ᠦᠪᠦᠷ ᠮᠤᠩᠭᠤᠯ 2025 ᠤᠨ᠎ᠳᠤ 22 ᠭᠣᠣᠯᠳᠠᠯᠭ᠎ᠠ᠎ᠲᠠᠶ ᠠᠵᠢᠯ ᠲᠥᠷᠥᠯ᠎ᠦᠨ ᠤᠰᠤ ᠠᠷᠪᠢᠯᠠᠬᠤ ᠮᠡᠷᠭᠡᠵᠢᠯ᠎ᠦᠨ ᠥᠭᠡᠷᠡᠴᠢᠯᠡᠯᠲᠡ᠎ᠶ᠋ᠢᠨ ᠲᠥᠷᠥᠯ ᠵᠦᠢᠯ᠎ᠢ ᠪᠦᠬᠦᠨ᠎ᠢ ᠪᠡᠶᠡᠯᠡᠭᠦᠯᠵᠦ᠍᠂ ᠤᠰᠤ ᠠᠷᠪᠢᠯᠠᠭ᠍ᠰᠠᠨ ᠬᠡᠮᠵᠢᠶ᠎ᠡ 500 ᠲᠦᠮᠡᠨ ᠪᠣᠰᠣᠭ᠎ᠠ ᠳᠥᠷᠪᠡᠯᠵᠢᠨ ᠮᠧᠲᠷ᠎ᠢ ᠳᠠᠪᠠᠵᠠᠢ᠃
2025 ᠤᠨ᠎ᠳᠤ᠂ ᠥᠪᠥᠷ ᠮᠣᠩᠭᠣᠯ ᠠᠵᠤ ᠦᠶ᠋ᠯᠡᠳᠪᠦᠷᠢ᠎ᠶ᠋ᠢᠨ ᠤᠰᠤ ᠠᠷᠪᠢᠯᠠᠬᠤ ᠵᠢ ᠴᠢᠩᠭᠠᠳᠬᠠᠬᠤ ᠠᠵᠢᠯᠯᠠᠭ᠎ᠠ᠎ᠶ᠋ᠢ ᠭᠦᠨᠵᠡᠭᠡᠶ ᠬᠡᠷᠡᠭ᠌ᠵᠢᠭᠦᠯᠵᠦ᠍᠂ ᠤᠰᠤ ᠬᠡᠷᠡᠭ᠌ᠯᠡᠬᠦ᠌ ᠭᠤᠤᠯᠳᠠᠯᠭ᠎ᠠ ᠲᠠᠶ ᠠᠵᠢᠯ ᠲᠥᠷᠥᠯ᠎ᠳᠦ ᠠᠩᠬᠠᠷᠤᠯ᠎ᠢᠶᠠᠨ ᠲᠥᠪᠯᠡᠷᠡᠭᠦᠯᠦᠨ ᠤᠰᠤ ᠠᠷᠪᠢᠯᠠᠬᠤ ᠮᠡᠷᠭᠡᠵᠢᠯ᠎ᠦᠨ ᠥᠭᠡᠷᠡᠴᠢᠯᠡᠯᠲᠡ ᠵᠢᠥᠷᠨᠢᠭᠦᠯᠵᠦ᠍᠂ ᠠᠵᠤ ᠦᠶ᠋ᠯᠡᠳᠪᠦᠷᠢ᠎ᠶ᠋ᠢᠨ ᠤᠰᠤ ᠠᠷᠪᠢᠯᠠᠬᠤ ᠬᠡᠪ ᠳᠠᠭᠤᠷᠢᠶᠠᠯ᠎ᠤᠨ ᠪᠥᠲᠥᠭᠡᠨ ᠪᠠᠢᠭᠤᠯᠤᠯᠲᠠ᠎ᠶ᠋ᠢᠨ ᠡᠷᠴᠢᠮ᠎ᠢ ᠴᠢᠩᠭᠠᠷᠠᠭᠤᠯᠵᠤ᠂ ᠠᠵᠤ ᠦᠶ᠋ᠯᠡᠳᠪᠦᠷᠢ᠎ᠶ᠋ᠢᠨ ᠤᠰᠤ ᠠᠷᠪᠢᠯᠠᠬᠤ ᠪᠠ ᠪᠣᠬᠢᠷ ᠪᠣᠳᠠᠰ ᠭᠠᠳᠠᠭ᠍ᠰᠢᠯᠠᠭᠤᠯᠬᠤ ᠬᠡᠮᠵᠢᠶ᠎ᠡ᠎ᠶ᠋ᠢ ᠪᠠᠭᠠᠰᠭᠠᠬᠤ᠎ᠶ᠋ᠢ ᠪᠥᠬᠥ᠌ ᠲᠠᠯ᠎ᠠ᠎ᠪᠠᠷ ᠠᠬᠢᠭᠤᠯᠵᠠᠢ᠃
ᠠᠵᠤ ᠦᠶ᠋ᠯᠡᠳᠪᠦᠷᠢ᠎ᠶ᠋ᠢᠨ ᠤᠰᠤ ᠠᠷᠪᠢᠯᠠᠵᠤ ᠪᠣᠬᠢᠷᠲᠤᠯ ᠭᠠᠳᠠᠭ᠍ᠰᠢᠯᠠᠭᠤᠯᠬᠤ ᠬᠡᠮᠵᠢᠶ᠎ᠡ᠎ᠶ᠋ᠢ ᠪᠠᠭᠠᠰᠭᠠᠬᠤ᠎ᠶ᠋ᠢ ᠪᠥᠬᠥ᠌ ᠲᠠᠯ᠎ᠠ᠎ᠪᠠᠷ ᠠᠬᠢᠭᠤᠯᠵᠤ᠂ ᠤᠰᠤᠨ᠎ᠤ ᠡᠬᠢ ᠪᠠᠶᠠᠯᠢᠭ᠎ᠢ ᠠᠷᠪᠢᠲᠠᠶ ᠡᠷᠴᠢᠮᠵᠢᠭᠦᠯᠦᠨ ᠠᠱᠢᠭ᠍ᠯᠠᠬᠤ ᠬᠢᠷᠢ ᠲᠦᠪᠱᠢᠨ᠎ᠢ ᠳᠡᠭᠡᠭ᠌ᠰᠢᠯᠡᠭᠦᠯᠬᠦ᠌᠎ᠶ᠋ᠢᠨ ᠲᠥᠯᠥᠭᠡ᠂ 2025 ᠤᠨ᠎ᠤ 4 ᠰᠠᠷ᠎ᠠ᠎ᠳᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠵᠤ ᠦᠶ᠋ᠯᠡᠳᠪᠦᠷᠢ ᠪᠠ ᠮᠡᠳᠡᠭᠡ ᠵᠠᠩᠭᠢᠵᠢᠯᠲᠠ᠎ᠶ᠋ᠢᠨ ᠲᠢᠩᠬᠢᠮ ᠪᠤᠯᠤᠨ ᠤᠰᠤᠨ ᠠᠱᠢᠭ᠍ᠯᠠᠯᠲᠠ᠎ᠶ᠋ᠢᠨ ᠲᠢᠩᠬᠢᠮ ᠬᠠᠮᠲᠤᠷᠠᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠵᠤ ᠦᠶ᠋ᠯᠡᠳᠪᠦᠷᠢ᠎ᠶ᠋ᠢᠨ ᠤᠰᠤ ᠠᠷᠪᠢᠯᠠᠬᠤ ᠵᠢ ᠴᠢᠩᠭᠠᠳᠬᠠᠬᠤ ᠠᠵᠢᠯᠯᠠᠭ᠎ᠠ᠎ᠶ᠋ᠢᠨ ᠬᠡᠷᠡᠭ᠌ᠵᠢᠭᠦᠯᠬᠦ᠌ ᠲᠥᠰᠦᠯ》 ᠢ᠋ ᠳᠠᠷᠤᠮᠠᠯᠯᠠᠨ ᠲᠠᠷᠬᠠᠭᠠᠵᠤ᠂ ᠠᠵᠤ ᠦᠶ᠋ᠯᠡᠳᠪᠦᠷᠢ᠎ᠶ᠋ᠢᠨ ᠤᠰᠤ ᠠᠷᠪᠢᠯᠠᠬᠤ ᠮᠡᠷᠭᠡᠵᠢᠯ᠎ᠦᠨ ᠥᠭᠡᠷᠡᠴᠢᠯᠡᠯᠲᠡ᠎ᠶ᠋ᠢ ᠠᠬᠢᠭᠤᠯᠬᠤ᠂ ᠠᠵᠤ ᠦᠶ᠋ᠯᠡᠳᠪᠦᠷᠢ᠎ᠶ᠋ᠢᠨ ᠤᠰᠤᠨ᠎ᠤ ᠦᠷ᠎ᠡ ᠠᠱᠢᠭ ᠰᠠᠢᠳᠠᠢ ᠬᠡᠪ ᠳᠠᠭᠤᠷᠢᠶᠠᠯ᠎ᠢᠶᠠᠷ ᠬᠥᠲᠥᠯᠥᠨ ᠳᠠᠭᠠᠭᠤᠯᠬᠤ᠎ᠶ᠋ᠢ ᠴᠢᠩᠭᠠᠳᠭᠠᠬᠤ᠂ ᠠᠵᠤ ᠦᠶ᠋ᠯᠡᠳᠪᠦᠷᠢ᠎ᠶ᠋ᠢᠨ ᠬᠦᠷᠢᠶᠡᠯᠡᠩ ᠲᠣᠭᠣᠷᠢᠭ᠎ᠤᠨ ᠬᠠᠶᠠᠭ᠍ᠳᠠᠮᠠᠯ ᠤᠰᠤ᠎ᠶ᠋ᠢ ᠡᠷᠭᠢᠯᠳᠦᠭᠦᠯᠦᠨ ᠠᠱᠢᠭ᠍ᠯᠠᠬᠤ᠎ᠶ᠋ᠢ ᠠᠬᠢᠭᠤᠯᠬᠤ ᠵᠡᠷᠭᠡ 8 ᠲᠠᠯ᠎ᠠ᠎ᠪᠠᠷ ᠠᠵᠤ ᠦᠶ᠋ᠯᠡᠳᠪᠦᠷᠢ᠎ᠶ᠋ᠢᠨ ᠤᠰᠤ ᠠᠷᠪᠢᠯᠠᠬᠤ ᠵᠢ ᠴᠢᠩᠭᠠᠳᠬᠠᠬᠤ ᠠᠵᠢᠯᠯᠠᠭ᠎ᠠ᠎ᠶ᠋ᠢᠨ ᠭᠤᠤᠯᠳᠠᠯᠭ᠎ᠠ᠎ᠲᠠᠶ ᠠᠷᠭ᠎ᠠ ᠬᠡᠮᠵᠢᠶ᠎ᠡ᠎ᠶ᠋ᠢ ᠪᠠᠢᠷᠢᠯᠠᠭᠤᠯᠵᠠᠢ᠃
ᠠᠵᠤ ᠦᠶ᠋ᠯᠡᠳᠪᠦᠷᠢ᠎ᠶ᠋ᠢᠨ ᠤᠰᠤ ᠠᠷᠪᠢᠯᠠᠬᠤ ᠵᠢ ᠴᠢᠩᠭᠠᠳᠬᠠᠬᠤ ᠠᠵᠢᠯᠯᠠᠭ᠎ᠠ ᠡᠬᠢᠯᠡᠭᠰᠡᠨ᠎ᠡᠴᠡ ᠨᠠᠭᠠᠰᠢ᠂ ᠥᠪᠡᠷᠲᠡᠭᠡᠨ ᠵᠠᠰᠠᠬᠤ ᠣᠷᠣᠨ᠎ᠤ ᠠᠵᠤ ᠦᠶ᠋ᠯᠡᠳᠪᠦᠷᠢ ᠪᠠ ᠮᠡᠳᠡᠭᠡ ᠵᠠᠩᠭᠢᠵᠢᠯᠲᠠ᠎ᠶ᠋ᠢᠨ ᠲᠢᠩᠬᠢᠮ ᠪᠣᠯᠣᠳ ᠲᠡᠮᠦᠷ᠂ ᠥᠩᠭᠡᠲᠦ ᠲᠡᠮᠦᠷᠯᠢᠭ᠂ ᠬᠢᠮᠢ᠎ᠶ᠋ᠢᠨ ᠠᠵᠤ ᠦᠶ᠋ᠯᠡᠳᠪᠦᠷᠢ᠂ ᠪᠠᠷᠢᠯᠭ᠎ᠠ᠎ᠶ᠋ᠢᠨ ᠮᠠᠲ᠋ᠧᠷᠢᠶᠠᠯ᠂ ᠢᠳᠡᠭᠡᠨ ᠪᠠ ᠢᠰᠭᠡᠬᠦ᠌ ᠵᠡᠷᠭᠡ ᠤᠰᠤ ᠬᠡᠷᠡᠭ᠌ᠯᠡᠬᠦ᠌ ᠭᠤᠤᠯᠳᠠᠯᠭ᠎ᠠ᠎ᠲᠠᠶ ᠠᠵᠢᠯ ᠲᠥᠷᠥᠯ᠎ᠳᠦ ᠤᠰᠤ ᠠᠷᠪᠢᠯᠠᠬᠤ ᠮᠡᠷᠭᠡᠵᠢᠯ᠎ᠦᠨ ᠥᠭᠡᠷᠡᠴᠢᠯᠡᠯᠲᠡ᠎ᠶ᠋ᠢ ᠥᠷᠨᠢᠭᠦᠯᠬᠦ᠌᠎ᠶ᠋ᠢᠨ ᠬᠠᠮᠲᠤ ᠦᠶ᠋ᠯᠡᠳᠬᠦ᠌ ᠦᠶ᠋ᠯᠡᠰ᠎ᠦᠨ ᠬᠦᠷᠢᠶᠡᠨ᠎ᠳᠦ ᠤᠰᠤ ᠠᠷᠪᠢᠯᠠᠬᠤ ᠬᠡᠯᠪᠡᠷᠢ᠎ᠶ᠋ᠢᠨ ᠠᠵᠤ ᠠᠬᠤᠢᠯᠠᠯ᠂ ᠤᠰᠤ ᠠᠷᠪᠢᠯᠠᠬᠤ ᠬᠡᠪ ᠳᠠᠭᠤᠷᠢᠶᠠᠯ᠎ᠤᠨ ᠠᠵᠤ ᠠᠬᠤᠢᠯᠠᠯ᠂ ᠤᠰᠤ ᠠᠷᠪᠢᠯᠠᠬᠤ ᠬᠡᠯᠪᠡᠷᠢ᠎ᠶ᠋ᠢᠨ ᠠᠵᠤ ᠦᠶ᠋ᠯᠡᠳᠪᠦᠷᠢ᠎ᠶ᠋ᠢᠨ ᠬᠦᠷᠢᠶᠡᠯᠡᠩ ᠲᠣᠭᠣᠷᠢᠭ᠎ᠤᠨ ᠪᠥᠲᠥᠭᠡᠨ ᠪᠠᠢᠭᠤᠯᠤᠯᠲᠠ᠎ᠶ᠋ᠢᠨ ᠠᠵᠢᠯ᠎ᠢ ᠪᠥᠬᠥ᠌ ᠲᠠᠯ᠎ᠠ᠎ᠪᠠᠷ ᠥᠷᠨᠢᠭᠦᠯᠵᠦ᠍᠂ ᠠᠵᠤ ᠦᠶ᠋ᠯᠡᠳᠪᠦᠷᠢ᠎ᠶ᠋ᠢᠨ ᠠᠵᠤ ᠠᠬᠤᠢᠯᠠᠯ᠎ᠳᠤ ᠤᠰᠤ ᠠᠷᠪᠢᠯᠠᠵᠤ ᠪᠣᠬᠢᠷᠲᠤᠯ ᠭᠠᠳᠠᠭ᠍ᠰᠢᠯᠠᠭᠤᠯᠬᠤ ᠬᠡᠮᠵᠢᠶ᠎ᠡ᠎ᠶ᠋ᠢ ᠪᠠᠭᠠᠰᠭᠠᠬᠤ ᠠᠵᠢᠯ᠎ᠢ ᠨᠡᠢᠳᠡᠮ ᠥᠷᠨᠢᠭᠦᠯᠬᠦ᠌᠎ᠶ᠋ᠢ ᠠᠬᠢᠭᠤᠯᠵᠤ᠂ ᠤᠰᠤ ᠠᠷᠪᠢᠯᠠᠬᠤ ᠦᠷ᠎ᠡ ᠪᠦᠲᠦᠮᠵᠢ ᠢᠯᠡᠳᠲᠡ ᠪᠤᠯᠵᠦ᠂ ᠪᠥᠬᠥ᠌ ᠵᠢᠯ᠎ᠳᠦ ᠥᠪᠡᠷᠲᠡᠭᠡᠨ ᠵᠠᠰᠠᠬᠤ ᠣᠷᠣᠨ᠎ᠤ ᠤᠰᠤ ᠠᠷᠪᠢᠯᠠᠬᠤ ᠬᠡᠯᠪᠡᠷᠢ᠎ᠶ᠋ᠢᠨ ᠠᠵᠤ ᠠᠬᠤᠢᠯᠠᠯ 91᠂ ᠤᠰᠤ ᠠᠷᠪᠢᠯᠠᠬᠤ ᠬᠡᠪ ᠳᠠᠭᠤᠷᠢᠶᠠᠯ᠎ᠤᠨ ᠠᠵᠤ ᠠᠬᠤᠢᠯᠠᠯ 8᠂ ᠤᠰᠤ ᠠᠷᠪᠢᠯᠠᠬᠤ ᠬᠡᠯᠪᠡᠷᠢ᠎ᠶ᠋ᠢᠨ ᠠᠵᠤ ᠦᠶ᠋ᠯᠡᠳᠪᠦᠷᠢ᠎ᠶ᠋ᠢᠨ ᠬᠦᠷᠢᠶᠡᠯᠡᠩ ᠲᠣᠭᠣᠷᠢᠭ 12 ᠵᠢ ᠪᠠᠢᠭᠤᠯᠵᠠᠢ; 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠵᠤ ᠦᠶ᠋ᠯᠡᠳᠪᠦᠷᠢ᠎ᠶ᠋ᠢᠨ ᠬᠦᠷᠢᠶᠡᠨ᠎ᠳᠡᠬᠢ ᠪᠣᠬᠢᠷᠲᠤᠯ ᠥᠬᠡᠶ ᠨᠡᠭᠦᠷᠡᠰᠦᠲᠥ᠋ᠷᠥᠭ᠌ᠴᠢ ᠪᠠᠭ᠎ᠠ ᠲᠡᠷᠢᠭᠦᠨ᠎ᠦ ᠮᠡᠷᠭᠡᠵᠢᠯ᠎ᠢ ᠳᠡᠯᠭᠡᠷᠡᠭᠦᠯᠬᠦ᠌ ᠭᠠᠷᠴᠠᠭ (2025 ᠣᠨ)》 ᠢ᠋ ᠨᠡᠢᠲᠡᠯᠡᠵᠦ᠍᠂ ᠲᠡᠷᠢᠭᠦᠨ᠎ᠦ ᠤᠰᠤ ᠠᠷᠪᠢᠯᠠᠬᠤ ᠤᠷ᠎ᠠ ᠮᠡᠷᠭᠡᠱᠢᠯ᠂ ᠮᠡᠷᠭᠡᠵᠢᠯ᠂ ᠲᠣᠨᠣᠭᠯᠠᠯ᠎ᠢ 173 ᠵᠦᠶ᠋ᠯ ᠳᠡᠯᠭᠡᠷᠡᠭᠦᠯᠵᠠᠢ; ᠨᠡᠢᠲᠡ 9 ᠠᠢᠮᠠᠭ ᠬᠣᠲᠠ᠎ᠶ᠋ᠢᠨ 14 ᠬᠦᠷᠢᠶᠡᠯᠡᠩ ᠲᠣᠭᠣᠷᠢᠭ᠎ᠤᠨ 21 ᠪᠣᠬᠢᠷ ᠤᠰᠤ ᠱᠢᠶ᠋ᠳᠪᠦᠷᠢᠯᠡᠬᠦ᠌ ᠦᠢᠯᠡᠳᠪᠦᠷᠢ ᠵᠢᠴᠢ ᠢᠵᠢ ᠪᠦᠷᠢᠨ ᠬᠣᠭᠣᠯᠠᠶ᠎ᠶ᠋ᠢᠨ ᠲᠣᠣᠷ᠎ᠤᠨ ᠪᠦᠲᠦᠭᠡᠨ ᠪᠠᠢᠭᠤᠯᠤᠯᠲᠠ᠎ᠶ᠋ᠢᠨ ᠲᠥᠷᠥᠯ ᠵᠦᠢᠯ᠎ᠢ ᠳᠡᠮᠵᠢᠵᠠᠢ᠃