ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ ᠤ᠋ᠨ ᠣᠷᠳᠣᠨ ᠪᠠᠢᠩᠭᠤ᠎ᠶ᠋ᠢᠨ ᠬᠤᠷᠠᠯ ᠬᠤᠷᠠᠯᠳᠤᠭᠤᠯᠪᠠ
2026-01-16 11:17:34
ᠵᠣᠬᠢᠶᠠᠭ᠍ᠴᠢ᠄
ᠵᠠᠩ ᠺᠦᠢ
ᠣᠩᠱᠢᠭ᠍ᠰᠠᠨ ᠣᠳᠠᠭ᠎ᠠ᠄
★★★☆☆

ᠪᠤᠤ ᠭᠠᠩ ᠬᠤᠷᠠᠯ ᠢ᠋ ᠡᠷᠬᠢᠯᠡᠵᠠᠢ


1 ᠰᠠᠷ᠎ᠠ᠎ᠶ᠋ᠢᠨ 15 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ ᠎ᠤᠨ ᠣᠷᠳᠣᠨ ᠪᠠᠢᠩᠭᠤ᠎ᠶ᠋ᠢᠨ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠵᠢᠨ ᠫᠢᠩ ᠎ᠦᠨ ᠤᠢ᠍ᠢᠷ᠎ᠠ᠎ᠶ᠋ᠢᠨ ᠬᠤᠭᠤᠴᠠᠭᠠᠨ᠎ᠤ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠵᠤ᠂ ᠤᠯᠤᠰ᠎ᠤᠨ ᠴᠢᠬᠤᠯᠠ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠦ ᠦᠢᠯᠡᠳᠪᠦᠷᠢᠯᠡᠯ᠎ᠦᠨ ᠰᠠᠭᠤᠷᠢᠨ᠎ᠢ ᠴᠢᠨᠠᠷ ᠰᠠᠢᠲᠠᠢ ᠪᠦᠳᠦᠭᠡᠨ ᠪᠠᠢᠭᠤᠯᠬᠤ ᠵᠡᠷᠭᠡ ᠠᠵᠢᠯ᠎ᠢ ᠰᠤᠳᠤᠯᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠡᠷᠢᠭᠦᠯᠡᠭ᠌ᠴᠢ ᠪᠦᠦ ᠭᠠᠩ ᠬᠤᠷᠠᠯ᠎ᠢ ᠡᠷᠭᠢᠯᠡᠵᠡᠶ᠃

ᠬᠤᠷᠠᠯ ᠡᠴᠡ᠂ ᠶᠡᠷᠦᠩᠬᠡᠢ ᠱᠦᠵᠢ ᠰᠢ ᠵᠢᠨ ᠫᠢᠩ ᠎ᠦᠨ ᠲᠥᠪ ᠎ᠦᠨ ᠤᠯᠤᠰ ᠲᠦᠷᠦ᠍᠎ᠶ᠋ᠢᠨ ᠲᠣᠪᠴᠢᠶᠠᠨ᠎ᠤ ᠠᠷᠠᠳᠴᠢᠯᠠᠯ᠎ᠤᠨ ᠠᠮᠢᠳᠤᠷᠠᠯ᠎ᠤᠨ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠨᠠᠷᠢᠨ ᠬᠢᠨᠠᠮᠠᠭᠠᠢ ᠰᠤᠷᠤᠯᠴᠠᠨ ᠲᠤᠭᠤᠱᠢᠯᠠᠭᠤᠯᠵᠤ᠂ ᠪᠠᠲᠤ ᠢᠲᠡᠭᠡᠬᠦ᠌᠂ ᠪᠣᠳᠠᠲᠠᠢ᠎ᠶ᠋ᠢ ᠡᠷᠬᠢᠮᠯᠡᠬᠦ᠌᠂ ᠬᠠᠷᠢᠭᠤᠴᠠᠯᠭ᠎ᠠ ᠡᠭᠦᠷᠭᠡᠯᠡᠬᠦ᠌᠂ ᠦᠪᠡᠷ ᠢ᠋ ᠪᠠᠨ ᠱᠠᠭᠠᠷᠳᠠᠬᠤ᠎ᠶ᠋ᠢ ᠦᠨᠡᠨ ᠬᠦ᠌ ᠪᠡᠶᠡᠯᠡᠭᠦᠯᠵᠦ᠍᠂ ᠱᠢᠯᠢᠳᠡᠭ ᠰᠤᠷᠲᠠᠯ᠎ᠢᠶᠠᠷ ᠨᠠᠮ᠎ᠤᠨ ᠲᠥᠪ ᠬᠣᠷᠢᠶ᠎ᠠ ᠵᠢᠨ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠎ᠶ᠋ᠢ ᠪᠣᠳᠠᠲᠠᠢ᠎ᠳᠤ ᠨᠠᠢᠳᠠᠪᠤᠷᠢᠵᠢᠭᠤᠯᠬᠤ᠎ᠶ᠋ᠢ ᠪᠠᠲᠤᠯᠠᠬᠤ ᠬᠡᠷᠡᠭ᠌ᠲᠡᠢ᠃ ᠥᠪᠡᠷᠲᠡᠭᠡᠨ ᠵᠠᠰᠠᠬᠤ ᠣᠷᠣᠨ᠎ᠤ ᠨᠠᠮ ᠎ᠤᠨ ᠬᠣᠷᠢᠶ᠎ᠠ ᠵᠢᠨ ᠪᠠᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ ᠥᠪᠡᠷᠲᠡᠭᠡᠨ ᠵᠠᠰᠠᠬᠤ ᠣᠷᠣᠨ ᠎ᠤ ᠵᠠᠰᠠᠭ᠎ᠤᠨ ᠣᠷᠳᠣᠨ᠎ᠤ ᠨᠠᠮ᠎ᠤᠨ ᠤᠳᠤᠷᠢᠳᠭᠤ ᠳᠤᠭᠤᠢᠯᠠᠩ᠎ᠤᠨ ᠠᠷᠠᠳᠴᠢᠯᠠᠯ᠎ᠤᠨ ᠠᠮᠢᠳᠤᠷᠠᠯ᠎ᠤᠨ ᠬᠤᠷᠠᠯ᠎ᠢ ᠨᠠᠷᠢᠨ ᠨᠢᠮᠪᠠᠶ ᠪᠡᠯᠡᠳᠭᠡᠬᠦ᠌ ᠪᠠ ᠰᠠᠢᠲᠤᠷ ᠬᠤᠷᠠᠯᠳᠤᠭᠤᠯᠵᠤ᠂ ᠴᠢᠨᠠᠷ ᠰᠠᠢᠲᠠᠶ᠂ ᠰᠠᠢᠨ ᠦᠷ᠎ᠡ ᠪᠦᠲᠦᠮᠵᠢᠳᠠᠢ ᠬᠤᠷᠠᠯᠳᠤᠭᠤᠯᠬᠤ ᠵᠢ ᠪᠠᠲᠤᠯᠠᠬᠤ ᠬᠡᠷᠡᠭ᠌ᠲᠡᠶ ᠭᠡᠵᠤ ᠴᠢᠬᠤᠯᠠᠴᠢᠯᠠᠪᠠ᠃

ᠬᠤᠷᠠᠯ ᠡᠴᠡ᠂ ᠶᠡᠷᠦᠩᠬᠡᠶ ᠱᠦᠵᠢ ᠰᠢ ᠵᠢᠨ ᠫᠢᠩ ᠎ᠦᠨ 《ᠬᠥᠳᠡᠭᠡ ᠠᠵᠤ ᠠᠬᠤᠶ ᠬᠥᠳᠡᠭᠡ ᠲᠣᠰᠭᠣᠨ ᠲᠠᠷᠢᠶᠠᠴᠢᠨ》 ᠤ᠋ ᠠᠵᠢᠯ᠎ᠢ ᠰᠠᠢᠲᠤᠷ ᠬᠢᠬᠦ᠌ ᠲᠤᠬᠠᠶ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠲᠤᠭᠤᠱᠢᠯᠠᠭᠤᠯᠵᠤ᠂ ᠲᠥᠪ᠎ᠦᠨ ᠬᠥᠳᠡᠭᠡ ᠲᠣᠰᠭᠣᠨ᠎ᠤ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ᠎ᠶ᠋ᠢ ᠪᠥᠬᠥ᠌ ᠲᠠᠯ᠎ᠠ᠎ᠪᠠᠷ ᠨᠠᠢᠳᠠᠪᠤᠷᠢᠵᠢᠭᠤᠯᠵᠤ᠂ ᠱᠢᠨ᠎ᠡ ᠨᠢᠭᠡ ᠡᠭᠡᠯᠵᠢ᠎ᠶ᠋ᠢᠨ ᠠᠮᠤ ᠪᠤᠳᠠᠭᠠᠨ᠎ᠤ ᠦᠶ᠋ᠯᠡᠳᠪᠦᠷᠢᠯᠡᠯ᠎ᠦᠨ ᠴᠢᠳᠠᠪᠤᠷᠢ᠎ᠶ᠋ᠢ ᠳᠡᠭᠡᠭ᠌ᠰᠢᠯᠡᠭᠦᠯᠬᠦ᠌ ᠠᠵᠢᠯᠯᠠᠭ᠎ᠠ᠎ᠶ᠋ᠢ ᠬᠡᠷᠡᠭ᠌ᠵᠢᠭᠦᠯᠵᠦ᠍᠂ 《ᠮᠠᠯ ᠤ᠋ᠨ ᠡᠭᠦᠯᠳᠡᠷ ᠲᠠᠷᠢᠶᠠᠨ ᠦᠷ᠎ᠠ》 ᠵᠢᠨ ᠢᠨᠵᠧᠨᠧᠷᠢᠩ ᠎ᠢ ᠲᠦᠷᠭᠡᠳᠭᠡᠨ ᠬᠡᠷᠡᠭ᠌ᠵᠢᠭᠦᠯᠵᠦ᠍᠂ ᠨᠠᠷᠢᠯᠢᠭ ᠡᠳ᠋ᠱᠢᠭᠦᠯᠬᠦ᠌ ᠪᠠ ᠪᠣᠬᠢᠷᠲᠤᠯ ᠥᠬᠡᠶ ᠣᠷᠭᠠᠨᠢᠭ ᠤ᠋ᠨ ᠲᠥᠷᠥᠯ ᠲᠡᠮᠳᠡᠭ᠎ᠢ ᠰᠠᠢᠲᠤᠷ ᠬᠢᠵᠦ᠍᠂ ᠪᠣᠬᠢᠷᠲᠤᠯ ᠥᠬᠡᠶ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠦ ᠬᠦᠴᠦᠷᠬᠡᠭ ᠣᠷᠣᠨ᠎ᠢ ᠲᠦᠷᠭᠡᠳᠭᠡᠨ ᠪᠦᠳᠦᠬᠡᠨ ᠪᠠᠢᠭᠤᠯᠬᠤ ᠬᠡᠷᠡᠭ᠌ᠲᠡᠶ᠃ 《ᠮᠢᠩᠭ᠎ᠠ ᠲᠦᠮᠡ᠎ᠶ᠋ᠢᠨ ᠢᠨᠵᠧᠨᠧᠷᠢᠩ》  ᠤ᠋ᠨ ᠲᠤᠷᠱᠢᠯᠭ᠎ᠠ᠎ᠶ᠋ᠢ ᠰᠤᠷᠤᠯᠴᠠᠨ ᠬᠡᠷᠡᠭ᠌ᠯᠡᠵᠦ᠍᠂ ᠬᠥᠳᠡᠭᠡ ᠲᠣᠰᠭᠣᠨ ᠎ᠢ ᠪᠥᠬᠥ᠌ ᠲᠠᠯ᠎ᠠ᠎ᠪᠠᠷ ᠬᠥᠭ᠌ᠵᠢᠭᠦᠯᠦᠨ ᠮᠠᠨᠳᠤᠭᠤᠯᠬᠤ᠎ᠶ᠋ᠢ ᠯᠠᠪᠳᠠᠭᠤᠨ ᠪᠠᠲᠤᠲᠠᠶ ᠠᠬᠢᠭᠤᠯᠵᠤ᠂ ᠪᠠᠢ᠌ᠩᠭᠤᠵᠢᠭ᠍ᠰᠠᠨ ᠣᠨᠢᠨ ᠳᠡᠭᠡᠷ᠎ᠡ᠎ᠨᠢ ᠬᠠᠪᠰᠤᠷᠤᠨ ᠲᠡᠳᠬᠦᠬᠦ᠌᠎ᠶ᠋ᠢ ᠥᠷᠨᠢᠭᠦᠯᠵᠦ᠍᠂ ᠬᠥᠳᠡᠭᠡ ᠲᠣᠰᠭᠣᠨ ᠎ᠤ ᠤᠨᠴᠠᠯᠢᠬ᠍ᠳᠤ ᠠᠵᠤ ᠦᠶ᠋ᠯᠡᠰ᠎ᠢ ᠢᠳᠡᠪᠬᠢᠲᠡᠶ ᠬᠥᠭ᠌ᠵᠢᠭᠦᠯᠵᠦ᠍᠂ ᠬᠦᠳᠡᠭᠡ ᠠᠵᠤ ᠠᠬᠤᠢ ᠵᠢ ᠬᠦᠴᠦᠷᠬᠡᠭ᠌ᠵᠢᠭᠦᠯᠵᠦ᠍ ᠲᠠᠷᠢᠶᠠᠴᠢᠳ᠎ᠲᠤ ᠠᠱᠢᠭ ᠬᠦᠷᠲᠡᠭᠡᠵᠦ᠍ ᠲᠠᠷᠢᠶᠠᠴᠢᠳ ᠎ᠢ ᠪᠠᠶᠠᠵᠢᠭᠤᠯᠬᠤ ᠲᠥᠷᠥ᠎ᠶ᠋ᠢᠨ ᠪᠣᠳᠣᠯᠭ᠎ᠠ᠎ᠶ᠋ᠢ ᠲᠡᠭᠦᠯᠳᠡᠷᠵᠢᠭᠦᠯᠵᠦ᠍᠂ ᠮᠠᠯᠴᠢᠨ ᠲᠠᠷᠢᠶᠠᠴᠢᠨ ᠎ᠤ ᠣᠷᠣᠯᠭ᠎ᠠ ᠎ᠶ᠋ᠢᠨ ᠲᠣᠭ᠍ᠲᠠᠭᠤᠨ᠎ᠢᠶᠡᠷ ᠨᠡᠮᠡᠭ᠌ᠳᠡᠬᠦ᠎ᠵᠢ ᠠᠬᠢᠭᠤᠯᠵᠤ᠂ ᠭᠠᠵᠠᠷ ᠣᠷᠣᠨ᠎ᠤ ᠪᠠᠢᠳᠠᠯ ᠳ᠋ᠠᠭᠠᠨ ᠲᠣᠬᠢᠷᠠᠭᠤᠯᠤᠨ ᠤᠷᠤᠰᠢᠨ ᠰᠠᠭᠤᠬᠤ ᠳ᠋ᠤ ᠲᠤᠬᠢᠷᠠᠮᠵᠢᠳᠠᠢ ᠦᠢᠯᠡᠰ ᠪᠤᠰᠬᠠᠬᠤ᠎ᠳᠤ ᠲᠣᠬᠢᠷᠠᠮᠵᠢᠲᠠᠶ ᠡᠶ᠎ᠠ ᠵᠤᠬᠢᠴᠠᠩᠭᠤᠢ ᠦᠵᠡᠰᠭᠦᠯᠡᠩᠲᠦ ᠰᠠᠢᠬᠠᠨ ᠬᠥᠳᠡᠭᠡ ᠲᠣᠰᠭᠣᠨ᠎ᠢ ᠪᠥᠲᠥᠭᠡᠨ ᠪᠠᠢᠭᠤᠯᠬᠤ ᠬᠡᠷᠡᠭ᠌ᠲᠡᠶ ᠭᠡᠵᠤ ᠴᠢᠬᠤᠯᠠᠴᠢᠯᠠᠪᠠ᠃

ᠬᠤᠷᠠᠯ ᠡᠴᠡ《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠵᠠᠰᠠᠭ᠎ᠤᠨ ᠣᠷᠳᠣᠨ ᠎ᠤ ᠪᠠᠯᠠ ᠣᠷᠣᠭᠤᠯᠤᠯᠲᠠ᠎ᠶ᠋ᠢᠨ ᠰᠠᠭᠤᠷᠢ ᠮᠥᠩᠭᠥ᠎ᠶ᠋ᠢᠨ ᠬᠠᠮᠢᠶᠠᠷᠤᠯᠲᠠ᠎ᠶ᠋ᠢᠨ ᠠᠷᠭ᠎ᠠ》 ᠶ᠋ᠢ ᠬᠢᠨᠠᠨ ᠵᠥᠪᠯᠡᠵᠦ᠍ ᠪᠠᠲᠤᠯᠠᠨ᠂ 《ᠤᠯᠤᠰ ᠎ᠤᠨ ᠴᠢᠬᠤᠯᠠ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠦ ᠦᠶ᠋ᠯᠡᠳᠪᠦᠷᠢᠯᠡᠯ ᠎ᠦᠨ ᠰᠠᠭᠤᠷᠢᠨ᠎ᠢ ᠴᠢᠨᠠᠷ ᠰᠠᠢᠲᠠᠶ ᠪᠥᠲᠥᠭᠡᠨ ᠪᠠᠢᠭᠤᠯᠬᠤ ᠲᠤᠬᠠᠶ ᠬᠡᠷᠡᠭ᠌ᠵᠢᠭᠦᠯᠬᠦ᠌ ᠰᠠᠨᠠᠯ》 ᠢ᠋ ᠰᠤᠳᠤᠯᠪᠠ᠃


ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号