ᠦᠪᠦᠷ ᠮᠤᠩᠭᠤᠯ᠎ᠦᠨᠳᠦᠰᠦᠨ ᠡᠷᠡᠭᠦᠯᠵᠢᠯ᠎ᠦᠨ ᠦᠶ᠋ᠯᠡᠴᠢᠯᠡᠭᠡ ᠪᠡᠷ 4.5 ᠲᠦᠮᠡᠨ ᠵᠡᠮᠳᠡᠭ᠌ᠴᠦᠳ᠎ᠲᠦ ᠠᠰᠢᠭ ᠬᠦᠷᠲᠡᠭᠡᠪᠡ
2026-01-16 09:52:06
ᠵᠣᠬᠢᠶᠠᠭ᠍ᠴᠢ᠄
ᠰᠠᠴᠤᠷᠠᠯ
ᠣᠩᠱᠢᠭ᠍ᠰᠠᠨ ᠣᠳᠠᠭ᠎ᠠ᠄
★★★☆☆

ᠲᠦᠷᠦᠭᠦᠭᠡᠨ ᠬᠤᠷᠠᠯᠳᠤᠬᠰᠠᠨ 2026 ᠤᠨ ᠎ᠤ ᠥᠪᠥᠷ ᠮᠣᠩᠭᠣᠯ ᠎ᠤᠨ ᠦᠪᠡᠷᠲᠡᠭᠡᠨ ᠵᠠᠰᠠᠬᠤ ᠤᠷᠤᠨ ᠎ᠤ ᠵᠡᠮᠳᠡᠭ᠌ᠴᠦᠳ ᠎ᠦᠨ ᠬᠣᠯᠪᠣᠭ᠎ᠠ᠎ᠵᠢᠨ ᠠᠵᠢᠯ᠎ᠤᠨ ᠬᠤᠷᠠᠯ᠎ᠠᠴᠠ ᠣᠢᠯᠠᠭᠠᠭ᠍ᠰᠠᠨ᠎ᠢᠶᠠᠷ᠂ 2025 ᠤᠨ᠎ᠳᠤ ᠦᠪᠦᠷ ᠮᠤᠩᠭᠤᠯ᠎ᠵᠡᠮᠳᠡᠭ᠌ᠴᠦᠳ᠎ᠤᠨ ᠡᠷᠡᠭᠦᠯᠵᠢᠯ᠂ ᠠᠵᠢᠯ ᠣᠯᠭᠣᠯᠲᠠ ᠵᠡᠷᠭᠡ ᠣᠯᠠᠨ ᠬᠦᠷᠢᠶ᠎ᠠ ᠴᠠᠷᠠᠭᠠᠨ᠎ᠳᠦ ᠢᠯᠡᠳᠲᠡ ᠦᠷ᠎ᠡ ᠪᠦᠲᠦᠮᠵᠢ ᠤᠯᠪᠠ᠃

ᠡᠷᠡᠭᠦᠯᠵᠢᠯ ᠎ᠦᠨ ᠦᠢᠯᠡᠴᠢᠯᠡᠭᠡᠨ ᠎ᠦ ᠦᠷ᠎ᠡ ᠪᠦᠲᠦᠮᠵᠢ ᠲᠤᠪᠤᠢ᠌ᠮ᠎ᠠ ᠪᠠᠢᠵᠤ᠂ ᠦᠨᠳᠦᠰᠦᠨ ᠡᠷᠡᠭᠦᠯᠵᠢᠯ᠎ᠦᠨ ᠦᠢᠯᠡᠴᠢᠯᠡᠭᠡ ᠪᠡᠷ 4.5 ᠲᠦᠮᠡᠨ ᠵᠡᠮᠳᠡᠭ᠌ᠴᠦᠳ᠎ᠲᠦ ᠠᠰᠢᠭ ᠬᠦᠷᠳᠡᠭᠡᠵᠦ᠂ ᠮᠠᠰᠢ ᠤᠯᠠᠨ ᠵᠡᠮᠳᠡᠭ᠌ᠴᠦᠳ ᠎ᠦᠨ ᠡᠷᠡᠭᠦᠯᠵᠢᠬᠦ᠌ ᠬᠦᠰᠡᠯ ᠡᠷᠡᠮᠡᠯᠵᠡᠯ᠎ᠢ ᠪᠠᠶᠠᠯᠠᠬᠦᠯᠪᠠ; ᠪᠦᠬᠦ᠌ ᠵᠢᠯ ᠎ᠳᠦ 6711 ᠵᠡᠮᠳᠡᠭ ᠬᠡᠦᠬᠡᠳ ᠎ᠢ ᠠᠪᠤᠷᠠᠨ ᠲᠤᠰᠠᠯᠠᠵᠤ᠂ ᠲᠡᠳᠡᠨ᠎ᠦ ᠨᠡᠢᠭᠡᠮ ᠨᠡᠢᠲᠡ᠎ᠳᠤ ᠨᠡᠩ ᠰᠠᠢᠲᠤᠷ ᠠᠭᠤᠰᠤᠯᠴᠠᠨ ᠡᠷᠡᠭᠦᠯ᠎ᠢᠶᠡᠷ ᠦᠰᠦᠨ ᠪᠣᠢᠵᠢᠬᠤ᠎ᠳᠤ ᠬᠦᠴᠦᠨ ᠨᠡᠮᠡᠷᠢᠯᠡᠪᠡ᠃ ᠡᠭᠦᠨ᠎ᠦ ᠬᠠᠮᠲᠤ ᠪᠥᠬᠥ᠌ ᠣᠷᠣᠨ ᠎ᠤ  ᠵᠡᠮᠳᠡᠭ᠌ᠴᠦᠳ᠎ᠦᠨ ᠲᠤᠰᠠᠯᠠᠬᠤ ᠪᠠᠭᠠᠵᠢ ᠬᠡᠷᠡᠭ᠌ᠰᠡᠯ᠎ᠦᠨ ᠨᠥᠬᠥᠪᠥᠷᠢ᠎ᠶ᠋ᠢᠨ ᠨᠢᠭᠡᠳᠦᠯᠲᠡᠶ ᠦᠶ᠋ᠯᠡᠴᠢᠯᠡᠭᠡᠨ᠎ᠦ ᠱᠢᠰᠲ᠋ᠧᠮ᠎ᠢ ᠪᠦᠷᠢᠯᠳᠦᠭᠦᠯᠦᠭᠰᠡᠨ ᠪᠥᠭᠡᠳ ᠪᠥᠬᠥ᠌ ᠲᠠᠯ᠎ᠠ᠎ᠪᠠᠷ ᠡᠬᠢᠯᠡᠨ ᠬᠡᠷᠡᠭ᠌ᠯᠡᠵᠦ᠍᠂ 1.8 ᠲᠦᠮᠡᠨ ᠵᠡᠮᠳᠡᠭ᠌ᠴᠦᠳ᠎ᠲᠦ ᠨᠠᠷᠢᠯᠢᠭ ᠣᠨᠣᠪᠴᠢᠲᠠᠶ᠎ᠪᠠᠷ ᠲᠤᠰᠠᠯᠠᠬᠤ ᠪᠠᠭᠠᠵᠢ ᠬᠡᠷᠡᠭᠰᠡᠯ ᠲᠣᠬᠢᠷᠠᠭᠤᠯᠵᠤ᠂ ᠲᠡᠳᠡᠨ᠎ᠦ ᠠᠮᠢᠳᠤᠷᠠᠯ᠎ᠢᠶᠠᠨ ᠠᠷᠭᠠᠴᠠᠭᠠᠬᠤ ᠴᠢᠳᠠᠪᠤᠷᠢ᠎ᠶ᠋ᠢ ᠪᠦᠲᠦᠮᠵᠢᠲᠡᠶ ᠳᠡᠭᠡᠭ᠌ᠰᠢᠯᠡᠭᠦᠯᠪᠡ᠃ ᠡᠮᠴᠢᠯᠡᠭᠡ ᠬᠢᠭᠡᠳ ᠰᠠᠭᠤᠷᠢ ᠲᠦᠬᠦᠭᠡᠷᠦᠮᠵᠢ᠎ᠶ᠋ᠢᠨ ᠪᠦᠲᠦᠭᠡᠨ ᠪᠠᠢᠭᠤᠯᠤᠯᠲᠠ᠎ᠶ᠋ᠢᠨ ᠲᠠᠯ᠎ᠠ᠎ᠪᠠᠷ᠂ ᠬᠥᠬᠡᠬᠣᠲᠠ᠂ ᠪᠤᠭᠤᠲᠤ ᠬᠣᠲᠠ᠎ᠳᠤ ᠵᠡᠮᠳᠡᠭ᠌ᠴᠦᠳ᠎ᠲᠤ ᠨᠥᠬᠥᠷᠰᠡᠭ ᠡᠮᠴᠢᠯᠡᠭᠡᠨ᠎ᠦ 6 ᠪᠠᠢᠭᠤᠯᠤᠮᠵᠢ᠎ᠶ᠋ᠢ ᠲᠤᠷᠱᠢᠨ ᠪᠠᠢᠭᠤᠯᠵᠤ᠂ ᠵᠡᠮᠳᠡᠭ᠌ᠴᠦᠳ᠎ᠦᠨ ᠡᠪᠡᠳᠴᠢᠨ᠎ᠦᠵᠡᠭᠦᠯᠬᠦ᠌᠎ᠳᠦ ᠳᠥᠭᠥᠮ ᠦᠵᠡᠭᠦᠯᠬᠦ ᠪᠤᠯᠤᠨ᠎ᠠ᠃ 2 ᠰᠠᠭᠤᠷᠢ《ᠤᠯᠠᠭᠠᠨ ᠵᠠᠭᠠᠯᠮᠠᠢᠲᠠᠨ ᠎ᠤ ᠲᠦᠭᠡᠮᠡᠯ ᠬᠠᠢᠷ᠎ᠠ᠎ᠶ᠋ᠢᠨ ᠡᠷᠡᠭᠦᠯᠵᠢᠯ᠎ᠦᠨ ᠲᠠᠰᠤᠭ》 ᠢ᠋ ᠲᠤᠰᠠᠯᠠᠨ ᠪᠠᠢᠭᠤᠯᠵᠤ᠂ ᠡᠷᠡᠭᠦᠯᠵᠢᠯ ᠎ᠦᠨ ᠡᠬᠢ ᠪᠠᠶᠠᠯᠢᠭ ᠎ᠢ ᠤᠯᠠᠮ ᠨᠢᠭᠡ ᠠᠯᠬᠤᠮ ᠪᠠᠶᠠᠯᠢᠭ᠍ᠵᠢᠭᠤᠯᠪᠠ᠃ ᠠᠵᠢᠯ ᠣᠯᠭᠣᠯᠲᠠ ᠎ᠪᠠᠷ ᠬᠠᠪᠰᠤᠷᠤᠨ ᠲᠡᠳᠬᠦᠬᠦ᠌ ᠠᠵᠢᠯ ᠡᠯᠪᠡᠭ ᠦᠷ᠎ᠡ ᠪᠦᠲᠦᠭᠡᠯ ᠣᠯᠵᠤ᠂ ᠪᠥᠬᠥ᠌ ᠵᠢᠯ ᠎ᠳᠦ 10529 ᠵᠡᠮᠳᠡᠭ᠌ᠴᠦᠳ᠎ᠲᠦ ᠱᠢᠨ᠎ᠡ᠎ᠪᠡᠷ ᠠᠵᠢᠯ ᠣᠯᠭᠣᠵᠤ᠂ ᠬᠣᠲᠠ ᠬᠥᠳᠡᠭᠡ ᠎ᠶ᠋ᠢᠨ 8257 ᠵᠡᠮᠳᠡᠭ᠌ᠴᠦᠳ᠎ᠲᠦ ᠪᠣᠯᠪᠠᠰᠤᠷᠠᠯ ᠬᠦᠷᠲᠡᠭᠡᠵᠦ᠍᠂ ᠵᠡᠮᠳᠡᠭ᠌ᠴᠦᠳ ᠎ᠢ ᠬᠠᠪᠰᠤᠷᠤᠨ ᠤᠷ᠎ᠠ ᠮᠡᠷᠭᠡᠵᠢᠯ ᠡᠵᠡᠮᠱᠢᠭᠦᠯᠵᠦ᠍᠂ ᠠᠵᠢᠯ ᠣᠯᠬᠤ ᠥᠷᠢᠰᠥᠯᠳᠦᠬᠦ᠌ ᠬᠦᠴᠦᠨ ᠎ᠢ ᠨᠢ ᠴᠢᠩᠭᠠᠷᠠᠭᠤᠯᠵᠤ᠂ ᠲᠣᠰ ᠪᠡᠶ᠎ᠡ᠎ᠶ᠋ᠢᠨ ᠦᠨ᠎ᠡ ᠥᠷᠲᠡᠭ᠎ᠢᠶᠡᠨ ᠨᠠᠩ ᠰᠠᠢᠲᠤᠷ ᠪᠡᠶᠡᠯᠡᠭᠦᠯᠬᠦ᠎ᠳᠤᠨᠢ ᠬᠦᠴᠦᠨ ᠨᠡᠮᠡᠷᠢᠯᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号