ᠤᠢ᠍ᠢᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶ᠋ᠢᠨ ᠲᠢᠩᠬᠢᠮ ᠠᠯᠪᠠᠨ ᠵᠠᠷᠯᠠᠯ ᠨᠡᠢᠲᠡᠯᠡᠵᠦ᠍᠂ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ ᠶ᠋ᠢᠨ ᠪᠦᠬᠦ᠌ ᠬᠡᠯᠬᠢᠶᠡᠨ᠎ᠦ ᠠᠮᠤᠷ ᠲᠦᠪᠱᠢᠨ ᠢ ᠴᠡᠭ᠌ᠴᠡᠯᠡᠨ ᠵᠠᠰᠠᠬᠤ ᠠᠵᠢᠯ᠎ᠤᠨ ᠪᠠᠢᠷᠢᠯᠠᠭᠤᠯᠤᠯᠲᠠ ᠶᠣᠰᠣᠭᠠᠷ ᠂ ᠪᠦᠬᠦ᠌ ᠣᠷᠣᠨ ᠤ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ ᠶ᠋ᠢᠨ ᠪᠦᠬᠦ᠌ ᠬᠡᠯᠬᠢᠶᠡᠨ᠎ᠦ ᠬᠠᠮᠢᠶᠠᠷᠤᠯᠲᠠ ᠶ᠋ᠢᠨ ᠲᠦᠪᠱᠢᠨ᠎ᠢ ᠤᠯᠠᠮ ᠴᠢᠨᠠᠭ᠍ᠰᠢᠳᠠ ᠳᠡᠭᠡᠭ᠌ᠰᠢᠯᠡᠭᠦᠯᠬᠦ᠎ᠶᠢᠨ ᠲᠦᠯᠦᠭᠡ ᠠᠵᠢᠯ ᠲᠦᠷᠦᠯ᠎ᠦᠨ ᠦᠷᠭᠦᠯᠵᠢᠯᠡᠬᠦ᠌ ᠬᠥᠭ᠌ᠵᠢᠯᠲᠡ᠎ᠶ᠋ᠢ ᠬᠦᠳᠦᠯᠦᠨ ᠵᠢᠯᠣᠭᠣᠳᠴᠤ᠌᠂ ᠠᠮᠤᠷ ᠲᠦᠪᠱᠢᠨ᠂ ᠳᠥᠭᠥᠮ ᠳᠥᠲᠡ᠂ ᠨᠠᠢᠳᠠᠪᠤᠷᠢᠲᠠᠢ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ ᠶ᠋ᠢᠨ ᠯᠢᠲ᠋ᠢ ᠢᠶᠤᠨ ᠳ᠋ᠢᠶᠠᠨ ᡂᠢ ᠶ᠋ᠢ ᠦᠨᠡᠯᠡᠨ ᠵᠢᠱ᠌ᠢᠬᠦ᠌ ᠱᠢᠰᠲ᠋ᠧᠮ ᠢ ᠪᠠᠢᠭᠤᠯᠵᠤ᠂ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ ᠬᠡᠷᠡᠭ᠌ᠯᠡᠬᠦ᠌ ᠠᠮᠤᠷ ᠲᠦᠪᠱᠢᠨ᠎ᠦ ᠬᠡᠮᠵᠢᠶ᠎ᠡ ᠵᠢ ᠳᠡᠭᠡᠭ᠌ᠰᠢᠯᠡᠭᠦᠯᠵᠦ᠂ ᠬᠢᠨᠠᠨ ᠬᠠᠷᠭᠤᠭᠤᠯᠬᠤ ᠪᠠᠷ ᠳᠠᠮᠵᠢᠨ᠂ ᠪᠦᠬᠦ᠌ ᠣᠷᠣᠨ᠎ᠤ 11 ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ ᠶ᠋ᠢᠨ ᠯᠢᠲ᠋ᠢ ᠢᠶᠦᠨ ᠳ᠋ᠢᠶᠠᠨ ᡂᠢ ᠶ᠋ᠢᠨ ᠡᠷᠡᠭᠦᠯ ᠮᠡᠨᠳᠦ᠍ ᠶ᠋ᠢ ᠦᠨᠡᠯᠡᠨ ᠵᠢᠱ᠌ᠢᠬᠦ᠌ ᠲᠣᠣᠷ ᠴᠡᠭ (ᠨᠢᠭᠡᠳᠦᠭᠡᠷ ᠪᠦᠯᠦᠭ) ᠢ᠋ ᠲᠣᠭ᠍ᠲᠠᠭᠠᠵᠠᠢ᠃
ᠡᠳᠡᠭᠡᠷ ᠲᠣᠣᠷ ᠴᠡᠭ ᠨᠢ ᠪᠦᠬᠦ᠌ ᠣᠷᠣᠨ᠎ᠤ 5 ᠠᠢᠮᠠᠭ ᠬᠣᠲᠠ᠎ᠳᠤ ᠲᠠᠷᠬᠠᠵᠤ ᠪᠤᠶ᠃ ᠡᠭᠦᠨ᠎ᠳᠦ᠂ ᠬᠥᠬᠡᠬᠣᠲᠠ᠎ᠳᠤ 4 ᠲᠤᠤᠷ ᠴᠡᠭ᠂ ᠦᠬᠠᠶ ᠬᠣᠲᠠ᠎ᠳᠤ 3 ᠲᠤᠤᠷ ᠴᠡᠭ᠂ ᠱᠢᠯᠢ ᠶ᠋ᠢᠨ ᠭᠤᠤᠯ ᠠᠢᠮᠠᠭ᠎ᠲᠤ 2 ᠲᠤᠤᠷ ᠴᠡᠭ᠂ ᠣᠷᠳᠣᠰ ᠬᠣᠲᠠ᠎ᠳᠤ 1 ᠲᠤᠤᠷ ᠴᠡᠭ᠂ ᠪᠠᠶᠠᠨᠨᠠᠭᠤᠷ ᠬᠣᠲᠠ ᠳᠦ 1 ᠲᠤᠤᠷ ᠴᠡᠭ ᠪᠣᠶ᠃ ᠡᠲᠡᠭᠡᠷ ᠲᠤᠤᠷ ᠴᠡᠭ᠎ᠢ ᠭᠤᠤᠯᠳᠠᠭᠤ ᠲᠤᠰᠭᠠᠶ ᠮᠡᠷᠭᠡᠵᠢᠯ᠎ᠦᠨ ᠴᠢᠳᠠᠪᠤᠷᠢ ᠪᠠ ᠬᠢᠷᠢ ᠬᠡᠮ ᠪᠦᠬᠦᠢ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠡᠵᠡᠩᠨᠡᠨ ᠪᠣᠷᠣᠯᠠᠭᠤᠯᠬᠤ ᠨᠢᠭᠡᠴᠢ ᠵᠢᠴᠢ ᠦᠶ᠋ᠯᠡᠴᠢᠯᠡᠭᠡᠨ᠎ᠦ ᠴᠡᠭ᠎ᠲᠤ ᠲᠦᠱᠢᠭ᠌ᠯᠡᠨ ᠪᠠᠢᠭᠤᠯᠵᠤ᠂ ᠴᠥᠮ ᠵᠣᠬᠢᠬᠤ ᠪᠠᠢᠴᠠᠭᠠᠨ ᠱᠢᠯᠭᠠᠬᠤ ᠲᠥᠬᠥᠭᠡᠷᠦᠮᠵᠢ ᠪᠠ ᠲᠤᠰᠭᠠᠶ ᠮᠡᠷᠭᠡᠵᠢᠯ᠎ᠦᠨ ᠪᠠᠢᠴᠠᠭᠠᠨ ᠱᠢᠯᠭᠠᠬᠤ ᠠᠵᠢᠯᠲᠠᠨ᠎ᠢ ᠳᠣᠭᠢᠷᠠᠭᠤᠯᠵᠤ᠂ ᠬᠣᠲᠠ ᠶ᠋ᠢᠨ ᠠᠷᠠᠳ᠎ᠲᠤ ᠳᠥᠭᠥᠮ ᠳᠥᠲᠡ᠂ ᠡᠷᠬᠡ ᠰᠦᠷᠲᠦ ᠳ᠋ᠢᠶᠠᠨ ᡂᠢ ᠶ᠋ᠢᠨ ᠡᠷᠡᠭᠦᠯ ᠮᠡᠨᠳᠦ᠍᠎ᠶ᠋ᠢ ᠦᠨᠡᠯᠡᠨ ᠵᠢᠱ᠌ᠢᠬᠦ᠌ ᠦᠶ᠋ᠯᠡᠴᠢᠯᠡᠭᠡ ᠬᠠᠩᠭᠠᠵᠤ ᠪᠤᠢ᠃
2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号