ᠦᠪᠤᠷ ᠮᠤᠩᠭᠤᠯ ᠤ᠋ᠨ ᠦᠪᠡᠷᠲᠡᠭᠡᠨ ᠵᠠᠰᠠᠬᠤ ᠤᠷᠤᠨ ᠤ᠋ ᠲᠠᠷᠢᠶᠠᠯᠠᠡᠭ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ᠋ ᠲᠢᠡᠭᠬᠢᠮ ᠡᠴᠡ ᠤᠢᠯᠠᠭᠠᠭᠰᠠᠨ ᠶ᠋ᠢᠡᠷ᠂ ᠬᠦᠬᠡᠬᠤᠲᠠ ᠶ᠋ᠢᠨ ᠤᠷᠤᠨ ᠪᠦᠰᠡ ᠶ᠋ᠢᠨ ᠨᠡᠢᠲᠡ ᠶ᠋ᠢᠨ ᠬᠡᠷᠡᠭᠯᠡᠭᠡᠨ ᠤ᠋ ᠲᠦᠷᠦᠯ ᠲᠡᠮᠲᠡᠭ ᠪᠤᠯᠬᠤ 《ᠴᠡᠯᠡᠭᠡᠷ ᠲᠠᠯ᠎ᠠ ᠶ᠋ᠢᠨ ᠦᠨᠦᠷ ᠠᠮᠲᠠ》 ᠨᠢ ᠲᠦᠷᠦᠭᠦᠬᠡᠨ ᠴᠸᠡᠭᠳᠦ᠋ ᠳ᠋ᠦ ᠶᠠᠪᠤᠭᠳᠠᠭᠰᠠᠨ ᠠᠷᠪᠠᠨ ᠨᠢᠭᠡᠳᠦᠭᠡᠷ ᠬᠤᠭᠤᠴᠠᠭᠠᠨ ᠤ᠋ ᠳᠤᠮᠳᠠᠳᠤ ᠤᠯᠤᠰ ᠤ᠋ᠨ ᠬᠦᠳᠡᠭᠡ ᠠᠵᠤ ᠠᠬᠤᠢ ᠶ᠋ᠢᠨ ᠨᠡᠷᠡᠲᠦ ᠲᠦᠷᠦᠯ ᠲᠡᠮᠲᠡᠭᠲᠦ ᠶ᠋ᠢᠨ ᠤᠨ ᠤ᠋ ᠦᠪᠡᠳᠡᠭᠰᠢ ᠶᠤᠰᠤᠯᠠᠯ ᠳ᠋ᠦ 《2025 ᠤᠨ ᠤ᠋ ᠳᠤᠮᠳᠠᠳᠤ ᠤᠯᠤᠰ ᠤ᠋ᠨ ᠬᠦᠳᠡᠭᠡ ᠠᠵᠤ ᠠᠬᠤᠢ ᠶ᠋ᠢᠨ ᠵᠠᠭᠤᠨ ᠬᠦᠴᠦᠷᠬᠡᠭ ᠪᠡᠯᠭᠡ ᠲᠡᠮᠲᠡᠭ ᠤ᠋ᠨ ᠴᠢᠨᠠᠷᠲᠠᠢ ᠲᠦᠷᠦᠯ ᠲᠡᠮᠲᠡᠭ》᠂ 《2025 ᠤᠨ ᠤ᠋ ᠳᠤᠮᠳᠠᠳᠤ ᠤᠯᠤᠰ ᠤ᠋ᠨ ᠬᠦᠳᠡᠭᠡ ᠠᠵᠤ ᠠᠬᠤᠢ ᠵᠢᠨ ᠨᠡᠷ᠎ᠡ ᠶ᠋ᠢᠨ ᠬᠠᠭᠤᠳᠠᠰᠤ·ᠭᠠᠷᠮᠠᠭᠠᠢ ᠬᠤᠪᠢ ᠨᠡᠮᠡᠷᠢ ᠶ᠋ᠢᠨ ᠱᠠᠡᠭᠨᠠᠯ 》 ᠵᠡᠷᠭᠡ ᠬᠤᠶᠠᠷ ᠶᠡᠬᠡ ᠢᠷᠠᠭᠤ ᠠᠯᠳᠠᠷ ᠢ᠋ ᠬᠦᠷᠲᠡᠪᠡ᠃
ᠤᠢᠯᠠᠭᠠᠭᠰᠠᠨ ᠶ᠋ᠢᠡᠷ᠂ ᠲᠣᠰ ᠤᠳᠠᠭ᠎ᠠ ᠵᠢᠨ ᠦᠪᠡᠳᠡᠭ᠌ᠰᠢ ᠶᠣᠰᠣᠯᠠᠯ ᠨᠢ ᠲᠦᠷᠦᠯ ᠲᠡᠮᠳᠡᠭ᠌ ᠤ᠋ᠨ ᠦᠵᠡᠭᠦᠯᠭᠡ᠂ ᠭᠤᠤᠯ ᠰᠡᠳᠦᠪᠲᠦ ᠶᠠᠷᠢᠶ᠎ᠠ ᠢᠯᠡᠳᠭᠡᠯ᠂ ᠳᠤᠭᠤᠷᠠᠭ ᠱᠢᠷᠡᠭᠡᠨ ᠤ᠋ ᠶᠠᠷᠢᠯᠴᠠᠭ᠎ᠠ᠂ ᠨᠡᠷᠡᠰ ᠤ᠋ᠨ ᠵᠢᠭ᠍ᠰᠠᠭᠠᠯᠲᠠ ᠵᠢ ᠨᠡᠢᠲᠡᠯᠡᠬᠦ᠌ ᠵᠡᠷᠭᠡ ᠬᠡᠯᠪᠡᠷᠢ ᠪᠡᠷ ᠳᠠᠮᠵᠢᠨ ᠳᠤᠮᠳᠠᠳᠤ ᠤᠯᠤᠰ ᠤ᠋ᠨ ᠲᠠᠷᠢᠶᠠᠯᠠᠩ ᠤ᠋ᠨ ᠨᠠᠷᠠᠲᠤ ᠲᠦᠷᠦᠯ ᠲᠡᠮᠳᠡᠭ᠌ᠲᠦ᠍ ᠶ᠋ᠢᠨ ᠱᠢᠨ᠎ᠡ ᠵᠢ ᠡᠭᠦᠳᠬᠦ᠌ ᠬᠥᠭ᠌ᠵᠢᠯᠲᠡ ᠶ᠋ᠢᠨ ᠴᠢᠭᠯᠡᠯ ᠢ᠋ ᠪᠣᠶ ᠪᠣᠯᠭᠠᠪᠠ᠃ ᠬᠥᠬᠡᠬᠣᠲᠠ 《ᠴᠡᠯᠡᠭᠡᠷ ᠲᠠᠯ᠎ᠠ ᠶ᠋ᠢᠨ ᠦᠨᠦᠷ ᠠᠮᠲᠠ 》 ᠣᠷᠣᠨ ᠪᠦᠰᠡ ᠶ᠋ᠢᠨ ᠨᠡᠢᠲᠡ ᠶ᠋ᠢᠨ ᠬᠡᠷᠡᠭ᠌ᠯᠡᠭᠡᠨ ᠤ᠋ ᠲᠥᠷᠥᠯ ᠲᠡᠮᠳᠡᠭ ᠢ᠋ ᠴᠤᠭᠴᠠᠯᠠᠬᠤ ᠳ᠋ᠠᠭᠠᠨ ᠬᠥᠬᠡᠬᠣᠲᠠ ᠶ᠋ᠢᠨ ᠰᠣᠶᠣᠯ ᠤ᠋ᠨ ᠠᠭᠤᠯᠤᠭ᠍ᠳᠠᠬᠤᠨ ᠢ᠋ ᠭᠦᠨᠵᠡᠭᠡᠶ ᠠᠭᠤᠳᠠᠯᠵᠤ᠂ ᠲᠤᠬᠠᠶ ᠶ᠋ᠢᠨ ᠭᠠᠵᠠᠷ ᠤ᠋ᠨ ᠵᠢᠡᠨ ᠥᠪᠡᠷᠮᠢᠴᠡ ᠪᠠᠢᠭᠠᠯᠢ ᠶ᠋ᠢᠨ ᠠᠮᠢ ᠠᠬᠤᠶ ᠶ᠋ᠢᠨ ᠡᠬᠢ ᠪᠠᠶᠠᠯᠢᠭ ᠲᠦ᠍ ᠲᠦᠱᠢᠭ᠌ᠯᠡᠨ ᠴᠢᠨᠠᠷ ᠰᠠᠢᠲᠠᠶ ᠮᠠᠯ ᠤ᠋ᠨ ᠠᠱᠢᠭ ᠱᠢᠮᠡᠲᠠᠷᠢᠶᠠᠯᠠᠩ ᠤ᠋ᠨ ᠪᠦᠲᠦᠭᠡᠭ᠌ᠳᠡᠬᠦᠨ ᠤ᠋ ᠡᠬᠢ ᠪᠠᠶᠠᠯᠢᠭ ᠢ᠋ ᠨᠡᠢᠳᠭᠡᠵᠦ᠂ ᠮᠢᠬᠠᠨ ᠤ᠋ ᠲᠥᠷᠥᠯ᠂ ᠴᠠᠭᠠᠨ ᠢᠳᠡᠭᠡᠨ᠂ ᠡᠯᠳᠡᠪ ᠠᠮᠤ᠂ ᠵᠢᠮᠢᠰ ᠢᠳᠡᠱᠢᠨ ᠨᠣᠭᠣᠭ᠎ᠠ ᠵᠡᠷᠭᠡ ᠣᠯᠠᠨ ᠲᠥᠷᠥᠯ ᠵᠦᠶ᠋ᠯ ᠢ᠋ ᠬᠠᠮᠤᠷᠴᠠᠢ᠃ 《ᠴᠡᠯᠡᠭᠡᠷ ᠲᠠᠯ᠎ᠠ ᠶ᠋ᠢᠨ ᠦᠨᠦᠷ ᠠᠮᠲᠠ 》 ᠨᠢ 2021 ᠣᠨ ᠤ᠋ ᠳᠣᠯᠣᠳᠤᠭᠠᠷ ᠬᠤᠭᠤᠴᠠᠭᠠᠨ ᠤ᠋ ᠳᠤᠮᠳᠠᠳᠤ ᠤᠯᠤᠰ ᠤ᠋ᠨ ᠬᠦᠳᠡᠭᠡ ᠠᠵᠤ ᠠᠬᠤᠢ ᠶ᠋ᠢᠨ ᠨᠡᠷᠡᠲᠦ ᠲᠦᠷᠦᠯ ᠲᠡᠮᠳᠡᠭ᠌ᠲᠦ᠍ ᠶ᠋ᠢᠨ ᠣᠨ ᠤ᠋ ᠦᠪᠡᠳᠡᠭ᠌ᠰᠢ ᠶᠣᠰᠣᠯᠠᠯ ᠳᠡᠭᠡᠷ᠎ᠡ 《ᠳᠤᠮᠳᠠᠳᠤ ᠤᠯᠤᠰ ᠤ᠋ᠨ ᠲᠠᠷᠢᠶᠠᠯᠠᠩ ᠤ᠋ᠨ ᠪᠦᠲᠦᠭᠡᠭ᠌ᠳᠡᠬᠦᠨ ᠤ᠋ ᠵᠠᠭᠤᠨ ᠬᠦᠴᠦᠷᠬᠡᠭ ᠪᠡᠯᠭᠡ ᠲᠡᠮᠳᠡᠭ ᠤ᠋ᠨ ᠴᠢᠨᠠᠷᠲᠠᠶ ᠨᠠᠷᠠᠲᠤ ᠲᠦᠷᠦᠯ ᠲᠡᠮᠳᠡᠭ᠌》 ᠵᠢᠡᠷ ᠦᠨᠡᠯᠡᠭ᠌ᠳᠡᠵᠦ᠍᠂ ᠲᠣᠰ ᠤᠳᠠᠭ᠎ᠠ ᠳᠠᠬᠢᠨᠲᠠ ᠡᠨᠡ ᠬᠦ᠌ ᠢᠷᠠᠭᠤ ᠠᠯᠳᠠᠷ ᠢ᠋ ᠭᠥᠷᠳᠡᠭ᠌ᠰᠡᠨ ᠨᠢ ᠬᠥᠬᠡᠬᠣᠲᠠ ᠶ᠋ᠢᠨ ᠮᠠᠯ ᠠᠵᠤ ᠠᠬᠤᠶᠲᠠᠷᠢᠶᠠᠯᠠᠡᠭ ᠤ᠋ᠨ ᠲᠦᠷᠦᠯ ᠲᠡᠮᠲᠡᠭ ᠤ᠋ᠨ ᠪᠠᠢᠭᠤᠯᠤᠯᠲᠠ ᠶ᠋ᠢᠨ ᠦᠷ᠎ᠡ ᠪᠦᠲᠦᠭᠡᠯ ᠤᠯᠠᠨ ᠳ᠋ᠤ ᠳᠡᠭᠡᠳᠦ ᠬᠡᠮᠵᠢᠶ᠎ᠡ ᠪᠡᠷ ᠮᠡᠳᠡᠷᠡᠭ᠌ᠳᠡᠭᠰᠡᠨ ᠢ᠋ ᠬᠠᠷᠠᠭᠤᠯᠵᠤ ᠪᠤᠢ᠃
ᠬᠥᠬᠡᠬᠣᠲᠠ ᠶ᠋ᠢᠨ ᠲᠠᠷᠢᠶᠠᠯᠠᠩ ᠮᠠᠯ ᠠᠵᠤ ᠠᠬᠤᠶ ᠶ᠋ᠢᠨ ᠰᠠᠯᠠᠭ᠎ᠠ ᠮᠥᠴᠢᠷ ᠤ᠋ᠨ ᠬᠢᠨ 《ᠪᠠᠷᠢᠮᠵᠢᠶ᠎ᠠ ᠪᠠᠷ ᠬᠥᠲᠥᠯᠥᠨ ᠵᠢᠯᠤᠭᠤᠳᠬᠤ᠂ ᠶᠠᠰᠤ ᠴᠢᠨᠠᠷ ᠵᠢᠡᠷ ᠭᠤᠤᠯ ᠪᠣᠯᠭᠠᠬᠤ᠂ ᠲᠥᠷᠥᠯ ᠲᠡᠮᠳᠡᠭ ᠵᠢᠡᠷ ᠬᠦᠴᠦᠨ ᠣᠯᠭᠣᠬᠤ᠂ ᠵᠠᠬ᠎ᠠ ᠳᠡᠯᠭᠡᠭᠦᠷ ᠵᠢᠡᠷ ᠬᠥᠳᠡᠯᠭᠡᠭᠦᠷ ᠪᠣᠯᠭᠠᠬᠤ》 ᠴᠣ ᠱᠢᠨ᠎ᠡ ᠬᠥᠭ᠌ᠵᠢᠯᠲᠡ ᠶ᠋ᠢᠨ ᠵᠠᠭ᠍ᠪᠤᠷ ᠢ᠋ ᠬᠦᠴᠦᠯᠡᠨ ᠪᠠᠢᠭᠤᠯᠵᠤ᠂ 《ᠴᠡᠯᠡᠭᠡᠷ ᠲᠠᠯ᠎ᠠ ᠶ᠋ᠢᠨ ᠦᠨᠦᠷ ᠠᠮᠲᠠ》 ᠵᠢ ᠬᠥᠬᠡᠬᠣᠲᠠ ᠶ᠋ᠢᠨ ᠴᠢᠨᠠᠷ ᠰᠠᠢᠲᠠᠶ ᠮᠠᠯ ᠤ᠋ᠨ ᠠᠱᠢᠭ ᠱᠢᠮ᠎ᠡ ᠲᠠᠷᠢᠶᠠᠯᠠᠡᠭ ᠤ᠋ᠨ ᠪᠦᠲᠦᠭᠡᠭ᠌ᠳᠡᠬᠦᠨ ᠤ᠋ ᠬᠢᠯᠠᠯᠵᠠᠭᠰᠠᠨ ᠨᠡᠷ᠎ᠡ ᠶ᠋ᠢᠨ ᠬᠠᠭᠤᠳᠠᠰᠤ ᠪᠤᠯᠭᠠᠨ ᠴᠤᠭᠴᠠᠯᠠᠵᠤ ᠪᠠᠢᠨ᠎ᠠ᠃