ᠥᠪᠥᠷ ᠮᠣᠩᠭᠣᠯ᠎ᠤᠨ 7 ᠬᠠᠮᠲᠤ 14 ᠬᠤᠪᠢ ᠬᠥᠮᠥᠨ ᠬᠠᠤᠯᠢ ᠴᠠᠭᠠᠵᠠ᠎ᠶᠢᠨ ᠶᠠᠮᠤᠨ᠎ᠤ ᠰᠠᠢᠰᠢᠶᠠᠯ ᠬᠦᠬᠢᠭᠦᠯᠦᠯ ᠢ᠋ ᠬᠦᠷᠲᠡᠵᠡᠢ
2026-01-16 10:56:22
ᠵᠣᠬᠢᠶᠠᠭ᠍ᠴᠢ᠄
ᠬᠠᠨ ᠯᠢᠩ ᠯᠢᠩ
ᠣᠩᠱᠢᠭ᠍ᠰᠠᠨ ᠣᠳᠠᠭ᠎ᠠ᠄
★★★☆☆

ᠰᠤᠷᠪᠤᠯᠵᠢᠯᠠᠬᠴᠢ ᠦᠪᠦᠷ ᠮᠤᠩᠭᠤᠯ᠎ᠤᠨ ᠦᠪᠡᠷᠲᠡᠭᠡᠨ ᠵᠠᠰᠬᠠᠤ ᠤᠷᠤᠨ᠎ᠤ ᠬᠠᠤᠯᠢ ᠴᠠᠭᠠᠵᠠ ᠢ᠋ᠢᠨ ᠲᠢᠩᠬᠢᠮ ᠡᠴᠡ ᠤᠢᠯᠠᠭᠠᠬᠰᠠᠨ ᠢ᠋ᠢᠡᠷ᠂ ᠣᠢᠷ᠎ᠠ᠎ᠳᠤ᠂ ᠬᠠᠤᠯᠢ ᠴᠠᠭᠠᠵᠠ ᠢ᠋ᠢᠨ ᠶᠠᠮᠤᠨ ᠡᠴᠡ ᠪᠥᠬᠥ ᠤᠯᠤᠰ᠎ᠤᠨ ᠬᠡᠪᠴᠢᠶᠡᠨ᠎ᠳᠤ ᠥᠷᠨᠢᠭᠦᠯᠦᠭᠰᠡᠨ 《 ᠠᠯᠪᠠᠨ ᠭᠡᠷᠡᠴᠢᠯᠡᠭᠡ᠎ᠶᠢᠨ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠋᠎ᠢ ᠨᠡᠮᠡᠭᠳᠡᠭᠦᠯᠬᠦ ᠭᠤᠷᠪᠠᠨ ᠵᠢᠯ᠎ᠦᠨ ᠠᠵᠢᠯᠯᠠᠭ᠎ᠠ》 ᠳ᠋ᠡᠬᠢ ᠢᠯᠡᠷᠡᠯ ᠵᠢᠡᠷ ᠲᠣᠪᠣᠢᠮ᠎ᠠ ᠬᠠᠮᠲᠤ ᠪᠠ ᠬᠤᠪᠢ ᠬᠥᠮᠥᠨ᠎ᠢ ᠵᠠᠷᠯᠠᠨ ᠰᠠᠢᠰᠢᠶᠠᠵᠦ᠂ ᠡᠭᠦᠨ᠎ᠳᠤ ᠦᠪᠤᠷ ᠮᠤᠩᠭᠤᠯ᠎ᠤᠨ 7 ᠬᠠᠮᠲᠤ᠂ 14 ᠬᠤᠪᠢ ᠬᠥᠮᠥᠨ ᠰᠠᠢᠰᠢᠶᠠᠯ ᠬᠦᠬᠢᠭᠦᠯᠦᠯ ᠬᠦᠷᠲᠡᠪᠡ᠃

2023 ᠣᠨ ᠡᠴᠡ ᠨᠠᠭᠠᠰᠢ᠂ ᠥᠪᠥᠷ ᠮᠣᠩᠭᠣᠯ 《 ᠪᠥᠬᠥ ᠣᠷᠣᠨ᠎ᠤ 〈ᠠᠯᠪᠠᠨ ᠭᠡᠷᠡᠴᠢᠯᠡᠭᠡ᠎ᠶᠢᠨ ᠦᠨᠡᠮᠯᠡᠯ᠎ᠢ ᠪᠠᠭᠠᠰᠬᠠᠵᠤ ᠠᠷᠠᠳ᠎ᠲᠤ ᠲᠥᠬᠥᠮ ᠦᠵᠡᠭᠦᠯᠬᠦ ᠬᠤᠷᠳᠤᠴᠠ᠎ᠶᠢ ᠲᠦᠷᠬᠡᠳᠬᠡᠬᠦ〉 ᠠᠯᠢ ᠤᠯᠠᠨ ᠠᠷᠭ᠎ᠠ ᠬᠡᠮᠵᠢᠶ᠎ᠡ 》 ᠵᠢ ᠨᠡᠢᠲᠡᠯᠡᠵᠦ᠂ ᠬᠦᠴᠦᠨ᠎ᠢᠶᠡᠨ ᠲᠥᠪᠯᠡᠷᠡᠭᠦᠯᠦᠨ ᠪᠥᠬᠥ ᠣᠷᠣᠨ᠎ᠳᠤ ᠨᠡᠢᠳᠡᠮ ᠭᠦᠢᠴᠡᠳᠬᠡᠬᠦ᠂ ᠴᠠᠭ᠎ᠢ ᠪᠤᠭᠤᠨᠢᠰᠬᠠᠨ ᠦᠷ᠎ᠡ ᠠᠰᠢᠭ᠋᠎ᠢ ᠨᠡᠮᠡᠭᠳᠡᠭᠦᠯᠬᠦ᠂ ᠬᠣᠯᠪᠤᠭᠠᠯᠠᠨ ᠭᠦᠢᠴᠡᠳᠬᠡᠬᠦ᠎ᠶᠢ ᠤᠷᠲᠤᠳᠬᠠᠬᠤ᠂ ᠣᠨᠴᠠᠭᠠᠶ ᠬᠠᠪᠰᠤᠷᠤᠨ ᠲᠡᠳᠬᠦᠬᠦ᠂ ᠦᠢᠯᠡᠴᠢᠯᠡᠭᠡᠨ᠎ᠦ ᠳᠠᠯᠳᠠ ᠬᠦᠴᠦᠨ᠎ᠢ ᠭᠦᠨ ᠠᠭᠤᠳᠠᠯᠵᠤ᠂ ᠢᠯᠡᠳᠲᠡ ᠦᠷ᠎ᠡ ᠪᠦᠲᠦᠮᠵᠢ ᠣᠯᠪᠠ᠃ ᠣᠷᠣᠨ ᠪᠦᠰᠡ᠎ᠶᠢᠨ ᠬᠢᠵᠠᠭᠠᠷᠯᠠᠯ᠎ᠢ ᠡᠪᠳᠡᠬᠦ ᠲᠠᠯ᠎ᠠ᠎ᠪᠠᠷ᠂ 2023 ᠣᠨ᠎ᠤ 5 ᠰᠠᠷ᠎ᠠ ᠠ᠋ᠴᠠ ᠡᠬᠢᠯᠡᠨ᠂ 13 ᠲᠥᠷᠥᠯ᠎ᠦᠨ ᠥᠨᠳᠥᠷ ᠳᠠᠪᠲᠠᠮᠵᠢᠲᠤ ᠠᠯᠪᠠᠨ ᠭᠡᠷᠡᠴᠢᠯᠡᠭᠡ᠎ᠶᠢᠨ ᠬᠡᠷᠡᠭ ᠶᠠᠪᠤᠲᠠᠯ᠎ᠳᠤ ᠪᠥᠬᠥ ᠣᠷᠣᠨ᠎ᠳᠤ ᠨᠡᠢᠳᠡᠮ ᠭᠦᠢᠴᠡᠳᠬᠡᠬᠦ᠎ᠶᠢ ᠬᠡᠷᠡᠭᠵᠢᠭᠦᠯᠵᠦ᠂ ᠰᠤᠷᠤᠯᠭ᠎ᠠ᠎ᠶᠢᠨ ᠨᠠᠮᠲᠠᠷ᠂ ᠪᠡᠶ᠎ᠡ᠎ᠶᠢᠨ ᠦᠨᠡᠮᠯᠡᠯ ᠵᠡᠷᠭᠡ 6 ᠲᠥᠷᠥᠯ᠎ᠦᠨ ᠬᠡᠷᠡᠭ ᠶᠠᠪᠤᠲᠠᠯ᠎ᠳᠤ ᠪᠥᠬᠥ ᠤᠯᠤᠰ᠎ᠲᠤ ᠨᠡᠢᠳᠡᠮ ᠭᠦᠢᠴᠡᠳᠬᠡᠬᠦ᠎ᠶᠢ ᠬᠡᠷᠡᠭᠵᠢᠭᠦᠯᠪᠡ᠃ ᠠᠯᠪᠠᠨ ᠭᠡᠷᠡᠴᠢᠯᠡᠭᠡ᠎ᠶᠢᠨ  ᠴᠠᠭ ᠎ᠤᠨ  ᠬᠢᠵᠠᠭᠠᠷ᠎ᠢ   ᠪᠤᠭᠤᠨᠢᠰᠬᠠᠬᠤ  ᠲᠠᠯ᠎ᠠ᠎ᠪᠠᠷ᠂ 81 ᠵᠦᠢᠯ᠎ᠦᠨ 5 ᠠᠵᠢᠯᠯᠠᠬᠤ ᠡᠳᠦᠷ᠎ᠦᠨ ᠳᠣᠲᠣᠷ᠎ᠠ ᠰᠢᠢᠳᠪᠦᠷᠢᠯᠡᠵᠦ ᠳᠠᠭᠤᠰᠬᠠᠬᠤ ᠬᠡᠷᠡᠭ ᠶᠠᠪᠤᠲᠠᠯ᠎ᠢ 3 ᠠᠵᠢᠯᠯᠠᠬᠤ ᠡᠳᠦᠷ ᠪᠣᠯᠭᠠᠨ ᠪᠤᠭᠤᠨᠢᠰᠬᠠᠪᠠ;69 ᠵᠦᠢᠯ᠎ᠦᠨ 10 ᠠᠵᠢᠯ᠎ᠤᠨ ᠡᠳᠦᠷ᠎ᠦᠨ ᠳᠣᠲᠣᠷ᠎ᠠ ᠰᠢᠢᠳᠪᠦᠷᠢᠯᠡᠵᠦ ᠳᠠᠭᠤᠰᠬᠠᠬᠤ ᠬᠡᠷᠡᠭ  ᠶᠠᠪᠤᠳᠠᠯ᠎ᠢ 5 ᠠᠵᠢᠯ᠎ᠤᠨ ᠡᠳᠦᠷ ᠪᠣᠯᠭᠠᠨ ᠪᠤᠭᠤᠨᠢᠰᠬᠠᠪᠠ᠃ ᠠᠢᠮᠠᠭ ᠬᠤᠳᠠ᠎ᠶᠢᠨ ᠭᠣᠣᠯ ᠬᠤᠳᠠ᠎ᠶᠢᠨ ᠲᠣᠭᠣᠷᠢᠭ᠋᠎ᠲᠤ ᠤᠷᠬᠢᠯ᠎ᠤᠨ ᠴᠠᠬ᠎ᠢ ᠵᠥᠷᠢᠭᠦᠯᠦᠨ ᠦᠢᠯᠡᠴᠢᠯᠡᠬᠦ  ᠴᠠᠭ᠎ᠢ ᠤᠷᠲᠤᠳᠬᠠᠵᠦ᠂ 《ᠠᠯᠪᠠᠨ ᠭᠡᠷᠡᠴᠢᠯᠡᠭᠡ + ᠺᠣᠨᠰᠦ᠋ᠯ᠎ᠦᠨ ᠭᠡᠷᠡᠴᠢᠯᠡᠭᠡ》᠂  《ᠠᠯᠪᠠᠨ ᠭᠡᠷᠡᠴᠢᠯᠡᠭᠡ + ᠦᠯᠦ ᠬᠥᠳᠡᠯᠬᠦ ᠬᠥᠷᠥᠩᠭᠡ᠎ᠶᠢᠨ ᠳᠠᠩᠰᠠᠯᠠᠯ》 ᠢ᠋ ᠥᠷᠨᠢᠭᠦᠯᠵᠦ᠂ ᠤᠯᠠᠨ ᠬᠡᠷᠡᠭ ᠶᠠᠪᠤᠲᠠᠯ ᠢ᠋ ᠨᠢᠭᠡ ᠯᠡ ᠦᠷᠳᠡᠬᠡ᠎ᠳᠦ ᠭᠦᠢᠴᠡᠳᠬᠡᠨ ᠳᠠᠭᠤᠰᠬᠠᠬᠤ᠎ᠶᠢ ᠪᠡᠶᠡᠯᠡᠭᠦᠯᠵᠦ᠂ ᠵᠥᠪᠬᠡᠨ 2025 ᠣᠨ᠎ᠳᠤ ᠪᠦᠬᠦ ᠣᠷᠣᠨ᠎ᠳᠤ 《ᠬᠡᠲᠦᠷᠡᠬᠦ᠎ᠳᠡᠭᠡᠨ ᠨᠢᠭᠡ ᠤᠳᠠᠭ᠎ᠠ ᠬᠦᠶᠦᠯᠭᠡᠬᠦ》 ᠠᠯᠪᠠᠨ ᠭᠡᠷᠡᠴᠢᠯᠡᠭᠡ ᠵᠢ 19721 ᠬᠤᠪᠢ ᠭᠦᠢᠴᠡᠳᠬᠡᠵᠡᠢ᠃ ᠨᠡᠶ᠋ᠢᠲᠡ᠎ᠶᠢᠨ ᠠᠰᠠᠷᠠᠮᠵᠢ᠎ᠶᠢᠨ ᠰᠢᠨᠵᠢ ᠴᠢᠨᠠᠷ᠎ᠢ ᠴᠢᠩᠭᠠᠳᠬᠠᠵᠤ᠂ ᠪᠦᠬᠦᠯᠢ 80 ᠨᠠᠰᠤᠨ ᠡᠴᠡ ᠳᠡᠭᠡᠭᠰᠢᠬᠢ ᠨᠠᠰᠤᠲᠠᠢᠴᠤᠳ᠎ᠤᠨ ᠭᠡᠷᠢᠶᠡᠰ᠎ᠢ ᠠᠩᠬ᠎ᠠ ᠤᠳᠠᠭ᠎ᠠ ᠠᠯᠪᠠᠨ ᠭᠡᠷᠡᠴᠢᠯᠡᠭᠡ ᠬᠢᠯᠭᠡᠬᠦ᠎ᠳᠦ ᠠᠯᠪᠠᠨ ᠭᠡᠷᠡᠴᠢᠯᠡᠭᠡ᠎ᠶᠢᠨ ᠰᠦᠢᠳᠬᠡᠯ ᠬᠤᠷᠢᠶᠠᠬᠤ ᠦᠭᠡᠢ ᠪᠡᠷ ᠬᠦᠢᠴᠡᠳᠬᠡᠵᠦ ᠦᠭᠴᠡᠢ᠃ ᠬᠣᠯᠪᠣᠭᠳᠠᠯ ᠪᠦᠬᠦᠢ ᠠᠷᠭ᠎ᠠ ᠬᠡᠮᠵᠢᠶ᠎ᠡ᠎ᠶᠢ ᠬᠡᠷᠡᠭᠵᠢᠭᠦᠯᠦᠭᠰᠡᠨ ᠨᠢ ᠠᠯᠪᠠᠨ ᠭᠡᠷᠡᠴᠢᠯᠡᠭᠡ᠎ᠶᠢᠨ ᠦᠢᠯᠡᠴᠢᠯᠡᠭᠡᠨ᠎ᠦ ᠪᠣᠯᠣᠮᠵᠢᠲᠤ ᠴᠢᠨᠠᠷ ᠪᠠ ᠲᠤᠬᠠᠢ᠎ᠶᠢᠨ ᠬᠥᠮᠥᠨ᠎ᠦ ᠦᠢᠯᠡᠴᠢᠯᠡᠭᠡᠨ᠎ᠦ ᠣᠢᠯᠠᠭᠠᠯᠲᠠ᠎ᠶᠢ ᠪᠦᠲᠦᠮᠵᠢᠲᠡᠶ ᠳᠡᠭᠡᠭᠰᠢᠯᠡᠭᠦᠯᠵᠦ᠂ ᠥᠪᠥᠷ ᠮᠣᠩᠭᠣᠯ᠎ᠤᠨ ᠬᠠᠤᠯᠢ ᠴᠠᠭᠠᠵᠠ᠎ᠶᠢᠨ ᠦᠢᠯᠡᠴᠢᠯᠡᠭᠡᠨ᠎ᠦ ᠠᠵᠢᠯ᠎ᠤᠨ ᠨᠢᠭᠡᠨ ᠭᠣᠢᠳᠠ ᠰᠠᠢᠬᠠᠨ ᠨᠡᠷ᠎ᠡ᠎ᠶᠢᠨ ᠬᠠᠭᠤᠳᠠᠰᠤ᠎ᠶᠢ ᠡᠭᠦᠳᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号