ᠦᠪᠤᠷ ᠮᠤᠩᠭᠤᠯ ᠤ᠋ᠨ ᠦᠪᠡᠷᠳᠡᠭᠡᠨ ᠵᠠᠰᠠᠬᠤ ᠤᠷᠤᠨ ᠤ᠋ ᠡᠮ ᠤ᠋ᠨ ᠵᠦᠢᠯᠡᠰ ᠤ᠋ᠨ ᠬᠢᠨᠠᠯᠳᠠ ᠬᠠᠮᠢᠶᠠᠷᠤᠯᠳᠠ ᠶ᠋ᠢᠨ ᠲᠤᠪᠴᠢᠶ᠎ᠠ ᠤᠢᠷ᠎ᠠ ᠳ᠋ᠤ ᠪᠠᠶᠠᠨᠨᠠᠭᠤᠷ ᠬᠤᠳᠠ ᠶ᠋ᠢᠨ ᠨᠢᠭᠡ ᠠᠵᠤ ᠠᠬᠤᠢᠯᠠᠯ ᠳ᠋ᠤ ᠮᠠᠨ ᠤ᠋ ᠤᠷᠤᠨ ᠤ᠋ ᠠᠩᠬᠠᠳᠠᠭᠴᠢ ᠡᠮ ᠤ᠋ᠨ ᠵᠦᠢᠯᠡᠰ ᠢ᠋ ᠪᠦᠭᠡᠮ ᠶ᠋ᠢᠡᠷ ᠪᠤᠷᠤᠯᠠᠭᠤᠯᠬᠤ ᠪᠠ ᠵᠢᠵᠢᠭᠯᠡᠨ ᠪᠤᠷᠤᠯᠠᠭᠤᠯᠵᠤ ᠬᠤᠯᠪᠤᠭᠠᠯᠠᠨ ᠡᠵᠡᠩᠨᠡᠬᠦ ᠶ᠋ᠢ ᠨᠢᠭᠡ ᠴᠤᠭᠴᠠᠵᠢᠭᠤᠯᠤᠭᠰᠠᠨ ᠡᠵᠡᠩᠨᠡᠯᠳᠡ ᠶ᠋ᠢᠨ ᠵᠦᠪᠰᠢᠶᠡᠷᠡᠯ ᠤ᠋ᠨ ᠦᠨᠡᠮᠯᠡᠯ ᠤᠯᠭᠤᠪᠠ᠃ ᠡᠨᠡ ᠨᠢ ᠮᠠᠨ ᠤ᠋ ᠤᠷᠤᠨ ᠤ᠋ ᠡᠮ ᠤ᠋ᠨ ᠵᠦᠢᠯᠡᠰ ᠤ᠋ᠨ ᠭᠦᠢᠯᠭᠡᠭᠡᠨ ᠤ᠋ ᠪᠠᠢᠷᠢᠰᠢᠯ ᠢ᠋ ᠰᠢᠯᠢᠳᠡᠭᠵᠢᠭᠦᠯᠵᠤ᠂ ᠵᠠᠬ᠎ᠠ ᠳᠡᠯᠭᠡᠭᠦᠷ ᠤ᠋ᠨ ᠠᠮᠢᠵᠢᠷᠠᠯ ᠤ᠋ᠨ ᠬᠦᠴᠦᠨ ᠢ᠋ ᠬᠦᠭᠵᠢᠭᠡᠬᠦ ᠪᠡᠷ ᠵᠤᠷᠢᠯᠳᠠ ᠪᠤᠯᠭᠠᠭᠰᠠᠨ ᠡᠮ ᠤ᠋ᠨ ᠵᠦᠢᠯᠡᠰ ᠢ᠋ ᠪᠦᠭᠡᠮ ᠶ᠋ᠢᠡᠷ ᠪᠤᠷᠤᠯᠠᠭᠤᠯᠬᠤ ᠪᠠ ᠵᠢᠵᠢᠭᠯᠡᠨ ᠪᠤᠷᠤᠯᠠᠭᠤᠯᠬᠤ ᠶ᠋ᠢ ᠨᠢᠭᠡ ᠴᠤᠭᠴᠠᠵᠢᠭᠤᠯᠬᠤ ᠡᠵᠡᠩᠨᠡᠯᠳᠡ ᠶ᠋ᠢᠨ ᠦᠭᠡᠷᠡᠴᠢᠯᠡᠯᠳᠡ ᠪᠤᠳᠠᠳᠤ ᠠᠬᠢᠴᠠ ᠲᠠᠢ ᠪᠤᠯᠤᠭᠰᠠᠨ ᠢ᠋ ᠬᠠᠷᠠᠭᠤᠯᠵᠤ ᠪᠠᠢᠨ᠎ᠠ᠃
ᠤᠢᠯᠠᠭᠠᠭᠰᠠᠨ ᠶ᠋ᠢᠡᠷ᠂ ᠦᠪᠡᠷᠳᠡᠭᠡᠨ ᠵᠠᠰᠠᠬᠤ ᠤᠷᠤᠨ ᠤ᠋ ᠡᠮ ᠤ᠋ᠨ ᠵᠦᠢᠯᠡᠰ ᠤ᠋ᠨ ᠬᠢᠨᠠᠯᠳᠠ ᠬᠠᠮᠢᠶᠠᠷᠤᠯᠳᠠ ᠶ᠋ᠢᠨ ᠲᠤᠪᠴᠢᠶ᠎ᠠ 2025 ᠤᠨ ᠤ᠋ 8 ᠰᠠᠷ᠎ᠠ ᠳ᠋ᠤ 《 ᠡᠮ ᠤ᠋ᠨ ᠵᠦᠢᠯᠡᠰ ᠢ᠋ ᠪᠦᠭᠡᠮ ᠶ᠋ᠢᠡᠷ ᠪᠤᠷᠤᠯᠠᠭᠤᠯᠬᠤ ᠪᠠ ᠵᠢᠵᠢᠭᠯᠡᠨ ᠪᠤᠷᠤᠯᠠᠭᠤᠯᠵᠤ ᠬᠤᠯᠪᠤᠭᠠᠯᠠᠨ ᠡᠵᠡᠩᠨᠡᠬᠦ ᠶ᠋ᠢ ᠨᠢᠭᠡ ᠴᠤᠭᠴᠠᠵᠢᠭᠤᠯᠤᠭᠰᠠᠨ ᠡᠵᠡᠩᠨᠡᠯᠳᠡ ᠶ᠋ᠢ ᠤᠯᠠᠮ ᠨᠢᠭᠡ ᠠᠯᠬᠤᠮ ᠳᠦᠷᠢᠮᠵᠢᠭᠦᠯᠬᠦ ᠳᠤᠬᠠᠢ ᠮᠡᠳᠡᠭᠳᠡᠯ》 ᠢ᠋ ᠳᠤᠭᠳᠠᠭᠠᠨ ᠨᠡᠢᠳᠡᠯᠡᠵᠦ᠂ 《ᠭᠤᠷᠪᠠᠨ 1 + 2》 ᠨᠢᠭᠡ ᠴᠤᠭᠴᠠᠵᠢᠭᠤᠯᠤᠭᠰᠠᠨ ᠡᠵᠡᠩᠨᠡᠯᠳᠡ ᠶ᠋ᠢᠨ ᠵᠠᠭᠪᠤᠷ ᠢ᠋ ᠲᠤᠳᠤᠷᠬᠠᠢ ᠳᠤᠷᠠᠳᠤᠨ᠂ ᠦᠭᠡᠷᠡᠴᠢᠯᠡᠯᠳᠡ ᠶ᠋ᠢ ᠪᠤᠳᠠᠳᠠᠢ ᠳ᠋ᠤ ᠨᠠᠢᠳᠠᠪᠤᠷᠢᠵᠢᠭᠤᠯᠬᠤ ᠳ᠋ᠤ ᠳᠦᠷᠢᠮ ᠤ᠋ᠨ ᠪᠠᠳᠤᠯᠠᠭ᠎ᠠ ᠬᠠᠩᠭᠠᠵᠠᠢ᠃ ᠮᠡᠳᠡᠭᠳᠡᠯ ᠢ᠋ ᠦᠨᠳᠦᠰᠦᠯᠡᠪᠡᠯ᠂ ᠨᠢᠭᠡ ᠴᠤᠭᠴᠠᠵᠢᠭᠤᠯᠤᠨ ᠡᠵᠡᠩᠨᠡᠬᠦ ᠠᠵᠤ ᠠᠬᠤᠢᠯᠠᠯ ᠤ᠋ᠨ ᠬᠢᠨ 《 1 ᠡᠵᠡᠩᠨᠡᠯᠳᠡ ᠶ᠋ᠢᠨ ᠭᠤᠤᠯ ᠴᠤᠭᠴᠠ᠂ 1 ᠪᠦᠯᠦᠭ ᠠᠵᠢᠯᠴᠢᠨ᠂ 1 ᠡᠵᠡᠩᠨᠡᠯᠳᠡ ᠶ᠋ᠢᠨ ᠵᠦᠪᠰᠢᠶᠡᠷᠡᠯ ᠤ᠋ᠨ ᠦᠨᠡᠮᠯᠡᠯ 》 ᠶ᠋ᠢᠡᠷ ᠡᠮ ᠤ᠋ᠨ ᠵᠦᠢᠯᠡᠰ ᠢ᠋ ᠪᠦᠭᠡᠮ ᠶ᠋ᠢᠡᠷ ᠪᠤᠷᠤᠯᠠᠭᠤᠯᠬᠤ ᠪᠠ ᠵᠢᠵᠢᠭᠯᠡᠨ ᠪᠤᠷᠤᠯᠠᠭᠤᠯᠵᠤ ᠬᠤᠯᠪᠤᠭᠠᠯᠠᠨ ᠡᠵᠡᠩᠨᠡᠬᠦ ᠬᠤᠶᠠᠷ ᠲᠦᠷᠦᠯ ᠤ᠋ᠨ ᠡᠵᠡᠩᠨᠡᠯᠳᠡ ᠶ᠋ᠢᠨ ᠠᠵᠢᠯᠯᠠᠭ᠎ᠠ ᠶ᠋ᠢ ᠨᠢᠭᠡᠳᠦᠯᠳᠠᠢ ᠲᠦᠯᠦᠪᠵᠢᠭᠦᠯᠦᠨ ᠦᠷᠨᠢᠭᠦᠯᠵᠦ᠂ ᠡᠬᠢ ᠪᠠᠶᠠᠯᠢᠭ ᠢ᠋ ᠨᠡᠢᠳᠭᠡᠬᠦ ᠪᠡᠷ ᠳᠠᠮᠵᠢᠨ ᠦᠪᠡᠷ ᠤ᠋ᠨ ᠦᠷᠳᠡᠭ ᠢ᠋ ᠪᠠᠭᠤᠷᠠᠭᠤᠯᠤᠨ ᠶᠠᠰᠤ ᠴᠢᠨᠠᠷ ᠢ᠋ ᠳᠡᠭᠡᠭᠰᠢᠯᠡᠭᠦᠯᠵᠦ ᠦᠷ᠎ᠠ ᠠᠰᠢᠭ ᠢ᠋ ᠨᠡᠮᠡᠭᠳᠡᠭᠦᠯᠬᠦ ᠶ᠋ᠢ ᠪᠡᠶᠡᠯᠡᠭᠦᠯᠬᠦ ᠪᠤᠯᠤᠨ᠎ᠠ᠃
ᠡᠮ ᠤ᠋ᠨ ᠵᠦᠢᠯᠡᠰ ᠤ᠋ᠨ ᠭᠦᠢᠯᠭᠡᠭᠡ ᠶ᠋ᠢᠨ ᠬᠦᠷᠢᠶᠡᠨ ᠤ᠋ 《ᠲᠠᠯᠪᠢᠬᠤ ᠬᠠᠮᠢᠶᠠᠷᠬᠤ ᠦᠢᠯᠡᠴᠢᠯᠡᠬᠦ 》 ᠦᠭᠡᠷᠡᠴᠢᠯᠡᠯᠳᠡ ᠶ᠋ᠢᠨ ᠵᠠᠩᠬᠢᠯᠠᠭ᠎ᠠ ᠶ᠋ᠢᠨ ᠠᠷᠭ᠎ᠠ ᠬᠡᠮᠵᠢᠶ᠎ᠠ ᠪᠤᠯᠤᠭᠰᠠᠨ ᠤ᠋ ᠬᠤᠪᠢ ᠳ᠋ᠤ᠂ ᠡᠨᠡ ᠬᠦ᠌ ᠪᠦᠭᠡᠮ ᠶ᠋ᠢᠡᠷ ᠪᠤᠷᠤᠯᠠᠭᠤᠯᠬᠤ ᠪᠠ ᠵᠢᠵᠢᠭᠯᠡᠨ ᠪᠤᠷᠤᠯᠠᠭᠤᠯᠵᠤ ᠬᠤᠯᠪᠤᠭᠠᠯᠠᠨ ᠡᠵᠡᠩᠨᠡᠬᠦ ᠶ᠋ᠢ ᠨᠢᠭᠡ ᠴᠤᠭᠴᠠᠵᠢᠭᠤᠯᠤᠭᠰᠠᠨ ᠡᠵᠡᠩᠨᠡᠯᠳᠡ ᠶ᠋ᠢᠨ ᠵᠦᠪᠰᠢᠶᠡᠷᠡᠯ ᠤ᠋ᠨ ᠦᠨᠡᠮᠯᠡᠯ ᠨᠢ ᠡᠮ ᠤ᠋ᠨ ᠵᠦᠢᠯᠡᠰ ᠢ᠋ ᠭᠦᠢᠯᠭᠡᠭᠡᠯᠡᠬᠦ ᠠᠵᠤ ᠠᠬᠤᠢᠯᠠᠯ ᠤ᠋ᠨ ᠬᠤᠳᠠᠯᠳᠤᠨ ᠠᠪᠬᠤ᠂ ᠬᠦᠮᠦᠷᠭᠡᠯᠡᠬᠦ᠂ ᠬᠦᠷᠭᠡᠬᠦ ᠵᠡᠷᠭᠡ ᠵᠠᠩᠬᠢᠯᠠᠭ᠎ᠠ ᠶ᠋ᠢᠨ ᠭᠤᠭᠴᠤᠭ᠎ᠠ ᠶ᠋ᠢᠨ ᠡᠬᠢ ᠪᠠᠶᠠᠯᠢᠭ ᠢ᠋ ᠨᠡᠢᠳᠭᠡᠬᠦ ᠶ᠋ᠢ ᠠᠬᠢᠭᠤᠯᠵᠤ᠂ ᠤᠯᠠᠮᠵᠢᠯᠠᠯᠳᠤ ᠡᠮ ᠤ᠋ᠨ ᠵᠦᠢᠯᠡᠰ ᠢ᠋ ᠪᠦᠭᠡᠮ ᠶ᠋ᠢᠡᠷ ᠪᠤᠷᠤᠯᠠᠭᠤᠯᠬᠤ ᠪᠠ ᠵᠢᠵᠢᠭᠯᠡᠨ ᠪᠤᠷᠤᠯᠠᠭᠤᠯᠬᠤ ᠶ᠋ᠢ ᠰᠠᠯᠭᠠᠭᠰᠠᠨ ᠡᠵᠡᠩᠨᠡᠯᠳᠡ ᠶ᠋ᠢᠨ ᠵᠠᠭᠪᠤᠷ ᠢ᠋ ᠡᠪᠳᠡᠬᠦ ᠶ᠋ᠢᠨ ᠵᠡᠷᠭᠡ ᠪᠡᠷ ᠠᠵᠤ ᠠᠬᠤᠢᠯᠠᠯ ᠤ᠋ᠨ ᠡᠵᠡᠩᠨᠡᠯᠳᠡ ᠶ᠋ᠢᠨ ᠦᠪᠡᠷ ᠤ᠋ᠨ ᠦᠷᠳᠡᠭ ᠢ᠋ ᠪᠠᠭᠤᠷᠠᠭᠤᠯᠤᠨ᠂ ᠡᠮ ᠤ᠋ᠨ ᠵᠦᠢᠯᠡᠰ ᠤ᠋ᠨ ᠭᠦᠢᠯᠭᠡᠭᠡᠨ ᠤ᠋ ᠦᠷ᠎ᠠ ᠪᠦᠲᠦᠮᠵᠢ ᠶ᠋ᠢ ᠤᠯᠠᠮ ᠨᠢᠭᠡ ᠠᠯᠬᠤᠮ ᠳᠡᠭᠡᠭᠰᠢᠯᠡᠭᠦᠯᠵᠤ᠂ ᠤᠯᠠᠨ ᠲᠦᠮᠡᠨ ᠢ᠋ ᠬᠡᠷᠡᠭᠴᠡᠭᠡ ᠪᠦᠬᠦᠢ ᠡᠮ ᠤ᠋ᠨ ᠵᠦᠢᠯᠡᠰ ᠵᠢᠡᠨ ᠨᠡᠩ ᠬᠤᠷᠳᠤᠨ ᠤᠯᠵᠤ ᠳᠡᠢᠯᠬᠦ ᠪᠤᠯᠭᠠᠪᠠ᠃