2025 ᠤᠨ ᠳ᠋ᠤ᠂ ᠦᠪᠦᠷ ᠮᠤᠨᠭᠭᠤᠯ ᠤ᠋ᠨ ᠥᠪᠡᠷᠲᠡᠭᠡᠨ ᠵᠠᠰᠠᠬᠤ ᠣᠷᠣᠨ ᠤ᠋ ᠮᠡᠳᠡᠯᠭᠡ ᠶ᠋ᠢᠨ ᠦᠮᠴᠢᠯᠡᠯ ᠤ᠋ᠨ ᠡᠷᠬᠡ ᠶ᠋ᠢᠨ ᠬᠠᠮᠠᠭᠠᠯᠠᠯᠲᠠ ᠶ᠋ᠢᠨ ᠲᠥᠪ ᠤ᠋ᠨ ᠬᠢᠨ ᠣᠷᠣᠨ ᠪᠦᠰᠡ ᠶ᠋ᠢᠨ ᠬᠥᠭ᠌ᠵᠢᠯᠲᠡ ᠶ᠋ᠢᠨ ᠪᠣᠳᠠᠲᠤ ᠪᠠᠢᠳᠠᠯ ᠳ᠋ᠤ ᠰᠠᠭᠤᠷᠢᠯᠠᠨ᠂《ᠰᠠᠭᠤᠷᠢ ᠵᠢ ᠪᠡᠬᠢᠵᠢᠭᠦᠯᠬᠦ + ᠲᠦᠭᠡᠮᠡᠯ ᠠᠱᠢᠭ ᠬᠦᠷᠲᠡᠭᠡᠬᠦ ᠵᠢ ᠥᠷᠭᠡᠳᠭᠡᠬᠦ᠌ + ᠣᠨᠢᠨ ᠳᠡᠭᠡᠷ᠎ᠡ ᠨᠢ ᠴᠢᠳᠠᠮᠵᠢ ᠣᠯᠭᠣᠬᠤ》 ᠮᠡᠳᠡᠯᠭᠡ ᠶ᠋ᠢᠨ ᠦᠮᠴᠢᠯᠡᠯ ᠤ᠋ᠨ ᠡᠷᠬᠡ ᠶ᠋ᠢᠨ ᠣᠯᠠᠨ ᠨᠡᠢᠲᠡ ᠶ᠋ᠢᠨ ᠦᠶ᠋ᠯᠡᠴᠢᠯᠡᠭᠡᠨ ᠤ᠋ ᠱᠢᠰᠲ᠋ᠧᠮ ᠢ᠋ ᠪᠠᠢᠭᠤᠯᠵᠤ᠂ ᠣᠯᠠᠨ ᠨᠡᠢᠲᠡ ᠶ᠋ᠢᠨ ᠦᠶ᠋ᠯᠡᠴᠢᠯᠡᠭᠡᠨ ᠤ᠋ ᠶᠠᠰᠤ ᠴᠢᠨᠠᠷ ᠪᠣᠯᠤᠨ ᠦᠷ᠎ᠡ ᠪᠦᠲᠦᠮᠵᠢ ᠵᠢ ᠪᠥᠬᠥ᠌ ᠲᠠᠯ᠎ᠠ ᠪᠡᠷ ᠳᠡᠭᠡᠭ᠌ᠰᠢᠯᠡᠭᠦᠯᠵᠦ᠍᠂ ᠮᠡᠳᠡᠯᠭᠡ ᠶ᠋ᠢᠨ ᠦᠮᠴᠢᠯᠡᠯ ᠤ᠋ᠨ ᠡᠷᠬᠡ ᠶ᠋ᠢᠨ ᠴᠢᠨᠠᠷ ᠰᠠᠢᠲᠠᠶ ᠡᠭᠦᠳᠦᠨ ᠪᠦᠲᠦᠭᠡᠬᠦ᠌᠂ ᠥᠨᠳᠥᠷ ᠦᠷ᠎ᠡ ᠪᠦᠲᠦᠮᠵᠢᠲᠡᠶ ᠠᠰᠢᠬᠯᠠᠬᠤ᠂ ᠥᠨᠳᠥᠷ ᠪᠠᠷᠢᠮᠵᠢᠶ᠎ᠠ ᠪᠡᠷ ᠬᠠᠮᠠᠭᠠᠯᠠᠬᠤ ᠵᠢ ᠲᠤᠯᠭᠠᠭᠤᠷᠢᠯᠠᠵᠤ᠂ ᠥᠪᠥᠷ ᠮᠣᠩᠭᠣᠯ ᠤ᠋ᠨ ᠠᠵᠤ ᠠᠬᠤᠶ ᠨᠡᠢᠭᠡᠮ ᠤ᠋ᠨ ᠬᠥᠭ᠌ᠵᠢᠯᠲᠡ ᠳ᠋ᠤ ᠱᠢᠨ᠎ᠡ ᠠᠮᠢᠵᠢᠷᠠᠯ ᠤ᠋ᠨ ᠬᠦᠴᠦᠨ ᠨᠡᠮᠡᠷᠢᠯᠡᠪᠡ᠃
ᠤᠯᠤᠰ ᠤ᠋ᠨ ᠲᠠᠰ ᠤ᠋ᠨ ᠮᠡᠳᠡᠯᠭᠡ ᠶ᠋ᠢᠨ ᠦᠮᠴᠢᠯᠡᠯ ᠤ᠋ᠨ ᠡᠷᠬᠡ ᠶ᠋ᠢᠨ ᠬᠠᠮᠠᠭᠠᠯᠠᠯᠲᠠ ᠶ᠋ᠢᠨ ᠲᠥᠪ ᠤ᠋ᠨ ᠬᠢᠨ ᠰᠠᠭᠤᠷᠢ ᠲᠦᠭᠦᠭᠡᠷᠦᠮᠵᠢ᠂ ᠲᠤᠭ᠎ᠠ ᠪᠠᠷᠢᠮᠲᠠ ᠶ᠋ᠢᠨ ᠡᠬᠢ ᠪᠠᠶᠠᠯᠢᠭ ᠬᠢᠭᠡᠳ ᠬᠠᠮᠢᠶᠠᠷᠤᠯᠲᠠ ᠶ᠋ᠢᠨ ᠵᠢᠷᠤᠮᠵᠢᠯ ᠢ᠋ ᠲᠡᠭᠦᠯᠳᠡᠷᠵᠢᠭᠦᠯᠵᠦ᠍᠂ ᠰᠠᠭᠤᠷᠢ ᠦᠶ᠋ᠯᠡᠴᠢᠯᠡᠭᠡ᠂ ᠳᠡᠭᠡᠳᠦ ᠲᠠᠰ ᠤ᠋ᠨ ᠦᠶ᠋ᠯᠡᠴᠢᠯᠡᠭᠡ ᠪᠠ ᠥᠷᠲᠡᠭ ᠨᠡᠮᠡᠭ᠌ᠳᠡᠯ ᠤ᠋ᠨ ᠦᠶ᠋ᠯᠡᠴᠢᠯᠡᠭᠡᠵᠢ ᠨᠢᠭᠡ ᠴᠣᠠᠠᠴᠠᠵᠢᠭᠤᠯᠥᠠᠠᠰᠠᠨ ᠲᠤᠰᠭᠠᠶ ᠮᠡᠷᠭᠡᠵᠢᠯ ᠤ᠋ᠨ ᠲᠠᠪᠴᠠᠩ ᠢ᠋ ᠪᠠᠢᠭᠤᠯᠪᠠ᠃ 《ᠱᠢᠰᠲ᠋ᠧᠮ ᠨᠢ ᠵᠢᠷᠤᠮᠵᠢᠯ ᠲᠠᠢ᠂ ᠴᠢᠳᠠᠪᠤᠷᠢ ᠨᠢ ᠴᠠᠭᠠᠷᠠᠭ᠍ᠰᠠᠨ》 ᠲᠤᠰᠭᠠᠢᠵᠢᠭ᠍ᠰᠠᠨ ᠦᠶ᠋ᠯᠡᠴᠢᠯᠡᠭᠡᠨ ᠤ᠋ ᠪᠦᠯᠬᠦᠮ ᠨᠡᠢᠲᠡ ᠵᠢ ᠬᠦᠴᠦᠯᠡᠨ ᠪᠠᠢᠭᠤᠯᠵᠤ᠂ ᠠᠵᠢᠯᠲᠠᠨ ᠤ᠋ ᠴᠢᠳᠠᠪᠤᠷᠢ ᠵᠢ ᠳᠡᠭᠡᠭ᠌ᠰᠢᠯᠡᠭᠦᠯᠬᠦ᠌ ᠪᠣᠯᠪᠠᠰᠤᠷᠠᠯ ᠢ᠋ ᠵᠣᠬᠢᠶᠠᠨ ᠪᠠᠢᠭᠤᠯᠤᠨ ᠥᠷᠨᠢᠭᠦᠯᠵᠦ᠍᠂ ᠲᠤᠰᠭᠠᠶ ᠠᠱᠢᠭ ᠢ᠋ ᠤᠷᠢᠳᠴᠢᠯᠠᠨ ᠬᠢᠨᠠᠬᠤ᠂ ᠡᠷᠬᠡ ᠪᠠᠨ ᠬᠠᠮᠠᠭᠠᠯᠠᠬᠤ ᠳ᠋ᠤ ᠲᠤᠰᠠᠯᠠᠮᠵᠢ ᠦᠵᠡᠭᠦᠯᠬᠦ᠌᠂ ᠤᠳᠤᠷᠢᠳᠤᠮᠵᠢ ᠬᠠᠨᠭᠭᠠᠬᠤ ᠵᠠᠳᠠᠯᠤᠯᠲᠠ ᠬᠢᠬᠦ᠌ ᠵᠡᠷᠭᠡ ᠠᠵᠢᠯ ᠢ᠋ ᠥᠨᠳᠥᠷ ᠦᠷ᠎ᠡ ᠪᠦᠲᠦᠮᠵᠢᠲᠡᠶ ᠪᠡᠷ ᠥᠷᠨᠢᠭᠦᠯᠬᠦ᠌ ᠳ᠋ᠤ ᠪᠠᠲᠤ ᠪᠡᠬᠢ ᠴᠢᠳᠠᠪᠤᠷᠢᠲᠠᠨ ᠤ᠋ ᠲᠤᠯᠭᠠᠭᠤᠷᠢᠯᠠᠯ ᠬᠠᠩᠭᠠᠪᠠ᠃ 《ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠮᠡᠳᠡᠯᠭᠡ ᠶ᠋ᠢᠨ ᠦᠮᠴᠢᠯᠡᠯ ᠤ᠋ᠨ ᠡᠷᠬᠡ ᠶ᠋ᠢᠨ ᠬᠠᠮᠠᠭᠠᠯᠠᠯᠲᠠ ᠶ᠋ᠢᠨ ᠲᠥᠪ ᠤ᠋ᠨ ᠮᠡᠳᠡᠯᠭᠡ ᠶ᠋ᠢᠨ ᠦᠮᠴᠢᠯᠡᠯ ᠤ᠋ᠨ ᠡᠷᠬᠡ ᠶ᠋ᠢᠨ ᠣᠯᠠᠨ ᠨᠡᠢᠲᠡ ᠶ᠋ᠢᠨ ᠦᠶ᠋ᠯᠡᠴᠢᠯᠡᠭᠡᠨ ᠤ᠋ ᠵᠦᠶ᠋ᠯᠡᠰ ᠤ᠋ᠨ ᠨᠠᠷᠢᠨ ᠳᠠᠨᠭᠰᠠ》 ᠵᠢ ᠨᠡᠢᠲᠡᠯᠡᠵᠦ᠍᠂ ᠲᠠᠪᠤᠨ ᠲᠥᠷᠥᠯ᠂ 37 ᠵᠦᠶ᠋ᠯ ᠤ᠋ᠨ ᠦᠶ᠋ᠯᠡᠴᠢᠯᠡᠭᠡᠨ ᠤ᠋ ᠠᠭᠤᠯᠭ᠎ᠠ ᠵᠢ ᠱᠢᠰᠲ᠋ᠧᠮ ᠲᠠᠢ ᠡᠮᠬᠢᠯᠡᠨ᠂ ᠦᠶ᠋ᠯᠡᠴᠢᠯᠡᠭᠡᠨ ᠤ᠋ ᠪᠠᠷᠢᠮᠵᠢᠶ᠎ᠠ ᠵᠢ ᠨᠢᠭᠡᠳᠦᠯᠲᠡᠶ ᠪᠠᠢᠯᠭᠠᠬᠤ᠂ ᠶᠠᠪᠤᠴᠠ ᠵᠢ ᠵᠢᠷᠤᠮᠵᠢᠭᠤᠯᠬᠤ ᠵᠢ ᠪᠡᠶᠡᠯᠡᠭᠦᠯᠪᠡ᠃ 《ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠮᠡᠳᠡᠯᠭᠡ ᠶ᠋ᠢᠨ ᠦᠮᠴᠢᠯᠡᠯ ᠤ᠋ᠨ ᠡᠷᠬᠡ ᠶ᠋ᠢᠨ ᠬᠠᠮᠠᠭᠠᠯᠠᠯᠲᠠ ᠶ᠋ᠢᠨ ᠲᠥᠪ ᠤ᠋ᠨ ᠦᠶ᠋ᠯᠡᠴᠢᠯᠡᠭᠡᠨ ᠤ᠋ ᠲᠠᠪᠴᠠᠩ》 ᠢ᠋ ᠪᠠᠢᠭᠤᠯᠵᠤ᠂ 17 ᠲᠤᠬᠠᠢᠯᠠᠭ᠍ᠰᠠᠨ ᠠᠵᠢᠯ ᠤ᠋ᠨ ᠱᠢᠰᠲ᠋ᠧᠮ ᠢ᠋ ᠲᠥᠪᠯᠡᠷᠡᠭᠦᠯᠦᠨ᠂ ᠤᠯᠤᠰ ᠤ᠋ᠨ ᠮᠡᠳᠡᠯᠭᠡ ᠶ᠋ᠢᠨ ᠦᠮᠴᠢᠯᠡᠯ ᠤ᠋ᠨ ᠡᠷᠬᠡ ᠶ᠋ᠢᠨ ᠲᠣᠪᠴᠢᠶ᠎ᠠ ᠶ᠋ᠢᠨ 21 ᠣᠯᠠᠨ ᠨᠡᠢᠲᠡ ᠶ᠋ᠢᠨ ᠦᠶ᠋ᠯᠡᠴᠢᠯᠡᠭᠡᠨ ᠤ᠋ ᠱᠢᠰᠲ᠋ᠧᠮ ᠲᠠᠢ ᠵᠠᠯᠭᠠᠯᠳᠤᠭᠤᠯᠵᠤ᠂ ᠲᠤᠰᠭᠠᠶ ᠠᠱᠢᠭ ᠢ᠋ ᠤᠷᠢᠳᠴᠢᠯᠠᠨ ᠬᠢᠨᠠᠬᠤ᠂ ᠡᠷᠬᠡ ᠠᠱᠢᠭ ᠢ᠋ ᠬᠠᠮᠠᠭᠠᠯᠠᠬᠤ ᠦᠶ᠋ᠯᠡᠴᠢᠯᠡᠭᠡ᠂ ᠣᠯᠠᠨ ᠨᠡᠢᠲᠡ ᠶ᠋ᠢᠨ ᠦᠶ᠋ᠯᠡᠴᠢᠯᠡᠭᠡ᠂ ᠲᠣᠭ᠎ᠠ ᠪᠠᠷᠢᠮᠲᠠ ᠶ᠋ᠢᠨ ᠦᠶ᠋ᠯᠡᠴᠢᠯᠡᠭᠡ ᠵᠡᠷᠭᠡ ᠵᠢ 《ᠨᠢᠭᠡ ᠰᠦᠯᠵᠢᠶ᠎ᠡ ᠳ᠋ᠤ ᠪᠦᠬᠦᠨ ᠢ᠋ ᠭᠦᠶ᠋ᠴᠡᠳᠭᠡᠬᠦ᠌》 ᠵᠢ ᠪᠡᠶᠡᠯᠡᠭᠦᠯᠪᠡ᠃ ᠤᠯᠤᠰ ᠤ᠋ᠨ ᠲᠠᠰ ᠤ᠋ᠨ ᠲᠤᠰᠭᠠᠶ ᠠᠱᠢᠭ ᠤ᠋ᠨ ᠤᠳᠤᠷᠢᠳᠤᠮᠵᠢ ᠶ᠋ᠢᠨ ᠦᠶ᠋ᠯᠡᠴᠢᠯᠡᠭᠡᠨ ᠤ᠋ ᠰᠠᠭᠤᠷᠢᠨ ᠤ᠋ ᠬᠦᠴᠦᠨ ᠴᠢᠳᠠᠪᠤᠷᠢ ᠵᠢ ᠪᠠᠳᠠᠷᠠᠭᠤᠯᠵᠤ᠂ ᠴᠠᠬᠢᠯᠭᠠᠨ ᠬᠢᠮᠢ ᠶ᠋ᠢᠨ ᠡᠨᠧᠷᠭᠢ ᠬᠠᠳᠠᠭᠠᠯᠠᠬᠤ᠂ ᠳᠡᠭᠡᠳᠦ ᠴᠢᠳᠡᠪᠬᠢᠳᠦ ᠬᠣᠪᠣᠷ ᠱᠢᠷᠣᠶ ᠶ᠋ᠢᠨ ᠲᠣᠭ᠍ᠲᠠᠮᠠᠯ ᠰᠣᠷᠢᠨᠵᠢᠨ ᠮᠠᠲ᠋ᠧᠷᠢᠶᠠᠯ᠂ ᠣᠨᠴᠠ ᠲᠥᠷᠥᠯ ᠤ᠋ᠨ ᠲᠥᠬᠥᠭᠡᠷᠦᠮᠵᠢ ᠶ᠋ᠢᠨ ᠭᠠᠳᠠᠷ ᠲᠠᠯ᠎ᠠ ᠶ᠋ᠢᠨ ᠥᠪᠡᠰᠦᠪᠡᠨ ᠰᠡᠷᠭᠦᠭᠡᠬᠦ᠌ ᠵᠢᠴᠢ ᠢᠳᠡᠭᠳᠡᠯᠢ ᠰᠡᠷᠭᠡᠢᠯᠡᠬᠦ᠌ ᠬᠤᠴᠢᠯᠭᠠᠨ ᠳᠠᠪᠬᠤᠷᠭ᠎ᠠ ᠶ᠋ᠢᠨ ᠮᠠᠲ᠋ᠧᠷᠢᠶᠠᠯ᠂ ᠮᠠᠯᠵᠢᠬᠤ ᠣᠷᠣᠨ ᠤ᠋ ᠤᠰᠤᠨ ᠤ᠋ ᠡᠬᠢ ᠪᠠᠶᠠᠯᠢᠭ ᠢ᠋ ᠠᠷᠪᠢᠲᠠᠶ ᠡᠷᠴᠢᠮᠯᠢᠭ ᠠᠱᠢᠭ᠍ᠯᠠᠬᠤ ᠪᠠ ᠪᠡᠯᠴᠢᠭᠡᠷ ᠤ᠋ᠨ ᠠᠮᠢ ᠠᠬᠤᠶ ᠶ᠋ᠢᠨ ᠠᠮᠤᠷ ᠲᠦᠪᠱᠢᠨ ᠢ᠋ ᠬᠠᠮᠠᠭᠠᠯᠠᠨ ᠰᠡᠷᠭᠦᠭᠡᠬᠦ᠌ ᠵᠡᠷᠭᠡ ᠵᠠᠩᠭᠢᠯᠠᠭ᠎ᠠ ᠶ᠋ᠢᠨ ᠬᠦᠷᠢᠶ᠎ᠡ ᠴᠠᠷᠠᠭ᠎ᠠ ᠶ᠋ᠢᠨ ᠲᠣᠭᠣᠷᠢᠨ ᠳ᠋ᠤ ᠲᠤᠰᠭᠠᠶ ᠠᠱᠢᠭ ᠤ᠋ᠨ ᠤᠳᠤᠷᠢᠳᠤᠮᠵᠢ ᠶ᠋ᠢᠨ ᠲᠥᠷᠥᠯ ᠵᠦᠶ᠋ᠯ ᠢ᠋ ᠬᠡᠷᠡᠭ᠌ᠵᠢᠭᠦᠯᠵᠦ᠍᠂ ᠱᠢᠨ᠎ᠡ ᠡᠨᠧᠷᠭᠢ᠂ ᠱᠢᠨ᠎ᠡ ᠮᠠᠲ᠋ᠧᠷᠢᠶᠠᠯ᠂ ᠳᠡᠭᠡᠳᠦ ᠲᠠᠰ ᠤ᠋ᠨ ᠲᠣᠨᠣᠭ ᠲᠥᠬᠥᠭᠡᠷᠦᠮᠵᠢ ᠦᠶ᠋ᠯᠡᠳᠬᠦ᠌ ᠵᠡᠷᠭᠡ ᠠᠵᠤ ᠦᠶ᠋ᠯᠡᠰ ᠤ᠋ᠨ ᠲᠥᠷᠥ ᠶ᠋ᠢᠨ ᠪᠣᠳᠣᠯᠭ᠎ᠠ ᠵᠢ ᠲᠣᠭ᠍ᠲᠠᠭᠠᠬᠤ᠂ ᠰᠤᠳᠤᠯᠤᠨ ᠨᠡᠭᠡᠭᠡᠬᠦ᠌ ᠲᠥᠯᠥᠪᠵᠢᠭᠦᠯᠭᠡ ᠲᠤᠬᠲᠠᠭᠠᠬᠤ ᠳ᠋ᠤ ᠱᠢᠨᠵᠢᠯᠡᠬᠦ᠌ ᠤᠬᠠᠭᠠᠨᠴᠢ ᠦᠨᠳᠦᠰᠦᠯᠡᠯ ᠬᠠᠩᠭᠠᠪᠠ᠃
2008-2025 © ᠳᠤᠮᠳᠠᠳᠤ ᠤᠯᠤᠰᠤᠨ ᠮᠤᠩᠭᠤᠯ ᠬᠡᠯᠡᠨᠤ ᠰᠤᠨᠢᠨ ᠮᠡᠳᠡᠭᠡᠨᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号