— ᠥᠪᠡᠷᠲᠡᠭᠡᠨ ᠵᠠᠰᠠᠬᠤ ᠣᠷᠣᠨ᠎ᠤ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠲᠢᠩᠬᠢᠮ᠎ᠦᠨ ᠨᠠᠮ᠎ᠤᠨ ᠤᠳᠤᠷᠢᠳᠭᠤ ᠳᠤᠭᠤᠢᠯᠠᠩ᠎ᠤᠨ ᠱᠦᠵᠢ᠂ ᠲᠢᠩᠬᠢᠮ᠎ᠦᠨ ᠳᠠᠷᠤᠭ᠎ᠠ ᠵᠠᠩ ᠸᠸᠨ ᠲᠤᠤ᠎ᠶ᠋ᠢ ᠰᠤᠷᠪᠤᠯᠵᠢᠯᠠᠭ᠍ᠰᠠᠨ ᠨᠢ
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠠᠷᠪᠠᠨ ᠨᠢᠭᠡᠳᠦᠭᠡᠷ ᠬᠤᠭᠤᠴᠠᠭᠠᠨ ᠤ ᠠᠷᠪᠠᠳᠤᠭᠠᠷ ᠤᠳᠠᠭ᠎ᠠ ᠵᠢᠨ ᠪᠦᠬᠦᠳᠡ ᠬᠤᠷᠠᠯ᠎ᠡᠴᠡ ᠬᠢᠨᠠᠨ ᠵᠥᠪᠯᠡᠵᠦ᠍ ᠪᠠᠲᠤᠯᠠᠭ᠍ᠰᠠᠨ 《ᠤᠯᠤᠰ ᠠᠷᠠᠳ᠎ᠤᠨ ᠠᠵᠤ ᠠᠬᠤᠢ ᠪᠠ ᠨᠡᠢᠭᠡᠮ᠎ᠦᠨ ᠬᠥᠭ᠌ᠵᠢᠯᠲᠡ᠎ᠶ᠋ᠢᠨ ᠠᠷᠪᠠᠨ ᠲᠠᠪᠤᠳᠤᠭᠠᠷ ᠲᠠᠪᠤᠨ ᠵᠢᠯ᠎ᠦᠨ ᠲᠥᠯᠥᠪᠵᠢᠭᠦᠯᠭᠡ᠎ᠶ᠋ᠢ ᠲᠣᠭ᠍ᠲᠠᠭᠠᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠰᠠᠨᠠᠭᠤᠯᠭ᠎ᠠ》 ᠨᠢ ᠥᠨᠳᠥᠷ ᠲᠦᠪᠱᠢᠨ᠎ᠪᠦᠬᠦᠢ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠪᠡᠶ᠎ᠡ᠎ᠪᠡᠨ ᠳᠠᠭᠠᠭᠠᠵᠤ ᠬᠦᠴᠦᠷᠬᠡᠭ᠌ᠵᠢᠬᠦ᠌᠎ᠶ᠋ᠢ ᠲᠦᠷᠭᠡᠳᠭᠡᠬᠦ᠌᠂ ᠭᠠᠵᠠᠷ ᠣᠷᠣᠨ᠎ᠤ ᠪᠠᠢᠳᠠᠯ᠎ᠳᠠᠭᠠᠨ ᠲᠤᠬᠢᠷᠠᠭᠤᠯᠤᠨ ᠱᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ ᠢ ᠬᠥᠭ᠌ᠵᠢᠭᠦᠯᠬᠦ᠌ᠲᠤᠬᠠᠢ ᠲᠤᠰᠭᠠᠢ ᠪᠦᠯᠦᠭ᠌᠎ᠢᠶᠡᠷ ᠪᠠᠢᠷᠢᠯᠠᠭᠤᠯᠤᠯᠲᠠ ᠬᠢᠵᠦ᠍᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠦᠨ ᠱᠢᠨ᠎ᠡ ᠡᠭᠦᠳᠬᠦ ᠵᠢᠨ ᠱᠢᠨ᠎ᠡ ᠴᠢᠨᠠᠷ᠎ᠤᠨ ᠦᠢᠯᠡᠳᠪᠦᠷᠢᠯᠡᠯ ᠦᠨ ᠬᠦᠴᠦᠨ᠎ᠦ ᠬᠥᠭ᠌ᠵᠢᠯᠲᠡ ᠶ᠋ᠢ ᠬᠦᠳᠦᠯᠥᠨ ᠳᠠᠭᠠᠭᠤᠯᠬᠤ᠂ ᠣᠳᠣᠬᠢᠴᠢᠯᠠᠭ᠍ᠰᠠᠨ ᠠᠵᠤ ᠦᠢᠯᠡᠰ᠎ᠦᠨ ᠱᠢᠰᠲ᠋ᠧᠮ᠎ᠢ ᠪᠠᠢᠭᠤᠯᠬᠤ᠎ᠳᠤ ᠦᠵᠡᠭᠦᠯᠬᠦ᠌ ᠴᠢᠬᠤᠯᠠ ᠦᠢᠯᠡᠳᠦᠯ ᠢ ᠲᠤᠪᠤᠢ᠌ᠯᠭᠠᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠠᠷᠪᠠᠨ ᠨᠢᠭᠡᠳᠦᠭᠡᠷ ᠬᠤᠭᠤᠴᠠᠭᠠᠨ᠎ᠤ ᠠᠷᠪᠠᠨ ᠨᠢᠭᠡᠳᠦᠭᠡᠷ ᠤᠳᠠᠭ᠎ᠠ ᠵᠢᠨ ᠪᠥᠬᠥᠳᠡ ᠬᠤᠷᠠᠯ ᠵᠢᠴᠢ ᠪᠥᠬᠥ᠌ ᠣᠷᠣᠨ᠎ᠤ ᠠᠵᠤ ᠠᠬᠤᠶ᠎ᠶ᠋ᠢᠨ ᠠᠵᠢᠯ᠎ᠤᠨ ᠬᠤᠷᠠᠯ ᠱᠢᠨ᠎ᠡ ᠭᠠᠷᠤᠭ᠎ᠠ᠎ᠳᠤ ᠰᠠᠭᠤᠷᠢᠯᠠᠵᠤ᠂ ᠱᠢᠨ᠎ᠡ ᠵᠢᠷᠤᠭ ᠲᠥᠰᠦᠪ᠎ᠢ ᠵᠢᠷᠤᠭ᠍ᠯᠠᠵᠤ᠂ ᠥᠪᠥᠷ ᠮᠣᠩᠭᠣᠯ᠎ᠤᠨ ᠬᠥᠭ᠌ᠵᠢᠯᠲᠡ᠎ᠳᠦ ᠭᠤᠤᠯ ᠱᠢᠪᠲᠤᠯᠤᠯᠲᠠ᠎ᠶ᠋ᠢᠨ ᠴᠢᠭ᠌ᠯᠡᠯ᠎ᠢ ᠲᠣᠳᠣᠷᠬᠠᠢᠯᠠᠵᠤ᠂ ᠦᠶ᠋ᠯᠡᠳᠦᠯᠭᠡ᠎ᠶ᠋ᠢᠨ ᠠᠷᠭ᠎ᠠ ᠵᠠᠮ ᠢ ᠵᠢᠭᠠᠵᠤ ᠥᠭ᠌ᠴᠡᠶ᠃ ᠬᠣᠶᠠᠷ ᠤᠳᠠᠭ᠎ᠠ᠎ᠶ᠋ᠢᠨ ᠪᠥᠬᠥᠳᠡ ᠬᠤᠷᠠᠯ᠎ᠤᠨ ᠵᠣᠷᠢᠭ ᠰᠠᠨᠠᠭ᠎ᠠ ᠶ᠋ᠢ ᠬᠡᠷᠬᠢᠨ ᠰᠠᠢᠲᠤᠷ ᠲᠤᠭᠤᠱᠢᠯᠠᠭᠤᠯᠤᠨ ᠨᠠᠢᠳᠠᠪᠤᠷᠢᠵᠢᠭᠤᠯᠬᠤ ᠲᠤᠬᠠᠶ ᠰᠤᠷᠪᠤᠯᠵᠢᠯᠠᠭ᠍ᠴᠢ ᠥᠪᠡᠷᠲᠡᠭᠡᠨ ᠵᠠᠰᠠᠬᠤ ᠣᠷᠣᠨ᠎ᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠲᠢᠩᠬᠢᠮ᠎ᠦᠨ ᠨᠠᠮ᠎ᠤᠨ ᠤᠳᠤᠷᠢᠳᠭᠤ ᠳᠤᠭᠤᠢᠯᠠᠩ᠎ᠤᠨ ᠱᠦᠵᠢ᠂ ᠲᠢᠩᠬᠢᠮ᠎ᠦᠨ ᠳᠠᠷᠤᠭ᠎ᠠ ᠵᠠᠩ ᠸᠧᠨ ᠲᠤᠤ᠎ᠶ᠋ᠢ ᠰᠤᠷᠪᠤᠯᠵᠢᠯᠠᠪᠠ᠃
ᠶᠡᠬᠡ ᠶᠤᠰᠤ᠎ᠶ᠋ᠢ ᠶᠠᠪᠤᠭᠤᠯᠬᠤ ᠪᠤᠯ ᠲᠤᠢ᠌ᠯ᠎ᠤᠨ ᠲᠦᠭᠦᠮ᠂ ᠪᠣᠳᠠᠲᠠᠢ ᠠᠵᠢᠯᠯᠠᠬᠤ ᠪᠤᠯ ᠲᠤᠢᠯ᠎ᠤᠨ ᠴᠢᠬᠤᠯᠠ ᠶᠤᠮ᠃ ᠵᠠᠩ ᠸᠸᠨ ᠲᠤᠤ᠂ 2026 ᠣᠨ ᠵᠢᠴᠢ ᠠᠷᠪᠠᠨ ᠲᠠᠪᠤᠳᠤᠭᠠᠷ ᠲᠠᠪᠤᠨ ᠵᠢᠯ᠎ᠦᠨ ᠲᠥᠯᠥᠪᠵᠢᠭᠦᠯᠭᠡ ᠶ᠋ᠢᠨ ᠬᠤᠭᠤᠴᠠᠭ᠎ᠠ ᠳ᠋ᠤ ᠥᠪᠡᠷᠲᠡᠭᠡᠨ ᠵᠠᠰᠠᠬᠤ ᠣᠷᠣᠨ᠎ᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠦᠨ ᠲᠢᠩᠬᠢᠮ ᠪᠥᠬᠥᠳᠡ ᠬᠤᠷᠠᠯ᠎ᠤᠨ ᠪᠠᠢᠷᠢᠯᠠᠭᠤᠯᠤᠯᠲᠠ ᠱᠠᠭᠠᠷᠳᠠᠯᠭ᠎ᠠ᠎ᠶ᠋ᠢ ᠡᠷᠡᠰ ᠰᠠᠢᠲᠤᠷ ᠲᠤᠭᠤᠱᠢᠯᠠᠭᠤᠯᠤᠨ ᠨᠠᠢᠳᠠᠪᠤᠷᠢᠵᠢᠭᠤᠯᠵᠦ᠂ 《ᠬᠥᠭ᠌ᠵᠢᠭᠡᠳᠦᠶ ᠭᠠᠵᠠᠷ ᠣᠷᠣᠨ ᠤᠯᠠᠮ ᠢᠯᠡᠭᠦᠦ ᠱᠢᠨ᠎ᠡ᠎ᠶ᠋ᠢ ᠡᠭᠦᠳᠬᠦ᠌᠎ᠪᠡᠷ ᠬᠥᠭ᠌ᠵᠢᠯᠲᠡ᠎ᠶ᠋ᠢᠨ ᠬᠥᠳᠡᠯᠭᠡᠭᠦᠷ ᠪᠣᠯᠭᠠᠬᠤ ᠪᠠᠢᠯᠳᠤᠬᠤ ᠪᠣᠳᠣᠯᠭ᠎ᠠ᠎ᠶ᠋ᠢ ᠬᠡᠷᠡᠭ᠌ᠵᠢᠭᠦᠯᠬᠦ᠌ ᠴᠢᠬᠤᠯᠠᠲᠠᠶ》 ᠭᠡᠬᠦ᠌ ᠣᠢᠯᠠᠭᠠᠭ᠍ᠳᠠᠬᠤᠨ᠎ᠢ ᠪᠠᠲᠤ ᠪᠣᠶ ᠪᠣᠯᠭᠠᠵᠤ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠤ᠋ᠨ ᠬᠦᠴᠦᠷᠬᠡᠭ ᠣᠷᠣᠨ᠎ᠢ ᠲᠦᠷᠭᠡᠳᠭᠡᠨ ᠪᠠᠢᠭᠤᠯᠵᠤ᠂ 《ᠰᠠᠭᠤᠷᠢ ᠰᠤᠳᠤᠯᠭᠠᠨ + ᠮᠡᠷᠭᠡᠵᠢᠯ᠎ᠦᠨ ᠪᠣᠭᠣᠮᠲᠠ ᠱᠢᠪᠲᠤᠯᠤᠯᠲᠠ + ᠦᠷ᠎ᠡ ᠪᠦᠲᠦᠭᠡᠯ᠎ᠦᠨ ᠬᠤᠪᠢᠷᠠᠭᠤᠯᠤᠯᠲᠠ + ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠤᠨ ᠮᠥᠩᠭᠥᠨ ᠭᠦᠶ᠋ᠯᠭᠡᠭᠡ + ᠴᠢᠳᠠᠪᠤᠷᠢᠲᠠᠨ᠎ᠤ ᠲᠤᠯᠭᠠᠭᠤᠷᠢᠯᠠᠯ》 ᠤ᠋ᠨ ᠪᠥᠬᠥ᠌ ᠶᠠᠪᠤᠴᠠ᠎ᠶ᠋ᠢᠨ ᠱᠢᠨ᠎ᠡ᠎ᠶ᠋ᠢ ᠡᠭᠦᠳᠬᠦ᠌ ᠬᠡᠯᠬᠢᠶ᠎ᠡ᠎ᠶ᠋ᠢ ᠢᠳᠡᠪᠬᠢᠲᠡᠶ ᠪᠠᠢᠭᠤᠯᠵᠤ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠂ ᠠᠵᠤ ᠦᠢᠯᠡᠰ᠎ᠦᠨ ᠱᠢᠨ᠎ᠡ᠎ᠶ᠋ᠢ ᠡᠭᠦᠳᠬᠦ᠌ ᠪᠠ ᠪᠠᠢᠭᠤᠯᠤᠯ ᠲᠣᠭ᠍ᠲᠠᠴᠠ᠎ᠶ᠋ᠢᠨ ᠱᠢᠨ᠎ᠡ᠎ᠶ᠋ᠢ ᠡᠭᠦᠳᠬᠦ᠎ᠶ᠋ᠢ ᠱᠢᠰᠲ᠋ᠧᠮ᠎ᠲᠡᠶ ᠠᠬᠢᠭᠤᠯᠵᠤ᠂ ᠠᠮᠢ ᠠᠬᠤᠶ ᠣᠷᠴᠢᠨ ᠲᠣᠭᠣᠷᠢᠨ᠎ᠤ ᠬᠠᠮᠠᠭᠠᠯᠠᠯᠲᠠ᠂ ᠡᠨᠧᠷᠭᠢ ᠡᠬᠢ ᠪᠠᠶᠠᠯᠢᠭ᠎ᠤᠨ ᠪᠣᠬᠢᠷᠲᠤᠯ ᠦᠭᠡᠢ ᠬᠥᠭ᠌ᠵᠢᠯᠲᠡ᠂ ᠪᠣᠬᠢᠷᠲᠤᠯ ᠦᠭᠡᠢ ᠮᠠᠯ ᠤᠨ ᠠᠱᠢᠭ ᠱᠢᠮ᠎ᠡ᠎ᠲᠠᠷᠢᠶᠠᠯᠠᠩ᠎ᠤᠨ ᠪᠦᠲᠦᠭᠡᠭ᠌ᠳᠡᠬᠦᠨ᠎ᠤ ᠦᠶ᠋ᠯᠡᠳᠪᠦᠷᠢᠯᠡᠯ᠎ᠦᠨ ᠭᠤᠷᠪᠠᠨ ᠶᠡᠬᠡ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠦᠨ ᠱᠢᠨ᠎ᠡ᠎ᠶ᠋ᠢ ᠡᠭᠦᠳᠬᠦ᠌ ᠵᠢᠱ᠌ᠢᠶ᠎ᠡ ᠦᠵᠡᠭᠦᠯᠬᠦ᠌ ᠥᠨᠳᠥᠷᠯᠢᠭ ᠢ᠋ ᠪᠥᠬᠥ᠌ ᠬᠦᠴᠦᠨ᠎ᠢᠶᠡᠷ᠎ᠢᠶᠡᠨ ᠴᠣᠭ᠍ᠴᠠᠯᠠᠵᠤ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢᠨ ᠰᠠᠢ᠌ᠨ ᠡᠬᠢᠯᠡᠯᠲᠡ᠎ᠶ᠋ᠢ ᠦᠨᠡᠨ ᠬᠦ᠌ ᠪᠠᠲᠤᠯᠠᠵᠤ᠂ ᠰᠠᠢᠳᠤᠷ ᠡᠬᠢᠯᠡᠭᠦᠯᠵᠦ᠂ ᠥᠪᠥᠷ ᠮᠣᠩᠭᠣᠯ᠎ᠤᠨ ᠴᠢᠨᠠᠷ ᠰᠠᠢᠲᠠᠶ ᠬᠥᠭ᠌ᠵᠢᠯᠲᠡ᠎ᠶ᠋ᠢᠨ ᠲᠥᠯᠥᠭᠡ ᠱᠢᠨ᠎ᠡ ᠵᠠᠮ ᠨᠡᠭᠡᠭᠡᠬᠦ᠌᠎ᠶ᠋ᠢ ᠲᠦᠷᠭᠡᠳᠭᠡᠵᠦ᠍ ᠪᠠᠲᠤ ᠪᠡᠬᠢ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠲᠤᠯᠭᠠᠭᠤᠷᠢᠯᠠᠯ ᠬᠠᠩᠭᠠᠨ᠎ᠠ ᠭᠡᠵᠦ ᠬᠡᠯᠡᠪᠡ᠃
ᠨᠢᠭᠡ᠎ᠳᠦ᠂ ᠵᠠᠩᠭᠢᠯᠠᠭ᠎ᠠ᠎ᠶ᠋ᠢᠨ ᠮᠡᠷᠭᠡᠵᠢᠯ᠎ᠦᠨ ᠪᠤᠭᠤᠮᠳᠠ ᠰᠢᠪᠳᠤᠯᠬᠤ᠎ᠶ᠋ᠢ ᠬᠦᠴᠦᠯᠡᠨ ᠴᠢᠩᠭᠠᠳᠭᠠᠵᠤ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠥᠨᠳᠥᠷ ᠪᠦᠲᠦᠮᠵᠢᠲᠡᠢ ᠬᠠᠩᠭᠠᠯᠭ᠎ᠠ᠎ᠶ᠋ᠢ ᠨᠡᠮᠡᠭ᠌ᠳᠡᠭᠦᠯᠦᠨ᠎ᠡ᠃ ᠬᠢᠬᠦ ᠵᠤᠬᠢᠰᠳᠠᠢ ᠪᠠᠨ ᠬᠢᠵᠦ ᠬᠢᠬᠦ ᠵᠤᠬᠢᠰ ᠦᠭᠡᠢ ᠪᠠᠨ ᠥᠯᠥ᠍ ᠬᠢᠬᠦ᠌᠎ᠶ᠋ᠢ ᠪᠠᠷᠢᠮᠲᠠᠯᠠᠵᠤ᠂ ᠦᠷ᠎ᠡ᠎ᠶ᠋ᠢᠨ ᠦᠶ᠋ᠯᠡᠰ᠂ ᠰᠦ ᠶ᠋ᠢᠨ ᠦᠶ᠋ᠯᠡᠰ᠂ ᠪᠣᠬᠢᠷᠲᠤᠯ ᠥᠬᠡᠶ ᠳᠠᠷᠢᠵᠤ ᠲᠡᠵᠢᠭᠡᠬᠦ᠌᠂ ᠬᠣᠪᠣᠷ ᠱᠢᠷᠣᠶ᠂ ᠱᠢᠨ᠎ᠡ ᠬᠡᠯᠪᠡᠷᠢ᠎ᠶ᠋ᠢᠨ ᠨᠥᠭᠡᠴᠡ ᠡᠨᠧᠷᠭᠢ᠂ ᠡᠨᠧᠷᠭᠢ᠎ᠶ᠋ᠢᠨ ᠲᠣᠨᠣᠭ᠍ᠯᠠᠯ᠂ ᠮᠠᠯ ᠠᠵᠤ ᠠᠬᠤᠶ ᠲᠠᠷᠢᠶᠠᠯᠠᠩ᠎ᠤᠨ ᠮᠠᠱᠢᠨ ᠮᠧᠬᠠᠨᠢᠭ᠂ ᠨᠡᠭᠦᠷᠡᠰᠦ ᠬᠢᠮᠢ᠎ᠶ᠋ᠢᠨ ᠠᠵᠤ ᠦᠶ᠋ᠯᠡᠳᠪᠦᠷᠢ᠂ ᠨᠡᠭᠦᠷᠡᠰᠦ ᠶ᠋ᠢ ᠠᠷᠢᠭᠤᠨ ᠴᠡᠪᠡᠷ ᠥᠨᠳᠥᠷ ᠪᠦᠲᠦᠮᠵᠢᠲᠡᠶ᠎ᠪᠡᠷ ᠠᠱᠢᠭ᠍ᠯᠠᠬᠤ ᠵᠡᠷᠭᠡ ᠳᠠᠪᠠᠭᠤᠯᠢᠭ ᠣᠨᠴᠠᠯᠢᠭ᠍ᠲᠤ ᠬᠦᠷᠢᠶ᠎ᠡ ᠴᠠᠷᠠᠭ᠎ᠠ᠎ᠶ᠋ᠢ ᠪᠡᠬᠢᠵᠢᠭᠦᠯᠦᠨ ᠲᠠᠰ ᠳᠡᠪᠱᠢᠭᠦᠯᠬᠦ᠌᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠰᠠᠭᠤᠷᠢ ᠤᠷ᠎ᠠ ᠮᠡᠷᠭᠡᠰᠢᠯ᠂ ᠰᠠᠭᠤᠷᠢ ᠲᠣᠨᠣᠭ᠂ ᠪᠣᠬᠢᠷᠲᠤᠯ ᠥᠬᠡᠶ ᠦᠶ᠋ᠯᠡᠳᠭᠡᠯ᠂ ᠱᠢᠨ᠎ᠡ ᠦᠶ᠋ᠯᠡᠳᠬᠦᠨ᠎ᠢ ᠰᠤᠳᠤᠯᠤᠨ ᠨᠡᠭᠡᠭᠡᠬᠦ᠌᠂ ᠠᠮᠤ ᠪᠤᠳᠠᠭᠠᠨ᠎ᠤ ᠡᠯᠪᠡᠭ ᠬᠤᠷᠢᠶᠠᠯᠲᠠ᠂ ᠥᠨᠳᠥᠷ ᠪᠦᠲᠦᠮᠵᠢᠲᠡᠶ ᠲᠡᠵᠢᠭᠡᠨ ᠦᠷᠡᠵᠢᠭᠦᠯᠬᠦ᠌ ᠵᠡᠷᠭᠡ ᠵᠠᠩᠭᠢᠯᠠᠭ᠎ᠠ᠎ᠶ᠋ᠢᠨ ᠮᠡᠷᠭᠡᠵᠢᠯ᠎ᠦᠨ ᠪᠣᠭᠣᠮᠲᠠ ᠱᠢᠪᠲᠤᠯᠬᠤ᠎ᠶ᠋ᠢ ᠥᠷᠨᠢᠭᠦᠯᠵᠦ᠍᠂ ᠠᠵᠤ ᠦᠶ᠋ᠯᠡᠰ᠎ᠦᠨ ᠬᠡᠯᠬᠢᠶ᠎ᠡ᠎ᠶ᠋ᠢ ᠲᠠᠰᠤᠷᠠᠯᠲᠠ ᠥᠬᠡᠶ ᠤᠷᠲᠤᠳᠭᠠᠵᠤ᠂ ᠥᠷᠲᠡᠭ᠎ᠦᠨ ᠬᠡᠯᠬᠢᠶ᠎ᠡ᠎ᠶ᠋ᠢ ᠳᠡᠭᠡᠭ᠌ᠰᠢᠯᠡᠭᠦᠯᠦᠨ᠎ᠡ᠃ ᠠᠮᠢᠳᠤ ᠪᠣᠳᠠᠰ ᠤ᠋ᠨ ᠦᠢᠯᠡᠳᠭᠡᠯ᠂ ᠤᠢᠷ᠎ᠠ ᠣᠭ᠍ᠲᠠᠷᠭᠤᠢ᠎ᠶ᠋ᠢᠨ ᠠᠵᠤ ᠠᠬᠤᠢ᠂ ᠪᠣᠬᠢᠷᠲᠤᠯ ᠦᠭᠡᠢ ᠪᠤᠳᠤᠯᠳᠠ ᠵᠢᠨ ᠬᠦᠴᠦᠨ᠂ ᠲᠣᠭᠠᠴᠢᠯᠠᠭ᠍ᠰᠠᠨ ᠠᠵᠤ ᠠᠬᠤᠢ ᠵᠡᠷᠭᠡ ᠱᠢᠨ᠎ᠡ᠎ᠪᠡᠷ ᠮᠠᠨᠳᠤᠭ᠍ᠰᠠᠨ ᠠᠵᠤ ᠦᠢᠯᠡᠰ ᠪᠣᠯᠤᠨ ᠢᠷᠡᠭᠡᠳᠦᠢ᠎ᠶ᠋ᠢᠨ ᠠᠵᠤ ᠦᠢᠯᠡᠰ᠎ᠢ ᠪᠣᠢᠵᠢᠭᠤᠯᠤᠨ ᠪᠤᠵᠠᠭᠠᠢᠷᠠᠭᠤᠯᠬᠤ᠎ᠶ᠋ᠢᠨ ᠲᠣᠭᠣᠷᠢᠨ᠎ᠳᠤ ᠤᠰᠤᠲᠥ᠋ᠷᠥᠭ᠌ᠴᠢ ᠡᠨᠧᠷᠭᠢ᠂ ᠨᠡᠭᠦᠷᠡᠰᠦᠲᠥ᠋ᠷᠥᠭ᠌ᠴᠢ᠎ᠶ᠋ᠢᠨ ᠰᠠᠭᠤᠷᠢ ᠮᠠᠲ᠋ᠧᠷᠢᠶᠠᠯ᠂ ᠲᠤᠮᠤ ᠮᠣᠯᠧᠺᠦ᠋ᠯ᠎ᠦᠨ ᠨᠡᠢᠯᠡᠮᠡᠯ ᠮᠠᠲ᠋ᠧᠷᠢᠶᠠᠯ᠂ ᠶᠡᠬᠡ ᠲᠠᠷᠢᠬᠢ ᠪᠤᠯᠤᠨ ᠭᠠᠳᠠᠭᠠᠳᠤ ᠲᠤᠨᠤᠭᠯᠠᠯ ᠤ᠋ᠨ ᠬᠤᠯᠪᠤᠯᠳᠤᠯ᠂ ᠬᠤᠳᠠᠯᠳᠤᠭᠠᠨ᠎ᠤ ᠰᠠᠨᠰᠠᠷ᠎ᠤᠨ ᠠᠶᠠᠯᠠᠯ᠂ 《ᠵᠣᠬᠢᠶᠠᠮᠠᠯ ᠤᠶᠤᠨ ᠴᠢᠳᠠᠪᠤᠷᠢ +》 ᠵᠡᠷᠭᠡ ᠴᠢᠭ᠌ᠯᠡᠯ᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠨᠢᠭᠡ ᠪᠦᠯᠦᠭ ᠵᠠᠩᠭᠢᠯᠠᠭ᠎ᠠ᠎ᠶ᠋ᠢᠨ ᠭᠣᠣᠯᠯᠠᠭ᠍ᠴᠢ ᠮᠡᠷᠭᠡᠵᠢᠯ᠎ᠢ ᠬᠦᠴᠦᠯᠡᠨ ᠱᠢᠪᠲᠤᠯᠵᠤ᠂ ᠨᠡᠩ ᠤᠯᠠᠨ ᠪᠡᠯᠭᠡ ᠳᠡᠮᠳᠡᠭ᠎ᠦᠨ ᠴᠢᠨᠠᠷᠲᠠᠢ ᠤᠤᠭᠠᠯ ᠡᠭᠦᠳᠦᠯᠲᠡ᠎ᠶ᠋ᠢᠨ ᠦᠷ᠎ᠡ ᠪᠦᠲᠦᠭᠡᠯ ᠭᠠᠷᠭᠠᠵᠤ᠂ ᠠᠵᠤ ᠦᠢᠯᠡᠰ᠎ᠦᠨ ᠲᠥᠪᠯᠡᠷᠡᠯ᠎ᠢ ᠠᠬᠢᠭᠤᠯᠵᠤ᠂ ᠠᠵᠤ ᠦᠢᠯᠡᠰ᠎ᠦᠨ ᠬᠡᠪᠴᠢᠶ᠎ᠡ ᠶ᠋ᠢ ᠪᠤᠵᠠᠭᠠᠢᠷᠠᠭᠤᠯᠤᠨ᠎ᠠ᠃ ᠠᠮᠢ ᠠᠬᠤᠶ ᠣᠷᠴᠢᠨ ᠲᠣᠭᠣᠷᠢᠨ᠂ ᠬᠥᠮᠦᠨ ᠠᠮᠠ᠎ᠶ᠋ᠢᠨ ᠡᠷᠡᠭᠦᠯ ᠮᠡᠨᠳᠦ᠂ ᠣᠯᠠᠨ ᠨᠡᠢᠲᠡ᠎ᠶ᠋ᠢᠨ ᠠᠮᠤᠷ ᠲᠦᠪᠱᠢᠨ ᠵᠡᠷᠭᠡ ᠴᠢᠬᠤᠯᠠ ᠶᠡᠬᠡ ᠠᠷᠠᠳ᠎ᠤᠨ ᠠᠮᠢᠳᠤᠷᠠᠯ᠎ᠤᠨ ᠬᠦᠷᠢᠶ᠎ᠡ ᠴᠠᠷᠠᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠪᠠ ᠬᠡᠷᠡᠭ᠌ᠯᠡᠬᠦ᠌᠎ᠶ᠋ᠢ ᠭᠦᠨᠵᠡᠭᠡᠢᠷᠡᠭᠦᠯᠦᠨ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠢᠶᠡᠷ ᠠᠷᠠᠳ᠎ᠲᠤ ᠠᠱᠢᠭ ᠬᠦᠷᠲᠡᠭᠡᠬᠦ᠌ ᠬᠢᠷᠢ ᠬᠡᠮᠵᠢᠶ᠎ᠡ᠎ᠶ᠋ᠢ ᠲᠠᠰᠤᠷᠠᠯᠲᠠ ᠥᠬᠡᠶ ᠳᠡᠭᠡᠭ᠌ᠰᠢᠯᠡᠭᠦᠯᠵᠦ᠍᠂ ᠨᠡᠢᠭᠡᠮ᠎ᠦᠨ ᠦᠷᠭᠦᠯᠵᠢᠯᠡᠨ ᠬᠥᠭ᠌ᠵᠢᠬᠦ᠌᠎ᠳᠦ ᠬᠦᠴᠦᠨ ᠨᠡᠮᠡᠷᠢᠯᠡᠨ᠎ᠡ᠃ ᠬᠡᠷᠡᠭ᠌ᠯᠡᠭᠡᠨ᠎ᠦ ᠤᠳᠤᠷᠢᠳᠤᠮᠵᠢ᠎ᠶ᠋ᠢᠨ ᠰᠠᠭᠤᠷᠢ ᠰᠤᠳᠤᠯᠭᠠᠨ ᠪᠠ ᠪᠠᠢᠯᠳᠤᠬᠤ ᠪᠣᠳᠣᠯᠭ᠎ᠠ᠎ᠶ᠋ᠢᠨ ᠤᠳᠤᠷᠢᠳᠤᠮᠵᠢ᠎ᠶ᠋ᠢᠨ ᠬᠣᠱᠢᠭᠤᠷᠠᠯ ᠮᠡᠷᠭᠡᠵᠢᠯ ᠦᠨ ᠪᠣᠭᠣᠮᠲᠠ ᠱᠢᠪᠲᠤᠯᠤᠯᠲᠠ᠎ᠶ᠋ᠢ ᠴᠢᠩᠭᠠᠳᠭᠠᠵᠤ᠂ ᠰᠠᠭᠤᠷᠢ ᠱᠢᠨᠵᠢᠯᠡᠬᠦ᠌ ᠤᠬᠠᠭᠠᠨ᠂ ᠮᠡᠷᠭᠡᠵᠢᠯ ᠦᠨ ᠱᠢᠨᠵᠢᠯᠡᠬᠦ᠌ ᠤᠬᠠᠭᠠᠨ᠂ ᠬᠡᠷᠡᠭ᠌ᠯᠡᠭᠡᠨ᠎ᠦ ᠱᠢᠨᠵᠢᠯᠡᠬᠦ᠌ ᠤᠬᠠᠭᠠᠨ᠂ ᠰᠣᠯᠪᠢᠴᠠᠯ ᠱᠢᠨᠵᠢᠯᠡᠭᠡᠨ ᠦ ᠪᠠᠢᠷᠢᠱᠢᠭᠤᠯᠤᠯᠲᠠ᠎ᠶ᠋ᠢ ᠴᠢᠩᠭᠠᠳᠭᠠᠵᠤ᠂ ᠰᠠᠭᠤᠷᠢ ᠰᠤᠳᠤᠯᠭᠠᠨ᠂ ᠬᠡᠷᠡᠭ᠌ᠯᠡᠭᠡᠨ ᠦ ᠰᠤᠳᠤᠯᠭᠠᠨ᠂ ᠴᠢᠳᠠᠪᠤᠷᠢᠲᠠᠨ᠎ᠢ ᠬᠥᠮᠦᠵᠢᠭᠦᠯᠬᠦ᠌᠎ᠶ᠋ᠢ ᠨᠢᠭᠡ ᠴᠣᠭ᠍ᠴᠠᠵᠢᠭᠤᠯᠤᠨ ᠬᠥᠭ᠌ᠵᠢᠭᠦᠯᠬᠦ᠌ ᠶ᠋ᠢ ᠠᠬᠢᠭᠤᠯᠵᠤ᠂ ᠲᠠᠷᠢᠶᠠᠯᠠᠩ᠂ ᠮᠡᠳᠡᠭᠡ ᠵᠠᠩᠭᠢ᠂ ᠦᠶ᠋ᠯᠡᠳᠬᠦ᠌ ᠦᠶ᠋ᠯᠡᠰ᠂ ᠮᠠᠲ᠋ᠧᠷᠢᠶᠠᠯ᠂ ᠡᠮ ᠡᠮᠨᠡᠯᠭᠡ ᠵᠡᠷᠭᠡ ᠬᠦᠷᠢᠶ᠎ᠡ ᠴᠠᠷᠠᠭ᠎ᠠ᠎ᠶ᠋ᠢᠨ ᠲᠣᠭᠣᠷᠢᠨ᠎ᠳᠤ ᠱᠢᠨᠵᠢᠯᠡᠭᠡᠨ ᠦ ᠰᠠᠯᠠᠭ᠎ᠠ ᠠᠯᠤᠰᠯᠠᠭ᠍ᠰᠠᠨ ᠰᠣᠯᠪᠢᠴᠠᠯ ᠰᠤᠳᠤᠯᠭᠠᠨ᠎ᠢ ᠴᠢᠩᠭᠠᠳᠭᠠᠵᠤ᠂ ᠶᠡᠷᠦᠩᠬᠡᠢᠯᠡᠭ᠌ᠰᠡᠨ ᠬᠢᠯᠢ ᠠᠯᠤᠰᠯᠠᠨ ᠱᠢᠨ᠎ᠡ᠎ᠶ᠋ᠢ ᠡᠭᠦᠳᠬᠦ᠌᠎ᠶ᠋ᠢ ᠠᠬᠢᠭᠤᠯᠵᠤ᠂ ᠠᠩᠬᠠᠨ᠎ᠤ ᠱᠢᠨ᠎ᠡ ᠡᠭᠦᠳᠦᠯᠳᠡ ᠵᠢᠨ ᠭᠤᠯᠤᠮᠳᠠ ᠤᠷᠤᠨ᠎ᠤ ᠴᠢᠳᠠᠪᠤᠷᠢ᠎ᠶ᠋ᠢ ᠪᠣᠢᠵᠢᠭᠤᠯᠤᠨ᠎ᠠ᠃
ᠬᠣᠶᠠᠷ᠎ᠲᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠱᠢᠨ᠎ᠡ᠎ᠶ᠋ᠢ ᠡᠭᠦᠳᠬᠦ᠌ᠪᠠ ᠠᠵᠤ ᠦᠶ᠋ᠯᠡᠰ᠎ᠦᠨ ᠱᠢᠨ᠎ᠡ᠎ᠶ᠋ᠢ ᠡᠭᠦᠳᠬᠦ᠌᠎ᠵᠢᠨ ᠠᠭᠤᠰᠤᠯᠴᠠᠨ ᠬᠥᠭ᠌ᠵᠢᠬᠦ᠌᠎ᠶ᠋ᠢ ᠬᠦᠴᠦᠯᠡᠨ ᠠᠬᠢᠭᠤᠯᠵᠤ᠂ ᠱᠢᠨ᠎ᠡ ᠴᠢᠨᠠᠷ᠎ᠤᠨ ᠦᠶ᠋ᠯᠡᠳᠪᠦᠷᠢᠯᠡᠯ᠎ᠦᠨ ᠬᠦᠴᠦᠨ᠎ᠢ ᠢᠳᠡᠪᠬᠢᠲᠡᠶ ᠪᠣᠢᠵᠢᠭᠤᠯᠤᠨ᠎ᠠ᠃ ᠠᠵᠤ ᠠᠬᠤᠢᠯᠠᠯ᠎ᠢ ᠱᠠᠲᠤᠯᠠᠨ ᠪᠣᠢᠵᠢᠭᠤᠯᠬᠤ ᠡᠷᠴᠢᠮ᠎ᠢ ᠨᠡᠮᠡᠭ᠌ᠳᠡᠭᠦᠯᠵᠦ᠍᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠬᠡᠯᠪᠡᠷᠢ᠎ᠶ᠋ᠢᠨ ᠳᠤᠮᠳᠠ ᠪᠠᠭ᠎ᠠ ᠠᠵᠤ ᠠᠬᠤᠢᠯᠠᠯ᠂ ᠳᠡᠭᠡᠳᠦ ᠱᠢᠨ᠎ᠡ ᠮᠡᠷᠭᠡᠵᠢᠯ᠎ᠦᠨ ᠠᠵᠤ ᠠᠬᠤᠢᠯᠠᠯ ᠪᠣᠯᠤᠨ ᠲᠤᠰᠭᠠᠶ ᠨᠠᠷᠢᠯᠢᠭ ᠣᠨᠴᠠ ᠱᠢᠨ᠎ᠡ 《ᠪᠠᠭ᠎ᠠ ᠠᠪᠤᠷᠭᠤ 》 ᠠᠵᠤ ᠠᠬᠤᠢᠯᠠᠯ᠎ᠤᠨ ᠬᠥᠭ᠌ᠵᠢᠯᠲᠡ᠎ᠶ᠋ᠢ ᠳᠡᠮᠵᠢᠵᠦ᠍᠂ ᠨᠡᠩ ᠣᠯᠠᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠳᠠᠭᠠᠭᠤᠯᠤᠭ᠍ᠴᠢ ᠠᠵᠤ ᠠᠬᠤᠢᠯᠠᠯ᠎ᠢ ᠪᠣᠢᠵᠢᠭᠤᠯᠤᠨ᠎ᠠ᠃ ᠠᠵᠤ ᠠᠬᠤᠢᠯᠠᠯ᠎ᠢᠶᠠᠷ ᠭᠤᠤᠯᠯᠠᠭᠤᠯᠤᠭ᠍ᠰᠠᠨ ᠠᠵᠤ ᠦᠢᠯᠡᠰ ᠵᠢᠭᠠᠨ ᠰᠤᠷᠭᠠᠯᠲᠠ ᠰᠤᠳᠤᠯᠭᠠᠨ᠎ᠤ ᠭᠦᠨᠵᠡᠭᠡᠶ ᠠᠭᠤᠰᠤᠯᠴᠠᠯ᠎ᠢ ᠴᠢᠩᠭᠠᠳᠭᠠᠵᠤ᠂ ᠠᠵᠤ ᠠᠬᠤᠢᠯᠠᠯ ᠢ ᠬᠥᠲᠥᠯᠦᠨ ᠵᠢᠯᠣᠭᠣᠳᠴᠤ᠌ ᠪᠠᠢᠭᠠᠳ ᠰᠤᠳᠤᠯᠤᠨ ᠨᠡᠭᠡᠭᠡᠬᠦ᠌ ᠣᠷᠣᠭᠤᠯᠤᠯᠲᠠ᠎ᠶ᠋ᠢᠨ ᠡᠷᠴᠢᠮ ᠢ ᠴᠢᠩᠭᠠᠷᠠᠭᠤᠯᠤᠨ᠂ ᠰᠤᠳᠤᠯᠤᠨ ᠨᠡᠭᠡᠭᠡᠬᠦ᠌ ᠪᠠᠢᠭᠤᠯᠤᠮᠵᠢ ᠪᠠᠢᠭᠤᠯᠵᠤ᠂ ᠠᠵᠤ ᠠᠬᠤᠢᠯᠠᠯ ᠤᠨ ᠴᠢᠬᠤᠯᠠ ᠶᠡᠬᠡ ᠲᠠᠪᠴᠠᠩ᠎ᠤᠨ ᠪᠥᠲᠥᠭᠡᠨ ᠪᠠᠢᠭᠤᠯᠤᠯᠲᠠ᠎ᠳᠤ ᠣᠷᠣᠯᠴᠠᠬᠤ᠂ ᠴᠢᠬᠤᠯᠠ ᠶᠡᠬᠡ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠡᠭᠦᠷᠭᠡ᠎ᠶ᠋ᠢ ᠡᠭᠦᠷᠭᠡᠯᠡᠬᠦ᠂ ᠴᠢᠬᠤᠯᠠ ᠶᠡᠬᠡ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠦᠷ᠎ᠡ ᠪᠦᠲᠦᠭᠡᠯ᠎ᠢ ᠤᠨᠳᠤᠤᠰᠢᠭᠤᠯᠤᠨ ᠬᠡᠷᠡᠭ᠌ᠯᠡᠬᠦ᠎ᠶ᠋ᠢ ᠳᠡᠮᠵᠢᠵᠦ᠍᠂ ᠠᠵᠤ ᠠᠬᠤᠢᠯᠠᠯᠤᠨᠬᠢᠨᠦ ᠶᠡᠬᠡ ᠳᠡᠭᠡᠳᠦ ᠰᠤᠷᠭᠠᠭᠤᠯᠢ᠂ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠬᠦᠷᠢᠶᠡᠯᠡᠩ ᠭᠠᠵᠠᠷ᠎ᠲᠠᠶ ᠬᠣᠯᠪᠣᠭᠠᠯᠠᠨ ᠱᠢᠨ᠎ᠡ ᠶ᠋ᠢ ᠡᠭᠦᠳᠬᠦ᠌ ᠬᠣᠯᠪᠣᠭᠠᠲᠤ ᠴᠣᠭ᠍ᠴᠠ ᠪᠠᠢᠭᠤᠯᠬᠤ ᠶ᠋ᠢ ᠳᠡᠮᠵᠢᠵᠦ᠍᠂ ᠮᠡᠷᠭᠡᠵᠢᠯ᠎ᠦᠨ ᠱᠢᠪᠲᠤᠯᠤᠯᠲᠠ᠂ ᠠᠬᠤᠶ ᠲᠠᠯᠠᠪᠠᠶ᠎ᠶ᠋ᠢᠨ ᠱᠢᠯᠭᠠᠨ ᠪᠠᠲᠤᠯᠠᠯᠲᠠ᠂ ᠠᠵᠤ ᠦᠶ᠋ᠯᠡᠰ᠎ᠦᠨ ᠬᠡᠷᠡᠭ᠌ᠯᠡᠭᠡᠨ᠎ᠦ ᠲᠣᠭᠣᠷᠢᠨ᠎ᠳᠤ ᠵᠣᠬᠢᠶᠠᠨ ᠪᠠᠢᠭᠤᠯᠤᠯᠲᠠ᠎ᠲᠠᠶ ᠱᠢᠨᠵᠢᠯᠡᠬᠦ᠌ ᠤᠬᠠᠭᠠᠨ᠎ᠤ ᠰᠤᠳᠤᠯᠭᠠᠨ ᠥᠷᠨᠢᠭᠦᠯᠵᠦ᠍᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌᠎ᠶ᠋ᠢ ᠠᠵᠤ ᠦᠶ᠋ᠯᠡᠰ᠎ᠦᠨ ᠬᠥᠭ᠌ᠵᠢᠯᠲᠡ᠎ᠶ᠋ᠢᠨ ᠪᠥᠬᠥ᠌ ᠬᠡᠯᠬᠢᠶ᠎ᠡ᠎ᠳᠦ ᠨᠠᠩ ᠰᠠᠢᠨ ᠠᠭᠤᠰᠬᠠᠨ ᠣᠷᠣᠭᠤᠯᠤᠨ᠎ᠠ᠃ 《ᠦᠪᠦᠷ ᠮᠤᠩᠭᠤᠯ᠎ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠤᠨ ᠴᠤᠭᠯᠠᠷᠠᠯ》 ᠲᠠᠪᠴᠠᠩ᠎ᠤᠨ ᠲᠠᠰ ᠳᠡᠪᠱᠢᠭ᠌ᠰᠡᠨ ᠬᠡᠪ᠎ᠦᠨ ᠪᠠᠢᠭᠤᠯᠤᠯᠲᠠ᠎ᠶ᠋ᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠮᠡᠷᠭᠡᠵᠢᠯ᠎ᠦᠨ ᠴᠢᠬᠤᠯᠠ ᠡᠯᠸᠮᠸᠨ᠋ᠲ᠎ᠦᠨ ᠵᠠᠬ᠎ᠠ ᠳᠡᠯᠭᠡᠭᠦᠷ᠎ᠦᠨ ᠱᠢᠰᠲ᠋ᠧᠮ᠎ᠢ ᠲᠡᠭᠦᠯᠳᠡᠷᠵᠢᠭᠦᠯᠦᠨ᠂ ᠨᠢᠭᠡ ᠪᠦᠯᠦᠭ ᠤᠬᠠᠭ᠍ᠳᠠᠬᠤᠨᠵᠢᠡᠷ ᠱᠢᠯᠭᠠᠨ ᠪᠠᠲᠤᠯᠠᠬᠤ᠂ ᠳᠤᠮᠳᠠᠬᠢ ᠲᠤᠷᠱᠢᠯᠲᠠ᠎ᠶ᠋ᠢᠨ ᠭᠡᠷᠡᠴᠢᠯᠡᠯ ᠦᠨ ᠲᠠᠪᠴᠠᠩ ᠢ ᠪᠠᠢᠷᠢᠱᠢᠭᠤᠯᠤᠨ ᠪᠠᠢᠭᠤᠯᠵᠤ᠂ ᠵᠠᠬ᠎ᠠ ᠳᠡᠯᠭᠡᠭᠦᠷᠴᠢᠯᠡᠭ᠌ᠰᠡᠨ᠂ ᠲᠤᠰᠭᠠᠢᠵᠢᠭ᠍ᠰᠠᠨ ᠮᠡᠷᠭᠡᠵᠢᠯ᠎ᠢ ᠱᠢᠯᠵᠢᠭᠦᠯᠬᠦ᠌ ᠪᠠᠢᠭᠤᠯᠤᠮᠵᠢ ᠪᠠ ᠬᠡᠪᠴᠢᠶᠡᠵᠢᠭ᠌ᠰᠡᠨ᠂ ᠠᠵᠢᠯ ᠮᠡᠷᠭᠡᠵᠢᠭ᠌ᠰᠡᠨ ᠮᠡᠷᠭᠡᠵᠢᠯ᠎ᠦᠨ ᠳᠠᠭᠠᠭᠠᠮᠠᠯ᠎ᠤᠨ ᠡᠩᠨᠡᠭᠡ᠎ᠶ᠋ᠢ ᠬᠥᠮᠦᠵᠢᠭᠦᠯᠦᠨ᠂ ᠨᠠᠩ ᠣᠯᠠᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠦᠷ᠎ᠡ ᠪᠦᠲᠦᠭᠡᠯ᠎ᠢ ᠦᠶ᠋ᠯᠡᠳᠬᠦᠨ ᠪᠣᠯᠭᠠᠨ ᠬᠤᠪᠢᠷᠠᠭᠤᠯᠬᠤ᠂ ᠠᠵᠤ ᠦᠶ᠋ᠯᠡᠰ᠎ᠢ ᠪᠣᠶ ᠪᠣᠯᠭᠠᠬᠤ᠂ ᠪᠣᠳᠠᠲᠤ ᠦᠶ᠋ᠯᠡᠳᠪᠦᠷᠢᠯᠡᠯ᠎ᠦᠨ ᠬᠦᠴᠦᠨ ᠪᠣᠯᠭᠠᠨ ᠬᠤᠪᠢᠷᠠᠭᠤᠯᠬᠤ᠎ᠶ᠋ᠢ ᠠᠬᠢᠭᠤᠯᠤᠨ᠎ᠠ᠃ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠮᠥᠩᠭᠥᠨ ᠭᠦᠶ᠋ᠯᠭᠡᠭᠡᠨ ᠢ ᠬᠦᠴᠦᠯᠡᠨ ᠬᠥᠭ᠌ᠵᠢᠭᠦᠯᠵᠦ᠍᠂ 《ᠱᠢᠨ᠎ᠡ᠎ᠶ᠋ᠢ ᠡᠭᠦᠳᠦᠭᠰᠡᠨ ᠬᠤᠪᠢ ᠬᠤᠷᠠᠮᠳᠤᠭᠤᠯᠬᠤ ᠲᠦᠷᠢᠮ 》 ᠤ᠋ᠨ ᠬᠡᠪᠴᠢᠶ᠎ᠡ᠎ᠶ᠋ᠢ ᠥᠷᠭᠡᠳᠭᠡᠨ ᠴᠢᠨᠠᠷ᠎ᠢ ᠳᠡᠭᠡᠭ᠌ᠰᠢᠯᠡᠭᠦᠯᠬᠦ᠌᠎ᠶ᠋ᠢ ᠠᠬᠢᠭᠤᠯᠵᠤ᠂ ᠮᠥᠩᠭᠥᠨ ᠭᠦᠶ᠋ᠯᠭᠡᠭᠡᠨ ᠦ ᠪᠠᠢᠭᠤᠯᠤᠮᠵᠢ᠎ᠶ᠋ᠢ ᠬᠥᠲᠥᠯᠥᠨ ᠵᠢᠯᠣᠭᠣᠳᠴᠤ᠌ ᠪᠠᠢᠭᠠᠳ ᠮᠥᠩᠭᠥᠨ ᠭᠦᠶ᠋ᠯᠭᠡᠭᠡᠨ ᠦ ᠦᠢᠯᠡᠳᠭᠦᠨ᠎ᠤ ᠱᠢᠨ᠎ᠡ᠎ᠶ᠋ᠢ ᠡᠭᠦᠳᠴᠦ᠍᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠦᠨ ᠬᠡᠯᠪᠡᠷᠢ ᠶ᠋ᠢᠨ ᠠᠵᠤ ᠠᠬᠤᠢᠯᠠᠯ᠎ᠢ ᠳᠡᠮᠵᠢᠬᠦ᠌ ᠡᠷᠴᠢᠮ᠎ᠢᠶᠡᠨ ᠴᠢᠩᠭᠠᠷᠠᠭᠤᠯᠵᠤ᠂ ᠬᠥᠷᠥᠩᠭᠡ᠎ᠶ᠋ᠢᠨ ᠠᠨᠭᠬᠠᠨ᠎ᠤ ᠬᠤᠭᠤᠴᠠᠭᠠᠨ᠎ᠳᠤ ᠪᠠᠯᠠ ᠣᠷᠣᠭᠤᠯᠬᠤ᠂ ᠪᠠᠭ᠎ᠠ ᠬᠡᠪᠴᠢᠶᠡᠨ᠎ᠤ ᠠᠵᠤ ᠠᠬᠤᠢᠯᠠᠯ᠎ᠳᠤ ᠪᠠᠯᠠ ᠣᠷᠣᠭᠤᠯᠬᠤ᠂ ᠣᠷᠳᠣ ᠬᠤᠭᠤᠴᠠᠭ᠎ᠠ᠎ᠪᠠᠷ ᠪᠠᠯᠠ ᠣᠷᠣᠭᠤᠯᠬᠤ᠂ ᠬᠠᠲᠠᠭᠤ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠳᠤ ᠪᠠᠯᠠ ᠣᠷᠣᠭᠤᠯᠬᠤ᠎ᠵᠢ ᠬᠥᠲᠥᠯᠥᠨ ᠵᠢᠯᠣᠭᠣᠳᠤᠨ᠎ᠠ᠃
ᠭᠤᠷᠪᠠ᠎ᠳᠤ᠂ ᠱᠢᠨ᠎ᠡ ᠶ᠋ᠢ ᠡᠭᠦᠳᠬᠦ᠌ ᠲᠠᠪᠴᠠᠩ᠎ᠤᠨ ᠠᠴᠢᠶᠠᠯᠠᠪᠤᠷᠢ᠎ᠶ᠋ᠢ ᠬᠦᠴᠦᠯᠡᠨ ᠪᠠᠢᠭᠤᠯᠤᠨ ᠬᠦᠴᠦᠷᠬᠡᠭ᠌ᠵᠢᠭᠦᠯᠵᠦ᠍᠂ ᠱᠢᠨ᠎ᠡ᠎ᠶ᠋ᠢ ᠡᠭᠦᠳᠬᠦ᠌᠎ᠪᠡᠷ ᠬᠥᠳᠡᠯᠭᠡᠭᠦᠷ ᠪᠣᠯᠭᠠᠬᠤ ᠴᠢᠳᠠᠪᠤᠷᠢ᠎ᠶ᠋ᠢ ᠳᠡᠭᠡᠭ᠌ᠰᠢᠯᠡᠭᠦᠯᠦᠨ᠎ᠡ᠃ 《ᠴᠠᠭᠠᠨ ᠳᠠᠨᠭᠰᠠ》 ᠵᠢᠨ ᠲᠦᠷᠢᠮ᠎ᠢ ᠬᠡᠷᠡᠭ᠌ᠵᠢᠭᠦᠯᠬᠦ᠌᠎ᠶ᠋ᠢ ᠠᠬᠢᠭᠤᠯᠵᠤ᠂ ᠭᠤᠤᠯᠳᠠᠯᠭ᠎ᠠ᠎ᠲᠠᠶ ᠲᠠᠪᠴᠠᠩ᠎ᠢ ᠲᠣᠭ᠍ᠲᠠᠭᠤᠨ᠎ᠢᠶᠠᠷ ᠳᠡᠮᠵᠢᠬᠦ᠌ ᠲᠣᠭ᠍ᠲᠡᠴᠡ᠎ᠶ᠋ᠢ ᠪᠦᠷᠢᠨᠱᠢᠬᠦᠯᠵᠦ᠍᠂ ᠲᠠᠪᠴᠠᠩ᠎ᠢ 《ᠪᠠᠢᠭᠤᠯᠬᠤ ᠪᠠᠷ ᠭᠤᠤᠯ ᠪᠣᠯᠭᠠᠵᠤ》 ᠪᠠᠢᠭ᠍ᠰᠠᠨ᠎ᠡᠴᠡ 《ᠬᠡᠷᠡᠭ᠌ᠯᠡᠬᠦ᠌ ᠪᠠᠢᠭᠤᠯᠬᠤ᠎ᠵᠢ ᠬᠠᠮᠲᠤᠪᠡᠷ ᠴᠢᠬᠤᠯᠠᠴᠢᠯᠠᠵᠤ᠂ ᠬᠡᠷᠡᠭ᠌ᠯᠡᠬᠦ᠌᠎ᠪᠡᠷ ᠪᠠᠢᠭᠤᠯᠬᠤ ᠶ᠋ᠢ ᠠᠬᠢᠭᠤᠯᠬᠤ 》 ᠲᠡᠢᠰᠢ ᠬᠤᠪᠢᠷᠠᠭᠤᠯᠬᠤ᠎ᠶ᠋ᠢ ᠠᠬᠢᠭᠤᠯᠵᠤ᠂ ᠰᠠᠭᠤᠷᠢ ᠰᠤᠳᠤᠯᠭᠠᠨ᠂ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌᠂ ᠦᠷ᠎ᠡ ᠪᠦᠲᠦᠭᠡᠯ᠎ᠢ ᠤᠨᠳᠤᠤᠰᠢᠭᠤᠯᠬᠤ ᠪᠠ ᠨᠥᠬᠥᠴᠡᠯ᠎ᠢ ᠪᠠᠲᠤᠯᠠᠬᠤ ᠪᠥᠬᠥ᠌ ᠬᠡᠯᠬᠢᠶᠡᠨ᠎ᠦ ᠲᠠᠪᠴᠠᠩ᠎ᠤᠨ ᠲᠤᠯᠭᠠᠭᠤᠷᠢᠯᠠᠬᠤ ᠱᠢᠰᠲ᠋ᠧᠮ᠎ᠢ ᠪᠦᠷᠢᠯᠳᠦᠭᠦᠯᠦᠨ᠎ᠡ᠃ ᠣᠳᠣ᠎ᠶ᠋ᠢᠨ ᠪᠠᠢᠭ᠎ᠠ ᠤᠯᠤᠰ᠎ᠤᠨ ᠲᠡᠰ᠎ᠤᠨ ᠱᠢᠨ᠎ᠡ᠎ᠶ᠋ᠢ ᠡᠭᠦᠳᠬᠦ᠌ ᠲᠠᠪᠴᠠᠩ᠎ᠤᠨ ᠴᠢᠳᠠᠪᠤᠷᠢ᠎ᠶ᠋ᠢ ᠯᠠᠪᠳᠠᠭᠤᠨ᠎ᠢᠶᠠᠷ ᠳᠡᠭᠡᠭ᠌ᠰᠢᠯᠡᠭᠦᠯᠵᠦ᠍᠂ ᠪᠦᠬᠦ᠌ ᠤᠯᠤᠰ᠎ᠤᠨ ᠭᠣᠣᠯᠳᠠᠯᠭ᠎ᠠ᠎ᠲᠠᠶ ᠲᠤᠷᠱᠢᠯᠲᠠ᠎ᠶ᠋ᠢᠨ ᠲᠠᠰᠤᠭ᠎ᠢ ᠪᠠᠢᠭᠤᠯᠤᠨ ᠬᠦᠴᠦᠷᠬᠡᠭ᠌ᠵᠢᠭᠦᠯᠵᠦ᠍ ᠰᠠᠢᠲᠤᠷ ᠬᠡᠷᠡᠭ᠌ᠯᠡᠨ᠂ ᠳᠠᠯᠠᠨ ᠬᠠᠷ᠎ᠠ ᠠᠭᠤᠯᠠ ᠲᠤᠷᠱᠢᠯᠲᠠ᠎ᠶ᠋ᠢᠨ ᠲᠠᠰᠤᠭ᠂ ᠣᠷᠳᠣᠰ ᠲᠤᠷᠱᠢᠯᠲᠠ᠎ᠶ᠋ᠢᠨ ᠲᠠᠰᠤᠭ ᠵᠡᠷᠭᠡ ᠥᠪᠡᠷᠲᠡᠭᠡᠨ ᠵᠠᠰᠠᠬᠤ ᠣᠷᠣᠨ᠎ᠤ ᠲᠡᠰ᠎ᠤᠨ ᠱᠢᠨ᠎ᠡ᠎ᠶ᠋ᠢ ᠡᠭᠦᠳᠬᠦ᠌ ᠲᠠᠪᠴᠠᠩ᠎ᠤᠨ ᠪᠠᠢᠭᠤᠯᠤᠯᠲᠠ᠎ᠶ᠋ᠢ ᠯᠠᠪᠳᠠᠭᠤᠨ ᠪᠠᠲᠤᠲᠠᠢ ᠠᠬᠢᠭᠤᠯᠵᠤ᠂ ᠤᠯᠤᠰ᠎ᠤᠨ ᠬᠤᠸᠠᠢ ᠷᠸᠦ᠍ᠲᠤᠷᠱᠢᠯᠲᠠᠶ᠋ᠢᠨ ᠲᠠᠰᠤᠭ᠎ᠤᠨ ᠥᠪᠥᠷ ᠮᠣᠩᠭᠣᠯ᠎ᠤᠨ ᠰᠠᠭᠤᠷᠢᠨ᠎ᠢ ᠲᠦᠷᠭᠡᠳᠭᠡᠨ ᠪᠠᠢᠭᠤᠯᠵᠤ᠂ ᠤᠯᠤᠰ᠎ᠤᠨ ᠡᠪᠡᠰᠦᠨ᠎ᠦ ᠦᠢᠯᠡᠰ᠎ᠦᠨ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠲᠥᠪ ᠪᠠ ᠡᠪᠡᠰᠦᠨ ᠲᠡᠵᠢᠭᠡᠯᠲᠦ ᠭᠡᠷ᠎ᠦᠨ ᠲᠡᠵᠢᠭᠡᠪᠦᠷᠢ᠎ᠶ᠋ᠢᠨ ᠡᠭᠦᠯᠳᠡᠷ ᠪᠣᠢᠵᠢᠭᠤᠯᠬᠤ ᠪᠦᠬᠦ᠌ ᠤᠯᠤᠰ᠎ᠤᠨ ᠭᠣᠣᠯᠳᠠᠯᠭ᠎ᠠ᠎ᠲᠠᠶ ᠲᠤᠷᠱᠢᠯᠲᠠ᠎ᠶ᠋ᠢᠨ ᠲᠠᠰᠤᠭ᠎ᠢ ᠪᠣᠢᠵᠢᠭᠤᠯᠤᠨ ᠡᠭᠦᠳᠴᠦ᠍᠂ ᠨᠠᠩ ᠣᠯᠠᠨ ᠦᠢᠯᠡᠳᠬᠦ᠌ ᠦᠢᠯᠡᠰ ᠦᠨ ᠱᠢᠨ᠎ᠡ᠎ᠶ᠋ᠢ ᠡᠭᠦᠳᠬᠦ᠌ ᠲᠥᠪ᠂ ᠠᠵᠤ ᠦᠢᠯᠡᠰ᠎ᠦᠨ ᠮᠡᠷᠭᠡᠵᠢᠯ᠎ᠦᠨ ᠢᠨᠵᠸᠨ᠋ᠸᠷᠢᠩ᠎ᠤᠨ ᠲᠥᠪ ᠵᠡᠷᠭᠡ ᠴᠢᠬᠤᠯᠠ ᠶᠡᠬᠡ ᠱᠢᠨ᠎ᠡ᠎ᠶ᠋ᠢ ᠡᠭᠦᠳᠬᠦ᠌ ᠲᠠᠪᠴᠠᠩ ᠢ᠋ ᠪᠣᠳᠠᠲᠠᠢ᠎ᠳᠤ ᠨᠠᠢᠳᠠᠪᠤᠷᠢᠵᠢᠭᠤᠯᠬᠤ᠎ᠪᠠᠷ ᠴᠢᠷᠮᠠᠢᠨ᠎ᠠ᠃ ᠥᠪᠥᠷ ᠮᠣᠩᠭᠣᠯ᠎ᠤᠨ ᠵᠡᠭᠦᠨ ᠳᠤᠮᠳᠠ ᠪᠠᠷᠠᠭᠤᠨ ᠬᠡᠰᠡᠭ᠎ᠦᠨ ᠱᠢᠨ᠎ᠡ᠎ᠶ᠋ᠢ ᠡᠭᠦᠳᠬᠦ᠌ ᠡᠬᠢ ᠪᠠᠶᠠᠯᠢᠭ ᠤᠨ ᠳᠠᠪᠠᠭᠤᠯᠢᠭ ᠪᠠ ᠠᠵᠤ ᠦᠶ᠋ᠯᠡᠰ᠎ᠦᠨ ᠰᠠᠭᠤᠷᠢ᠎ᠳᠤ ᠰᠠᠭᠤᠷᠢᠯᠠᠨ᠂ ᠡᠯ᠎ᠡ ᠠᠢᠮᠠᠭ ᠬᠣᠲᠠ ᠶ᠋ᠢ ᠬᠥᠲᠥᠯᠥᠨ ᠵᠢᠯᠣᠭᠣᠳᠴᠤ᠌ ᠪᠠᠢᠭᠠᠳ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠳᠠᠪᠠᠭᠤᠯᠢᠭ ᠪᠠ ᠠᠵᠤ ᠦᠶ᠋ᠯᠡᠰ᠎ᠦᠨ ᠣᠨᠴᠠᠯᠢᠭ᠎ᠢ ᠪᠣᠶ ᠪᠣᠯᠭᠠᠵᠤ᠂ ᠬᠥᠬᠡᠬᠣᠲᠠ ᠪᠤᠭᠤᠲᠤ ᠣᠷᠳᠣᠰ᠎ᠤᠨ ᠤᠯᠤᠰ᠎ᠤᠨ ᠪᠡᠶ᠎ᠡ᠎ᠪᠡᠨ ᠳᠠᠭᠠᠭᠠᠵᠤ ᠱᠢᠨ᠎ᠡ᠎ᠶ᠋ᠢ ᠡᠭᠦᠳᠬᠦ᠌ ᠵᠢᠱ᠌ᠢᠶ᠎ᠡ ᠦᠵᠡᠭᠦᠯᠬᠦ᠌ ᠣᠷᠣᠨ᠎ᠢ ᠢᠳᠡᠪᠬᠢᠲᠡᠶ ᠡᠭᠦᠳᠦᠨ ᠪᠠᠢᠭᠤᠯᠵᠤ᠂ ᠬᠥᠬᠡᠬᠣᠲᠠ ᠪᠤᠭᠤᠲᠤ ᠣᠷᠳᠣᠰ᠎ᠤᠨ ᠪᠡᠶ᠎ᠡ᠎ᠪᠡᠨ ᠳᠠᠭᠠᠭᠠᠵᠤ ᠱᠢᠨ᠎ᠡ᠎ᠶ᠋ᠢ ᠡᠭᠦᠳᠬᠦ᠌ ᠵᠢᠱ᠌ᠢᠶ᠎ᠡ ᠦᠵᠡᠭᠦᠯᠬᠦ᠌ ᠣᠷᠣᠨ᠎ᠤ ᠬᠥᠲᠥᠯᠦᠨ ᠳᠠᠭᠠᠭᠤᠯᠬᠤ ᠬᠦᠴᠦᠨ᠂ ᠨᠥᠯᠥᠭᠡᠯᠡᠬᠦ᠌ ᠬᠦᠴᠦᠨ᠎ᠢ ᠦᠷᠭᠦᠯᠵᠢᠯᠡᠨ ᠳᠡᠭᠡᠭ᠌ᠰᠢᠯᠡᠭᠦᠯᠵᠦ᠍᠂ ᠨᠠᠩ ᠣᠯᠠᠨ ᠠᠵᠤ ᠦᠶ᠋ᠯᠡᠳᠪᠦᠷᠢ᠎ᠶ᠋ᠢᠨ ᠬᠦᠷᠢᠶᠡᠯᠡᠩ ᠲᠣᠭᠣᠷᠢᠭ᠎ᠤᠨ ᠳᠡᠭᠡᠳᠦ ᠱᠢᠨ᠎ᠡ ᠮᠡᠷᠭᠡᠵᠢᠯ᠎ᠤᠨ ᠲᠣᠭᠣᠷᠢᠭ᠂ ᠨᠡᠭᠦᠷᠡᠰᠦᠲᠥ᠋ᠷᠥᠭ᠌ᠴᠢ ᠦᠯᠦ ᠭᠠᠳᠠᠭᠰᠢᠯᠠᠭᠤᠯᠬᠤ ᠬᠦᠷᠢᠶᠡᠯᠡᠩ ᠲᠣᠭᠣᠷᠢᠭ ᠳᠠᠢᠰᠢ ᠬᠡᠯᠪᠡᠷᠢ᠎ᠪᠡᠨ ᠬᠤᠪᠢᠷᠠᠭᠤᠯᠤᠨ ᠬᠥᠭ᠌ᠵᠢᠬᠦ᠌᠎ᠶ᠋ᠢ ᠠᠬᠢᠭᠤᠯᠤᠨ᠂ ᠳᠠᠪᠠᠭᠤᠯᠢᠭ᠎ᠢᠶᠠᠨ ᠬᠠᠷᠢᠯᠴᠠᠨ ᠨᠥᠬᠥᠪᠥᠷᠢᠯᠡᠭ᠌ᠰᠡᠨ᠂ ᠵᠦᠷᠢᠭᠦᠯᠦᠨ ᠬᠥᠭ᠌ᠵᠢᠭ᠌ᠰᠡᠨ᠂ ᠪᠦᠬᠦᠯᠢ ᠴᠣᠭ᠍ᠴᠠ᠎ᠪᠠᠷ ᠳᠡᠭᠡᠭ᠌ᠰᠢᠯᠡᠭ᠌ᠰᠡᠨ ᠣᠷᠣᠨ ᠪᠦᠰᠡ᠎ᠶ᠋ᠢᠨ ᠱᠢᠨ᠎ᠡ᠎ᠶ᠋ᠢ ᠡᠭᠦᠳᠦᠨ ᠬᠥᠭ᠌ᠵᠢᠭ᠌ᠰᠡᠨ ᠱᠢᠨ᠎ᠡ ᠪᠠᠢᠷᠢᠱᠢᠯ᠎ᠢ ᠪᠣᠶ ᠪᠣᠯᠭᠠᠨ᠎ᠠ᠃
ᠲᠦᠷᠪᠡ᠎ᠳᠦ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠪᠠᠢᠭᠤᠯᠤᠯ ᠲᠣᠭ᠍ᠲᠡᠴᠡ᠎ᠶ᠋ᠢ ᠬᠦᠴᠦᠯᠡᠨ ᠲᠡᠭᠦᠯᠳᠡᠷᠵᠢᠭᠦᠯᠵᠦ᠍᠂ ᠱᠢᠨ᠎ᠡ᠎ᠶ᠋ᠢ ᠡᠭᠦᠳᠬᠦ᠌ ᠰᠠᠢ᠌ᠨ ᠰᠠᠢᠬᠠᠨ ᠠᠮᠢ ᠠᠬᠤᠢ᠎ᠶ᠋ᠢ ᠪᠤᠢ ᠪᠣᠯᠭᠠᠨ᠎ᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠵᠢᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠵᠥᠪᠯᠡᠯ᠎ᠦᠨ ᠨᠢᠭᠡᠳᠦᠯᠲᠡᠶ ᠲᠥᠯᠥᠪᠵᠢᠭᠦᠯᠦᠨ ᠤᠳᠤᠷᠢᠳᠭᠤ᠎ᠶ᠋ᠢ ᠤᠯᠠᠮ ᠨᠢᠭᠡ ᠠᠯᠬᠤᠮ ᠴᠢᠩᠭᠠᠳᠭᠠᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠬᠢᠭᠡᠳ ᠡᠳ᠋᠎ᠦᠨ ᠵᠠᠰᠠᠭ ᠭᠠᠢᠯᠢ᠂ ᠮᠥᠩᠭᠥᠨ ᠭᠦᠶ᠋ᠯᠭᠡᠭᠡ᠂ ᠠᠵᠤ ᠦᠶ᠋ᠯᠡᠰ᠂ ᠰᠤᠷᠭᠠᠨ ᠬᠥᠮᠦᠵᠢᠯ᠂ ᠴᠢᠳᠠᠪᠤᠷᠢᠲᠠᠨ᠎ᠤ ᠥᠨᠳᠥᠷ ᠪᠦᠲᠦᠮᠵᠢᠲᠡᠶ ᠬᠠᠮᠵᠢᠯᠴᠠᠭ᠎ᠠ ᠶ᠋ᠢ ᠠᠬᠢᠭᠤᠯᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠠᠵᠢᠯ᠎ᠤᠨ 《ᠨᠢᠭᠡ ᠬᠥᠯᠭᠡ ᠱᠢᠲᠠᠷ᠎ᠠ》 ᠶ᠋ᠢ ᠲᠠᠰᠤᠷᠠᠯᠲᠠ ᠥᠬᠡᠶ ᠪᠡᠬᠢᠵᠢᠭᠦᠯᠦᠨ᠎ᠡ᠃ ᠰᠤᠷᠭᠠᠨ ᠬᠥᠮᠦᠵᠢᠯ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯᠴᠢᠳᠠᠪᠤᠷᠢᠲᠠᠨᠢ ᠨᠢᠭᠡ ᠴᠣᠭ᠍ᠴᠠᠵᠢᠭᠤᠯᠤᠨ ᠬᠥᠭ᠌ᠵᠢᠭᠦᠯᠬᠦ᠌᠎ᠶ᠋ᠢ ᠠᠬᠢᠭᠤᠯᠵᠤ᠂ ᠴᠢᠳᠠᠪᠤᠷᠢᠲᠠᠨ ᠬᠥᠮᠦᠵᠢᠭᠦᠯᠬᠦ᠌᠎ᠳᠡᠬᠢ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠲᠥᠷᠥᠯ ᠵᠦᠶ᠋ᠯ᠎ᠦᠨ ᠲᠤᠯᠭᠠᠭᠤᠷᠢᠯᠠᠬᠤ ᠦᠶ᠋ᠯᠡᠳᠦᠯ᠎ᠢ ᠴᠢᠩᠭᠠᠷᠠᠭᠤᠯᠤᠨ᠂ ᠨᠢᠭᠡ ᠪᠦᠯᠦᠭ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠳᠠᠭᠠᠭᠤᠯᠤᠭ᠍ᠴᠢ ᠴᠢᠳᠠᠪᠤᠷᠢᠲᠠᠨ ᠪᠠ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠵᠠᠯᠠᠭᠤ ᠠᠵᠢᠯᠲᠠᠨ᠎ᠢ ᠬᠥᠮᠦᠵᠢᠭᠦᠯᠦᠨ ᠪᠣᠢᠵᠢᠭᠤᠯᠤᠨ᠎ᠠ᠃ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠦᠷ᠎ᠡ ᠪᠦᠲᠦᠭᠡᠯ᠎ᠢ ᠲᠥᠷᠥᠯ ᠬᠤᠪᠢᠶᠠᠨ ᠦᠨᠡᠯᠡᠬᠦ᠌ ᠲᠣᠭ᠍ᠲᠡᠴᠡ᠎ᠶ᠋ᠢ ᠲᠡᠭᠦᠯᠳᠡᠷᠵᠢᠭᠦᠯᠵᠦ᠍᠂ 《ᠳᠠᠭᠠᠭᠠᠴᠢᠯᠠᠯᠲᠠ᠎ᠶ᠋ᠢᠨ ᠲᠦᠷᠢᠮ + ᠨᠠᠵᠠᠭᠠᠶ ᠲᠠᠯ᠎ᠠ᠎ᠶ᠋ᠢᠨ ᠨᠠᠷᠢᠨ ᠲᠠᠩᠰᠠ᠎ᠶ᠋ᠢᠨ ᠬᠠᠮᠢᠶᠠᠷᠤᠯᠲᠠ 》 ᠶ᠋ᠢ ᠶᠡᠬᠡᠪᠡᠷ ᠳᠡᠯᠭᠡᠷᠡᠭᠦᠯᠵᠦ᠍᠂ ᠱᠢᠨ᠎ᠡ᠎ᠶ᠋ᠢ ᠡᠭᠦᠳᠬᠦ᠌ ᠠᠮᠢᠵᠢᠷᠠᠯ᠎ᠤᠨ ᠬᠦᠴᠦᠨ᠎ᠢ ᠤᠯᠠᠮ ᠨᠢᠭᠡ ᠠᠯᠬᠤᠮ ᠬᠥᠭ᠌ᠵᠢᠭᠡᠨ᠎ᠡ᠃ ᠨᠡᠭᠡᠭᠡᠯᠲᠡ ᠬᠢᠵᠦ᠍ ᠬᠠᠮᠲᠤᠷᠠᠯᠴᠠᠨ ᠱᠢᠨ᠎ᠡ᠎ᠶ᠋ᠢ ᠡᠭᠦᠳᠬᠦ᠌᠎ᠶ᠋ᠢ ᠪᠠᠷᠢᠮᠲᠠᠯᠠᠵᠤ᠂ ᠪᠡᠭᠡᠵᠢᠩ ᠲᠢᠶᠠᠨᠵᠢᠨ ᠾᠧᠪᠧᠢ᠂ ᠬᠥᠬᠡᠮᠥ᠋ᠷᠡᠨ᠎ᠦ ᠭᠤᠷᠪᠠᠯᠵᠢᠨ ᠬᠣᠢᠭ᠂ ᠭᠤᠸᠠᠩᠳᠦ᠋ᠩ ᠱᠢᠶᠠᠩᠭᠠᠩ ᠣᠣᠮᠧᠨ᠎ᠦ ᠲᠣᠮᠣ ᠪᠤᠯᠤᠩ᠎ᠤᠨ ᠣᠷᠣᠨ ᠵᠡᠷᠭᠡ ᠭᠠᠵᠠᠷ ᠣᠷᠣᠨ᠎ᠯᠤᠭ᠎ᠠ ᠵᠣᠯᠭᠠᠯᠴᠠᠨ ᠬᠣᠯᠪᠣᠭᠠᠯᠠᠨ ᠬᠥᠳᠡᠯᠦᠯᠴᠡᠬᠦ᠌᠎ᠶ᠋ᠢ ᠴᠢᠩᠭᠠᠳᠭᠠᠵᠤ᠂ ᠲᠣᠮᠣ ᠬᠦᠷᠢᠶᠡᠯᠡᠩ ᠭᠠᠵᠠᠷ᠂ ᠨᠠᠷᠠᠲᠦ ᠶᠡᠬᠡ ᠳᠡᠭᠡᠳᠦ ᠰᠤᠷᠭᠠᠭᠤᠯᠢ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠠᠵᠤ ᠠᠬᠤᠢᠯᠠᠯ᠎ᠯᠤᠭ᠎ᠠ᠎ᠶ᠋ᠢᠨ ᠬᠠᠮᠲᠤᠷᠠᠯᠴᠠᠭᠠᠨ᠎ᠤ ᠲᠣᠭ᠍ᠲᠡᠴᠡ᠎ᠶ᠋ᠢ ᠲᠡᠭᠦᠯᠳᠡᠷᠵᠢᠭᠦᠯᠵᠦ᠍᠂ ᠨᠢᠭᠡ ᠪᠦᠯᠦᠭ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠰᠤᠳᠤᠯᠤᠨ ᠨᠡᠭᠡᠭᠡᠬᠦ᠌ ᠪᠠ ᠠᠵᠤ ᠦᠶ᠋ᠯᠡᠰ᠎ᠦᠨ ᠬᠡᠷᠡᠭ᠌ᠯᠡᠭᠡᠨ᠎ᠦ 《ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠤᠭᠤᠷᠴᠤᠭ ᠭᠠᠵᠠᠷ》 ᠢ᠋ ᠪᠥᠲᠥᠭᠡᠨ ᠪᠠᠢᠭᠤᠯᠵᠤ᠂ ᠨᠠᠩ ᠶᠡᠬᠡ ᠬᠡᠪᠴᠢᠶ᠎ᠡ᠂ ᠨᠠᠩ ᠥᠷᠭᠡᠨ ᠬᠦᠷᠢᠶᠡᠨ᠎ᠳᠦ ᠱᠢᠨ᠎ᠡ᠎ᠶ᠋ᠢ ᠡᠭᠦᠳᠬᠦ᠌ ᠡᠬᠢ ᠪᠠᠶᠠᠯᠢᠭ᠎ᠢ ᠥᠨᠳᠥᠷ ᠪᠦᠲᠦᠮᠵᠢᠲᠡᠶ᠎ᠪᠡᠷ ᠲᠣᠬᠢᠷᠠᠭᠤᠯᠬᠤ ᠪᠠ ᠬᠠᠮᠵᠢᠯᠴᠠᠨ ᠠᠱᠢᠭ᠍ᠯᠠᠬᠤ᠎ᠶ᠋ᠢ ᠠᠬᠢᠭᠤᠯᠤᠨ᠎ᠠ᠃ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠲᠦᠭᠡᠮᠡᠯᠵᠢᠭᠦᠯᠦᠯᠲᠡ᠎ᠶ᠋ᠢ ᠤᠯᠠᠮ ᠨᠢᠭᠡ ᠠᠯᠬᠤᠮ ᠴᠢᠩᠭᠠᠳᠭᠠᠵᠤ᠂ ᠱᠢᠨᠵᠢᠯᠡᠬᠦ᠌ ᠤᠬᠠᠭᠠᠨᠲᠠᠳ᠎ᠤᠨ ᠵᠣᠷᠢᠭ ᠰᠠᠨᠠᠭ᠎ᠠ᠎ᠶ᠋ᠢ ᠪᠠᠳᠠᠷᠠᠭᠤᠯᠵᠤ᠂ ᠱᠢᠨᠵᠢᠯᠡᠬᠦ᠌ ᠤᠬᠠᠭᠠᠨ᠎ᠤ ᠰᠤᠳᠤᠯᠭᠠᠨ ᠤ ᠦᠨᠡᠨᠴᠢ ᠢᠲᠡᠭᠡᠮᠵᠢ ᠪᠠ ᠡᠷᠳᠡᠮ ᠱᠢᠨᠵᠢᠯᠡᠭᠡᠨ᠎ᠦ ᠰᠤᠷᠲᠠᠯ ᠤᠨ ᠪᠠᠢᠭᠤᠯᠤᠯᠲᠠ᠎ᠶ᠋ᠢ ᠰᠠᠢᠲᠤᠷ ᠬᠢᠵᠦ᠍᠂ ᠱᠢᠨ᠎ᠡ᠎ᠶ᠋ᠢ ᠡᠭᠦᠳᠬᠦ᠌᠎ᠶ᠋ᠢ ᠵᠣᠷᠢᠭ᠍ᠵᠢᠭᠤᠯᠬᠤ᠂ ᠢᠯᠠᠭ᠍ᠳᠠᠯ ᠢ ᠠᠭᠤᠴᠢᠯᠠᠬᠤ ᠨᠡᠢᠭᠡᠮ᠎ᠦᠨ ᠠᠭᠤᠷ ᠠᠮᠢᠰᠭᠤᠯ᠎ᠢ ᠪᠤᠢ ᠪᠣᠯᠭᠠᠨ᠎ᠠ᠃