ ᠬᠣᠰᠢᠭᠤᠨ᠎ᠤ ᠳᠣᠣᠷ᠎ᠠ ᠤᠭᠳᠠᠷᠭᠤᠢ ᠵᠢᠨ ᠠᠵᠤ ᠠᠬᠤᠢ᠎ᠶᠢᠨ ᠠᠵᠢᠯ ᠲᠥᠷᠥᠯ᠎ᠦᠨ ᠨᠡᠢᠭᠡᠮᠯᠢᠭ᠎ᠡᠴᠡ ᠬᠣᠰᠢᠭᠤᠨ᠎ᠤ ᠳᠣᠲᠣᠭᠠᠳᠤ᠎ᠶᠢ ᠬᠠᠮᠠᠭᠠᠯᠠᠬᠤ ᠲᠣᠪᠴᠢᠶ᠎ᠠ᠎ᠲᠠᠢ ᠬᠠᠮᠵᠢᠯᠴᠠᠨ᠂ ᠲᠣᠣᠷᠠᠢ᠎ᠶᠢᠨ ᠣᠶ᠎ᠶᠢᠨ ᠵᠢᠭᠤᠯᠴᠢᠯᠠᠯ᠎ᠤᠨ ᠦᠵᠡᠮᠵᠢ᠎ᠶᠢᠨ ᠣᠷᠣᠨ᠎ᠳᠤ ᠵᠢᠯᠣᠭᠣᠴᠢ ᠦᠭᠡᠢ ᠨᠢᠰᠬᠡᠯ᠎ᠦᠨ ᠵᠢᠵᠢᠭᠦᠷᠯᠡᠨ ᠠᠵᠢᠯᠯᠠᠬᠤ ᠲᠠᠪᠴᠠᠩ ᠪᠠᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ᠎ᠢᠶᠡᠷ᠂ ᠲᠡᠭᠷᠢ ᠭᠠᠵᠠᠷ ᠢ᠋ ᠬᠣᠯᠪᠤᠭᠠᠯᠠᠨ ᠬᠥᠳᠡᠯᠦᠯᠴᠡᠬᠦ᠎ᠶᠢ ᠪᠡᠶᠡᠯᠡᠭᠦᠯᠦᠨ᠂ ᠦᠵᠡᠮᠵᠢ᠎ᠶᠢᠨ ᠣᠷᠣᠨ᠎ᠤ ᠠᠮᠤᠷ ᠲᠦᠪᠰᠢᠨ᠎ᠦ ᠬᠠᠮᠢᠶᠠᠷᠤᠯᠲᠠ᠎ᠶᠢᠨ ᠣᠶᠤᠨᠴᠢᠯᠠᠯᠲᠠ᠎ᠶᠢᠨ ᠬᠢᠷᠢ ᠲᠦᠪᠰᠢᠨ᠎ᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃
ᠡᠵᠡᠨ᠎ᠠ ᠬᠣᠰᠢᠭᠤᠨ᠎ᠤ ᠳᠣᠲᠣᠭᠠᠳᠤ᠎ᠶᠢ ᠬᠠᠮᠠᠭᠠᠯᠠᠬᠤ ᠲᠣᠪᠴᠢᠶ᠎ᠠ᠎ᠶᠢᠨ ᠴᠢᠮᠡᠭᠡ ᠮᠡᠳᠡᠭᠡᠨ᠎ᠦ ᠵᠢᠯᠤᠭᠣᠳᠬᠤ ᠲᠥᠪ᠎ᠲᠦ᠂ ᠵᠢᠵᠢᠭᠦᠷ᠎ᠦᠨ ᠴᠠᠭᠳᠠᠭ᠎ᠠ ᠺᠣᠮᠫᠢᠦ᠋ᠲᠧᠷ᠎ᠦᠨ ᠡᠮᠦᠨ᠎ᠡ ᠰᠠᠭᠤᠵᠤ᠂ ᠲᠣᠣᠷᠠᠢ᠎ᠶᠢᠨ ᠣᠶ᠎ᠶᠢᠨ ᠦᠵᠡᠮᠵᠢ᠎ᠶᠢᠨ ᠣᠷᠣᠨ᠎ᠳᠠᠬᠢ ᠵᠢᠯᠣᠭᠣᠴᠢ ᠦᠭᠡᠢ ᠨᠢᠰᠬᠡᠯ᠎ᠦᠨ ᠵᠢᠵᠢᠭᠦᠷᠯᠡᠨ ᠰᠠᠬᠢᠬᠤ ᠠᠵᠢᠯ᠎ᠤᠨ ᠲᠠᠪᠴᠠᠩ᠎ᠢ ᠠᠯᠤᠰ ᠠ᠋ᠴᠠ ᠡᠵᠡᠮᠳᠡᠵᠦ᠂ ᠵᠠᠷᠯᠢᠭ᠋ ᠢ᠋ ᠣᠯᠣᠭᠰᠠᠨ᠎ᠤ ᠳᠠᠷᠠᠭ᠎ᠠ᠂ ᠵᠢᠯᠣᠭᠣᠴᠢ ᠦᠭᠡᠢ ᠨᠢᠰᠬᠡᠯ᠎ᠦᠨ ᠵᠢᠵᠢᠭᠦᠷᠯᠡᠨ ᠠᠵᠢᠯᠯᠠᠬᠤ ᠲᠠᠪᠴᠠᠩ ᠨᠢ ᠥᠪᠡᠷ ᠢ᠋ᠶ᠋ᠡᠨ ᠠᠵᠢᠯᠯᠠᠵᠤ᠂ ᠲᠠᠪᠴᠠᠩ᠎ᠤᠨ ᠵᠠᠷᠯᠢᠭ᠋ ᠢ᠋ ᠦᠨᠳᠦᠰᠦᠯᠡᠨ ᠨᠢᠰᠴᠦ ᠪᠠᠭᠤᠬᠤ ᠪᠠ ᠬᠤᠯᠠ ᠤᠢᠷ᠎ᠠ ᠨᠢᠰᠬᠦ ᠪᠤᠯᠤᠨ᠎ᠠ᠃ ᠠᠷᠠᠳ᠎ᠤᠨ ᠴᠠᠭᠳᠠᠭ᠎ᠠ ᠺᠣᠮᠫᠢᠦ᠋ᠲᠧᠷ᠎ᠦᠨ ᠳᠡᠯᠭᠡᠴᠡ᠎ᠪᠡᠷ ᠲᠠᠮᠵᠢᠨ᠂ ᠵᠢᠯᠣᠭᠣᠴᠢ ᠦᠭᠡᠢ ᠨᠢᠰᠬᠡᠯ᠎ᠦᠨ ᠳᠠᠮᠵᠢᠭᠤᠯᠤᠭᠰᠠᠨ ᠦᠵᠡᠮᠵᠢ᠎ᠶᠢᠨ ᠣᠷᠣᠨ᠎ᠤ ᠲᠤᠬᠠᠢ᠎ᠶᠢᠨ ᠴᠠᠭ᠎ᠤᠨ ᠵᠢᠷᠤᠭ ᠳᠦᠷᠰᠦ᠎ᠶᠢ ᠲᠣᠳᠣᠷᠬᠠᠢ ᠪᠠᠢᠴᠠᠭᠠᠨ ᠦᠵᠡᠵᠦ᠂ ᠠᠶᠠᠨᠴᠢᠳ᠎ᠤᠨ ᠲᠠᠷᠬᠠᠯᠲᠠ᠂ ᠭᠣᠣᠯᠳᠠᠯᠭ᠎ᠠ᠎ᠲᠠᠢ ᠣᠷᠣᠨ ᠪᠦᠰᠡ᠎ᠶᠢᠨ ᠡᠮᠬᠢ ᠵᠢᠷᠤᠮ ᠵᠡᠷᠭᠡ ᠬᠥᠳᠡᠯᠦᠯ ᠪᠠᠢᠳᠠᠯ᠎ᠢ ᠠᠭᠠᠷ᠎ᠤᠨ ᠬᠠᠷᠠᠭᠠᠨ ᠠ᠋ᠴᠠ ᠰᠢᠭᠤᠳ ᠡᠵᠡᠮᠰᠢᠨ᠂ ᠦᠵᠡᠮᠵᠢ᠎ᠶᠢᠨ ᠣᠷᠣᠨ᠎ᠤ ᠪᠥᠬᠥ ᠣᠷᠣᠨ ᠪᠦᠰᠡ᠎ᠶᠢᠨ ᠬᠥᠳᠡᠯᠦᠩᠭᠦᠢ ᠬᠢᠨᠠᠯᠲᠠ ᠬᠠᠮᠢᠶᠠᠷᠤᠯᠲᠠ᠎ᠶᠢ ᠪᠡᠶᠡᠯᠡᠭᠦᠯᠵᠦ ᠴᠢᠳᠠᠳᠠᠭ᠃ ᠬᠡᠷᠪᠡ ᠭᠡᠨᠡᠳᠲᠡ᠎ᠶᠢᠨ ᠬᠡᠷᠡᠭ ᠲᠣᠬᠢᠶᠠᠯᠳᠤᠪᠠᠯ᠂ ᠵᠢᠯᠣᠭᠣᠴᠢ ᠦᠭᠡᠢ ᠨᠢᠰᠬᠡᠯ ᠪᠣᠯᠣᠨ ᠭᠠᠵᠠᠷ ᠳᠡᠭᠡᠷᠡᠬᠢ ᠴᠠᠭᠳᠠᠭᠠᠨ᠎ᠤ ᠬᠦᠴᠦᠨ ᠥᠨᠳᠥᠷ ᠪᠦᠲᠦᠮᠵᠢᠲᠡᠶ᠎ᠪᠡᠷ ᠬᠣᠯᠪᠤᠭᠠᠯᠠᠨ ᠬᠥᠳᠡᠯᠦᠯᠴᠡᠵᠦ᠂ ᠪᠠᠴᠢᠮ ᠪᠠᠢᠳᠠᠯ᠎ᠢ ᠠᠷᠭᠠᠴᠠᠬᠤ ᠴᠠᠭ᠎ᠢ ᠪᠤᠭᠤᠨᠢᠰᠬᠠᠨ᠂ ᠰᠢᠢᠳᠪᠦᠷᠢᠯᠡᠬᠦ ᠴᠢᠳᠠᠪᠤᠷᠢ᠎ᠪᠠᠨ ᠤᠯᠠᠮ ᠨᠢᠭᠡ ᠠᠯᠬᠤᠮ ᠴᠢᠩᠭᠠᠳᠬᠠᠵᠤ᠂ ᠠᠵᠢᠯ᠎ᠤᠨ ᠦᠷ᠎ᠡ ᠪᠦᠲᠦᠮᠵᠢ᠎ᠪᠡᠨ ᠲᠡᠭᠡᠭᠰᠢᠯᠡᠬᠦᠯᠦᠨ᠎ᠡ᠃
ᠣᠢᠯᠠᠭᠠᠭᠰᠠᠨ᠎ᠢᠶᠠᠷ᠂ ᠲᠣᠰ ᠵᠢᠯᠣᠭᠣᠴᠢ ᠦᠭᠡᠢ ᠨᠢᠰᠬᠡᠯ᠎ᠦᠨ ᠵᠢᠵᠢᠭᠦᠷᠯᠡᠨ ᠠᠵᠢᠯᠯᠠᠬᠤ ᠲᠠᠪᠴᠠᠩ ᠨᠢ ᠳᠠ ᠵᠢᠶᠠᠩ 3 ᠲᠡᠮᠳᠡᠭᠳᠤ ᠵᠢᠨ ᠵᠢᠯᠣᠭᠣᠴᠢ ᠦᠭᠡᠢ ᠨᠢᠰᠬᠡᠯ᠎ᠦᠨ ᠠᠦ᠋ᠲ᠋ᠣ᠋ ᠠᠵᠢᠯᠯᠠᠬᠤ ᠰᠢᠰᠲᠧᠮ ᠢ ᠬᠡᠷᠡᠭᠯᠡᠵᠦ᠂ ᠪᠥᠬᠥ ᠲᠠᠯᠠᠪᠤᠷ᠎ᠤᠨ ᠵᠢᠵᠢᠭᠦᠷᠯᠡᠨ ᠠᠵᠢᠯᠯᠠᠬᠤ ᠢ᠋ ᠪᠡᠶᠡᠯᠡᠬᠦᠯᠦᠨ᠂ ᠲᠡᠷᠢᠭᠦᠨ ᠦ AI ᠢᠯᠭᠠᠨ ᠲᠠᠨᠢᠬᠤ ᠪᠤᠳᠤᠬᠤ ᠠᠷᠭ᠎ᠠ ᠶᠢ ᠠᠴᠢᠶᠠᠯᠠᠵᠤ᠂ ᠦᠵᠡᠮᠵᠢ ᠶᠢᠨ ᠣᠷᠣᠨ᠎ᠤ ᠬᠠᠮᠢᠶᠠᠷᠤᠯᠲᠠ᠎ᠳᠤ ᠵᠢᠭᠤᠯᠴᠢᠯᠠᠭᠰᠠᠳ ᠤ᠋ᠨ ᠴᠤᠪᠤᠷᠠᠯ᠎ᠢ ᠣᠶᠤᠨᠴᠢ ᠪᠠᠷ ᠬᠢᠨᠠᠨ ᠬᠡᠮᠵᠢᠵᠦ᠂ ᠵᠢᠯᠤᠭᠣᠳᠬᠤ ᠲᠥᠪ᠎ᠲᠦ ᠵᠢᠭᠤᠯᠴᠢᠯᠠᠭᠰᠠᠳ᠎ᠤᠨ ᠴᠤᠪᠤᠷᠠᠯ᠎ᠤᠨ ᠲᠤᠬᠠᠢ᠎ᠶᠢᠨ ᠴᠠᠭ᠎ᠤᠨ ᠲᠣᠭ᠎ᠠ ᠪᠠᠷᠢᠮᠲᠠ᠎ᠶᠢ ᠬᠠᠩᠭᠠᠨ᠂ ᠡᠵᠡᠩᠨᠡᠯᠲᠡ᠎ᠶᠢᠨ ᠡᠮᠬᠢ ᠵᠢᠷᠤᠮ ᠢ ᠪᠠᠲᠤᠯᠠᠵᠤ ᠪᠣᠯᠣᠨ᠎ᠠ ᠃ ᠪᠠᠰᠠ ᠠᠯᠤᠰ ᠡᠵᠡᠮᠰᠢᠯ ᠤ᠋ᠨ ᠳᠠᠭᠤ ᠳᠤᠮᠤᠷᠠᠭᠤᠯᠤᠭᠴᠢᠶᠢ ᠠᠰᠢᠭ᠍ᠯᠠᠨ᠂ ᠬᠥᠮᠥᠨ ᠪᠣᠳᠠᠰ ᠡᠷᠢᠬᠦ᠂ ᠪᠣᠯᠪᠠᠰᠤᠨ᠎ᠢᠶᠠᠷ ᠵᠢᠭᠤᠯᠴᠢᠯᠠᠬᠤ᠎ᠶᠢ ᠷᠠᠳᠢᠣ᠋ ᠨᠡᠪᠲᠡᠷᠡᠭᠦᠯᠭᠡ ᠪᠡᠷ ᠰᠠᠨᠠᠭᠤᠯᠵᠤ᠂ ᠵᠢᠭᠤᠯᠴᠢᠯᠠᠭᠰᠠᠳ᠎ᠤᠨ ᠬᠡᠷᠡᠭᠴᠡᠭᠡ ᠱᠠᠭᠠᠷᠳᠠᠯᠭ᠎ᠠ᠎ᠶᠢ ᠦᠳᠲᠡᠷ ᠲᠦᠷᠭᠡᠨ ᠢ᠋ᠶ᠋ᠠᠷ ᠰᠢᠢᠳᠪᠤᠷᠢᠯᠡᠬᠦ ᠪᠣᠯᠣᠨ᠎ᠠ᠃
ᠡᠵᠡᠨ᠎ᠡ ᠬᠣᠰᠢᠭᠤᠨ᠎ᠤ ᠲᠤᠤᠷ᠎ᠠ ᠣᠭᠲᠠᠷᠭᠤᠢ᠎ᠶᠢᠨ ᠠᠵᠤ ᠠᠬᠤᠢ᠎ᠶᠢᠨ ᠠᠵᠢᠯ ᠲᠥᠷᠥᠯ᠎ᠦᠨ ᠨᠡᠢᠭᠡᠮᠯᠢᠭ᠎ᠦᠨ ᠳᠡᠳ᠋ ᠳᠠᠷᠤᠭ᠎ᠠ ᠯᠢᠦᠢ ᠷᠦᠢ ᠬᠤ᠌ ᠵᠢᠨ ᠶᠠᠷᠢᠬᠤ ᠪᠡᠷ᠂ ᠲᠤᠤᠷ᠎ᠠ ᠣᠭᠲᠠᠷᠭᠤᠢ᠎ᠶᠢᠨ ᠰᠢᠨᠵᠢᠯᠡᠬᠦ ᠤᠬᠠᠭᠠᠨ ᠮᠡᠷᠭᠡᠵᠢᠯ ᠪᠣᠯᠣᠨ ᠪᠣᠳᠠᠲᠤ ᠴᠣᠭᠴᠠ᠎ᠶᠢᠨ ᠠᠵᠤ ᠠᠬᠤᠢ᠎ᠶᠢᠨ ᠭᠦᠨᠵᠡᠭᠡᠢ ᠠᠭᠤᠰᠤᠯᠴᠠᠯ᠎ᠢ ᠲᠦᠷᠭᠡᠳᠬᠡᠵᠦ᠂ ᠦᠵᠡᠮᠵᠢ᠎ᠶᠢᠨ ᠣᠷᠣᠨ᠎ᠤ ᠣᠶᠤᠨᠴᠢ ᠡᠵᠡᠩᠨᠡᠯᠲᠡ᠎ᠡᠴᠡ ᠬᠤᠳᠠ᠎ᠶᠢᠨ ᠤᠯᠠᠨ ᠨᠡᠶ᠋ᠢᠲᠡ᠎ᠶᠢᠨ ᠠᠮᠤᠷ ᠲᠦᠪᠰᠢᠨ᠎ᠳᠦ ᠬᠦᠷᠲᠡᠯ᠎ᠡ ᠮᠡᠷᠭᠡᠵᠢᠯ᠎ᠦᠨ ᠨᠠᠢᠳᠠᠪᠤᠷᠢᠵᠢᠭᠤᠯᠤᠯᠲᠠ ᠬᠢᠭᠰᠡᠨ ᠵᠢᠡᠷ ᠪᠠᠷᠠᠬᠤ ᠦᠭᠡᠢ᠂ ᠨᠡᠩ ᠴᠤ᠌ ᠪᠦᠬᠦᠶ᠋ᠢᠯᠡ ᠲᠤᠤᠷ᠎ᠠ ᠣᠭᠲᠠᠷᠭᠤᠢ᠎ᠶᠢᠨ ᠠᠵᠤ ᠦᠢᠯᠡᠰ᠎ᠦᠨ ᠴᠢᠳᠠᠪᠬᠢ ᠪᠠᠢᠵᠤ᠂ ᠨᠡᠢᠭᠡᠮ᠎ᠦᠨ ᠵᠠᠰᠠᠯᠲᠠ᠎ᠶᠢᠨ ᠣᠳᠣᠬᠢᠴᠢᠯᠠᠯᠲᠠ᠎ᠶᠢᠨ ᠬᠥᠭᠵᠢᠯᠲᠡ᠎ᠶᠢ ᠠᠬᠢᠭᠤᠯᠵᠤ᠂ ᠪᠢᠳᠡ ᠶᠠᠭ ᠡᠨᠡᠬᠦ ᠳᠤᠤᠷ᠎ᠠ ᠣᠭᠲᠠᠷᠭᠤᠢ᠎ᠠᠴᠠ ᠠᠪᠴᠢᠷᠠᠭᠰᠠᠨ ᠴᠤ ᠰᠢᠨ᠎ᠡ ᠦᠢᠯᠡᠳᠪᠦᠷᠢᠯᠡᠯ᠎ᠦᠨ ᠬᠦᠴᠦᠨ᠎ᠢ ᠴᠢᠷᠮᠠᠢᠨ ᠨᠡᠭᠡᠭᠡᠵᠦ ᠪᠠᠢᠨ᠎ᠠ ᠬᠡᠪᠡ᠃
ᠲᠤᠤᠷᠠᠢ ᠮᠤᠳᠤᠨ ᠤ᠋ ᠡᠪᠡᠳᠴᠢᠨ ᠬᠤᠷᠤᠬᠠᠢ᠎ᠶᠢᠨ ᠬᠦᠨᠦᠭᠡᠯ᠎ᠢ ᠰᠡᠷᠬᠡᠢᠯᠡᠨ ᠵᠠᠰᠠᠨ᠎ᠠ
ᠡᠵᠡᠨ᠎ᠡ ᠬᠣᠰᠢᠭᠤᠨ᠎ᠤ ᠣᠢ ᠰᠢᠭᠤᠢ ᠪᠠ ᠨᠤᠲᠤᠭ ᠪᠡᠯᠴᠢᠭᠡᠷ᠎ᠤᠨ ᠲᠣᠪᠴᠢᠶ᠎ᠠ ᠣᠢ ᠰᠢᠭᠤᠢ ᠶ᠋ᠢᠨ ᠬᠥᠨᠥᠭᠡᠯᠲᠦ ᠠᠮᠢᠳᠤ ᠪᠣᠳᠠᠰ᠎ᠢ ᠰᠡᠷᠭᠡᠢᠯᠡᠬᠦ ᠢᠨᠵᠧᠨᠧᠷᠢᠩ᠎ᠢ ᠬᠡᠷᠡᠭᠵᠢᠭᠦᠯᠵᠦ᠂ ᠲᠣᠣᠷᠠᠢ᠎ᠶᠢᠨ ᠮᠣᠳᠣᠨ᠎ᠳᠤ ᠥᠩᠭᠡᠲᠦ ᠪᠦᠰᠡ ᠪᠦᠰᠡᠯᠡᠬᠦ ᠵᠡᠷᠭᠡ ᠰᠢᠨᠵᠢᠯᠡᠬᠦ ᠤᠬᠠᠭᠠᠨᠴᠢ ᠰᠡᠷᠭᠡᠢᠯᠡᠬᠦ ᠠᠷᠭ᠎ᠠ ᠬᠡᠮᠵᠢᠶ᠎ᠡ ᠠᠪᠬᠤ᠎ᠪᠠᠷ ᠳᠠᠮᠵᠢᠭᠤᠯᠤᠨ᠂ ᠣᠢ ᠰᠢᠭᠤᠢ᠎ᠶᠢᠨ ᠬᠥᠨᠥᠭᠡᠯᠲᠤ ᠠᠮᠢᠳᠤ ᠪᠣᠳᠠᠰ᠎ᠤᠨ ᠬᠣᠣᠷ ᠬᠥᠨᠥᠭᠡᠯ᠎ᠢ ᠪᠦᠲᠦᠮᠵᠢᠲᠡᠢ ᠬᠢᠵᠠᠭᠠᠷᠯᠠᠪᠠ᠃ᠣᠶ ᠰᠢᠭᠤᠶ᠎ᠶᠢᠨ ᠠᠵᠤ ᠦᠢᠯᠡᠳᠪᠦᠷᠢ᠎ᠶᠢᠨ ᠥᠷᠲᠡᠭᠡᠨ᠎ᠤ ᠠᠵᠢᠯᠲᠠᠳ ᠲᠤᠤᠷᠠᠶ᠎ᠶᠢᠨ ᠣᠶ᠎ᠪᠠᠷ ᠰᠦᠯᠵᠢᠯᠳᠦᠵᠦ᠂ ᠵᠢᠵᠢᠭ ᠪᠠᠭᠠᠵᠢ ᠪᠠᠷ ᠮᠣᠳᠣᠨ ᠡᠰᠢᠨ ᠳᠡᠭᠡᠷ᠎ᠡ ᠡᠯᠭᠦᠭᠰᠡᠨ ᠥᠩᠭᠡᠳᠤ ᠪᠦᠰᠡ᠎ᠶᠢ ᠬᠢᠨᠠᠮᠠᠭᠠᠶ ᠪᠠᠭᠣᠯᠭᠠᠨ ᠠᠪᠣᠨ᠎ᠠ᠃ ᠥᠩᠭᠡᠲᠦ ᠪᠦᠰᠡ᠎ᠪᠠᠷ ᠬᠦᠨᠦᠭᠡᠯᠳᠤ ᠠᠮᠢᠳᠤ ᠪᠣᠳᠠᠰ᠎ᠢ ᠠᠷᠢᠯᠭᠠᠬᠤ ᠠᠵᠢᠯ ᠪᠣᠯ ᠣᠢ ᠰᠢᠭᠤᠢ᠎ᠶᠢᠨ ᠬᠥᠨᠥᠭᠡᠯᠲᠦ ᠠᠮᠢᠳᠤ ᠪᠣᠳᠠᠰ᠎ᠢ ᠰᠡᠷᠭᠡᠢᠯᠡᠨ ᠵᠠᠰᠠᠬᠤ ᠴᠢᠬᠤᠯᠠ ᠠᠷᠭ᠎ᠠ ᠪᠠᠷᠢᠯ ᠪᠣᠯᠤᠨ᠎ᠠ᠂ ᠭᠣᠣᠯᠳᠠᠭᠤ ᠲᠣᠣᠷᠠᠢ᠎ᠶᠢᠨ ᠮᠣᠳᠣᠨ᠎ᠤ ᠡᠷᠭᠢᠨ ᠲᠣᠭᠣᠷᠢᠨ᠎ᠳᠤ ᠥᠩᠭᠡᠳᠤ ᠪᠦᠰᠡ᠎ᠶᠢ ᠪᠠᠢᠷᠢᠯᠠᠭᠤᠯᠬᠤ᠎ᠪᠠᠷ ᠳᠠᠮᠵᠢᠭᠤᠯᠤᠨ᠂ ᠬᠥᠨᠥᠭᠡᠯᠲᠦ ᠠᠮᠢᠳᠤ ᠪᠣᠳᠠᠰ ᠢ ᠥᠳᠥᠭᠡᠨ ᠲᠠᠲᠠᠵᠤ᠂ ᠲᠥᠪᠯᠡᠷᠡᠭᠦᠯᠦᠨ ᠰᠢᠢᠳᠪᠤᠷᠢᠯᠡᠬᠦ ᠪᠣᠯᠣᠨ᠎ᠠ᠃ ᠡᠨᠡ ᠬᠦ᠌ ᠠᠷᠭ᠎ᠠ ᠠᠪᠴᠠᠯ᠎ᠨᠢ ᠣᠷᠴᠢᠨ ᠲᠣᠭᠣᠷᠢᠨ᠎ᠢ ᠬᠠᠮᠠᠭᠠᠯᠠᠬᠤ᠂ ᠪᠣᠬᠢᠷᠲᠤᠯ ᠥᠬᠡᠢ ᠣᠨᠴᠠᠯᠢᠭ᠋᠎ᠲᠠᠢ ᠪᠠᠢᠬᠤ᠎ᠪᠠᠷ ᠪᠠᠷᠠᠬᠤ ᠥᠬᠡᠢ ᠪᠠᠰᠠ ᠬᠥᠨᠥᠭᠡᠯᠲᠦ ᠠᠮᠢᠳᠤ ᠪᠣᠳᠠᠰ᠎ᠤᠨ ᠲᠣᠣᠷᠠᠢ᠎ᠶᠢᠨ ᠣᠢ᠎ᠳᠤ ᠬᠣᠣᠷ ᠬᠥᠨᠥᠭᠡᠯ ᠤᠴᠠᠷᠠᠭᠤᠯᠬᠤ ᠬᠡᠮᠵᠢᠶ᠎ᠡ᠎ᠶᠢ ᠪᠦᠲᠦᠮᠵᠢᠲᠡᠢ ᠪᠠᠭᠤᠷᠠᠭᠤᠯᠵᠤ ᠴᠢᠳᠠᠬᠤ ᠪᠣᠯᠣᠨ᠎ᠠ᠃ ᠡᠵᠡᠨ᠎ᠡ ᠬᠤᠰᠢᠭᠤᠨ᠎ᠤ ᠣᠶ ᠰᠢᠭᠤᠶ᠎ᠶᠢᠨ ᠠᠵᠢᠯ᠎ᠤᠨ ᠥᠷᠲᠡᠭᠡᠨ᠎ᠦ ᠳᠡᠳ᠋ ᠳᠠᠷᠤᠭ᠎ᠠ ᠯᠦ᠍ ᠺᠤᠸᠠᠨ ᠤ᠋ ᠶᠠᠷᠢᠬᠤ ᠪᠡᠷ᠂ ᠥᠩᠭᠡᠲᠦ ᠪᠦᠰᠡ᠎ᠪᠠᠷ ᠬᠦᠨᠦᠭᠡᠯᠳᠤ ᠠᠮᠢᠳᠤ ᠪᠣᠳᠠᠰ᠎ᠢ ᠠᠷᠢᠯᠭᠠᠬᠤ ᠠᠵᠢᠯ᠎ᠨᠢ ᠡᠪᠦᠯᠵᠢᠬᠦ ᠦᠶ᠎ᠡ᠎ᠶᠢᠨ ᠬᠥᠨᠥᠭᠡᠯᠲᠡᠶ ᠠᠮᠢᠳᠤ ᠪᠣᠳᠠᠰ᠎ᠢ ᠪᠦᠲᠦᠮᠵᠢᠲᠡᠶ ᠤᠰᠠᠳᠬᠠᠵᠤ ᠴᠢᠳᠠᠨ᠎ᠠ᠃ ᠡᠭᠦᠨ᠎ᠤ ᠤᠯᠠᠮ᠎ᠠᠴᠠ ᠤᠢᠳᠦ ᠣᠷᠣᠨ᠎ᠤ ᠬᠥᠨᠥᠭᠡᠯᠲᠦ ᠬᠤᠷᠣᠬᠠᠶ᠎ᠶᠢᠨ ᠨᠢᠭ᠍ᠲᠠᠴᠠ᠎ᠶᠢ ᠪᠠᠭᠤᠷᠠᠭᠤᠯᠬᠤ ᠵᠣᠷᠢᠯᠭ᠎ᠠ᠎ᠳᠤ ᠬᠦᠷᠦᠭᠰᠡᠨ ᠪᠥᠭᠡᠳ ᠬᠢᠮᠢ᠎ᠶᠢᠨ ᠲᠠᠷᠢᠶᠠᠨ ᠡᠮ᠎ᠤᠨ ᠬᠡᠷᠡᠭᠯᠡᠯᠲᠡ᠎ᠶᠢ ᠪᠠᠭᠠᠰᠬᠠᠵᠤ᠂ ᠠᠮᠢ ᠠᠬᠤᠶ᠎ᠶᠢᠨ ᠣᠷᠴᠢᠨ ᠨᠥᠬᠦᠴᠡᠯ ᠢ ᠬᠠᠮᠠᠭᠠᠯᠠᠬᠤ᠎ᠳᠤ ᠴᠤ᠌ ᠢᠳᠡᠪᠬᠢᠲᠡᠶ ᠦᠢᠯᠡᠳᠦᠯ ᠦᠵᠡᠭᠦᠯᠦᠭᠰᠡᠨ ᠪᠠᠶ᠋ᠢᠨ᠎ᠠ ᠬᠡᠪᠡ᠃
ᠲᠤᠤᠷᠠᠶ᠎ᠶᠢᠨ ᠮᠣᠳᠣᠨ᠎ᠤ ᠬᠤᠷᠤᠬᠠᠢ ᠪᠣᠯ ᠲᠤᠤᠷᠠᠶ᠎ᠶᠢᠨ ᠥᠰᠥᠯᠲᠡ᠎ᠳᠤ ᠬᠠᠮᠤᠭ ᠡᠴᠡ ᠨᠦᠯᠦᠬᠡᠯᠡᠳᠡᠭ ᠭᠤᠤᠯ ᠠᠶᠤᠯ ᠶᠤᠮ᠃ ᠲᠤᠤᠷᠠᠶ᠎ᠶᠢᠨ ᠮᠣᠳᠣᠨ᠎ᠤ ᠬᠤᠷᠤᠬᠠᠢ ᠥᠨᠳᠡᠭᠡᠯᠡᠬᠦ ᠳᠠᠳᠬᠠᠯ᠂ ᠪᠤᠶ᠋ᠢᠵᠢᠯᠲᠠ ᠪᠠ ᠪᠡᠶ᠎ᠡ ᠭᠦᠢᠴᠡᠭᠰᠡᠨ ᠬᠤᠷᠣᠬᠠᠶ᠎ᠶᠢᠨ ᠠᠵᠢᠯᠯᠠᠭ᠎ᠠ ᠵᠡᠷᠭᠡ ᠣᠯᠠᠨ ᠵᠦᠢᠯ᠎ᠤᠨ ᠠᠮᠢᠳᠤ ᠪᠣᠳᠠᠰ᠎ᠤᠨ ᠣᠨᠴᠠᠯᠢᠭ᠋ ᠨᠢ ᠲᠤᠤᠷᠠᠶ᠎ᠶᠢᠨ ᠨᠠᠪᠴᠢ᠎ᠶᠢᠨ ᠬᠡᠪ᠎ᠤᠨ ᠹᠢᠽᠢᠣᠯᠣᠭᠢ᠎ᠶᠢᠨ ᠴᠢᠳᠠᠮᠵᠢ᠎ᠶᠢ ᠨᠥᠯᠥᠭᠡᠯᠡᠬᠦ᠎ᠪᠠᠷ ᠪᠠᠷᠠᠬᠤ ᠥᠬᠡᠶ᠂ ᠪᠠᠰᠠ ᠬᠤᠷᠤᠬᠠᠢ᠎ᠶᠢᠨ ᠨᠢᠰᠦᠯᠲᠡ ᠪᠠ ᠨᠡᠭᠦᠬᠦ ᠶᠠᠪᠤᠴᠠ᠎ᠳᠤ ᠸᠢᠷᠦ᠋ᠰ᠎ᠢ ᠬᠠᠯᠳᠠᠪᠤᠷᠢᠯᠠᠵᠤ᠂ ᠲᠤᠤᠷᠠᠶ᠎ᠶᠢᠨ ᠬᠤᠤᠷ ᠭᠥᠷᠳᠡᠬᠦ ᠬᠡᠮᠵᠢᠶ᠎ᠡ᠎ᠶᠢ ᠤᠯᠠᠮ ᠨᠢᠭᠡ ᠠᠯᠬᠤᠮ ᠨᠡᠮᠡᠭᠳᠡᠬᠦᠯᠦᠨ᠂ ᠲᠤᠤᠷᠠᠢ᠎ᠶᠢᠨ ᠮᠣᠳᠣᠨ᠎ᠤ ᠡᠷᠡᠭᠦᠯ ᠮᠡᠨᠳᠦ ᠵᠢᠴᠢ ᠡᠵᠡᠨ᠎ᠡ᠎ᠶᠢᠨ ᠨᠣᠭᠤᠭᠠᠨ ᠪᠦᠷᠢᠳᠦ᠎ᠶᠢᠨ ᠠᠮᠢ ᠠᠬᠤᠶ᠎ᠶᠢᠨ ᠠᠮᠤᠷ ᠲᠦᠪᠰᠢᠨ᠎ᠢ ᠬᠦᠨᠳᠦ ᠨᠣᠴᠢᠲᠠᠶ ᠨᠦᠯᠦᠭᠡᠯᠡᠳᠡᠭ᠃ ᠡᠨᠡ ᠬᠦ᠌ ᠪᠠᠶ᠋ᠢᠳᠠᠯ᠎ᠳᠤ ᠴᠢᠭᠯᠡᠭᠦᠯᠦᠨ᠂ ᠬᠤᠰᠢᠭᠤᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ 《ᠬᠠᠪᠤᠷ᠎ᠤᠨ ᠤᠯᠠᠷᠢᠯ᠎ᠳᠦ ᠰᠡᠷᠭᠡᠶ᠋ᠢᠯᠡᠬᠦ + ᠹᠢᠽᠢᠺ᠂ ᠡᠮ ᠨᠠᠶ᠋ᠢᠷᠠᠯᠭ᠎ᠠ᠎ᠶᠢ ᠬᠤᠯᠪᠣᠭᠠᠯᠠᠨ ᠰᠡᠷᠭᠡᠶ᠋ᠢᠯᠡᠵᠦ ᠬᠤᠯᠪᠣᠭᠠᠯᠠᠨ ᠵᠠᠰᠠᠬᠤ ᠰᠢᠨᠵᠢᠯᠡᠬᠦ ᠤᠬᠠᠭᠠᠨ᠎ᠤ ᠰᠤᠳᠤᠯᠭᠠᠨ》 ᠵᠡᠷᠭᠡ ᠰᠢᠨᠵᠢᠯᠡᠬᠦ ᠤᠬᠠᠭᠠᠨᠴᠢ᠎ᠪᠡᠷ ᠪᠦᠲᠦᠮᠵᠢᠲᠡᠶ ᠶᠡᠷᠦᠩᠬᠡᠶ᠋ᠢᠯᠡᠨ ᠰᠡᠷᠭᠡᠶ᠋ᠢᠯᠡᠨ ᠵᠠᠰᠠᠬᠤ ᠠᠷᠭ᠎ᠠ ᠬᠡᠮᠵᠢᠶ᠎ᠡ ᠠᠪᠴᠤ᠂ ᠢᠯᠡᠳᠲᠡ ᠦᠷ᠎ᠡ ᠪᠦᠲᠦᠮᠵᠢ ᠣᠯᠤᠭᠰᠠᠨ ᠪᠠᠶ᠋ᠢᠨ᠎ᠠ᠃
ᠡᠵᠡᠨ᠎ᠡ ᠬᠣᠰᠢᠭᠤᠨ᠎ᠤ ᠲᠤᠤᠷᠠᠶ ᠰᠤᠳᠤᠯᠬᠤ ᠭᠠᠵᠠᠷ ᠤ᠋ᠨ ᠳᠡᠭᠡᠳᠦ ᠵᠡᠷᠭᠡ᠎ᠶᠢᠨ ᠢᠨᠵᠧᠨᠧᠷ ᠯᠢ ᠢᠦᠢ ᠴᠦᠨ ᠤ᠋ ᠶᠠᠷᠢᠬᠤ ᠪᠡᠷ᠂ ᠰᠤᠳᠤᠯᠭᠠᠨ᠎ᠤ ᠠᠵᠢᠯᠲᠠᠳ ᠬᠡᠷ ᠳᠣᠲᠣᠷᠠᠬᠢ ᠠᠷᠠᠴᠢᠯᠠᠭ᠎ᠠ᠎ᠶᠢ ᠤᠶᠠᠯᠳᠤᠭᠤᠯᠤᠨ ᠬᠡᠷ᠎ᠦᠨ ᠭᠠᠳᠠᠨᠠᠬᠢ ᠠᠵᠢᠭ᠍ᠯᠠᠯᠲᠠ ᠬᠢᠵᠦ᠂ ᠲᠣᠭᠲᠠᠭᠰᠠᠨ ᠬᠤᠭᠤᠴᠠᠭ᠎ᠠ᠎ᠲᠠᠢ ᠪᠡᠷ ᠠᠮᠢᠳᠤᠯᠢᠭ ᠪᠠᠢᠴᠠᠭᠠᠬᠤ ᠠᠷᠭ᠎ᠠ᠎ᠶᠢ ᠠᠪᠴᠤ᠂ ᠬᠣᠷᠣᠬᠠᠶ᠎ᠶᠢᠨ ᠪᠠᠶ᠋ᠢᠳᠠᠯ᠎ᠢ ᠴᠠᠭ ᠲᠤᠬᠠᠶ᠎ᠳᠤᠨᠢ ᠡᠵᠡᠮᠰᠢᠨ᠂ ᠲᠣᠭ᠎ᠠ ᠪᠠᠷᠢᠮᠲᠠ᠎ᠶᠢᠨ ᠮᠠᠲᠧᠷᠢᠶᠠᠯ᠎ᠢ ᠣᠯᠵᠤ᠂ ᠬᠠᠮᠤᠭ᠎ᠤᠨ ᠰᠠᠶ᠋ᠢᠨ ᠰᠡᠷᠭᠡᠶ᠋ᠢᠯᠡᠨ ᠵᠠᠰᠠᠬᠤ ᠴᠠᠭ ᠬᠤᠭᠤᠴᠠᠭ᠎ᠠ᠎ᠶᠢ ᠲᠣᠭᠲᠠᠭᠠᠨ᠂ ᠰᠡᠷᠭᠡᠶ᠋ᠢᠯᠡᠨ ᠵᠠᠰᠠᠬᠤ ᠡᠮ᠂ ᠨᠠᠢᠷᠠᠯᠭ᠎ᠠ᠎ᠶᠢ ᠰᠢᠯᠢᠳᠡᠭᠵᠢᠬᠦᠯᠡᠨ ᠰᠣᠩᠭᠣᠵᠤ᠂ ᠣᠯᠠᠨ ᠵᠦᠢᠯ᠎ᠦᠨ ᠰᠡᠷᠭᠡᠶ᠋ᠢᠯᠡᠨ ᠡᠵᠡᠮᠳᠡᠬᠦ ᠠᠷᠭ᠎ᠠ ᠬᠡᠮᠵᠢᠶ᠎ᠡ ᠠᠪᠴᠤ᠂ 《ᠣᠨᠣᠪᠴᠢᠲᠠᠶ》᠂ 《ᠲᠦᠷᠭᠡᠨ》᠂ 《ᠬᠦᠴᠦᠲᠡᠶ》 ᠪᠠᠶ᠋ᠢᠬᠤ ᠶᠢ ᠪᠡᠶᠡᠯᠡᠭᠦᠯᠪᠡ ᠬᠡᠵᠡᠢ᠃ ᠡᠢᠨ ᠬᠦ᠌᠂ ᠰᠢᠨᠵᠢᠯᠡᠬᠦ ᠤᠬᠠᠭᠠᠨ᠎ᠤ ᠰᠤᠳᠤᠯᠭᠠᠨ᠎ᠤ ᠤᠳᠤᠷᠢᠳᠤᠮᠵᠢ᠎ᠶᠢᠨ ᠰᠠᠭᠤᠷᠢᠨ ᠳᠡᠭᠡᠷ᠎ᠡ ᠨᠢᠭᠡ ᠴᠤᠭᠴᠠᠵᠢᠭᠤᠯᠤᠭᠰᠠᠨ ᠰᠡᠷᠭᠡᠶ᠋ᠢᠯᠡᠨ ᠡᠵᠡᠮᠳᠡᠬᠦ ᠰᠤᠳᠤᠯᠭᠠᠨ ᠨᠢ ᠬᠠᠩᠭᠠᠮᠵᠢᠲᠠᠢ ᠦᠷ᠎ᠡ ᠪᠦᠲᠦᠮᠵᠢ ᠣᠯᠵᠤ᠂ ᠲᠤᠷᠰᠢᠯᠲᠠ᠎ᠶᠢᠨ ᠣᠷᠣᠨ᠎ᠤ ᠰᠡᠷᠭᠡᠶ᠋ᠢᠯᠡᠨ ᠵᠠᠰᠠᠬᠤ ᠦᠷ᠎ᠡ ᠪᠦᠲᠦᠮᠵᠢ 99%᠎ᠡᠴᠡ ᠳᠡᠭᠡᠭᠰᠢ᠎ᠳᠦ ᠬᠦᠷᠴᠠᠢ᠃

ᠦᠨᠢ ᠤᠷᠤᠰᠢᠬᠤᠢ ᠵᠢᠨ ᠪᠡᠯᠬᠡᠳᠡᠯ ᠪᠤᠯᠤᠭᠰᠠᠨ ᠡᠵᠡᠨ᠎ᠠ ᠳᠤᠤᠷᠡᠢ ᠵᠢᠨ ᠠᠯᠳᠠᠷᠰᠢᠯ
ᠡᠵᠡᠨ᠎ᠠ ᠲᠣᠣᠷᠠᠢ ᠨᠢ ᠡᠵᠡᠨ᠎ᠡ ᠨᠤᠲᠤᠭ᠎ᠤᠨ ᠬᠢᠨ᠎ᠤ ᠲᠡᠦᠬᠡ ᠰᠣᠶᠣᠯ᠎ᠤᠨ ᠳᠦᠷᠦᠳᠡᠰᠦ᠂ ᠶᠣᠰᠣ᠌ ᠵᠠᠩᠰᠢᠯ᠎ᠤᠨ ᠰᠢᠨᠵᠢᠬᠡᠰᠦ᠂ ᠢᠳᠡᠬᠡᠯ ᠰᠡᠳᠬᠢᠯ᠎ᠤᠨ ᠪᠡᠯᠭᠡᠳᠡᠯ᠂ ᠠᠬᠤᠢ ᠠᠮᠢᠳᠤᠷᠠᠯ᠎ᠤᠨ ᠬᠢᠨᠢ ᠲᠦᠰᠢᠭᠯᠡᠯ ᠶᠤᠮ᠃ᠳᠡᠷᠡ ᠨᠢ ᠪᠥᠬᠥ ᠪᠥᠮᠪᠥᠷᠴᠡᠭ᠎ᠦᠨ ᠭᠤᠷᠪᠠᠨ ᠶᠡᠬᠡ ᠪᠠᠢᠭᠠᠯᠢᠯᠢᠭ ᠲᠣᠣᠷᠠᠢ᠎ᠶᠢᠨ ᠣᠶ᠎ᠶᠢᠨ ᠨᠢᠭᠡ᠂ ᠮᠠᠨ᠎ᠤ ᠤᠯᠤᠰ᠎ᠤᠨ ᠲᠣᠣᠷᠠᠢ ᠵᠢᠨ ᠣᠢ ᠵᠢᠨ ᠡᠬᠢ ᠰᠤᠷᠪᠤᠯᠵᠢ ᠵᠢᠨ ᠴᠢᠬᠤᠯᠠ ᠲᠠᠷᠬᠠᠯᠳᠠ ᠵᠢᠨ ᠣᠷᠣᠨ᠂ ᠥᠪᠥᠷ ᠮᠣᠩᠭᠣᠯ᠎ᠤᠨ ᠬᠢᠯᠢ ᠳᠣᠲᠣᠷᠠᠬᠢ ᠬᠠᠮᠤᠭ᠎ᠤᠨ ᠶᠡᠬᠡ ᠲᠣᠣᠷᠠᠢ ᠵᠢᠨ ᠣᠢ ᠪᠤᠯᠬᠤ ᠪᠥᠭᠡᠳ ᠮᠥᠨ ᠴᠦ᠍ ᠡᠵᠡᠨ᠎ᠡ ᠬᠣᠰᠢᠭᠤᠨ᠎ᠤ ᠤᠯᠠᠨ ᠲᠥᠷᠦᠯ᠎ᠤᠨ ᠤᠷᠭᠤᠮᠠᠯᠬᠤᠴᠢᠯᠭᠠ ᠵᠢᠨ ᠭᠣᠣᠯ ᠴᠣᠭᠴᠠ᠂ ᠠᠮᠢ ᠠᠬᠤᠢ ᠵᠢᠨ ᠣᠷᠴᠢᠨ ᠲᠣᠭᠣᠷᠢᠨ᠎ᠤ ᠬᠢᠨᠢ ᠪᠡᠯᠭᠡ ᠲᠡᠮᠳᠡᠭ᠂ ᠲᠣᠣᠷᠠᠢ ᠵᠢᠨ ᠰᠣᠶᠣᠯ ᠢ ᠡᠭᠦᠳᠦᠨ ᠪᠦᠲᠦᠭᠡᠭᠰᠡᠨ ᠰᠠᠭᠤᠷᠢᠯᠡᠯ ᠪᠤᠯᠬᠤ ᠶᠤᠮ᠃
ᠡᠵᠡᠨ᠎ᠡ᠎ᠶᠢᠨ ᠲᠣᠣᠷᠠᠢ᠎ᠶᠢᠨ ᠭᠤᠷᠪᠠᠨ ᠮᠢᠩᠭᠠᠨ ᠵᠢᠯ᠎ᠦᠨ ᠲᠤᠤᠯᠢᠰ ᠨᠢ ᠶᠡᠷᠦ᠎ᠡᠴᠡ ᠪᠠᠢᠭᠠᠯᠢ᠎ᠶᠢᠨ ᠭᠠᠢᠬᠠᠮᠰᠢᠭ᠍ᠲᠤ ᠦᠵᠡᠭᠳᠡᠯ ᠲᠡᠳᠦᠢ ᠪᠢᠰᠢ᠂ ᠨᠡᠩ ᠴᠤ᠌ ᠡᠯᠡᠰᠦᠨ ᠴᠦᠯ ᠪᠣᠯᠣᠨ ᠪᠣᠯᠪᠠᠰᠤᠨ᠎ᠤ ᠬᠤᠭᠤᠷᠤᠨᠳᠤᠬᠢ ᠬᠠᠷᠢᠴᠠᠨᠭᠭᠤᠢ ᠤᠷᠤᠰᠢᠯ ᠬᠡᠮᠡᠨ ᠤᠢᠯᠠᠭᠠᠵᠦ ᠪᠤᠯᠤᠨ᠎ᠠ᠃ᠠᠯᠳᠠᠨ ᠨᠠᠮᠤᠷ᠎ᠤᠨ ᠬᠠᠯᠢᠭᠤᠨ ᠰᠠᠯᠬᠢ ᠬᠠᠷ᠎ᠠ ᠭᠣᠣᠯᠳᠠᠭᠠᠤ ᠳᠠᠭᠠᠯᠠᠨ ᠦᠨᠭᠭᠡᠷᠡᠬᠦ᠎ᠳᠤ᠂ 44 ᠲᠦᠮᠡᠨ ᠮᠦ᠍ ᠠᠯᠳᠠᠨ ᠰᠢᠷᠭᠠᠯ ᠳᠤᠤᠷᠡᠢ ᠵᠢᠨ ᠤᠢ ᠨᠢ ᠡᠬᠡ ᠭᠠᠵᠠᠷ᠎ᠤᠨ ᠦᠵᠡᠰᠬᠦᠯᠡᠩᠲᠦ ᠭᠤᠴᠤ ᠦᠵᠡᠮᠵᠢ ᠪᠤᠯᠤᠨ ᠰᠡᠬᠦᠢᠳᠡᠭ᠃ ᠡᠨᠡᠬᠦ᠌ ᠰᠦᠷᠯᠢᠭ ᠰᠠᠢᠬᠠᠨᠦᠵᠡᠮᠵᠢ ᠵᠢᠨ ᠴᠠᠭᠠᠨ᠎ᠠ ᠠᠮᠢ ᠠᠬᠤᠢ᠎ᠶᠢᠨ ᠬᠠᠮᠠᠭᠠᠯᠠᠯᠲᠠ ᠪᠣᠯᠣᠨ ᠰᠤᠶᠤᠯ ᠵᠢᠭᠤᠯᠴᠢᠯᠡᠯ᠎ᠤᠨ ᠬᠥᠭᠵᠢᠯᠲᠡ᠎ᠶᠢᠨ ᠬᠠᠮᠲᠤ ᠤᠷᠤᠨᠭᠨᠠᠬᠤ ᠤᠶᠤᠨ ᠤᠬᠠᠭᠠᠨ ᠨᠢᠭᠤᠭᠳᠠᠵᠤ ᠪᠤᠢ ᠪᠢᠯᠡ᠃
ᠮᠡᠳᠡᠬᠡᠵᠢ᠂ ᠡᠵᠡᠨ᠎ᠡ ᠬᠤᠰᠢᠭᠤ ᠪᠣᠯ ᠤᠮᠠᠷᠠᠲᠤ᠎ᠶᠢᠨ ᠠᠮᠢ ᠠᠬᠤᠢ᠎ᠶᠢᠨ ᠠᠮᠤᠷ ᠲᠦᠪᠰᠢᠨ᠎ᠦ ᠬᠠᠯᠬᠠᠪᠴᠢ᠎ᠶᠢᠨ ᠴᠢᠬᠤᠯᠡ ᠪᠡᠬᠢᠯᠡᠯᠲᠡ᠃ ᠡᠨᠡ ᠵᠢᠯ 《ᠡᠵᠡᠨ᠎ᠡ᠎ᠶᠢᠨ ᠲᠣᠣᠷᠠᠢ᠎ᠶᠢᠨ ᠤᠢ᠎ᠶᠢ ᠬᠠᠮᠠᠭᠠᠯᠠᠬᠤ ᠶᠡᠷᠦᠩᠬᠡᠢ ᠲᠥᠯᠦᠪᠵᠢᠭᠦᠯᠭᠡ(2026-2035ᠣᠨ)》᠎ᠶ᠋ᠢ ᠬᠡᠷᠡᠭᠵᠢᠭᠦᠯᠵᠦ᠂《ᠭᠤᠷᠪᠠᠨ ᠪᠤᠯᠬᠤ ᠦᠬᠡᠢ》 ᠬᠣᠷᠢᠭ᠎ᠠ ᠱᠤᠭᠤᠮ᠎ᠢᠶᠠᠷ ᠬᠠᠤᠯᠢᠵᠢᠯ᠎ᠤᠨ ᠬᠠᠯᠬᠠᠪᠴᠢ᠎ᠶᠢ ᠪᠡᠬᠢᠵᠢᠭᠦᠯᠵᠦ᠂ ᠠᠮᠢ ᠠᠬᠤᠢ᠎ᠶᠢᠨ ᠤᠰᠤ ᠬᠡᠷᠡᠭᠯᠡᠬᠦ ᠲᠠᠯ᠎ᠠ᠎ᠪᠠᠷ ᠴᠢᠨᠭᠳᠠᠯᠠᠵᠦ᠂ ᠡᠷᠲᠡᠨ᠎ᠦ ᠮᠣᠳᠣ᠌ ᠶᠢ 《ᠨᠢᠭᠡ ᠮᠣᠳᠣ᠌ ᠨᠢᠭᠡ ᠠᠷᠭ᠎ᠠ》 ᠪᠡᠷ ᠰᠡᠷᠭᠦᠭᠡᠨ ᠪᠣᠢᠵᠢᠭᠤᠯᠬᠤ ᠵᠡᠷᠭᠡ ᠨᠠᠷᠢᠯᠢᠭ᠋ ᠣᠨᠣᠪᠴᠢᠲᠠᠢ ᠠᠷᠭ᠎ᠠ ᠬᠡᠮᠵᠢᠶ᠎ᠡ᠎ᠪᠡᠷ ᠲᠣᠣᠷᠠᠢ᠎ᠶᠢᠨ ᠤᠢ᠎ᠶᠢ ᠰᠢᠨᠵᠢᠯᠡᠬᠦ ᠤᠬᠠᠭᠠᠨᠴᠢ᠎ᠪᠠᠷ ᠬᠠᠮᠠᠭᠠᠯᠠᠬᠤ ᠳᠤᠮᠳᠠ ᠳᠠᠬᠢᠨ ᠠᠮᠢᠵᠢᠷᠠᠯ ᠲᠠᠢ ᠪᠣᠯᠭᠠᠵᠦ᠂《ᠬᠥᠮᠥᠨ ᠬᠢᠭᠡᠳ ᠪᠠᠢᠭᠠᠯᠢ ᠡᠶ᠎ᠡ ᠵᠣᠬᠢᠴᠠᠩᠭᠤᠢ᠎ᠪᠠᠷ ᠬᠠᠮᠲᠤ ᠣᠷᠣᠰᠢᠬᠤ》 ᠣᠢᠯᠠᠭᠠᠭᠳᠠᠬᠤᠨ᠎ᠤ ᠠᠮᠢᠳᠤᠯᠢᠭ᠋ ᠦᠢᠯᠡᠳᠦᠯᠭᠡ ᠪᠣᠯᠵᠠᠢ᠃
ᠬᠠᠮᠠᠭᠠᠯᠠᠯᠲᠠ᠎ᠶᠢᠨ ᠡᠴᠦᠰ᠎ᠦᠨ ᠠᠴᠢ ᠬᠣᠯᠪᠣᠭᠳᠠᠯ ᠨᠢ ᠠᠮᠢ ᠠᠬᠤᠢ᠎ᠶᠢᠨ ᠦᠷᠳᠡᠭ᠎ᠢ ᠠᠷᠠᠳ᠎ᠤᠨ ᠠᠮᠢᠳᠤᠷᠠᠯ᠎ᠳᠤ ᠦᠷ᠎ᠠ ᠦᠭᠬᠦᠬᠡᠵᠢ ᠪᠤᠯᠭᠠᠨ ᠬᠦᠷᠳᠡᠬᠡᠬᠦ᠎ᠳᠤ ᠪᠤᠢ᠃ ᠡᠵᠡᠨ᠎ᠡ ᠬᠤᠰᠢᠭᠤ ᠨᠢ 《ᠠᠯᠲᠠᠨ ᠨᠠᠮᠤᠷ᠎ᠤᠨ ᠲᠣᠣᠷᠠᠢ ·ᠰᠣᠶᠣᠯ ᠵᠢᠭᠤᠯᠴᠢᠯᠠᠯ᠎ᠤᠨ ᠨᠠᠢᠷ》᠎ᠢᠶᠠᠷ ᠬᠣᠯᠪᠣᠭᠠᠰᠤ ᠪᠣᠯᠭᠠᠨ᠂ ᠠᠮᠢ ᠠᠬᠤᠢ᠎ᠶᠢᠨ ᠳᠠᠭᠠᠭᠠᠴᠠ ᠪᠠ ᠵᠢᠭᠤᠯᠴᠢᠯᠠᠭ᠍ᠴᠢ᠎ᠶᠢᠨ ᠬᠡᠷᠡᠭᠴᠡᠭᠡ ᠱᠠᠭᠠᠷᠳᠠᠯᠭ᠎ᠠ᠎ᠶᠢ ᠲᠡᠩᠴᠡᠭᠦᠷᠢᠰᠢᠭᠦᠯᠵᠦ᠂ ᠣᠨᠴᠠᠯᠢᠭ᠍ᠲᠤ ᠰᠤᠳᠤᠯᠤᠨ ᠰᠤᠷᠤᠯᠴᠠᠬᠤ ᠵᠠᠮ ᠱᠤᠭᠤᠮ ᠵᠡᠷᠭᠡ ᠡᠵᠡᠩᠨᠡᠯᠲᠡ᠎ᠶᠢᠨ ᠬᠡᠯᠪᠡᠷᠢ ᠪᠠᠢᠳᠠᠯ᠎ᠢ ᠪᠣᠶ ᠪᠣᠯᠭᠠᠵᠤ᠂ ᠮᠠᠯᠴᠢᠨ ᠲᠠᠷᠢᠶᠠᠴᠢᠨ᠎ᠳᠤ ᠵᠢᠭᠤᠯᠴᠢᠯᠠᠯ᠎ᠤᠨ ᠠᠰᠢᠭ᠋ ᠢ ᠬᠠᠮᠲᠤ᠎ᠪᠠᠷ ᠡᠳ᠋ᠯᠡᠭᠦᠯᠵᠦ ᠢᠷᠡᠪᠡ᠃ ᠡᠵᠡᠨ᠎ᠠ ᠬᠤᠰᠢᠭᠤᠨ᠎ᠤ 2025 ᠤᠨ᠎ᠤ ᠵᠢᠭᠤᠯᠴᠢᠯᠡᠯ᠎ᠤᠨ ᠣᠷᠣᠯᠭ᠎ᠠ 20ᠳ᠋ᠦᠨᠭᠰᠢᠭᠤᠷ᠂ ᠵᠢᠭᠤᠯᠴᠢᠯᠠᠭᠰᠠᠳ᠎ᠤᠨ ᠳᠤᠭ᠎ᠠ 428ᠳᠦᠮᠡᠨ ᠬᠦᠮᠦᠨ ᠤᠳᠠᠭᠠᠳᠤᠬᠦᠷᠦᠭᠰᠡᠨ ᠠᠮᠵᠢᠯᠳᠡ ᠨᠢ 《ᠠᠮᠢ ᠠᠬᠤᠢ + ᠰᠣᠶᠣᠯ ᠵᠢᠭᠤᠯᠴᠢᠯᠠᠯ》᠎ᠤᠨ ᠰᠠᠢᠨ ᠣᠷᠴᠢᠯ᠎ᠤᠨ ᠬᠡᠷᠡᠴᠢᠯᠡᠯ ᠪᠤᠯᠤᠭᠰᠠᠨ ᠪᠢᠯᠡ᠃
ᠠᠯᠳᠠᠨ ᠲᠣᠣᠷᠠᠢ᠎ᠶᠢᠨ ᠬᠠᠳᠠᠨ ᠴᠢᠨᠠᠷ ᠨᠢ ᠠᠯᠢ ᠡᠷᠲᠡ ᠡᠵᠡᠨ᠎ᠠ ᠳᠦᠮᠡᠨ᠎ᠤ ᠵᠣᠷᠢᠭ᠋ ᠰᠠᠨᠠᠭᠠᠨ᠎ᠤ ᠬᠦᠨ ᠳᠤᠯᠳᠤ᠎ᠳᠤ ᠠᠭᠤᠰᠴᠠᠢ᠃ ᠳᠤᠤᠷᠡᠢ ᠵᠢᠨ ᠠᠯᠲᠠᠨ ᠨᠠᠪᠴᠢ ᠵᠤᠯᠭᠠᠷᠠᠳᠠᠭ ᠬᠡᠳᠦᠢ ᠴᠤ᠌ ᠳᠠᠷᠡ ᠨᠢ ᠲᠡᠭᠦᠰᠬᠡᠯ ᠪᠢᠰᠢ᠂ ᠬᠠᠷᠢᠨ ᠴᠤ᠌ ᠬᠦᠮᠦᠨ᠎ᠤ ᠰᠡᠳᠬᠢᠯ᠎ᠳᠤ ᠴᠡᠴᠡᠭᠯᠡᠬᠦ ᠠᠮᠢ ᠨᠠᠰᠤᠨ᠎ᠤ ᠬᠢᠨᠢ ᠦᠷᠭᠦᠯᠵᠢᠯᠡᠯ ᠶᠤᠮ᠃ ᠪᠢᠳᠡ ᠦᠨᠢ ᠤᠷᠤᠰᠢᠬᠤᠢ ᠵᠢᠨ ᠪᠡᠯᠬᠡᠳᠡᠯ ᠪᠤᠯᠤᠭᠰᠠᠨ ᠡᠪᠦᠬᠡᠨ ᠳᠤᠤᠷᠡᠢ ᠵᠢ ᠳᠠᠭᠤᠯᠠᠨ ᠪᠠᠬᠠᠳᠤᠵᠦ᠂ ᠠᠯᠳᠠᠨ ᠳᠤᠤᠷᠡᠢ ᠵᠢᠨ ᠡᠵᠡᠨ ᠪᠤᠯᠤᠭᠰᠠᠨ ᠡᠵᠡᠨ᠎ᠠ ᠳᠦᠮᠡᠨ᠎ᠢ ᠮᠠᠭᠳᠠᠨ ᠪᠢᠰᠢᠷᠡᠭᠰᠡᠬᠡᠷ ᠪᠠᠢᠬᠤ ᠪᠤᠯᠤᠨ᠎ᠠ᠃
(ᠳᠤᠰ ᠨᠢᠭᠤᠷ᠎ᠤᠨ ᠬᠡᠷᠡᠯ ᠵᠢᠷᠤᠭ᠎ᠢ ᠡᠵᠡᠨ᠎ᠠ ᠬᠤᠰᠢᠭᠤᠨ᠎ᠤ ᠬᠠᠮ ᠵᠠᠭᠤᠴᠢᠯᠠᠭᠤᠷ ᠤᠨ ᠳᠦᠪ ᠡᠴᠡ ᠬᠠᠨᠭᠭᠠᠪᠠ)