ᠲᠦᠪ ᠤ᠋ᠨ ᠬᠦᠳᠡᠭᠡ ᠲᠤᠰᠬᠤᠨ ᠤ᠋ ᠠᠵᠢᠯ ᠤ᠋ᠨ ᠬᠤᠷᠠᠯ ᠡᠴᠡ᠂ ᠠᠮᠤ ᠪᠤᠳᠠᠭᠠᠨ ᠤ᠋ ᠦᠶ᠋ᠯᠡᠳᠪᠦᠷᠢᠯᠡᠯ ᠢ᠋ ᠥᠴᠦᠬᠡᠨ ᠴᠦ᠍ ᠰᠤᠯᠠᠷᠠᠭᠤᠯᠤᠯ ᠥᠬᠡᠶ ᠰᠠᠢᠲᠤᠷ ᠠᠳᠭᠤᠵᠤ᠂ ᠠᠮᠤ ᠪᠤᠳᠠᠭ᠎ᠠ ᠵᠡᠷᠭᠡ ᠴᠢᠬᠤᠯᠠ ᠲᠠᠷᠢᠶᠠᠯᠠᠩ ᠤ᠋ᠨ ᠪᠦᠲᠦᠭᠡᠭ᠌ᠳᠡᠬᠦᠨ ᠤ᠋ ᠦᠨ᠎ᠡ ᠬᠠᠩᠰᠢ ᠶ᠋ᠢ ᠵᠦᠢ ᠵᠣᠬᠢᠰᠲᠠᠢ ᠬᠡᠪᠴᠢᠶᠠᠨ ᠳ᠋ᠤ ᠪᠠᠢᠯᠭᠠᠬᠤ ᠵᠢ ᠠᠬᠢᠭᠤᠯᠬᠤ ᠬᠡᠷᠡᠭ᠌ᠲᠡᠢ; ᠠᠮᠤ ᠲᠤᠰᠤᠨ ᠤ᠋ ᠦᠢᠯᠡᠳᠪᠦᠷᠢᠯᠡᠯ ᠢ᠋ ᠲᠣᠭ᠍ᠲᠠᠪᠤᠷᠢᠵᠢᠭᠤᠯᠵᠤ᠂ ᠱᠢᠨ᠎ᠡ ᠨᠢᠭᠡ ᠡᠭᠡᠯᠵᠢ ᠶ᠋ᠢᠨ ᠮᠢᠩᠭᠠᠨ ᠳ᠋ᠦᠩᠱᠢᠭᠤᠷ ᠵᠢᠩ ᠤ᠋ᠨ ᠠᠮᠤ ᠪᠤᠳᠠᠭᠠᠨ ᠤ᠋ ᠦᠢᠯᠡᠳᠪᠦᠷᠢᠯᠡᠯ ᠤ᠋ᠨ ᠴᠢᠳᠠᠪᠤᠷᠢ ᠶ᠋ᠢ ᠳᠡᠭᠡᠭ᠌ᠰᠢᠯᠡᠭᠦᠯᠬᠦ᠌ ᠠᠵᠢᠯᠯᠠᠭ᠎ᠠ ᠶ᠋ᠢ ᠬᠦᠴᠦᠯᠡᠨ ᠬᠡᠷᠡᠭ᠌ᠵᠢᠭᠦᠯᠵᠦ᠍᠂ ᠠᠮᠤ ᠪᠤᠳᠠᠭᠠᠨ ᠤ᠋ ᠲᠠᠷᠢᠮᠠᠯ ᠤ᠋ᠨ ᠡᠭᠦᠯᠳᠡᠷ ᠢ᠋ ᠱᠢᠯᠢᠳᠡᠭ᠌ᠵᠢᠭᠦᠯᠬᠦ᠌ ᠪᠠ ᠶᠠᠰᠤ ᠴᠢᠨᠠᠷ ᠢ᠋ ᠳᠡᠭᠡᠭ᠌ᠰᠢᠯᠡᠭᠦᠯᠬᠦ᠌ ᠶ᠋ᠢ ᠠᠬᠢᠭᠤᠯᠬᠤ ᠬᠡᠷᠡᠭ᠌ᠲᠡᠢ ᠭᠡᠵᠦ ᠴᠢᠬᠤᠯᠠᠴᠢᠯᠠᠪᠠ᠃
ᠳᠤᠮᠳᠠᠳᠤ ᠤᠯᠤᠰ ᠤ᠋ᠨ ᠨᠡᠢᠭᠡᠮ ᠤ᠋ᠨ ᠰᠢᠨᠵᠢᠯᠡᠬᠦ ᠤᠬᠠᠭᠠᠨ ᠤ᠋ ᠬᠦᠷᠢᠶᠡᠯᠡᠩ ᠤ᠋ᠨ ᠬᠦᠳᠡᠭᠡ ᠲᠤᠰᠬᠤᠨ ᠤ᠋ ᠬᠦᠭᠵᠢᠯᠳᠡ ᠶ᠋ᠢ ᠰᠤᠳᠤᠯᠬᠤ ᠭᠠᠵᠠᠷ ᠤ᠋ᠨ ᠰᠤᠳᠤᠯᠤᠭᠴᠢ ᠬᠤ᠌ ᠪᠢᠩ ᠴᠤᠸᠠᠨ᠄ ᠮᠠᠨ ᠤ᠋ ᠤᠯᠤᠰ ᠤ᠋ᠨ ᠠᠮᠤ ᠪᠤᠳᠠᠭᠠᠨ ᠤ᠋ ᠦᠢᠯᠡᠳᠪᠤᠷᠢᠯᠡᠯ ᠶᠡᠷᠦᠩᠬᠡᠢ ᠳᠡᠭᠡᠷ᠎ᠠ ᠪᠡᠨ ᠬᠠᠩᠭᠠᠯᠭ᠎ᠠ ᠬᠡᠷᠡᠭᠴᠡᠭᠡ ᠵᠦᠳᠡᠭᠦᠬᠡᠨ ᠲᠡᠩᠴᠡᠭᠦᠷᠢᠳᠠᠢ ᠪᠠᠢᠳᠠᠯ ᠳ᠋ᠤ ᠤᠷᠤᠰᠢᠵᠤ ᠪᠠᠢᠨ᠎ᠠ᠃ ᠨᠡᠩ ᠦᠨᠳᠦᠷ ᠲᠦᠪᠰᠢᠨ ᠡᠴᠡ ᠦᠵᠡᠪᠡᠯ᠂ ᠠᠮᠤ ᠪᠤᠳᠠᠭᠠᠨ ᠤ᠋ ᠦᠢᠯᠡᠳᠪᠤᠷᠢᠯᠡᠯ ᠤᠷᠤᠭᠰᠢ ᠪᠡᠨ ᠠᠬᠢᠬᠤ ᠲᠤᠳᠤᠮ ᠤᠨᠠᠯᠳᠠ ᠶ᠋ᠢ ᠳᠤᠭᠳᠠᠪᠤᠷᠢᠵᠢᠭᠤᠯᠬᠤ ᠬᠦᠴᠢᠷᠳᠡᠯ ᠨᠢ ᠨᠡᠩ ᠶᠡᠬᠡ ᠪᠤᠯᠳᠠᠭ᠃ ᠲᠡᠭᠦᠨᠴᠢᠯᠡᠨ ᠳᠡᠯᠡᠬᠡᠢ ᠶ᠋ᠢᠨ ᠪᠠᠢᠳᠠᠯ ᠨᠠᠷᠢᠨ ᠪᠤᠳᠤᠯᠢᠶᠠᠨᠳᠠᠢ ᠬᠤᠪᠢᠷᠠᠯᠳᠠ ᠶᠡᠬᠡᠳᠠᠢ ᠳᠡᠭᠡᠷ᠎ᠠ ᠤᠢᠷ᠎ᠠ ᠶ᠋ᠢᠨ ᠬᠡᠳᠦᠨ ᠵᠢᠯ ᠳ᠋ᠤ ᠦᠶᠡᠷ ᠤᠰᠤᠳᠤᠯ ᠭᠠᠩ ᠬᠠᠭᠰᠠᠷᠠᠭᠠᠨ ᠵᠡᠷᠭᠡ ᠤᠨᠴᠠᠭᠠᠢ ᠴᠠᠭ ᠠᠭᠤᠷ ᠤᠯᠠᠰᠢᠷᠠᠭᠰᠠᠨ ᠨᠢ ᠪᠠᠰᠠ ᠤᠨᠠᠯᠳᠠ ᠶ᠋ᠢ ᠳᠤᠭᠳᠠᠪᠤᠷᠢᠵᠢᠭᠤᠯᠬᠤ ᠳ᠋ᠤ ᠵᠤᠬᠢᠬᠤ ᠲᠦᠭᠰᠢᠭᠦᠷᠢ ᠠᠪᠴᠢᠷᠠᠵᠠᠢ᠃ ᠤᠳᠤᠬᠠᠨ ᠳ᠋ᠤ ᠮᠠᠨ ᠤ᠋ ᠤᠯᠤᠰ ᠠᠮᠤ ᠪᠤᠳᠠᠭᠠᠨ ᠤ᠋ ᠡᠯᠪᠡᠭ ᠬᠤᠷᠢᠶᠠᠯᠳᠠ ᠵᠢ ᠤᠯᠬᠤ ᠲᠠᠯ᠎ᠠ ᠪᠡᠷ ᠵᠤᠬᠢᠬᠤ ᠰᠠᠭᠤᠷᠢ ᠲᠠᠢ ᠪᠤᠯᠤᠭᠰᠠᠨ ᠪᠤᠯᠪᠠᠴᠦ ᠠᠮᠤ ᠪᠤᠳᠠᠭᠠᠨ ᠤ᠋ ᠠᠮᠤᠷ ᠲᠦᠪᠰᠢᠨ ᠢ᠋ ᠪᠠᠳᠤᠯᠠᠬᠤ ᠰᠤᠨᠤᠷ ᠰᠡᠷᠡᠮᠵᠢ ᠪᠡᠨ ᠴᠠᠭ ᠬᠤᠷᠤᠮ ᠴᠤ᠌ ᠠᠯᠳᠠᠵᠤ ᠪᠤᠯᠬᠤ ᠦᠭᠡᠢ ᠶᠤᠮ᠃
ᠲᠠᠷᠢᠶᠠᠨ ᠭᠠᠵᠠᠷ ᠢ᠋ ᠬᠠᠮᠠᠭᠠᠯᠠᠬᠤ ᠪᠤᠯ ᠳᠠᠷᠤᠢ ᠠᠮᠤ ᠪᠤᠳᠠᠭᠠᠨ ᠤ᠋ ᠠᠮᠦᠷ ᠲᠦᠪᠰᠢᠨ ᠤ᠋ ᠠᠮᠢᠨ ᠰᠤᠳᠠᠰᠤ ᠶ᠋ᠢ ᠬᠠᠮᠠᠭᠠᠯᠠᠵᠤ ᠪᠠᠢᠭ᠎ᠠ ᠶᠠᠪᠤᠳᠠᠯ ᠪᠤᠯᠤᠨ᠎ᠠ᠃ ᠲᠦᠪ ᠤ᠋ᠨ ᠬᠦᠳᠡᠭᠡ ᠲᠤᠰᠬᠤᠨ ᠤ᠋ ᠠᠵᠢᠯ ᠤ᠋ᠨ ᠬᠤᠷᠠᠯ ᠡᠴᠡ 《ᠲᠠᠷᠢᠶᠠᠨ ᠭᠠᠵᠠᠷ ᠤ᠋ᠨ ᠤᠯᠠᠭᠠᠨ ᠱᠤᠭᠤᠮ ᠢ᠋ ᠴᠢᠩᠭ᠎ᠠ ᠰᠠᠬᠢᠵᠤ᠂ ᠣᠷᠣᠨ ᠬᠤᠪᠢᠶᠠᠨ ᠲᠥᠷᠥᠯ ᠬᠤᠪᠢᠶᠠᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤ᠋ᠨ ᠪᠥᠲᠥᠭᠡᠨ ᠪᠠᠢᠭᠤᠯᠤᠯᠲᠠ ᠶ᠋ᠢ ᠴᠢᠨᠠᠷ ᠰᠠᠢᠲᠠᠶ ᠠᠬᠢᠭᠤᠯᠬᠤ ᠬᠡᠷᠡᠭᠳᠡᠢ》 ᠭᠡᠵᠦ ᠴᠢᠬᠤᠯᠠᠴᠢᠯᠠᠪᠠ᠃ ᠡᠨᠡ ᠨᠢ ᠡᠨᠡ ᠵᠢᠯ 《 ᠲᠠᠷᠢᠶᠠᠨ ᠭᠠᠵᠠᠷ ᠤ᠋ᠨ ᠲᠠᠯᠠᠪᠠᠢ ᠶ᠋ᠢ ᠦᠷᠭᠦᠯᠵᠢᠯᠡᠨ ᠳᠤᠭᠳᠠᠪᠤᠷᠢᠵᠢᠭᠤᠯᠤᠭᠰᠠᠨ ᠰᠠᠭᠤᠷᠢᠨ ᠲᠠᠬᠡᠷ᠎ᠠ ᠪᠦᠲᠦᠴᠡ ᠶ᠋ᠢᠨ ᠳᠤᠬᠢᠷᠠᠭᠤᠯᠤᠯᠳᠠ ᠪᠠ ᠮᠦ᠍ ᠨᠢᠭᠡᠴᠢ ᠵᠢᠨ ᠤᠨᠠᠯᠳᠠ ᠶ᠋ᠢ ᠳᠡᠭᠡᠭᠰᠢᠯᠡᠭᠦᠯᠬᠦ ᠠᠵᠢᠯᠯᠠᠭ᠎ᠠ ᠵᠢ ᠤᠯᠠᠮ ᠨᠢᠭᠡ ᠠᠯᠬᠤᠮ ᠦᠷᠨᠢᠭᠦᠯᠬᠦ ᠪᠡᠷ ᠪᠠᠢᠭ᠎ᠠ 》 ᠶ᠋ᠢ ᠬᠠᠷᠠᠭᠤᠯᠵᠤ ᠪᠠᠢᠨ᠎ᠠ᠃ 2026 ᠤᠨ ᠤ᠋ ᠬᠠᠪᠤᠷ ᠵᠤᠨ ᠤ᠋ ᠲᠠᠷᠢᠶᠠᠯᠠᠭ᠎ᠠ ᠶ᠋ᠢᠨ ᠲᠠᠯᠠᠪᠠᠢ ᠶ᠋ᠢ ᠡᠷᠳᠡ ᠡᠴᠡ ᠲᠦᠰᠦᠪᠯᠡᠨ ᠪᠠᠢᠷᠢᠯᠠᠭᠤᠯᠵᠤ᠂ ᠪᠦᠬᠦ ᠵᠢᠯ ᠤ᠋ᠨ ᠠᠮᠤ ᠪᠤᠳᠠᠭᠠᠨ ᠤ᠋ ᠲᠠᠷᠢᠮᠠᠯ ᠤ᠋ᠨ ᠲᠠᠯᠠᠪᠠᠢ ᠵᠢ ᠦᠨᠡᠨ ᠬᠦ᠌ ᠳᠤᠭᠳᠠᠪᠤᠷᠢᠳᠠᠢ ᠪᠠᠢᠯᠭᠠᠬᠤ ᠶ᠋ᠢᠨ ᠬᠠᠮᠳᠤ ᠲᠠᠷᠢᠮᠠᠯ ᠤ᠋ᠨ ᠪᠦᠲᠦᠴᠡ ᠪᠠ ᠤᠷᠤᠨ ᠪᠦᠰᠡ ᠶ᠋ᠢᠨ ᠪᠠᠢᠷᠢᠰᠢᠭᠤᠯᠤᠯᠳᠠ ᠪᠡᠨ ᠵᠤᠬᠢᠰᠳᠠᠢ ᠰᠢᠯᠢᠳᠡᠭᠵᠢᠭᠦᠯᠦᠨ᠂ ᠠᠮᠤ ᠪᠤᠳᠠᠭᠠᠨ ᠤ᠋ ᠲᠠᠷᠢᠮᠠᠯ ᠤ᠋ᠨ ᠡᠭᠦᠯᠳᠡᠷ ᠢ᠋ ᠱᠢᠯᠢᠳᠡᠭ᠌ᠵᠢᠭᠦᠯᠬᠦ᠌ ᠪᠠ ᠶᠠᠰᠤ ᠴᠢᠨᠠᠷ ᠢ᠋ ᠳᠡᠭᠡᠭ᠌ᠰᠢᠯᠡᠭᠦᠯᠬᠦ᠌ ᠶ᠋ᠢ ᠡᠷᠴᠢᠮᠳᠠᠢ ᠠᠬᠢᠭᠤᠯᠬᠤ ᠴᠢᠬᠤᠯᠠᠳᠠᠢ᠃
ᠲᠦᠪ ᠤ᠋ᠨ ᠬᠦᠳᠡᠭᠡ ᠲᠤᠰᠬᠤᠨ ᠤ᠋ ᠠᠵᠢᠯ ᠤ᠋ᠨ ᠬᠤᠷᠠᠯ ᠡᠴᠡ᠂ 《 ᠲᠠᠷᠢᠶᠠᠨ ᠭᠠᠵᠠᠷ ᠢ᠋ ᠬᠠᠮᠠᠭᠠᠯᠠᠬᠤ ᠪᠠ ᠶᠠᠰᠤ ᠴᠢᠨᠠᠷ ᠢ᠋ ᠳᠡᠭᠡᠭ᠌ᠰᠢᠯᠡᠭᠦᠯᠬᠦ᠌ ᠶ᠋ᠢ ᠴᠢᠩᠭᠠᠳᠭᠠᠬᠤ ᠬᠡᠷᠡᠭᠳᠠᠢ》 ᠭᠡᠵᠦ ᠳᠤᠷᠠᠳᠬᠤ ᠶ᠋ᠢᠨ ᠬᠠᠮᠳᠤ 《ᠤᠰᠤᠨ ᠠᠱᠢᠭ᠍ᠯᠠᠯᠲᠠ ᠶ᠋ᠢᠨ ᠰᠠᠭᠤᠷᠢ ᠲᠦᠬᠦᠭᠡᠷᠦᠮᠵᠢ ᠶ᠋ᠢᠨ ᠪᠦᠲᠦᠭᠡᠨ ᠪᠠᠢᠭᠤᠯᠤᠯᠲᠠ ᠶ᠋ᠢ ᠴᠢᠩᠭᠠᠳᠭᠠᠨ᠂ ᠴᠠᠭ ᠠᠭᠤᠷ ᠢ᠋ ᠬᠢᠨᠠᠨ ᠬᠡᠮᠵᠢᠵᠦ᠍ ᠤᠷᠢᠳᠴᠢᠯᠠᠨ ᠮᠡᠳᠡᠭᠡᠯᠡᠵᠦ᠍ ᠰᠡᠷᠡᠮᠵᠢᠯᠡᠭᠦᠯᠬᠦ᠌ ᠶ᠋ᠢ ᠴᠢᠩᠭᠠᠳᠬᠠᠵᠤ᠂ ᠲᠠᠷᠢᠶᠠᠯᠠᠩ ᠤ᠋ᠨ ᠭᠠᠮᠱᠢᠭ ᠢ᠋ ᠰᠡᠷᠭᠡᠢᠯᠡᠨ ᠭᠠᠮᠱᠢᠭ ᠢ᠋ ᠪᠠᠭᠠᠰᠭᠠᠬᠤ ᠴᠢᠳᠠᠪᠤᠷᠢ ᠶ᠋ᠢ ᠴᠢᠩᠭᠠᠳᠬᠠᠬᠤ ᠬᠡᠷᠡᠭ᠌ᠲᠡᠶ》 ᠭᠡᠵᠦ ᠳᠤᠳᠤᠷᠬᠠᠢᠯᠠᠪᠠ᠃
ᠨᠠᠨᠵᠢᠩ ᠤ᠋ᠨ ᠲᠠᠷᠢᠶᠠᠯᠠᠩ ᠤ᠋ᠨ ᠶᠡᠬᠡ ᠰᠤᠷᠭᠠᠭᠤᠯᠢ ᠶ᠋ᠢᠨ ᠵᠢᠨ ᠱᠠᠨ ᠪᠤᠤ ᠲᠠᠷᠢᠶᠠᠯᠠᠩ ᠤ᠋ᠨ ᠤᠳᠤᠬᠢᠴᠢᠯᠠᠭᠰᠠᠨ ᠬᠦᠭᠵᠢᠯᠳᠡ ᠶ᠋ᠢᠨ ᠰᠤᠳᠤᠯᠤᠯ ᠤ᠋ᠨ ᠬᠦᠷᠢᠶᠡᠯᠡᠩ ᠤ᠋ᠨ ᠰᠤᠳᠤᠯᠤᠭᠴᠢ ᠴᠢᠤ ᠲᠦᠩ ᠸᠧᠢ᠄ ᠡᠨᠡ ᠨᠢ ᠮᠠᠨ ᠤ᠋ ᠤᠯᠤᠰ ᠤ᠋ᠨ ᠠᠮᠤ ᠪᠤᠳᠠᠭᠠᠨ ᠤ᠋ ᠠᠮᠦᠷ ᠲᠦᠪᠰᠢᠨ ᠢ᠋ ᠪᠠᠳᠤᠯᠠᠬᠤ ᠭᠤᠤᠯᠳᠠᠯᠭ᠎ᠠ ᠤᠬᠤᠷ ᠬᠤᠭᠤᠴᠠᠭᠠᠨ ᠤ᠋ ᠤᠨᠠᠯᠳᠠ ᠶ᠋ᠢᠨ ᠨᠡᠮᠡᠭᠳᠡᠯ ᠢ᠋ ᠭᠦᠭᠡᠭᠡᠴᠡᠯᠳᠦᠬᠦ ᠡᠴᠡ ᠤᠷᠳᠤ ᠬᠤᠭᠤᠴᠠᠭᠠᠨ ᠤ᠋ ᠤᠨᠠᠯᠳᠠ ᠶ᠋ᠢ ᠳᠤᠭᠳᠠᠪᠤᠷᠢᠵᠢᠭᠤᠯᠬᠤ ᠴᠢᠳᠠᠪᠤᠷᠢ ᠪᠠ ᠲᠦᠭᠰᠢᠭᠦᠷᠢ ᠶ᠋ᠢ ᠰᠡᠷᠭᠡᠢᠯᠡᠬᠦ ᠴᠢᠳᠠᠪᠤᠷᠢ ᠶ᠋ᠢ ᠳᠡᠭᠡᠭᠰᠢᠯᠡᠭᠦᠯᠬᠦ ᠲᠡᠢᠰᠢ ᠰᠢᠯᠵᠢᠭᠰᠡᠨ ᠢᠯᠡ ᠲᠤᠳᠤ ᠳᠤᠬᠢᠶ᠎ᠠ ᠶ᠋ᠢ ᠳᠠᠮᠵᠢᠭᠤᠯᠵᠠᠢ᠃ 《ᠠᠮᠤ ᠪᠤᠳᠠᠭᠠᠨ ᠤ᠋ ᠲᠠᠷᠢᠮᠠᠯ ᠲᠠᠷᠢᠬᠰᠠᠳ ᠤ᠋ᠨ ᠠᠱᠢᠭ ᠣᠷᠣᠯᠭ᠎ᠠ ᠶ᠋ᠢ ᠪᠠᠲᠤᠯᠠᠬᠤ ᠲᠣᠭ᠍ᠲᠠᠴᠠ ᠶ᠋ᠢ ᠪᠦᠷᠢᠨᠱᠢᠬᠦᠯᠬᠦ᠌ 》 ᠵᠡᠷᠭᠡ ᠠᠷᠭ᠎ᠠ ᠬᠡᠮᠵᠢᠶ᠎ᠠ ᠨᠢ ᠠᠮᠤ ᠪᠤᠳᠠᠭᠠᠨ ᠤ᠋ ᠭᠤᠤᠯ ᠭᠠᠷᠤᠯᠳᠠ ᠶ᠋ᠢᠨ ᠤᠷᠤᠨ ᠪᠠ ᠠᠮᠤ ᠪᠤᠳᠠᠭᠠᠨ ᠤ᠋ ᠲᠠᠷᠢᠮᠠᠯ ᠲᠠᠷᠢᠬᠰᠠᠳ ᠤ᠋ᠨ ᠢᠳᠡᠪᠬᠢᠵᠢᠯ ᠢ᠋ ᠤᠯᠠᠮ ᠨᠢᠭᠡ ᠠᠯᠬᠤᠮ ᠪᠠᠳᠠᠷᠠᠭᠤᠯᠵᠤ᠂ 《ᠪᠤᠳᠠᠭᠠᠨ ᠠᠶᠠᠭ᠎ᠠ ᠵᠢ ᠬᠠᠮᠳᠤ ᠪᠡᠷ ᠴᠢᠩᠭ᠎ᠠ ᠠᠳᠬᠤᠬᠤ᠂ ᠬᠠᠷᠢᠭᠤᠴᠠᠯᠭ᠎ᠠ ᠶ᠋ᠢ ᠬᠠᠮᠳᠤ ᠪᠡᠷ ᠡᠭᠦᠷᠭᠡᠯᠡᠬᠦ 》 ᠠᠮᠤ ᠪᠤᠳᠠᠭᠠᠨ ᠤ᠋ ᠠᠮᠦᠷ ᠲᠦᠪᠰᠢᠨ ᠤ᠋ ᠪᠠᠢᠷᠢᠰᠢᠯ ᠢ᠋ ᠪᠦᠷᠢᠯᠳᠦᠭᠦᠯᠬᠦ ᠳ᠋ᠤ ᠠᠰᠢᠭᠳᠠᠢ ᠶᠤᠮ᠃
(ᠰᠢᠨᠬᠤᠸᠠ ᠰᠦᠯᠵᠢᠶ᠎ᠠ ᠡᠴᠡ ᠨᠠᠢᠷᠠᠭᠤᠯᠤᠨ ᠤᠷᠴᠢᠭᠤᠯᠵᠤ ᠠᠪᠤᠪᠡ)