2025 ᠣᠨ᠎ᠳᠤ ᠪᠥᠬᠥ ᠤᠯᠤᠰ᠎ᠤᠨ ᠡᠵᠡᠩᠨᠡᠯᠲᠡ᠎ᠶᠢᠨ ᠴᠢᠨᠠᠷᠲᠠᠢ ᠲᠣᠭᠯᠠᠯᠲᠠ᠎ᠶᠢᠨ ᠪᠢᠯᠧᠲ᠎ᠦᠨ ᠣᠷᠣᠯᠭ᠎ᠠ 616 ᠳ᠋ᠦᠩᠰᠢᠭᠤᠷ ᠲᠥᠭᠥᠷᠢᠭ᠎ᠢ ᠳᠠᠪᠠᠵᠠᠢ
2026-01-16 09:58:29
ᠵᠣᠬᠢᠶᠠᠭ᠍ᠴᠢ᠄
ᠰᠢᠨᠬᠤᠸᠠ ᠬᠤᠷᠢᠶ᠎ᠠ᠎ᠵᠢᠨ ᠰᠤᠷᠪᠤᠯᠵᠢᠯᠠᠭ᠍ᠴᠢ ᠰᠢᠩ ᠲᠦᠸᠸ
ᠣᠩᠱᠢᠭ᠍ᠰᠠᠨ ᠣᠳᠠᠭ᠎ᠠ᠄
★★★☆☆

ᠳᠤᠮᠳᠠᠳᠤ ᠤᠯᠤᠰ᠎ᠤᠨ ᠲᠣᠭᠯᠠᠯᠲᠠ᠎ᠶᠢᠨ ᠠᠵᠢᠯ ᠲᠥᠷᠥᠯ᠎ᠦᠨ ᠨᠡᠢᠭᠡᠮᠯᠢᠭ᠎ᠦᠨ 13᠎ᠤ᠋ ᠡᠳᠦᠷ ᠨᠡᠢᠲᠡᠯᠡᠭᠰᠡᠨ 2025 ᠣᠨ᠎ᠤ ᠪᠥᠬᠥ ᠤᠯᠤᠰ᠎ᠤᠨ ᠲᠣᠭᠯᠠᠯᠲᠠ᠎ᠶᠢᠨ ᠵᠠᠬ᠎ᠠ ᠳᠡᠯᠭᠡᠭᠦᠷ᠎ᠦᠨ ᠲᠣᠪᠴᠢ ᠮᠡᠳᠡᠭᠡ᠎ᠳᠦ ᠬᠠᠷᠠᠭᠤᠯᠤᠭᠰᠠᠨ᠎ᠢᠶᠡᠷ᠂ 2025 ᠣᠨ᠎ᠤ ᠪᠥᠬᠥ ᠤᠯᠤᠰ᠎ᠤᠨ ᠡᠵᠡᠩᠨᠡᠯᠲᠡ᠎ᠶᠢᠨ ᠴᠢᠨᠠᠷᠲᠠᠢ ᠲᠣᠭᠯᠠᠯᠲᠠ (ᠵᠤᠭ᠎ᠠ ᠴᠡᠩᠭᠡᠯ᠎ᠦᠨ ᠭᠠᠵᠠᠷ᠎ᠤᠨ ᠲᠣᠭᠯᠠᠯᠲᠠ᠎ᠶᠢ ᠪᠠᠭᠲᠠᠭᠠᠬᠤ ᠦᠭᠡᠢ) ᠶ᠋ᠢᠨ ᠤᠳᠠᠭ᠎ᠠ ᠨᠢ 64.04 ᠲᠦᠮᠡᠨ ᠲᠠᠯᠠᠪᠠᠶ ᠪᠠᠢᠵᠤ᠂ ᠨᠢᠳᠤᠨᠤᠨ᠎ᠤ ᠠᠳᠠᠯᠢ ᠬᠤᠭᠤᠴᠠᠭᠠᠨ᠎ᠤ ᠬᠢ᠎ᠡᠴᠡ 6.58% ᠎ᠪᠠᠷ ᠨᠡᠮᠡᠭᠳᠡᠪᠡ; ᠪᠢᠯᠧᠲ᠎ᠦᠨ ᠣᠷᠣᠯᠭ᠎ᠠ 616.55 ᠳ᠋ᠦᠩᠰᠢᠭᠤᠷ ᠲᠥᠭᠥᠷᠢᠭ᠎ᠲᠦ ᠬᠦᠷᠴᠦ᠂ ᠨᠢᠳᠤᠨᠤᠨ᠎ᠤ ᠠᠳᠠᠯᠢ ᠬᠤᠭᠤᠴᠠᠭᠠᠨ᠎ᠤ ᠬᠢ᠎ᠡᠴᠡ 6.39% ᠎ᠪᠠᠷ ᠨᠡᠮᠡᠭᠳᠡᠵᠦ᠂ ᠪᠥᠬᠥ ᠤᠯᠤᠰ᠎ᠤᠨ ᠲᠣᠭᠯᠠᠯᠲᠠ᠎ᠶᠢᠨ ᠵᠠᠬ᠎ᠠ ᠳᠡᠯᠭᠡᠭᠦᠷ᠎ᠲᠦ ᠥᠷᠨᠢᠭᠦᠨ ᠪᠠᠳᠠᠷᠠᠩᠭᠤᠢ ᠬᠥᠭᠵᠢᠯᠲᠡ᠎ᠶᠢᠨ ᠪᠠᠢᠳᠠᠯ ᠢᠯᠡᠷᠡᠪᠡ᠃

ᠲᠣᠪᠴᠢ ᠮᠡᠳᠡᠭᠡ᠎ᠳᠦ ᠬᠠᠷᠠᠭᠤᠯᠤᠭᠰᠠᠨ᠎ᠢᠶᠡᠷ᠂ 2025 ᠣᠨ᠎ᠳᠤ ᠪᠥᠬᠥ ᠤᠯᠤᠰ᠎ᠤᠨ 5000 ᠬᠥᠮᠥᠨ᠎ᠡᠴᠡ ᠳᠡᠭᠡᠭᠰᠢᠬᠢ ᠲᠣᠮᠣ᠌ ᠬᠡᠯᠪᠡᠷᠢ᠎ᠶᠢᠨ ᠡᠵᠡᠩᠨᠡᠯᠲᠡ᠎ᠶᠢᠨ ᠴᠢᠨᠠᠷᠲᠠᠢ ᠲᠣᠭᠯᠠᠯᠲᠠ᠎ᠶᠢᠨ ᠪᠢᠯᠧᠲ᠎ᠦᠨ ᠣᠷᠣᠯᠭ᠎ᠠ 324.48 ᠳ᠋ᠦᠩᠰᠢᠭᠤᠷ ᠲᠥᠭᠥᠷᠢᠭ᠎ᠲᠦ ᠬᠦᠷᠴᠡᠢ᠃ ᠲᠣᠮᠣ᠌ ᠬᠡᠯᠪᠡᠷᠢ᠎ᠶᠢᠨ ᠲᠣᠭᠯᠠᠯᠲᠠ ᠦᠷᠭᠦᠯᠵᠢᠯᠡᠨ ᠬᠥᠭᠵᠢᠶᠡᠨᠲᠡᠢ ᠶᠠᠪᠤᠭᠳᠠᠭᠰᠠᠨ ᠨᠢ ᠨᠢᠭᠡ ᠲᠠᠯ᠎ᠠ᠎ᠪᠠᠷ ᠡᠯ᠎ᠡ ᠭᠠᠵᠠᠷ᠎ᠤᠨ ᠬᠢᠨ ᠲᠥᠷᠥ᠎ᠶᠢᠨ ᠪᠣᠳᠣᠯᠭ᠎ᠠ᠎ᠶᠢᠨ ᠬᠦᠴᠦᠲᠡᠢ ᠠᠬᠢᠭᠤᠯᠤᠯ᠎ᠢᠶᠠᠷ ᠵᠠᠬ᠎ᠠ ᠳᠡᠯᠭᠡᠭᠦᠷ᠎ᠦᠨ ᠠᠮᠢᠵᠢᠷᠠᠯ᠎ᠤᠨ ᠬᠦᠴᠦᠨ᠎ᠢ ᠭᠦᠢᠴᠡᠳ ᠪᠠᠳᠠᠷᠠᠭᠤᠯᠤᠭᠰᠠᠨ᠎ᠡᠴᠡ ᠪᠣᠯᠪᠠ; ᠨᠥᠭᠥᠭᠡ ᠲᠠᠯ᠎ᠠ᠎ᠪᠠᠷ ᠲᠣᠭᠯᠠᠯᠲᠠ᠎ᠶᠢᠨ ᠲᠥᠷᠥᠯ ᠵᠦᠢᠯ ᠬᠢᠭᠡᠳ ᠭᠠᠵᠠᠷ ᠣᠷᠣᠨ᠎ᠤ ᠵᠢᠭᠤᠯᠴᠢᠯᠠᠯ᠎ᠢ ᠬᠠᠷᠢᠯᠴᠠᠨ ᠤᠶᠠᠯᠳᠤᠭᠤᠯᠵᠤ᠂ 《ᠪᠠᠷᠢᠮᠳᠠ ᠵᠢᠨ ᠦᠯᠡᠳᠡᠭᠡᠰᠦ ᠵᠢᠨ ᠠᠵᠤ ᠠᠬᠤᠢ》 ᠨᠢ ᠬᠡᠷᠡᠭᠯᠡᠭᠡ᠎ᠵᠢᠨ ᠬᠦᠰᠡᠯ᠎ᠢ ᠳᠡᠭᠡᠭᠰᠢᠯᠡᠭᠦᠯᠦᠭᠰᠡᠨ ᠡᠴᠡ ᠪᠤᠯᠤᠭᠰᠠᠨ ᠶᠤᠮ᠃ ᠲᠣᠮᠣ᠌ ᠬᠡᠯᠪᠡᠷᠢ᠎ᠶᠢᠨ ᠲᠣᠭᠯᠠᠯᠲᠠ ᠨᠢ ᠣᠷᠣᠨ ᠨᠤᠲᠤᠭ᠎ᠤᠨ ᠰᠣᠶᠣᠯ ᠵᠢᠭᠤᠯᠴᠢᠯᠠᠯ᠎ᠤᠨ ᠬᠡᠷᠡᠭᠯᠡᠭᠡ᠎ᠵᠢᠨ ᠬᠦᠴᠦᠲᠦ ᠬᠥᠳᠡᠯᠭᠡᠭᠦᠷ ᠪᠣᠯᠵᠤ᠂ ᠬᠡᠷᠡᠭᠯᠡᠭᠡ᠎ᠵᠢᠨ ᠦᠷᠡᠵᠢᠭᠦᠯᠬᠦ ᠲᠣᠭ᠎ᠠ᠎ᠶᠢᠨ ᠦᠢᠯᠡᠳᠦᠯ᠎ᠢ ᠪᠠᠳᠠᠷᠠᠭᠤᠯᠤᠭᠰᠠᠨ ᠪᠠᠢᠨ᠎ᠠ᠃

ᠪᠦᠬᠦ ᠤᠯᠤᠰ᠎ᠤᠨ ᠲᠠᠢᠰᠠᠨ᠎ᠤ ᠤᠷᠠᠯᠢᠭ᠋᠎ᠤᠨ ᠲᠣᠭᠯᠠᠯᠲᠠ᠎ᠶᠢᠨ ᠵᠠᠬ᠎ᠠ ᠳᠡᠯᠭᠡᠭᠦᠷ᠎ᠢ ᠠᠵᠢᠭ᠍ᠯᠠᠪᠠᠯ᠂ ᠵᠠᠬ᠎ᠠ ᠳᠡᠯᠭᠡᠭᠦᠷᠴᠢᠯᠡᠭᠰᠡᠨ ᠬᠡᠮᠵᠢᠶ᠎ᠡ᠎ᠪᠡᠷ ᠨᠡᠯᠢᠶᠡᠳ ᠥᠨᠳᠥᠷ ᠤᠷᠠᠯᠢᠭ᠋᠎ᠤᠨ ᠲᠥᠷᠥᠯ ᠵᠦᠢᠯ᠎ᠦᠨ ᠲᠣᠭᠯᠠᠯᠲᠠ ᠳᠡᠭᠡᠭᠰᠢᠯᠡᠬᠦ ᠬᠠᠨᠳᠤᠰᠢ᠎ᠲᠠᠢ ᠪᠠᠢᠨ᠎ᠠ᠃ ᠳᠠᠭᠤᠤ ᠬᠥᠭᠵᠢᠮᠲᠦ ᠵᠦᠴᠦᠭᠡ᠎ᠪᠡᠷ ᠵᠢᠱ᠌ᠢᠶᠡᠯᠡᠪᠡᠯ᠂ 2025 ᠣᠨ᠎ᠳᠤ ᠪᠥᠬᠥ ᠤᠯᠤᠰ᠎ᠤᠨ ᠳᠠᠭᠤᠤ ᠬᠥᠭᠵᠢᠮᠲᠦ ᠵᠦᠴᠦᠭᠡ᠎ᠶᠢᠨ ᠲᠣᠭᠯᠠᠯᠲᠠ᠎ᠶᠢᠨ ᠪᠢᠯᠧᠲ᠎ᠦᠨ ᠣᠷᠣᠯᠭ᠎ᠠ ᠨᠢᠳᠤᠨᠤᠨ ᠤ᠋ ᠠᠳᠠᠯᠢ ᠬᠤᠭᠤᠴᠠᠭᠠᠨ᠎ᠤ ᠬᠢ᠎ᠡᠴᠡ 7.55% ᠎ᠪᠠᠷ ᠨᠡᠮᠡᠭᠳᠡᠪᠡ᠃ ᠭᠣᠣᠯ ᠬᠥᠭ ᠠᠶᠠᠰ᠎ᠤᠨ ᠰᠡᠳᠦᠪᠯᠡᠬᠦᠨ ᠲᠠᠢ ᠵᠣᠬᠢᠶᠠᠨ ᠪᠦᠲᠦᠭᠡᠯᠭᠡ ᠨᠠᠩ ᠢᠳᠡᠪᠬᠢᠲᠡᠢ ᠪᠣᠯᠵᠤ᠂ 《ᠯᠢ ᠡᠯ ᠭᠧᠦ᠎ᠶᠢ ᠡᠷᠢᠭᠰᠡᠨ ᠨᠢ》᠂ 《ᠰᠥᠨᠢ᠎ᠶᠢᠨ ᠬᠥᠰᠢᠭᠡᠨ ᠳᠣᠣᠷᠠᠬᠢ ᠬᠠᠷᠪᠢᠨ》 ᠵᠡᠷᠭᠡ ᠨᠢ ᠲᠦᠷᠰᠦᠯᠢᠭ ᠰᠠᠢᠬᠠᠨ ᠲᠣᠭᠯᠠᠯᠲᠠ᠂ ᠭᠤᠢᠳᠠ ᠰᠠᠢᠬᠠᠨ ᠦᠢᠯᠡᠳᠭᠡᠯ᠂ ᠴᠢᠨᠠᠷ ᠰᠠᠢᠲᠠᠢ ᠲᠠᠢᠰᠠᠨ ᠤᠷᠠᠯᠢᠭ᠎ᠢᠶᠠᠷ ᠣᠶᠤᠨ ᠰᠠᠨᠠᠭᠠᠨ᠎ᠤ ᠭᠡᠷ ᠣᠷᠣᠨ᠎ᠢᠶᠠᠨ ᠤᠮᠳᠠᠯᠠᠭᠰᠠᠨ ᠪᠠᠢᠨ᠎ᠠ᠃

ᠶᠠᠷᠢᠶᠠᠲᠤ ᠵᠦᠴᠦᠭᠡ᠎ᠶᠢᠨ ᠵᠠᠬ᠎ᠠ ᠳᠡᠯᠭᠡᠭᠦᠷ ᠨᠢ ᠰᠣᠩᠭᠣᠳᠠᠭ ᠵᠣᠬᠢᠶᠠᠯ᠎ᠢ ᠥᠭᠡᠷᠡᠴᠢᠯᠡᠨ ᠨᠠᠢᠷᠠᠭᠤᠯᠬᠤ ᠪᠠ ᠤᠤᠭᠠᠯ ᠡᠭᠦᠳᠦᠯᠲᠡ᠎ᠵᠢᠨ ᠪᠣᠳᠠᠲᠤ ᠠᠬᠤᠢ᠎ᠪᠠᠷ ᠰᠡᠳᠦᠪᠯᠡᠬᠦ᠎ᠶᠢ ᠵᠡᠷᠭᠡ᠎ᠪᠡᠷ ᠶᠠᠪᠤᠭᠳᠠᠭᠤᠯᠬᠤ ᠪᠠᠢᠷᠢᠰᠢᠯ᠎ᠢ ᠢᠯᠡᠷᠡᠭᠦᠯᠪᠡ᠃ ᠪᠥᠵᠢᠭᠲᠦ ᠵᠦᠴᠦᠭᠡ᠎ᠶᠢᠨ ᠤᠤᠭᠠᠯ ᠡᠭᠦᠳᠦᠯᠲᠡ᠎ᠶᠢᠨ ᠬᠠᠯᠠᠭᠤᠷᠠᠯ ᠦᠷᠭᠦᠯᠵᠢᠯᠡᠨ ᠨᠡᠮᠡᠭᠳᠡᠵᠦ᠂ 《ᠭᠤᠷᠪᠠᠨ ᠤᠯᠤᠰ᠎ᠤᠨ ᠣᠢᠯᠠᠯᠭ᠎ᠠ》᠂ 《ᠮᠠᠨᠳᠠᠷᠠᠸ᠎ᠠ ᠲᠢᠩᠰᠡ》 ᠵᠡᠷᠭᠡ ᠤᠯᠠᠮᠵᠢᠯᠠᠯᠲᠤ ᠰᠣᠶᠣᠯ ᠪᠣᠯᠣᠨ ᠣᠷᠣᠨ ᠨᠤᠲᠤᠭ᠎ᠤᠨ ᠣᠨᠴᠠᠯᠢᠭ᠋᠎ᠲᠠᠢ ᠭᠦᠨᠵᠡᠭᠡᠢ ᠤᠶᠠᠯᠳᠤᠭᠰᠠᠨ ᠰᠢᠨ᠎ᠡ ᠵᠦᠴᠦᠭᠡ ᠨᠢ ᠵᠠᠬ᠎ᠠ ᠳᠡᠯᠭᠡᠭᠦᠷ᠎ᠦᠨ ᠬᠦᠷᠢᠶᠡᠯᠡᠯ᠎ᠢ ᠶᠡᠬᠡᠳᠡ ᠬᠦᠷᠲᠡᠪᠡ᠃ ᠡᠭᠦᠨ᠎ᠦ ᠬᠠᠮᠲᠤ᠂ 《ᠤᠯᠠᠭᠠᠨ ᠠᠰᠠᠷ᠎ᠤᠨ ᠵᠡᠭᠦᠳᠦᠨ》 ᠵᠡᠷᠭᠡ ᠲᠥᠷᠥᠯ ᠵᠦᠢᠯ ᠨᠢ ᠲᠠᠰᠤᠷᠠᠯᠲᠠ ᠦᠭᠡᠢ ᠲᠣᠭᠯᠠᠯᠲᠠ ᠪᠠ ᠪᠢᠯᠧᠲ᠎ᠦᠨ ᠣᠷᠣᠯᠭ᠎ᠠ᠎ᠶᠢᠨ ᠠᠰᠢᠭ᠋ ᠣᠷᠣᠯᠭ᠎ᠠ᠎ᠪᠠᠷ ᠵᠠᠬ᠎ᠠ ᠳᠡᠯᠭᠡᠭᠦᠷ᠎ᠦᠨ ᠲᠦᠷᠦᠭᠦᠤ ᠪᠠᠢᠷᠢ᠎ᠶᠢ ᠪᠠᠲᠤᠯᠠᠪᠠ᠃

ᠵᠢᠭᠤᠯᠴᠢᠯᠠᠯ᠎ᠤᠨ ᠲᠣᠭᠯᠠᠯᠲᠠ᠎ᠶᠢᠨ ᠲᠠᠯ᠎ᠠ᠎ᠪᠠᠷ᠂ 2025 ᠣᠨ᠎ᠤ ᠪᠦᠬᠦ ᠤᠯᠤᠰ᠎ᠤᠨ ᠲᠣᠮᠣ᠌ ᠳᠤᠮᠳᠠ ᠬᠡᠯᠪᠡᠷᠢ᠎ᠶᠢᠨ ᠵᠢᠭᠤᠯᠴᠢᠯᠠᠯ᠎ᠤᠨ ᠲᠣᠭᠯᠠᠯᠲᠠ᠎ᠶᠢᠨ ᠲᠦᠷᠦᠯ ᠵᠦᠢᠯ᠎ᠦᠨ ᠪᠢᠯᠧᠲ᠎ᠦᠨ ᠣᠷᠣᠯᠭ᠎ᠠ 174.42 ᠳ᠋ᠦᠩᠰᠢᠭᠤᠷ ᠲᠥᠭᠥᠷᠢᠭ᠎ᠲᠦ ᠬᠦᠷᠴᠡᠢ᠃ ᠵᠢᠯᠣᠭᠣᠴᠢ ᠦᠭᠡᠢ ᠨᠢᠰᠬᠡᠯ᠂ ᠬᠤᠸᠠᠷ ᠫᠤᠤᠵᠢᠩ ᠵᠡᠷᠭᠡ ᠰᠢᠨ᠎ᠡ ᠬᠡᠯᠪᠡᠷᠢ᠎ᠶᠢᠨ ᠲᠣᠭᠯᠠᠯᠲᠠ᠎ᠶᠢᠨ ᠬᠡᠷᠡᠭᠯᠡᠯᠲᠡ᠂ ᠭᠦᠨᠵᠡᠭᠡᠢ ᠤᠢᠯᠠᠭᠠᠬᠤ ᠲᠠᠯᠠᠪᠤᠷ ᠦᠵᠡᠭᠳᠡᠯ᠂ ᠬᠤᠷᠰᠢᠯᠴᠠᠬᠤ ᠭᠣᠭᠴᠣᠭ᠎ᠠ ᠡᠳᠦᠷ ᠢᠷᠡᠬᠦᠶ᠎ᠡ ᠪᠠᠶᠠᠯᠢᠭ᠍ᠵᠢᠵᠤ᠂ ᠵᠢᠭᠤᠯᠴᠢᠯᠠᠯ᠎ᠤᠨ ᠲᠣᠭᠯᠠᠯᠲᠠ᠎ᠶᠢᠨ ᠲᠥᠷᠥᠯ ᠵᠦᠢᠯ᠎ᠦᠨ ᠲᠠᠲᠠᠬᠤ ᠬᠦᠴᠦᠨ᠎ᠢ ᠲᠠᠰᠤᠷᠠᠯᠲᠠ ᠦᠭᠡᠢ ᠳᠡᠭᠡᠭᠰᠢᠯᠡᠭᠦᠯᠵᠦ ᠪᠠᠢᠨ᠎ᠠ᠃ 

(ᠰᠢᠨᠬᠤᠸᠠ ᠬᠤᠷᠢᠶ᠎ᠠ᠎ᠵᠢᠨ ᠪᠡᠭᠡᠵᠢᠩ᠎ᠦᠨ 1 ᠰᠠᠷ᠎ᠠ᠎ᠶᠢᠨ 13 ᠎ᠤ᠋ ᠴᠠᠭᠢᠯᠭᠠᠨ ᠮᠡᠳᠡᠭᠡ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号