ᠰᠤᠷᠪᠤᠯᠵᠢᠯᠠᠭ᠍ᠴᠢ 13 ᠤ᠋ ᠡᠳᠦᠷ ᠣᠢᠯᠠᠭᠠᠭᠰᠠᠨ᠎ᠢᠶᠠᠷ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ᠎ᠶᠢᠨ ᠶᠠᠮᠤᠨ ᠲᠦᠷᠦᠭᠦᠬᠡᠨ 《ᠠᠵᠤ ᠦᠢᠯᠡᠳᠪᠦᠷᠢ᠎ᠶᠢᠨ ᠢᠨᠲᠧᠷ ᠰᠦᠯᠵᠢᠶᠡᠨ᠎ᠦ ᠲᠠᠪᠴᠠᠩ᠎ᠤᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ ᠠᠵᠢᠯᠯᠠᠭᠠᠨ᠎ᠤ ᠲᠥᠰᠥᠯ (2026 — 2028 ᠣᠨ)》 ᠢ᠋ ᠳᠠᠷᠤᠮᠠᠯᠯᠠᠨ ᠲᠠᠷᠬᠠᠭᠠᠵᠤ᠂ 2028 ᠣᠨ ᠪᠣᠯᠬᠤ᠎ᠳᠤ᠂ ᠠᠵᠤ ᠦᠢᠯᠡᠳᠪᠦᠷᠢ᠎ᠶᠢᠨ ᠢᠨᠲᠧᠷ ᠰᠦᠯᠵᠢᠶᠡᠨ᠎ᠦ ᠲᠠᠪᠴᠠᠩ᠎ᠤᠨ ᠴᠢᠨᠠᠷ ᠰᠠᠢᠲᠠᠢ ᠬᠥᠭᠵᠢᠯᠲᠡ ᠢᠳᠡᠪᠬᠢᠲᠡᠢ ᠦᠷ᠎ᠡ ᠪᠦᠲᠦᠮᠵᠢ ᠣᠯᠵᠤ᠂ ᠵᠣᠬᠢᠬᠤ ᠨᠥᠯᠥᠭᠡᠯᠡᠬᠦ ᠬᠦᠴᠦᠨ᠎ᠲᠠᠢ ᠲᠠᠪᠴᠠᠩ᠎ᠢ 450᠎ᠶ᠋ᠢ ᠳᠠᠪᠠᠭᠤᠯᠤᠨ᠎ᠠ; ᠭᠣᠣᠯᠳᠠᠯᠭ᠎ᠠ᠎ᠲᠠᠢ ᠲᠠᠪᠴᠠᠩ᠎ᠤᠨ ᠳ᠋ᠠᠢᠲ᠋ᠠ᠎ᠶᠢᠨ ᠨᠡᠮᠡᠭᠳᠡᠯ ᠥᠷᠲᠡᠭ᠂ ᠵᠠᠭᠪᠤᠷ᠎ᠢ ᠲᠤᠩᠭᠠᠬᠤ ᠪᠠ ᠵᠣᠬᠢᠶᠠᠮᠠᠯ ᠣᠶᠤᠨ ᠴᠢᠳᠠᠪᠤᠷᠢ᠎ᠶᠢ ᠨᠡᠭᠡᠭᠡᠨ ᠬᠥᠭᠵᠢᠭᠦᠯᠵᠦ ᠬᠡᠷᠡᠭᠯᠡᠬᠦ ᠴᠢᠳᠠᠪᠤᠷᠢ᠎ᠶᠢ ᠢᠯᠡᠳᠲᠡ ᠳᠡᠭᠡᠭᠰᠢᠯᠡᠭᠦᠯᠵᠦ᠂ ᠠᠵᠤ ᠦᠢᠯᠡᠳᠪᠦᠷᠢ᠎ᠶᠢᠨ ᠲᠥᠬᠦᠭᠡᠷᠦᠮᠵᠢ᠎ᠶᠢᠨ ᠵᠠᠯᠭᠠᠯᠲᠠ᠎ᠶᠢᠨ ᠲᠣᠭ᠎ᠠ᠎ᠶᠢ 1.2 ᠳ᠋ᠦᠩᠰᠢᠭᠤᠷ ᠰᠠᠭᠤᠷᠢ (ᠢᠵᠢ) ᠡᠴᠡᠳᠠᠪᠠᠭᠤᠯᠤᠨᠠ ᠭᠡᠵᠦ ᠳᠤᠷᠠᠳᠤᠨ ᠭᠠᠷᠭᠠᠪᠠ᠃
ᠠᠵᠤ ᠦᠢᠯᠡᠳᠪᠦᠷᠢ᠎ᠶᠢᠨ ᠢᠨᠲᠧᠷ ᠰᠦᠯᠵᠢᠶᠡᠨ᠎ᠦ ᠲᠠᠪᠴᠠᠩ ᠪᠣᠯ ᠶᠡᠬᠡ ᠬᠡᠮᠵᠢᠶᠡᠨ᠎ᠦ ᠳ᠋ᠠᠢᠲ᠋ᠠ᠎ᠶᠢ ᠬᠤᠷᠠᠮᠳᠤᠭᠤᠯᠬᠤ᠂ ᠵᠠᠭᠪᠤᠷ᠎ᠢ ᠲᠤᠩᠭᠠᠬᠤ ᠪᠠ ᠬᠡᠷᠡᠭᠯᠡᠵᠦ ᠨᠡᠭᠡᠭᠡᠨ ᠬᠥᠭᠵᠢᠭᠦᠯᠬᠦ ᠵᠠᠩᠭᠢᠯᠠᠭ᠎ᠠ᠎ᠶᠢᠨ ᠠᠴᠢᠶᠠᠯᠠᠪᠤᠷᠢ ᠪᠠᠢᠵᠤ᠂ ᠠᠵᠤ ᠦᠢᠯᠡᠳᠪᠦᠷᠢ᠎ᠶᠢᠨ ᠬᠦᠴᠦᠨ ᠵᠦᠢᠯ᠎ᠦᠨ ᠡᠬᠢ ᠪᠠᠶᠠᠯᠢᠭ᠋᠎ᠢ ᠦᠷᠭᠡᠨᠵᠢᠡᠷ ᠬᠣᠯᠪᠣᠯᠳᠤᠭᠤᠯᠬᠤ᠂ ᠬᠠᠷᠢᠮᠠᠬᠠᠢ ᠴᠢᠨᠠᠷᠲᠠᠢ᠎ᠪᠠᠷ ᠬᠠᠩᠭᠠᠬᠤ ᠪᠠ ᠥᠨᠳᠥᠷ ᠪᠦᠲᠦᠮᠵᠢᠲᠡᠶ᠎ᠪᠡᠷ ᠲᠣᠬᠢᠷᠠᠭᠤᠯᠬᠤ ᠴᠢᠬᠤᠯᠠ ᠬᠦᠢᠰᠦ ᠪᠣᠯᠣᠨ᠎ᠠ᠃ ᠣᠢᠷ᠎ᠠ᠎ᠶᠢᠨ ᠵᠢᠯ᠎ᠦᠳ᠎ᠲᠦ᠂ ᠮᠠᠨ᠎ᠤ ᠤᠯᠤᠰ᠎ᠤᠨ ᠠᠵᠤ ᠦᠢᠯᠡᠳᠪᠦᠷᠢ᠎ᠶᠢᠨ ᠢᠨᠲᠧᠷ ᠰᠦᠯᠵᠢᠶᠡᠨ᠎ᠦ ᠲᠠᠪᠴᠠᠩ᠎ᠤᠨ ᠪᠠᠢᠭᠤᠯᠤᠯᠲᠠ ᠪᠠ ᠳᠡᠯᠭᠡᠷᠡᠭᠦᠯᠦᠯᠲᠡ ᠢᠳᠡᠪᠬᠢᠲᠡᠢ ᠦᠷ᠎ᠡ ᠪᠦᠲᠦᠮᠵᠢ ᠣᠯᠵᠤ᠂ ᠵᠣᠬᠢᠬᠤ ᠨᠥᠯᠥᠭᠡᠯᠡᠬᠦ ᠬᠦᠴᠦᠨ᠎ᠲᠠᠢ ᠲᠠᠪᠴᠠᠩ 340 ᠶ᠋ᠢ ᠳᠠᠪᠠᠵᠤ᠂ ᠭᠣᠣᠯᠳᠠᠯᠭ᠎ᠠ᠎ᠲᠠᠢ ᠲᠠᠪᠴᠠᠩ᠎ᠤᠨ ᠵᠠᠯᠭᠠᠭᠰᠠᠨ ᠲᠥᠬᠦᠭᠡᠷᠦᠮᠵᠢ᠎ᠶᠢᠨ ᠲᠣᠭ᠎ᠠ 1 ᠳ᠋ᠦᠩᠰᠢᠭᠤᠷ᠎ᠢ ᠳᠠᠪᠠᠭᠰᠠᠨ ᠪᠠᠢᠨ᠎ᠠ᠃ ᠡᠭᠦᠨ᠎ᠦ ᠬᠠᠮᠲᠤ᠂ ᠲᠠᠪᠴᠠᠩ᠎ᠤᠨ ᠬᠥᠭᠵᠢᠯᠲᠡ᠎ᠳᠦ ᠮᠥᠨ ᠬᠦ᠌ ᠬᠥᠭᠵᠢᠯᠲᠡ᠎ᠶᠢᠨ ᠵᠦᠷᠢᠶᠡᠴᠢᠯᠡᠭᠰᠡᠨ ᠬᠡᠮᠵᠢᠶ᠎ᠡ ᠬᠦᠷᠦᠯᠴᠡᠬᠦ ᠦᠭᠡᠢ᠂ ᠬᠡᠷᠡᠭᠯᠡᠭᠡᠨ᠎ᠦ ᠭᠦᠨᠴᠡ ᠬᠦᠷᠦᠯᠴᠡᠬᠦ ᠦᠭᠡᠢ᠂ ᠠᠮᠢ ᠠᠬᠤᠢ᠎ᠶᠢᠨ ᠬᠠᠮᠵᠢᠯᠴᠠᠬᠤ ᠴᠢᠨᠠᠷ ᠴᠢᠩᠭ᠎ᠠ ᠪᠢᠰᠢ ᠵᠡᠷᠭᠡ ᠭᠦᠨ ᠳᠠᠪᠬᠤᠷᠭ᠎ᠠ᠎ᠶᠢᠨ ᠥᠷᠢᠰᠦᠯᠳᠦᠭᠡᠨ ᠲᠤᠯᠭᠠᠷᠠᠵᠤ ᠪᠠᠢᠨ᠎ᠠ᠃
ᠠᠵᠢᠯᠯᠠᠭᠠᠨ᠎ᠤ ᠲᠥᠰᠥᠯ ᠨᠢ ᠲᠠᠪᠴᠠᠩ᠎ᠢ ᠪᠣᠢᠵᠢᠭᠤᠯᠤᠨ ᠰᠢᠯᠢᠳᠡᠭᠵᠢᠭᠦᠯᠬᠦ ᠠᠵᠢᠯᠯᠠᠭ᠎ᠠ᠎ᠶᠢᠨ ᠲᠣᠭᠣᠷᠢᠨ᠎ᠳᠤ᠂ ᠲᠠᠪᠴᠠᠩ᠎ᠤᠨ 《ᠲᠤᠭᠠᠴᠢᠯᠠᠯᠲᠠ》 ᠶ᠋ᠢ ᠲᠥᠪᠯᠡᠷᠡᠭᠦᠯᠦᠨ 《ᠣᠶᠤᠨᠴᠢᠯᠠᠯᠲᠠ》 ᠵᠢ ᠳᠤᠷᠠᠳᠬᠤ ᠠᠵᠢᠯᠯᠠᠭ᠎ᠠ᠂ ᠲᠠᠪᠴᠠᠩ᠎ᠤᠨ ᠬᠡᠪᠴᠢᠶᠡᠵᠢᠭᠦᠯᠦᠨ ᠬᠡᠷᠡᠭᠯᠡᠬᠦ ᠠᠵᠢᠯᠯᠠᠭ᠎ᠠ᠂ ᠲᠠᠪᠴᠠᠩ᠎ᠤᠨ ᠠᠮᠢ ᠠᠬᠤᠢ᠎ᠶᠢᠨ ᠲᠤᠯᠭᠠᠭᠤᠷᠢᠯᠠᠬᠤ ᠠᠵᠢᠯᠯᠠᠭ᠎ᠠ ᠵᠡᠷᠭᠡ ᠠᠯᠢ ᠣᠯᠠᠨ ᠠᠷᠭ᠎ᠠ ᠬᠡᠮᠵᠢᠶ᠎ᠡ᠎ᠶᠢ ᠪᠠᠢᠷᠢᠯᠠᠭᠤᠯᠪᠠ᠂ ᠡᠭᠦᠨ᠎ᠳᠦ 《ᠰᠠᠭᠤᠷᠢ ᠲᠠᠰ᠂ ᠦᠰᠦᠨ ᠪᠣᠢᠵᠢᠬᠤ ᠲᠠᠰ᠂ ᠬᠥᠲᠥᠯᠥᠨ ᠳᠠᠭᠠᠭᠤᠯᠬᠤ ᠲᠠᠰ᠂ ᠠᠮᠢ ᠠᠬᠤᠢ᠎ᠶᠢᠨ ᠲᠠᠰ》 ᠢ᠋ ᠪᠣᠢᠵᠢᠭᠤᠯᠬᠤ ᠲᠣᠭᠲᠠᠴᠠ᠎ᠶᠢ ᠪᠠᠶ᠋ᠢᠭᠤᠯᠬᠤ; ᠠᠵᠤ ᠦᠢᠯᠡᠳᠪᠦᠷᠢ᠎ᠶᠢᠨ ᠢᠨᠲᠧᠷ ᠰᠦᠯᠵᠢᠶ᠎ᠡ ᠬᠢᠭᠡᠳ ᠵᠣᠬᠢᠶᠠᠮᠠᠯ ᠣᠶᠤᠨ ᠴᠢᠳᠠᠪᠤᠷᠢ᠎ᠶᠢᠨ ᠠᠭᠤᠰᠤᠯᠴᠠᠯ᠎ᠤᠨ ᠡᠨ᠋ᠸᠷᠬᠢ ᠣᠯᠭᠣᠬᠤ ᠠᠵᠢᠯᠯᠠᠭ᠎ᠠ᠎ᠶᠢ ᠬᠡᠷᠡᠭᠵᠢᠭᠦᠯᠬᠦ; ᠲᠠᠪᠴᠠᠩ᠎ᠤᠨ ᠠᠵᠤ ᠠᠬᠤᠢᠯᠠᠯ᠎ᠤᠨ 《ᠤᠷᠢᠳ᠎ᠵᠢᠡᠷ ᠬᠡᠷᠡᠭᠯᠡᠵᠦ ᠳᠠᠷᠠᠭ᠎ᠠ ᠨᠢ ᠲᠣᠭᠠᠴᠠᠭ᠎ᠠ ᠬᠢᠬᠦ》᠂ 《ᠵᠠᠬᠢᠶᠠᠯᠠᠨ ᠦᠵᠡᠬᠦ ᠦᠢᠯᠡᠴᠢᠯᠡᠭᠡ》 ᠵᠡᠷᠭᠡ ᠦᠢᠯᠡᠴᠢᠯᠡᠭᠡᠨ᠎ᠦ ᠠᠷᠭ᠎ᠠ ᠮᠠᠶᠢᠭ᠋᠎ᠢ ᠳᠡᠯᠭᠡᠷᠡᠭᠦᠯᠬᠦ᠎ᠶᠢ ᠳᠡᠮᠵᠢᠬᠦ; ᠠᠵᠤ ᠦᠢᠯᠡᠳᠪᠦᠷᠢ᠎ᠶᠢᠨ ᠢᠨᠲᠧᠷ ᠰᠦᠯᠵᠢᠶᠡᠨ᠎ᠦ ᠲᠠᠪᠴᠠᠩ᠎ᠤᠨ ᠺᠠᠢ ᠶᠤᠸᠠᠨ ᠨᠡᠢᠭᠡᠮ ᠲᠣᠭᠣᠷᠢᠭ᠋᠎ᠤᠨ ᠪᠠᠢᠭᠤᠯᠤᠯᠲᠠ᠎ᠶᠢ ᠠᠬᠢᠭᠤᠯᠬᠤ ᠵᠡᠷᠭᠡ ᠪᠠᠭᠲᠠᠨ᠎ᠠ᠃
ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ᠎ᠶᠢᠨ ᠶᠠᠮᠤᠨ᠎ᠤ ᠮᠡᠳᠡᠭᠡ ᠵᠠᠩᠭᠢ᠎ᠶᠢᠨ ᠮᠡᠷᠭᠡᠵᠢᠯ᠎ᠦᠨ ᠬᠥᠭᠵᠢᠯᠲᠡ᠎ᠶᠢᠨ ᠵᠤᠷᠭᠠᠨ᠎ᠤ ᠬᠣᠯᠪᠣᠭᠳᠠᠯ ᠪᠦᠬᠦᠢ ᠬᠠᠷᠢᠭᠤᠴᠠᠯᠭᠠᠲᠠᠨ᠂ ᠬᠣᠯᠪᠣᠭᠳᠠᠯ ᠪᠦᠬᠦᠢ ᠲᠠᠯ᠎ᠠ᠎ᠶᠢᠨ ᠬᠢᠨ ᠠᠵᠢᠯ᠎ᠤᠨ ᠲᠣᠭᠲᠠᠴᠠ᠎ᠪᠠᠨ ᠲᠡᠭᠦᠯᠳᠡᠷᠵᠢᠭᠦᠯᠵᠦ᠂ ᠪᠣᠳᠠᠲᠤ ᠪᠠᠢᠳᠠᠯ᠎ᠲᠠᠢ᠎ᠪᠠᠨ ᠤᠶᠠᠯᠳᠤᠭᠤᠯᠤᠨ ᠠᠷᠭ᠎ᠠ ᠬᠡᠮᠵᠢᠶ᠎ᠡ᠎ᠪᠡᠨ ᠨᠠᠷᠢᠯᠢᠭ᠍ᠵᠢᠭᠤᠯᠤᠨ ᠨᠠᠢᠳᠠᠪᠤᠷᠢᠵᠢᠭᠤᠯᠵᠤ᠂ ᠠᠵᠢᠯ᠎ᠤᠨ ᠡᠷᠴᠢᠮ᠎ᠢᠶᠡᠨ ᠴᠢᠩᠭᠠᠷᠠᠭᠤᠯᠤᠨ᠂ ᠨᠥᠬᠥᠴᠡᠯ᠎ᠲᠠᠢ ᠭᠠᠵᠠᠷ ᠣᠷᠣᠨ᠎ᠤ ᠬᠢᠨ ᠪᠡᠯᠡ ᠮᠥᠩᠭᠥ᠂ ᠭᠠᠢᠯᠢ ᠲᠠᠲᠠᠪᠤᠷᠢ᠂ ᠴᠢᠳᠠᠪᠤᠷᠢᠲᠠᠨ ᠵᠡᠷᠭᠡ ᠳᠡᠮᠵᠢᠯᠭᠡ᠎ᠶᠢᠨ ᠠᠷᠭ᠎ᠠ ᠬᠡᠯᠪᠡᠷᠢ᠎ᠶᠢᠨ ᠰᠢᠨ᠎ᠡ᠎ᠶᠢ ᠡᠭᠦᠳᠬᠦ᠎ᠶᠢ ᠵᠣᠷᠢᠭ᠍ᠵᠢᠭᠤᠯᠵᠤ᠂ ᠠᠷᠠᠳ᠎ᠤᠨ ᠡᠵᠡᠩᠨᠡᠯᠲᠡ᠎ᠶᠢᠨ ᠠᠵᠤ ᠠᠬᠤᠢᠯᠠᠯ᠂ ᠳᠤᠮᠳᠠ ᠪᠠᠭ᠎ᠠ ᠠᠵᠤ ᠠᠬᠤᠢᠯᠠᠯ᠎ᠳᠤ ᠡᠷᠬᠡ ᠲᠡᠭᠰᠢ᠎ᠪᠡᠷ ᠬᠠᠨᠳᠤᠵᠤ᠂ ᠣᠯᠠᠨ ᠨᠡᠶ᠋ᠢᠲᠡ᠎ᠶᠢᠨ ᠦᠢᠯᠡᠴᠢᠯᠡᠭᠡᠨ᠎ᠦ ᠬᠠᠩᠭᠠᠯᠭ᠎ᠠ᠎ᠶᠢᠨ ᠲᠦᠪᠰᠢᠨ᠎ᠢ ᠳᠡᠭᠡᠭᠰᠢᠯᠡᠭᠦᠯᠦᠨ᠂ ᠤᠬᠠᠭᠤᠯᠵᠤ ᠬᠥᠲᠥᠯᠥᠨ ᠵᠢᠯᠤᠭᠣᠳᠬᠤ᠎ᠶᠢ ᠴᠢᠩᠭᠠᠳᠬᠠᠵᠤ᠂ ᠲᠠᠪᠴᠠᠩ᠎ᠤᠨ ᠴᠢᠨᠠᠷ ᠰᠠᠢᠲᠠᠢ ᠬᠥᠭᠵᠢᠯᠲᠡ᠎ᠶᠢᠨ ᠰᠠᠢᠨ ᠰᠠᠢᠬᠠᠨ ᠠᠭᠤᠷ ᠠᠮᠢᠰᠬᠤᠯ᠎ᠢ ᠪᠣᠶ ᠪᠣᠯᠭᠠᠬᠤ ᠬᠡᠷᠡᠭᠲᠡᠢ ᠭᠡᠵᠦ ᠲᠠᠨᠢᠯᠴᠠᠭᠤᠯᠪᠠ᠃
(ᠰᠢᠨᠬᠤᠸᠠ ᠬᠤᠷᠢᠶ᠎ᠠ᠎ᠵᠢᠨ ᠪᠡᠭᠡᠵᠢᠩ᠎ᠦᠨ 1 ᠰᠠᠷ᠎ᠠ᠎ᠶᠢᠨ 13 ᠤ᠋ ᠴᠠᠬᠢᠯᠭᠠᠨ ᠮᠡᠳᠡᠭᠡ)