ᠥᠪᠥᠷ ᠮᠣᠩᠭᠣᠯ ᠰᠢᠨ᠎ᠡ ᠬᠡᠪᠯᠡᠯ᠎ᠦᠨ ᠡᠮ ᠡᠮᠨᠡᠯᠭᠡ᠎ᠶᠢᠨ ᠳᠠᠭᠠᠳᠬᠠᠯ᠎ᠤᠨ ᠡᠮ᠎ᠦᠨ ᠵᠦᠢᠯᠡᠰ ᠤ᠋ᠨ ᠭᠠᠷᠴᠠᠭ᠎ᠢ ᠪᠥᠬᠥ᠌ ᠲᠠᠯ᠎ᠠ᠎ᠪᠠᠷ ᠬᠡᠷᠡᠭᠵᠢᠭᠦᠯᠪᠡ
2026-01-16 10:33:35
ᠵᠣᠬᠢᠶᠠᠭ᠍ᠴᠢ᠄
ᠪᠤᠤ ᠢᠤᠢ ᠶᠢᠡᠭ
ᠣᠩᠱᠢᠭ᠍ᠰᠠᠨ ᠣᠳᠠᠭ᠎ᠠ᠄
★★★☆☆

2026 ᠣᠨ᠎ᠤ 1 ᠰᠠᠷ᠎ᠠ᠎ᠶᠢᠨ 1 ᠤ᠋ ᠡᠳᠦᠷ᠎ᠡᠴᠡ ᠡᠬᠢᠯᠡᠨ᠂ ᠤᠯᠤᠰ᠎ᠤᠨ ᠰᠢᠨ᠎ᠠ ᠬᠡᠪᠯᠡᠯ ᠤ᠋ᠨ ᠡᠮ ᠡᠮᠨᠡᠯᠬᠡ ᠵᠢᠨ ᠳᠠᠭᠠᠳᠬᠠᠯ᠎ᠤᠨ ᠡᠮ᠎ᠦᠨ ᠵᠦᠢᠯᠡᠰ᠎ᠦᠨ ᠭᠠᠷᠴᠠᠭ ᠵᠢᠴᠢ ᠬᠤᠳᠠᠯᠳᠤᠭᠠᠨ᠎ᠤ ᠳᠠᠭᠠᠳᠬᠠᠯ᠎ᠤᠨ ᠰᠢᠨ᠎ᠡ᠎ᠶᠢ ᠡᠭᠦᠳᠬᠦ ᠡᠮ᠎ᠦᠨ ᠭᠠᠷᠴᠠᠭ᠎ᠢ ᠮᠠᠨ᠎ᠤ ᠣᠷᠣᠨ᠎ᠳᠤ ᠨᠢᠭᠡᠨᠲᠡ ᠪᠥᠬᠥ᠌ ᠲᠠᠯ᠎ᠠ᠎ᠪᠠᠷ ᠪᠣᠳᠠᠲᠠᠶ᠋ᠢᠵᠢᠭᠤᠯᠤᠨ ᠬᠡᠷᠡᠭᠵᠢᠭᠦᠯᠪᠡ᠃

ᠰᠢᠨ᠎ᠡ ᠬᠡᠪᠯᠡᠯ᠎ᠦᠨ ᠡᠮ᠎ᠦᠨ ᠵᠦᠢᠯᠡᠰ᠎ᠦᠨ ᠭᠠᠷᠴᠠᠭ᠎ᠲᠤ᠌ ᠨᠡᠶ᠋ᠢᠲᠡ 3253 ᠵᠦᠢᠯ᠎ᠦᠨ ᠡᠮ᠎ᠦᠨ ᠵᠦᠢᠯᠡᠰ᠎ᠢ ᠬᠠᠮᠤᠷᠴᠤ᠌᠂ ᠳᠡᠭᠡᠷ᠎ᠡ ᠵᠢᠯ᠎ᠦᠨ᠎ᠬᠢ᠎ᠡᠴᠡ 114 ᠵᠦᠢᠯ ᠰᠢᠨ᠎ᠡ᠎ᠪᠡᠷ ᠨᠡᠮᠡᠭᠳᠡᠵᠦ᠂ ᠡᠭᠦᠨ᠎ᠳᠦ ᠬᠡᠯᠡᠯᠴᠡᠬᠡ ᠬᠢᠬᠦ᠌ ᠵᠢᠴᠢ ᠦᠨ᠎ᠡ ᠦᠷᠢᠰᠤᠯᠲᠤᠬᠦᠯᠬᠦ ᠡᠮ᠎ᠦᠨ ᠵᠦᠢᠯᠡᠰ᠎ᠢ ᠰᠢᠨ᠎ᠠ ᠪᠠᠷ112 ᠨᠡᠮᠡᠭᠳᠡᠬᠦᠯᠵᠦ᠍᠂ ᠲᠥᠪᠯᠡᠷᠡᠭᠦᠯᠦᠨ ᠬᠤᠳᠠᠯᠳᠤᠨ ᠠᠪᠬᠤ ᠲᠤᠮᠲᠠ 2 ᠡᠮ ᠤ᠋ᠨ ᠵᠦᠢᠯᠡᠰ᠎ᠢ ᠰᠢᠭᠤᠳ ᠣᠷᠣᠭᠤᠯᠪᠠ᠃ ᠬᠡᠯᠡᠯᠴᠡᠬᠡ ᠬᠢᠬᠦ᠌ ᠡᠮ᠎ᠦᠨ ᠵᠦᠢᠯᠡᠰ᠎ᠦᠨ ᠪᠣᠯᠤᠮᠵᠢᠲᠤ᠌ ᠴᠢᠨᠠᠷ᠎ᠢ ᠦᠨᠡᠨ ᠬᠦ᠌ ᠳᠡᠭᠡᠭᠰᠢᠯᠡᠭᠦᠯᠬᠦ᠌᠎ᠶᠢᠨ ᠲᠥᠯᠥᠭᠡ᠂ ᠮᠠᠨ᠎ᠤ ᠣᠷᠣᠨ ᠲᠤᠰ ᠤᠳᠠᠭ᠎ᠠ᠎ᠶᠢᠨ ᠬᠡᠯᠡᠯᠴᠡᠭᠡ ᠬᠢᠵᠦ ᠳᠤᠬᠢᠷᠠᠯᠴᠠᠬᠰᠠᠨ 112 ᠵᠦᠢᠯ᠎ᠦᠨ ᠡᠮ᠎ᠦᠨ ᠵᠦᠢᠯᠡᠰ᠎ᠢ ᠪᠦᠬᠦᠨ᠎ᠢ 《ᠬᠣᠣᠰ ᠨᠡᠪᠲᠡᠷᠡᠬᠦ᠌ ᠵᠠᠮ》 ᠤ᠋ᠨ ᠬᠠᠮᠢᠶᠠᠷᠤᠯᠲᠠ᠎ᠶᠢᠨ ᠡᠮ᠎ᠦᠨ ᠵᠦᠢᠯᠡᠰ᠎ᠦᠨ ᠪᠠᠲᠤᠯᠠᠭ᠎ᠠ᠎ᠶᠢᠨ ᠬᠡᠪᠴᠢᠶᠡᠨ᠎ᠳᠦ ᠣᠷᠣᠭᠤᠯᠵᠤ᠂ ᠨᠡᠢ᠌ᠲᠡ 697 ᠵᠦᠢᠯ᠎ᠳᠦ ᠬᠦᠷᠴᠡᠢ᠃ ᠣᠶ᠋ᠢᠷ᠎ᠠ᠎ᠶᠢᠨ ᠵᠢᠯ᠎ᠦᠨ ᠲᠤᠷᠰᠢ᠂ ᠮᠠᠨ᠎ᠤ ᠣᠷᠣᠨ ᠤᠯᠤᠰ᠎ᠤᠨ ᠡᠮ᠎ᠦᠨ ᠵᠦᠢᠯᠡᠰ᠎ᠦᠨ ᠬᠡᠯᠡᠯᠴᠡᠭᠡ ᠬᠢᠬᠦ᠌ ᠲᠥᠷᠥ᠎ᠶᠢᠨ ᠪᠣᠳᠣᠯᠭ᠎ᠠ᠎ᠶᠢ ᠬᠢᠨᠠᠮᠠᠭᠠᠶ ᠨᠠᠶ᠋ᠢᠳᠠᠪᠤᠷᠢᠵᠢᠭᠤᠯᠵᠤ᠂ ᠨᠡᠶ᠋ᠢᠲᠡ ᠪᠠᠷᠤᠭ 1143 ᠲᠦᠮᠡᠨ ᠬᠥᠮᠦᠨ ᠤᠳᠠᠭ᠎ᠠ᠎ᠶᠢᠨ ᠳᠠᠷᠤᠭᠠᠰᠤ᠎ᠶᠢ 77.33 ᠳ᠋ᠦᠩᠰᠢᠭᠤᠷ ᠲᠥᠭᠥᠷᠢᠭ ᠬᠥᠩᠭᠡᠷᠡᠭᠦᠯᠪᠡ᠃

ᠲᠣᠰ ᠤᠳᠠᠭ᠎ᠠ ᠬᠦᠨᠳᠦ ᠣᠨᠴᠠ ᠶᠡᠬᠡ ᠡᠪᠡᠳᠴᠢᠨ ᠵᠢᠴᠢ ᠬᠣᠪᠣᠷ ᠲᠣᠬᠢᠶᠠᠯᠳᠤᠬᠤ ᠡᠪᠡᠳᠴᠢᠨ ᠎ᠢ᠋ ᠡᠮᠨᠡᠨ ᠵᠠᠰᠠᠬᠤ ᠵᠡᠷᠬᠡ ᠡᠮᠴᠢᠯᠡᠭᠡᠨ᠎ᠳᠦ ᠡᠷᠬᠡᠪᠰᠢ ᠬᠡᠷᠡᠭᠰᠡᠬᠦ᠂ ᠡᠮᠴᠢᠯᠡᠭᠡᠨ᠎ᠦ ᠠᠴᠢ ᠲᠤᠰᠠ᠎ᠨᠢ ᠣᠨᠣᠪᠴᠢᠲᠠᠶ᠂ ᠡᠮᠨᠡᠨ ᠵᠠᠰᠠᠬᠤ ᠦᠶᠡᠯᠡᠯ᠎ᠨᠢ ᠣᠷᠳᠣ ᠪᠠᠶ᠋ᠢᠬᠤ ᠬᠡᠯᠡᠯᠴᠡᠭᠡ ᠬᠢᠬᠦ᠌ ᠡᠮ᠂ ᠵᠢᠱ᠌ᠢᠶᠡᠯᠡᠪᠡᠯ ᠮᠥᠩᠭᠥᠨ ᠦᠷᠦᠪᠳᠡᠰᠦ᠎ᠶᠢᠨ ᠡᠪᠡᠳᠴᠢᠨ ᠪᠠ ᠬᠥᠰᠢᠬᠦ᠌ ᠴᠢᠨᠠᠷᠲᠠᠶ ᠪᠠᠭᠠᠨ᠎ᠠ ᠨᠢᠷᠤᠭᠤᠨ᠎ᠤ ᠦᠷᠪᠢᠰᠦᠯ᠂ ᠣᠯᠠᠨ ᠡᠭᠦᠰᠬᠦ᠌ ᠴᠢᠨᠠᠷᠲᠠᠶ ᠬᠠᠲᠠᠭᠤᠷᠠᠯ᠎ᠢ ᠡᠮᠨᠡᠳᠡᠭ ᠵᠡᠷᠭᠡ 33 ᠵᠦᠢᠯ᠎ᠦᠨ ᠡᠮ᠎ᠤᠨ ᠵᠦᠢᠯᠡᠰ᠎ᠢ ᠡᠭᠦᠳᠡᠨ ᠡᠮᠨᠡᠯᠭᠡ᠎ᠶᠢᠨ ᠣᠨᠴᠠᠭᠠᠶ ᠬᠡᠷᠡᠭᠯᠡᠬᠦ᠌ ᠡᠮ᠎ᠦᠨ ᠭᠠᠷᠴᠠᠭ᠎ᠲᠤ᠌ ᠣᠷᠣᠭᠤᠯᠵᠤ᠂ ᠡᠭᠦᠨ᠎ᠳᠦ ᠪᠠᠰᠠ ᠬᠡᠦᠬᠡᠳ᠎ᠦᠨ ᠤᠨᠠᠳᠠᠭ ᠡᠪᠡᠳᠴᠢᠨ᠂ ᠥᠰᠥᠯᠲᠡ᠎ᠶᠢᠨ ᠬᠣᠷᠮᠣᠨ ᠳᠤᠲᠠᠭᠲᠠᠬᠤ ᠡᠪᠠᠳᠴᠢᠨ ᠳ᠋ᠤ ᠬᠤᠯᠪᠤᠭᠲᠠᠭᠰᠠᠨ 5 ᠵᠦᠢᠯ᠎ᠦᠨ ᠡᠮ ᠪᠠᠶ᠋ᠢᠵᠤ᠂ ᠡᠭᠦᠳᠡᠨ ᠡᠮᠨᠡᠯᠭᠡ᠎ᠶᠢᠨ ᠣᠨᠴᠠᠭᠠᠶ ᠬᠡᠷᠡᠭᠯᠡᠬᠦ᠌ ᠡᠮ᠎ᠦᠨ ᠭᠠᠷᠴᠠᠭ᠎ᠨᠢ ᠨᠡᠶ᠋ᠢᠲᠡ 178 ᠵᠦᠢᠯ᠎ᠳᠦ ᠬᠦᠷᠴᠡᠶ᠃

ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠦ ᠪᠠᠲᠤᠯᠠᠭ᠎ᠠ᠎ᠶᠢᠨ ᠲᠣᠪᠴᠢᠶ᠎ᠠ᠎ᠶᠢᠨ ᠡᠮ ᠡᠮᠨᠡᠯᠭᠡ᠎ᠶᠢᠨ ᠦᠢᠯᠡᠴᠢᠯᠡᠬᠡᠨ᠎ᠦ ᠬᠠᠮᠢᠶᠠᠷᠤᠯᠲᠠ᠎ᠶᠢᠨ ᠭᠠᠵᠠᠷ᠎ᠤᠨ ᠬᠠᠮᠢᠶ᠎ᠠ ᠪᠦᠬᠦᠢ ᠠᠵᠢᠯᠲᠠᠨ ᠡᠴᠠ᠄ 《ᠮᠠᠨ᠎ᠤ ᠣᠷᠣᠨ ᠡᠮ ᠡᠮᠨᠡᠯᠬᠡ ᠵᠢᠨ ᠳᠠᠭᠠᠳᠬᠠᠯ᠎ᠤᠨ ᠡᠮ᠎ᠦᠨ ᠵᠦᠢᠯᠡᠰ ᠤ᠋ᠨ ᠭᠠᠷᠴᠠᠭ᠎ᠢ ᠪᠥᠬᠥ᠌ ᠲᠠᠯ᠎ᠠ᠎ᠪᠠᠷ ᠬᠡᠷᠡᠭᠵᠢᠭᠦᠯᠬᠦ᠌᠎ᠶᠢᠨ ᠬᠠᠮᠲᠤ᠌᠂ ᠤᠯᠤᠰ᠎ᠤᠨ ᠬᠤᠳᠠᠯᠳᠤᠭᠠᠨ᠎ᠤ ᠳᠠᠭᠠᠳᠬᠠᠯ᠎ᠤᠨ ᠰᠢᠨ᠎ᠡ᠎ᠶᠢ ᠡᠭᠦᠳᠬᠦ ᠡᠮ᠎ᠦᠨ ᠵᠦᠢᠯᠡᠰ ᠤ᠋ᠨ ᠭᠠᠷᠴᠠᠭ᠎ᠢ ᠨᠠᠢᠲᠠᠪᠤᠷᠢᠵᠢᠭᠤᠯᠬᠤ᠎ᠶᠢ ᠢᠳᠡᠪᠬᠢᠲᠡᠶ ᠠᠬᠢᠭᠤᠯᠵᠤ᠂ ᠬᠤᠳᠠᠯᠳᠤᠭᠠᠨ᠎ᠤ ᠡᠷᠡᠭᠦᠯ ᠮᠡᠨᠳᠦ᠎ᠶᠢᠨ ᠳᠠᠭᠠᠳᠬᠠᠯ᠂ ᠡᠮ ᠡᠮᠨᠡᠯᠬᠡ ᠵᠢᠨ ᠬᠠᠷᠢᠯᠴᠠᠨ ᠬᠠᠪᠰᠤᠷᠤᠯᠴᠠᠬᠤ ᠵᠡᠷᠭᠡ  ᠪᠠᠲᠤᠯᠠᠭ᠎ᠠ᠎ᠶᠢ ᠴᠢᠩᠭᠠᠳᠬᠠᠵᠦ᠂ ᠦᠨᠳᠦᠰᠦᠨ ᠡᠮ ᠡᠮᠨᠡᠯᠬᠡ ᠵᠢᠨ ᠳᠠᠭᠠᠳᠬᠠᠯ᠎ᠤᠨ ᠰᠠᠭᠤᠷᠢᠨ ᠳᠡᠭᠡᠷ᠎ᠡ᠂ ᠳᠠᠭᠠᠳᠬᠠᠯ᠎ᠳᠤ ᠣᠷᠣᠯᠴᠠᠭᠰᠠᠨ ᠣᠯᠠᠨ ᠲᠦᠮᠡᠨ᠎ᠦ ᠰᠢᠨ᠎ᠡ᠎ᠶᠢ ᠡᠭᠦᠳᠬᠦ ᠡᠮ᠎ᠦᠨ ᠬᠡᠷᠡᠭᠴᠡᠭᠡ ᠶ᠋ᠢ ᠴᠢᠨᠠᠭᠰᠢᠲᠠ ᠬᠠᠡᠭᠭᠠᠨ᠎ᠠ》 ᠬᠡᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号