ᠥᠪᠥᠷ ᠮᠣᠩᠭᠣᠯ᠎ᠤᠨ ᠨᠡᠢᠲᠡ᠎ᠶ᠋ᠢᠨ ᠠᠰᠠᠷᠠᠮᠵᠢ᠎ᠶ᠋ᠢᠨ ᠵᠠᠷᠭᠤ᠎ᠶ᠋ᠢᠨ ᠪᠠᠢᠴᠠᠭᠠᠬᠤ ᠠᠵᠢᠯ ᠤ᠋ᠨ ᠠᠷᠪᠠᠨ ᠨᠡᠢᠲᠡᠯᠢᠭ ᠬᠡᠷᠡᠭ᠎ᠦᠨ ᠵᠢᠱ᠌ᠢᠶ᠎ᠡ᠎ᠶ᠋ᠢ ᠨᠡᠢᠲᠡᠯᠡᠪᠡ
2026-01-16 10:52:57
ᠵᠣᠬᠢᠶᠠᠭ᠍ᠴᠢ᠄
ᠰᠢᠨᠡᠪᠢᠯᠢᠭ
ᠣᠩᠱᠢᠭ᠍ᠰᠠᠨ ᠣᠳᠠᠭ᠎ᠠ᠄
★★★☆☆

ᠤᠢᠷ᠎ᠠ ᠳ᠋ᠸ᠋᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠪᠠᠢᠴᠠᠭᠠᠬᠤ ᠬᠣᠷᠢᠶ᠎ᠠ 2025 ᠣᠨ᠎ᠤ ᠥᠪᠥᠷ ᠮᠣᠩᠭᠣᠯ᠎ᠤᠨ ᠨᠡᠢᠲᠡ᠎ᠶ᠋ᠢᠨ ᠠᠰᠠᠷᠠᠮᠵᠢ᠎ᠶ᠋ᠢᠨ ᠵᠠᠷᠭᠤ᠎ᠶ᠋ᠢᠨ ᠪᠠᠢᠴᠠᠭᠠᠬᠤ ᠠᠵᠢᠯ ᠤ᠋ᠨ  ᠠᠷᠪᠠᠨ ᠶᠡᠬᠡ ᠨᠡᠢᠲᠡᠯᠢᠭ ᠬᠡᠷᠡᠭ᠎ᠦᠨ ᠵᠢᠱ᠌ᠢᠶ᠎ᠡ᠎ᠶ᠋ᠢ ᠨᠡᠢᠲᠡᠯᠡᠵᠦ᠂ ᠭᠤᠤᠯᠳᠠᠭᠤ ᠤᠢ ᠱᠢᠭᠤᠶ᠂ ᠭᠤᠤᠯ ᠮᠥᠷᠡᠨ ᠨᠠᠭᠤᠷ ᠴᠥᠭᠥᠷᠥᠮ᠂ ᠨᠤᠲᠤᠭ ᠪᠡᠯᠴᠢᠭᠡᠷ᠎ᠦᠨ ᠬᠠᠮᠠᠭᠠᠯᠠᠯᠲᠠ ᠵᠢᠴᠢ ᠰᠣᠶᠣᠯ᠎ᠤᠨ ᠥᠪ᠎ᠦᠨ ᠬᠠᠮᠠᠭᠠᠯᠠᠯᠲᠠ ᠵᠡᠷᠭᠡ ᠬᠦᠷᠢᠶᠡᠨ᠎ᠳᠦ ᠬᠣᠯᠪᠣᠭ᠍ᠳᠠᠵᠠᠶ᠃

ᠠᠷᠪᠠᠨ ᠶᠡᠬᠡ ᠨᠡᠢᠲᠡᠯᠢᠭ ᠬᠡᠷᠡᠭ᠎ᠦᠨ ᠵᠢᠱ᠌ᠢᠶ᠎ᠡ᠎ᠳᠦ᠂ ᠬᠥᠬᠡᠬᠣᠲᠠ᠎ᠶ᠋ᠢᠨ ᠱᠢᠨ᠎ᠡ ᠬᠣᠲᠠ ᠲᠣᠭᠣᠷᠢᠭ᠎ᠤᠨ ᠠᠷᠠᠳ᠎ᠤᠨ ᠪᠠᠢᠴᠠᠭᠠᠬᠤ ᠬᠣᠷᠢᠶ᠎ᠠ ᠵᠢᠨ ᠲᠣᠭ᠍ᠲᠠᠭᠠᠯ᠎ᠢ ᠵᠥᠷᠢᠴᠡᠨ ᠭᠠᠵᠠᠷ ᠳᠤᠤᠷᠠᠬᠢ ᠤᠰᠤ᠎ᠶ᠋ᠢ ᠲᠠᠲᠠᠵᠤ ᠬᠡᠷᠡᠭ᠌ᠯᠡᠭ᠌ᠰᠡᠨ ᠶᠠᠪᠤᠳᠠᠯ᠎ᠢ ᠴᠡᠭᠴᠡᠯᠡᠨ ᠵᠠᠰᠠᠬᠤ ᠵᠢ ᠱᠠᠯᠠᠪᠳᠠᠭᠤᠯᠤᠬᠰᠠᠨ ᠵᠠᠰᠠᠭ ᠵᠠᠬᠢᠷᠭᠠᠨ᠎ᠤ ᠨᠡᠢᠲᠡ᠎ᠶ᠋ᠢᠨ ᠠᠰᠠᠷᠠᠮᠵᠢ᠎ᠶ᠋ᠢᠨ ᠵᠠᠷᠭᠤ᠎ᠶ᠋ᠢᠨ ᠬᠡᠷᠡᠭ᠂ ᠪᠤᠭᠤᠲᠤ ᠬᠣᠲᠠ᠎ᠶ᠋ᠢᠨ ᠱᠢᠭᠤᠢᠲᠤ ᠲᠣᠭᠣᠷᠢᠭ᠎ᠤᠨ ᠠᠷᠠᠳ᠎ᠤᠨ ᠪᠠᠢᠴᠠᠭᠠᠬᠤ ᠬᠣᠷᠢᠶ᠎ᠠ ᠵᠢᠨ ᠪᠠᠢᠯᠳᠤᠭᠠᠨᠲᠤ ᠤᠯᠤᠰ᠎ᠤᠨ ᠵᠤᠤ ᠵᠢᠨ ᠤᠮᠠᠷᠠᠳᠤ ᠵᠢᠨ ᠴᠠᠭᠠᠨ ᠬᠡᠷᠡᠮ᠎ᠢ ᠬᠠᠮᠠᠭᠠᠯᠠᠬᠤ ᠵᠢ ᠱᠠᠯᠠᠪᠳᠠᠭᠤᠯᠤᠬᠰᠠᠨ  ᠨᠡᠢᠲᠡ᠎ᠶ᠋ᠢᠨ ᠠᠰᠠᠷᠠᠮᠵᠢ᠎ᠶ᠋ᠢᠨ ᠵᠠᠷᠭᠤ ᠵᠢᠨ ᠬᠡᠷᠡᠭ᠂  ᠬᠥᠯᠥᠨ ᠪᠣᠢᠷ ᠬᠣᠲᠠ᠎ᠶ᠋ᠢᠨ ᠠᠷᠠᠳ᠎ᠤᠨ ᠪᠠᠢᠴᠠᠭᠠᠬᠤ ᠬᠣᠷᠢᠶ᠎ᠠ ᠵᠢᠨ ᠶᠡᠬᠡ ᠬᠢᠩᠭᠠᠨ ᠳᠠᠪᠠᠭ᠎ᠠ᠎ᠶ᠋ᠢᠨ ᠴᠢᠯᠠᠭᠤ ᠮᠠᠯᠲᠠᠬᠤ ᠲᠠᠯᠠᠪᠠᠶ᠎ᠶ᠋ᠢᠨ ᠣᠢᠲᠤ ᠭᠠᠵᠠᠷ᠎ᠢ ᠡᠪᠳᠡᠭ᠌ᠰᠡᠨ ᠶᠠᠪᠤᠳᠠᠯ ᠎ᠢ ᠴᠡᠭᠴᠡᠯᠡᠨ ᠵᠠᠰᠠᠬᠤ ᠵᠢ ᠱᠠᠯᠠᠪᠳᠠᠭᠤᠯᠤᠬᠰᠠᠨ  ᠵᠠᠰᠠᠭ ᠵᠠᠬᠢᠷᠭᠠᠨ᠎ᠤ ᠨᠡᠢᠲᠡ᠎ᠶ᠋ᠢᠨ ᠠᠰᠠᠷᠠᠮᠵᠢ᠎ᠶ᠋ᠢᠨ ᠵᠠᠷᠭᠤ᠎ᠶ᠋ᠢᠨ ᠬᠡᠷᠡᠭ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠪᠠᠢᠴᠠᠭᠠᠬᠤ ᠬᠣᠷᠢᠶ᠎ᠠ᠎ᠶ᠋ᠢᠨ ᠬᠢᠩᠭᠠᠨ ᠠᠢᠮᠠᠭ᠎ᠤᠨ ᠬᠤᠪᠢᠶᠠᠷᠢ ᠬᠣᠷᠢᠶ᠎ᠠ ᠵᠢᠨ ᠡᠮᠴᠢᠯᠡᠭᠡᠨ᠎ᠦ ᠪᠠᠢᠭᠤᠯᠤᠮᠵᠢ᠎ᠶ᠋ᠢᠨ ᠰᠠᠭᠠᠳ ᠥᠬᠡᠶ ᠣᠷᠴᠢᠨ ᠲᠣᠭᠣᠷᠢᠨ᠎ᠤ ᠪᠥᠲᠥᠭᠡᠨ ᠪᠠᠢᠭᠤᠯᠤᠯᠲᠠ᠎ᠶ᠋ᠢ ᠵᠢᠷᠤᠮᠵᠢᠭᠤᠯᠬᠤ ᠵᠢ ᠱᠠᠯᠠᠪᠳᠠᠭᠤᠯᠤᠬᠰᠠᠨ ᠵᠠᠰᠠᠭ ᠵᠠᠬᠢᠷᠭᠠᠨ᠎ᠤ ᠨᠡᠢᠲᠡ᠎ᠶ᠋ᠢᠨ ᠠᠰᠠᠷᠠᠮᠵᠢ᠎ᠶ᠋ᠢᠨ ᠵᠠᠷᠭᠤ᠎ᠶ᠋ᠢᠨ ᠬᠡᠷᠡᠭ᠂ ᠬᠤᠤᠯᠢᠨ ᠭᠤᠤᠯ ᠬᠣᠲᠠ᠎ᠶ᠋ᠢᠨ ᠠᠷᠠᠳ᠎ᠤᠨ ᠪᠠᠢᠴᠠᠭᠠᠬᠤ ᠬᠣᠷᠢᠶ᠎ᠠ ᠵᠢᠨ ᠤᠰᠤᠨ᠎ᠤ ᠣᠷᠴᠢᠨ ᠲᠣᠭᠣᠷᠢᠨ᠎ᠤ ᠪᠣᠬᠢᠷᠲᠤᠯ᠎ᠢ ᠴᠡᠭ᠌ᠴᠡᠯᠡᠨ ᠵᠠᠰᠠᠬᠤ᠎ᠶ᠋ᠢ ᠱᠠᠯᠠᠪᠳᠠᠭᠤᠯᠤᠬᠰᠠᠨ  ᠵᠠᠰᠠᠭ ᠵᠠᠬᠢᠷᠭᠠᠨ᠎ᠤ ᠨᠡᠢᠲᠡ᠎ᠶ᠋ᠢᠨ ᠠᠰᠠᠷᠠᠮᠵᠢ᠎ᠶ᠋ᠢᠨ ᠵᠠᠷᠭᠤ᠎ᠶ᠋ᠢᠨ ᠬᠡᠷᠡᠭ᠂ ᠤᠯᠠᠭᠠᠨᠬᠠᠳᠠ ᠬᠣᠲᠠ᠎ᠶ᠋ᠢᠨ ᠠᠷᠠᠳ᠎ᠤᠨ ᠪᠠᠢᠴᠠᠭᠠᠬᠤ ᠬᠣᠷᠢᠶ᠎ᠠ ᠵᠢᠨ  ᠭᠤᠤᠯ᠎ᠤᠨ ᠬᠠᠱᠢᠯᠭ᠎ᠠ ᠵᠢᠨ ᠦᠶᠡᠷ ᠶᠠᠪᠤᠭᠤᠯᠬᠤ ᠠᠮᠤᠷ ᠲᠦᠪᠱᠢᠨ᠎ᠢ ᠬᠠᠷᠱᠢᠯᠠᠭ᠍ᠰᠠᠨ ᠶᠠᠪᠤᠳᠠᠯ ᠎ᠢ ᠴᠡᠭᠴᠡᠯᠡᠨ ᠵᠠᠰᠠᠬᠤ ᠵᠢ ᠱᠠᠯᠠᠪᠳᠠᠭᠤᠯᠤᠬᠰᠠᠨ ᠵᠠᠰᠠᠭ ᠵᠠᠬᠢᠷᠭᠠᠨ᠎ᠤ ᠨᠡᠢᠲᠡ᠎ᠶ᠋ᠢᠨ ᠠᠰᠠᠷᠠᠮᠵᠢ᠎ᠶ᠋ᠢᠨ ᠵᠠᠷᠭᠤ᠎ᠶ᠋ᠢᠨ ᠬᠡᠷᠡᠭ᠂  ᠱᠢᠯᠢ᠎ᠶ᠋ᠢᠨ ᠭᠤᠤᠯ᠎ᠤᠨ ᠤᠯᠠᠭᠠᠶ ᠬᠠᠮᠢᠶᠠᠷᠤᠯᠲᠠ᠎ᠶ᠋ᠢᠨ ᠣᠷᠣᠨ᠎ᠤ ᠠᠷᠠᠳ᠎ᠤᠨ ᠪᠠᠢᠴᠠᠭᠠᠬᠤ ᠬᠣᠷᠢᠶ᠎ᠠ ᠵᠢᠨ  ᠨᠤᠲᠤᠭ ᠪᠡᠯᠴᠢᠭᠡᠷ᠎ᠦᠨ ᠠᠭᠤᠷᠬᠠᠶ᠎ᠶ᠋ᠢᠨ ᠭᠠᠵᠠᠷ ᠱᠢᠨᠵᠢᠯᠡᠭᠡᠨ᠎ᠦ ᠣᠷᠴᠢᠨ ᠲᠣᠭᠣᠷᠢᠨ᠎ᠢ ᠵᠠᠰᠠᠬᠤ᠎ᠶ᠋ᠢ ᠱᠠᠯᠠᠪᠳᠠᠭᠤᠯᠤᠬᠰᠠᠨ ᠵᠠᠰᠠᠭ ᠵᠠᠬᠢᠷᠭᠠᠨ᠎ᠤ ᠨᠡᠢᠲᠡ᠎ᠶ᠋ᠢᠨ ᠠᠰᠠᠷᠠᠮᠵᠢ᠎ᠶ᠋ᠢᠨ ᠵᠠᠷᠭᠤ᠎ᠶ᠋ᠢᠨ ᠬᠡᠷᠡᠭ᠂ ᠣᠷᠳᠣᠰ ᠬᠣᠲᠠ᠎ᠶ᠋ᠢᠨ ᠳ᠋ᠦᠩᠱᠧᠩ ᠲᠣᠭᠣᠷᠢᠭ᠎ᠤᠨ ᠠᠷᠠᠳ᠎ᠤᠨ ᠪᠠᠢᠴᠠᠭᠠᠬᠤ ᠬᠣᠷᠢᠶ᠎ᠠ ᠵᠢᠨ ᠰᠤᠷᠭᠠᠭᠤᠯᠢ᠎ᠶ᠋ᠢᠨ ᠭᠠᠳᠠᠨᠠᠬᠢ ᠪᠣᠯᠪᠠᠰᠤᠷᠠᠯ᠎ᠤᠨ ᠪᠠᠢᠭᠤᠯᠤᠮᠵᠢ᠎ᠶ᠋ᠢᠨ ᠦᠨᠡᠮᠯᠡᠯ ᠥᠬᠡᠶ᠎ᠪᠡᠷ ᠡᠵᠡᠩᠨᠡᠬᠦ᠌ ᠵᠢ ᠴᠡᠭᠴᠡᠯᠡᠨ ᠵᠠᠰᠠᠬᠤ ᠵᠢ ᠱᠠᠯᠠᠪᠳᠠᠭᠤᠯᠤᠬᠰᠠᠨ ᠵᠠᠰᠠᠭ ᠵᠠᠬᠢᠷᠭᠠᠨ᠎ᠤ ᠨᠡᠢᠲᠡ᠎ᠶ᠋ᠢᠨ ᠠᠰᠠᠷᠠᠮᠵᠢ᠎ᠶ᠋ᠢᠨ ᠵᠠᠷᠭᠤ᠎ᠶ᠋ᠢᠨ ᠬᠡᠷᠡᠭ᠂ ᠤᠷᠠᠳ᠎ᠤᠨ ᠬᠣᠢᠲᠤ ᠬᠣᠱᠢᠭᠤᠨ᠎ᠤ ᠠᠷᠠᠳ᠎ᠤᠨ ᠪᠠᠢᠴᠠᠭᠠᠬᠤ ᠬᠣᠷᠢᠶ᠎ᠠ ᠡᠴᠨ ᠵᠠᠩ ᠣᠪᠣᠭ᠍ᠲᠤ ᠵᠡᠷᠭᠡ ᠬᠥᠮᠦᠨ᠎ᠢ ᠠᠶᠤᠯ ᠲᠠᠶ ᠬᠠᠶᠠᠭ᠍ᠳᠠᠮᠠᠯ ᠪᠣᠳᠠᠰ᠎ᠢᠶᠠᠷ ᠣᠷᠴᠢᠨ ᠲᠣᠭᠣᠷᠢᠨ᠎ᠢ ᠪᠣᠬᠢᠷᠲᠤᠭᠤᠯᠤᠭ᠍ᠰᠠᠨ ᠬᠡᠵᠦ ᠵᠠᠭᠠᠯᠳᠤᠬᠰᠠᠨ ᠡᠷᠡᠭᠦᠦ᠍᠎ᠶ᠋ᠢᠨ ᠬᠡᠷᠡᠭ᠎ᠦᠨ ᠳᠠᠭᠠᠯᠳᠤᠭᠤᠯᠤᠯ ᠢᠷᠭᠡᠨ᠎ᠦ ᠬᠡᠷᠡᠭ᠎ᠦᠨ ᠨᠡᠢᠲᠡ᠎ᠶ᠋ᠢᠨ ᠠᠰᠠᠷᠠᠮᠵᠢ᠎ᠶ᠋ᠢᠨ ᠵᠠᠷᠭᠤ᠎ᠶ᠋ᠢᠨ ᠬᠡᠷᠡᠭ᠂ ᠦᠬᠠᠶ ᠬᠣᠲᠠ᠎ᠶ᠋ᠢᠨ ᠬᠠᠢᠨᠠᠨ ᠲᠣᠭᠣᠷᠢᠭ᠎ᠤᠨ ᠠᠷᠠᠳ᠎ᠤᠨ ᠪᠠᠢᠴᠠᠭᠠᠬᠤ ᠬᠣᠷᠢᠶ᠎ᠠ ᠵᠢᠨ ᠬᠢᠮᠢ᠎ᠶ᠋ᠢᠨ ᠠᠵᠤ ᠦᠶ᠋ᠯᠡᠳᠪᠦᠷᠢ᠎ᠶ᠋ᠢᠨ ᠠᠶᠤᠯᠭᠦᠶ ᠦᠶ᠋ᠯᠡᠳᠪᠦᠷᠢᠯᠡᠯ᠎ᠦᠨ ᠳᠠᠯᠳᠠ ᠭᠡᠮ᠎ᠢ ᠠᠷᠢᠯᠭᠠᠬᠤ ᠵᠢ ᠱᠠᠯᠠᠪᠳᠠᠭᠤᠯᠤᠬᠰᠠᠨ  ᠵᠠᠰᠠᠭ ᠵᠠᠬᠢᠷᠭᠠᠨ᠎ᠤ ᠨᠡᠢᠲᠡ᠎ᠶ᠋ᠢᠨ ᠠᠰᠠᠷᠠᠮᠵᠢ᠎ᠶ᠋ᠢᠨ ᠵᠠᠷᠭᠤ᠎ᠶ᠋ᠢᠨ ᠬᠡᠷᠡᠭ ᠵᠡᠷᠬᠡ ᠪᠤᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号