ᠣᠷᠳᠣᠰ ᠬᠤᠳᠠ ᠵᠢᠨ ᠦᠦᠰᠢᠨ ᠬᠣᠰᠢᠭᠤᠨ ᠤ᠋ ᠰᠦᠯᠳᠡ ᠰᠤᠮᠤ ᠶ᠋ᠢᠨ ᠱᠠᠷᠯᠢᠭ ᠭᠠᠴᠠᠭᠠᠨ ᠤ᠋ ᠬᠠᠭᠤᠷᠤᠭᠰᠠᠨ ᠠᠮᠤ ᠪᠣᠯᠪᠠᠰᠤᠷᠠᠭᠤᠯᠬᠤ ᠦᠢᠯᠡᠳᠪᠦᠷᠢ ᠶ᠋ᠢᠨ ᠳᠠᠰᠤᠭ ᠲᠤ᠌ ᠬᠦᠷᠪᠡᠯ᠂ ᠬᠠᠭᠤᠷᠤᠭᠰᠠᠨ ᠠᠮᠤ᠂ ᠤᠯᠠᠭᠠᠨ ᠠᠮᠤ ᠶ᠋ᠢᠨ ᠨᠡᠷᠡᠮᠡᠯ᠂ ᠬᠠᠭᠤᠷᠤᠭᠰᠠᠨ ᠠᠮᠤ ᠵᠢᠨ ᠪᠣᠣᠪᠣ ᠵᠡᠷᠭᠡ ᠣᠯᠠᠨ ᠲᠥᠷᠥᠯ ᠤ᠋ᠨ ᠣᠨᠴᠠᠯᠢᠭ᠍ᠲᠤ ᠪᠦᠲᠦᠭᠡᠭᠳᠡᠬᠦᠨ ᠤ᠋ ᠳᠡᠯᠭᠡᠨ ᠦᠵᠡᠭᠦᠯᠭᠡ ᠨᠢ ᠠᠩᠬᠠᠷᠤᠯ ᠢ᠋ ᠤᠨᠴᠠᠭᠠᠢ ᠳᠠᠳᠠᠨ᠎ᠠ᠃
2021 ᠤᠨ ᠡᠴᠡ ᠨᠠᠭᠠᠰᠢ ᠱᠠᠷᠯᠢᠭ ᠭᠠᠴᠠᠭᠠᠨ ᠤ᠋ ᠬᠠᠮᠲᠤ ᠵᠢᠨ ᠠᠵᠤ ᠠᠬᠤᠢ ᠶ᠋ᠢᠨ ᠪᠡᠯᠡ ᠮᠥᠩᠭᠥ ᠪᠠ ᠲᠥᠪ ᠤ᠋ᠨ ᠬᠠᠮᠲᠤ ᠵᠢᠨ ᠠᠵᠤ ᠠᠬᠤᠢ ᠵᠢ ᠲᠡᠳᠬᠦᠨ ᠳᠡᠮᠵᠢᠬᠦ ᠪᠡᠯᠡ ᠮᠥᠩᠭᠥ ᠵᠢᠴᠢ ᠬᠠᠪᠰᠤᠷᠤᠨ ᠲᠡᠳᠬᠦᠬᠦ ᠪᠠᠢᠭᠤᠯᠭ᠎ᠠ ᠨᠢᠭᠡᠴᠢ ᠵᠢᠨ ᠳᠡᠮᠵᠢᠯᠭᠡ ᠪᠡᠷ ᠪᠠᠢᠭᠤᠯᠤᠭᠳᠠᠭᠰᠠᠨ ᠲᠤᠰ ᠦᠢᠯᠡᠳᠪᠤᠷᠢ ᠨᠢ ᠤᠯᠠᠮᠵᠢᠯᠠᠯᠲᠤ ᠠᠷᠭ᠎ᠠ ᠪᠠ ᠣᠳᠣᠬᠢᠴᠢᠯᠠᠭᠰᠠᠨ ᠲᠥᠬᠦᠭᠡᠷᠦᠮᠵᠢ ᠶ᠋ᠢ ᠤᠶᠠᠯᠳᠤᠭᠤᠯᠤᠨ ᠵᠢᠯ ᠤ᠋ᠨ 100 ᠭᠠᠷᠤᠢ ᠳᠤᠨ ᠪᠦᠲᠦᠭᠡᠭᠳᠡᠭᠦᠨ ᠪᠤᠯᠪᠠᠰᠤᠷᠠᠭᠤᠯᠵᠤ᠂ ᠭᠠᠴᠠᠭᠠᠨ ᠤ᠋ ᠪᠠᠨ ᠬᠠᠮᠲᠤ ᠵᠢᠨ ᠠᠵᠤ ᠠᠬᠤᠢ ᠶ᠋ᠢᠨ ᠭᠣᠣᠯ ᠠᠴᠢᠶᠠᠯᠠᠭ᠍ᠴᠢ ᠪᠤᠯᠵᠤ ᠶᠠᠪᠤᠨ᠎ᠠ᠃ ᠪᠦᠲᠦᠭᠡᠭᠳᠡᠬᠦᠨ ᠤ᠋ ᠴᠢᠨᠠᠷ ᠢ᠋ ᠪᠠᠲᠤᠯᠠᠬᠤ ᠵᠢᠨ ᠲᠥᠯᠥᠭᠡ᠂ ᠱᠠᠷᠯᠢᠭ ᠭᠠᠴᠠᠭ᠎ᠠ ᠡᠴᠡ ᠰᠦᠢᠳᠭᠡᠯ ᠬᠤᠷᠢᠶᠠᠬᠤ ᠦᠭᠡᠢ ᠪᠡᠷ ᠦᠷ᠎ᠡ ᠬᠠᠩᠭᠠᠬᠤ᠂ ᠪᠥᠬᠥ ᠶᠠᠪᠤᠴᠠ ᠪᠡᠷ ᠮᠡᠷᠭᠡᠵᠢᠯ ᠤ᠋ᠨ ᠵᠢᠯᠣᠭᠣᠳᠤᠯᠭ᠎ᠠ ᠬᠢᠬᠦ᠂ ᠰᠦᠢᠳᠭᠡᠯ ᠬᠤᠷᠢᠶᠠᠬᠤ ᠦᠭᠡᠢ ᠪᠡᠷ ᠬᠠᠳᠤᠵᠤ ᠬᠤᠷᠢᠶᠠᠬᠤ᠂ ᠵᠠᠬ᠎ᠠ ᠳᠡᠯᠭᠡᠭᠦᠷ ᠤ᠋ᠨ ᠦᠨ᠎ᠡ ᠪᠡᠷ ᠬᠤᠳᠠᠯᠳᠤᠨ ᠠᠪᠬᠤ ᠵᠡᠷᠭᠡ ᠠᠷᠭ᠎ᠠ ᠬᠡᠮᠵᠢᠶ᠎ᠡ ᠵᠢ ᠬᠡᠷᠡᠭᠯᠡᠵᠤ᠂ ᠨᠢᠬᠡᠨᠳᠡ ᠪᠥᠬᠥ ᠠᠵᠤ ᠦᠢᠯᠡᠰ ᠤ᠋ᠨ ᠬᠡᠯᠬᠢᠶ᠎ᠡ ᠵᠢᠨ ᠬᠥᠭᠵᠢᠯᠲᠡ ᠵᠢᠨ ᠪᠠᠢᠷᠢᠰᠢᠯ ᠢ᠋ ᠪᠦᠷᠢᠯᠳᠦᠭᠦᠯᠦᠭᠰᠡᠨ ᠪᠦᠭᠡᠳ 《ᠱᠠᠷᠯᠢᠭ ᠤ᠋ᠨ ᠬᠠᠭᠤᠷᠤᠭᠰᠠᠨ ᠠᠮᠤ 》 ᠭᠡᠬᠦ ᠲᠦᠷᠦᠯ ᠲᠡᠮᠳᠡᠭ ᠨᠢ ᠦᠦᠰᠢᠨ ᠬᠤᠰᠢᠭᠤᠨ ᠤ᠋ ᠰᠢᠯᠢᠳᠡᠭ ᠪᠤᠬᠢᠷᠳᠦᠯ ᠦᠭᠡᠢ ᠬᠦᠳᠡᠭᠡ ᠠᠵᠤ ᠠᠬᠤᠢ ᠶ᠋ᠢᠨ ᠪᠦᠲᠦᠭᠡᠭᠳᠡᠭᠦᠨ ᠪᠤᠯᠤᠭᠰᠠᠨ ᠪᠠᠢᠨ᠎ᠠ᠃

ᠬᠠᠭᠤᠷᠤᠭᠰᠡᠨ ᠠᠮᠤ ᠦᠢᠯᠡᠳᠪᠦᠷᠢᠯᠡᠨᠠ
ᠣᠳᠣᠬᠠᠨ ᠳ᠋ᠤ ᠲᠤᠰ ᠭᠠᠴᠠᠭᠠᠨ ᠤ᠋ 200 ᠭᠠᠷᠤᠢ ᠮᠠᠯᠵᠢᠬᠤ ᠲᠠᠷᠢᠶᠠᠯᠠᠬᠤ ᠡᠷᠦᠬᠡ ᠵᠢᠨ ᠬᠢᠨ ᠨᠡᠢᠳᠡ 2000 ᠮᠦ᠍ ᠤᠯᠠᠭᠠᠨ ᠠᠮᠤ ᠳᠠᠷᠢᠵᠤ ᠪᠠᠢᠬᠤ ᠪᠦᠭᠡᠳ ᠵᠠᠷᠢᠮ ᠨᠢ ᠬᠠᠭᠤᠷᠤᠭᠰᠠᠨ ᠠᠮᠤ ᠪᠣᠯᠪᠠᠰᠤᠷᠠᠭᠤᠯᠬᠤ ᠦᠢᠯᠡᠳᠪᠦᠷᠢ ᠳ᠋ᠤ ᠠᠵᠢᠯᠯᠠᠨ ᠤᠷᠤᠯᠭ᠎ᠠ ᠪᠡᠨ ᠨᠡᠮᠡᠭᠳᠡᠭᠦᠯᠵᠦ ᠪᠤᠢ᠃ ᠲᠤᠰ ᠭᠠᠴᠠᠭᠠᠨ ᠤ᠋ ᠬᠠᠮᠲᠤ ᠵᠢᠨ ᠠᠵᠤ ᠠᠬᠤᠢ ᠵᠢᠨ ᠣᠷᠣᠯᠭ᠎ᠠ ᠨᠢ 2019 ᠣᠨ ᠳ᠋ᠤ 20 ᠲᠦᠮᠡᠨ ᠲᠥᠭᠥᠷᠢᠭ ᠪᠠᠢᠭᠰᠠᠨ ᠡᠴᠡ ᠪᠠᠨ 2025 ᠣᠨ ᠳ᠋ᠤ 124.8 ᠲᠦᠮᠡᠨ ᠲᠥᠭᠥᠷᠢᠭ ᠪᠣᠯᠵᠤ ᠨᠡᠮᠡᠭᠳᠡᠭᠰᠡᠨ ᠪᠠᠢᠯ᠎ᠠ᠃
ᠲᠤᠰ ᠭᠠᠴᠠᠭ᠎ᠠ ᠨᠢ ᠬᠦᠭᠵᠢᠯᠳᠡ ᠶ᠋ᠢᠨ ᠦᠷ᠎ᠠ ᠪᠦᠲᠦᠭᠡᠯ ᠶ᠋ᠢᠡᠨ ᠪᠦᠬᠦ ᠭᠡᠰᠢᠭᠦᠳ ᠲᠤ᠌ ᠬᠦᠷᠳᠡᠭᠡᠬᠦ ᠶ᠋ᠢ ᠪᠠᠷᠢᠮᠳᠠᠯᠠᠨ᠂ ᠬᠡᠰᠡᠭ ᠠᠰᠢᠭ ᠤᠷᠤᠯᠭ᠎ᠠ ᠶ᠋ᠢ ᠠᠷᠠᠳ ᠤ᠋ᠨ ᠠᠮᠢᠳᠤᠷᠠᠯ ᠤ᠋ᠨ ᠪᠤᠳᠠᠳᠤ ᠶᠠᠪᠤᠳᠠᠯ ᠳ᠋ᠤ ᠬᠡᠷᠡᠭᠯᠡᠵᠦ᠂ ᠭᠠᠴᠠᠭᠠᠨ ᠤ᠋ 665 ᠮᠠᠯᠵᠢᠬᠤ ᠲᠠᠷᠢᠶᠠᠯᠠᠬᠤ ᠡᠷᠦᠬᠡ ᠳ᠋ᠤ 20 ᠲᠦᠮᠡ ᠭᠠᠷᠤᠢ ᠲᠦᠭᠦᠷᠢᠭ ᠤ᠋ᠨ ᠦᠷᠳᠡᠭ ᠪᠦᠬᠦᠢ ᠪᠦᠲᠦᠭᠡᠭᠳᠡᠭᠦᠨ ᠶ᠋ᠢᠡᠨ ᠬᠤᠪᠢᠶᠠᠷᠢᠯᠠᠵᠠᠢ᠃