1 ᠰᠠᠷ᠎ᠠ᠎ᠶᠢᠨ 15᠎ᠤ ᠡᠳᠦᠷ᠂
ᠥᠪᠡᠷᠲᠡᠭᠡᠨ ᠵᠠᠰᠠᠬᠤ ᠣᠷᠣᠨ᠎ᠤ ᠵᠢᠭᠠᠬᠤ ᠮᠠᠲᠧᠷᠢᠶᠠᠯ᠎ᠤᠨ ᠵᠥᠪᠯᠡᠯ᠎ᠦᠨ ᠲᠤᠰᠬᠠᠢ ᠮᠡᠷᠭᠡᠵᠢᠯᠲᠡᠨ᠎ᠦ ᠵᠥᠪᠯᠡᠯ
ᠪᠠᠢᠭᠤᠯᠤᠭᠳᠠᠬᠤ ᠶᠡᠬᠡ ᠬᠤᠷᠠᠯ ᠵᠢᠴᠢ ᠵᠢᠭᠠᠬᠤ ᠮᠠᠲᠧᠷᠢᠶᠠᠯ᠎ᠤᠨ ᠠᠵᠢᠯ᠎ᠤᠨ ᠴᠢᠨᠠᠷ ᠰᠠᠢᠲᠠᠢ ᠬᠥᠭᠵᠢᠯᠲᠡ᠎ᠶᠢᠨ
ᠰᠤᠳᠤᠯᠤᠨ ᠶᠠᠷᠢᠯᠴᠠᠬᠤ ᠬᠤᠷᠠᠯ ᠬᠥᠬᠡᠬᠣᠲᠠ᠎ᠳᠤ ᠬᠤᠷᠠᠯᠳᠤᠪᠠ᠃

ᠬᠤᠷᠠᠯ᠎ᠠᠴᠠ ᠥᠪᠡᠷᠲᠡᠭᠡᠨ
ᠵᠠᠰᠠᠬᠤ ᠣᠷᠣᠨ᠎ᠤ ᠵᠢᠭᠠᠬᠤ ᠮᠠᠲᠧᠷᠢᠶᠠᠯ᠎ᠤᠨ ᠵᠥᠪᠯᠡᠯ᠎ᠦᠨ ᠲᠤᠰᠬᠠᠢ ᠮᠡᠷᠭᠡᠵᠢᠯᠲᠡᠨ᠎ᠦ ᠵᠥᠪᠯᠡᠯ᠎ᠢ ᠪᠠᠢᠭᠤᠯᠵᠤ᠂
ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ ᠡᠨᠡ ᠬᠦ᠌ ᠭᠣᠣᠯ
ᠰᠢᠵᠢᠮ᠎ᠢ ᠪᠠᠷᠢᠮᠲᠠᠯᠠᠵᠤ᠂ ᠤᠯᠤᠰ᠎ᠤᠨ ᠵᠢᠭᠠᠬᠤ ᠮᠠᠲᠧᠷᠢᠶᠠᠯ᠎ᠤᠨ ᠪᠠᠢᠯᠳᠤᠬᠤ ᠪᠣᠳᠣᠯᠭ᠎ᠠ ᠪᠣᠯᠣᠨ 《ᠠᠷᠪᠠᠨ ᠲᠠᠪᠤᠳᠤᠭᠠᠷ ᠲᠠᠪᠤᠨ ᠵᠢᠯ》᠎ᠤᠨ ᠲᠥᠯᠦᠪᠵᠢᠭᠦᠯᠭᠡ᠎ᠶᠢᠨ
ᠴᠢᠭᠯᠡᠯ᠎ᠳᠦ ᠠᠩᠬᠠᠷᠤᠯ᠎ᠢᠶᠠᠨ ᠲᠥᠪᠯᠡᠷᠡᠭᠦᠯᠵᠦ᠂ ᠰᠤᠷᠭᠠᠨ ᠬᠥᠮᠦᠵᠢᠯ᠎ᠢᠶᠡᠷ ᠣᠷᠣᠨ᠎ᠢᠶᠠᠨ ᠬᠦᠴᠦᠷᠬᠡᠭᠵᠢᠭᠦᠯᠬᠦ
ᠭᠤᠷᠪᠠᠨ ᠵᠢᠯ᠎ᠦᠨ ᠠᠵᠢᠯᠯᠠᠭ᠎ᠠ ᠵᠢᠴᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠡ ᠵᠢᠨ 《1571》 ᠠᠵᠢᠯ᠎ᠤᠨ ᠪᠠᠢᠷᠢᠯᠠᠭᠤᠯᠤᠯᠲᠠ᠎ᠶᠢ ᠪᠦᠬᠦ
ᠲᠠᠯ᠎ᠠ᠎ᠪᠠᠷ ᠨᠠᠢᠳᠠᠪᠤᠷᠢᠵᠢᠭᠤᠯᠵᠤ᠂ ᠪᠦᠬᠦ ᠣᠷᠣᠨ᠎ᠤ ᠵᠢᠭᠠᠬᠤ ᠮᠠᠲᠧᠷᠢᠶᠠᠯ᠎ᠤᠨ ᠪᠠᠢᠭᠤᠯᠤᠯᠲᠠ᠎ᠶᠢᠨ ᠰᠢᠨᠵᠢᠯᠡᠬᠦ
ᠤᠬᠠᠭᠠᠨᠴᠢ᠂ ᠵᠢᠷᠤᠮᠵᠢᠭᠰᠠᠨ᠂ ᠲᠤᠰᠬᠠᠢᠵᠢᠭᠰᠠᠨ ᠬᠦᠭᠵᠢᠯᠲᠡ᠎ᠶᠢ ᠰᠢᠰᠲ᠋ᠸᠮ ᠲᠠᠢ ᠠᠬᠢᠭᠤᠯᠬᠤ᠎ᠪᠠᠷ ᠵᠣᠷᠢᠯᠲᠠ᠎ᠪᠠᠨ
ᠪᠣᠯᠭᠠᠵᠠᠢ᠃ ᠲᠤᠰᠬᠠᠢ ᠮᠡᠷᠭᠡᠵᠢᠯᠲᠡᠨ᠎ᠦ ᠵᠦᠪᠯᠡᠯ ᠨᠢ ᠥᠪᠡᠷᠲᠡᠭᠡᠨ ᠵᠠᠰᠠᠬᠤ ᠣᠷᠣᠨ᠎ᠤ ᠵᠢᠭᠠᠬᠤ ᠮᠠᠲᠧᠷᠢᠶᠠᠯ᠎ᠤᠨ
ᠵᠦᠪᠯᠡᠯ᠎ᠤᠨ ᠠᠯᠪᠠᠨ ᠭᠡᠷ᠎ᠦᠨ ᠤᠳᠤᠷᠢᠳᠤᠯᠭ᠎ᠠ ᠳᠣᠣᠷ᠎ᠠ᠂ ᠪᠦᠬᠦ ᠣᠷᠣᠨ᠎ᠤ ᠰᠠᠭᠤᠷᠢ ᠰᠤᠷᠭᠠᠨ ᠬᠥᠮᠦᠵᠢᠯ᠂ ᠠᠵᠢᠯ
ᠮᠡᠷᠭᠡᠵᠢᠯ᠎ᠦᠨ ᠰᠤᠷᠭᠠᠨ ᠬᠥᠮᠦᠵᠢᠯ᠂ ᠳᠡᠭᠡᠳᠦ ᠵᠡᠷᠭᠡ᠎ᠶᠢᠨ ᠰᠤᠷᠭᠠᠨ ᠬᠥᠮᠦᠵᠢᠯ ᠵᠡᠷᠭᠡ ᠡᠯ᠎ᠡ ᠱᠠᠲᠤᠨ᠎ᠤ ᠡᠯ᠎ᠡ
ᠲᠥᠷᠥᠯ᠎ᠦᠨ ᠵᠢᠭᠠᠬᠤ ᠮᠠᠲᠧᠷᠢᠶᠠᠯ᠎ᠤᠨ ᠠᠵᠢᠯ᠎ᠳᠤ ᠰᠤᠳᠤᠯᠤᠯ᠂ ᠯᠠᠪᠯᠠᠯᠭ᠎ᠠ᠂ ᠦᠨᠡᠯᠡᠨ ᠵᠢᠱ᠌ᠢᠯᠲᠡ ᠬᠢᠭᠡᠳ ᠵᠢᠯᠣᠭᠣᠳᠤᠯᠭ᠎ᠠ
ᠬᠢᠵᠦ᠂ ᠲᠤᠰᠬᠠᠢ ᠮᠡᠷᠭᠡᠵᠢᠯᠲᠡᠳ ᠵᠢᠭᠠᠬᠤ ᠮᠠᠲᠧᠷᠢᠶᠠᠯ᠎ᠤᠨ ᠲᠥᠯᠦᠪᠵᠢᠭᠦᠯᠭᠡ ᠬᠢᠭᠡᠳ ᠲᠥᠷᠥ᠎ᠶᠢᠨ ᠪᠣᠳᠣᠯᠭ᠎ᠠ᠎ᠶᠢᠨ
ᠰᠤᠳᠤᠯᠤᠯ᠂ ᠣᠷᠣᠨ ᠨᠤᠲᠤᠭ᠎ᠤᠨ ᠵᠢᠭᠠᠬᠤ ᠮᠠᠲᠧᠷᠢᠶᠠᠯ ᠨᠠᠢᠷᠠᠭᠤᠯᠤᠨ ᠪᠢᠴᠢᠵᠦ ᠬᠢᠨᠠᠨ ᠬᠠᠷᠭᠤᠭᠤᠯᠬᠤ᠂ ᠵᠢᠭᠠᠬᠤ
ᠮᠠᠲᠧᠷᠢᠶᠠᠯ᠎ᠢ ᠬᠡᠷᠡᠭᠯᠡᠵᠦ ᠪᠠᠢᠭ᠎ᠠ ᠪᠠᠢᠳᠠᠯ᠎ᠢ ᠪᠠᠢᠴᠠᠭᠠᠨ ᠰᠤᠳᠤᠯᠬᠤ ᠪᠠ ᠶᠠᠰᠤ ᠴᠢᠨᠠᠷ᠎ᠤᠨ ᠦᠨᠡᠯᠡᠨ ᠵᠢᠱ᠌ᠢᠯᠲᠡ
ᠬᠢᠬᠦ᠎ᠳᠦ ᠣᠷᠣᠯᠴᠠᠬᠤ᠎ᠶᠢᠨ ᠬᠠᠮᠲᠤ ᠴᠢᠬᠤᠯᠠ ᠶᠡᠬᠡ ᠵᠢᠭᠠᠬᠤ ᠮᠠᠲᠧᠷᠢᠶᠠᠯ᠎ᠤᠨ ᠰᠢᠢᠳᠪᠦᠷᠢᠲᠦ ᠪᠣᠳᠣᠯᠭ᠎ᠠ ᠲᠣᠭᠲᠠᠭᠠᠬᠤ᠎ᠳᠤ
ᠲᠤᠰᠬᠠᠢ ᠮᠡᠷᠭᠡᠵᠢᠯ᠎ᠦᠨ ᠳᠡᠮᠵᠢᠯᠭᠡ ᠪᠣᠯᠣᠨ ᠣᠶᠤᠨ᠎ᠤ ᠦᠢᠯᠡᠴᠢᠯᠡᠭᠡ ᠬᠠᠩᠭᠠᠨ᠎ᠠ ᠭᠡᠵᠦ ᠲᠤᠷᠠᠳᠴᠠᠢ᠃

ᠬᠤᠷᠠᠯ᠎ᠠᠴᠠ᠂ ᠥᠪᠡᠷᠲᠡᠭᠡᠨ
ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ 《1571》 ᠠᠵᠢᠯ᠎ᠤᠨ ᠪᠠᠢᠷᠢᠯᠠᠭᠤᠯᠤᠯᠲᠠ᠎ᠳᠤ ᠰᠤᠷᠭᠠᠨ ᠬᠥᠮᠦᠵᠢᠯ ᠵᠢᠭᠠᠨ ᠰᠤᠷᠭᠠᠯᠲᠠ᠎ᠶᠢᠨ ᠶᠠᠰᠤ
ᠴᠢᠨᠠᠷ᠎ᠢ ᠳᠡᠭᠡᠭᠰᠢᠯᠡᠭᠦᠯᠬᠦ ᠢᠨᠵᠧᠨᠧᠷᠢᠩ᠎ᠢ 《ᠠᠷᠠᠳ᠎ᠤᠨ ᠠᠮᠢᠳᠤᠷᠠᠯ᠎ᠤᠨ
ᠠᠷᠪᠠᠨ ᠶᠡᠬᠡ ᠢᠨᠵᠧᠨᠧᠷᠢᠩ》᠎ᠳᠤ ᠣᠷᠣᠭᠤᠯᠵᠤ᠂ ᠪᠥᠬᠥ ᠣᠷᠣᠨ᠎ᠤ ᠵᠢᠭᠠᠬᠤ
ᠮᠠᠲᠧᠷᠢᠶᠠᠯ᠎ᠤᠨ ᠪᠠᠢᠭᠤᠯᠤᠯᠲᠠ ᠵᠢᠨ ᠠᠵᠢᠯ᠎ᠢ ᠬᠢᠬᠦ᠎ᠳᠦ ᠥᠪᠡᠷᠲᠡᠭᠡᠨ ᠵᠠᠰᠠᠬᠤ ᠣᠷᠣᠨ᠎ᠤ ᠲᠥᠯᠦᠪᠵᠢᠭᠦᠯᠭᠡ᠎ᠶᠢᠨ
ᠱᠠᠭᠠᠷᠳᠠᠯᠭ᠎ᠠ ᠪᠣᠯᠣᠨ ᠭᠣᠣᠯᠳᠠᠯᠭ᠎ᠠ᠎ᠲᠠᠢ ᠡᠭᠦᠷᠭᠡ᠎ᠶᠢ ᠪᠦᠷᠢᠨ ᠪᠦᠲᠦᠨ᠂ ᠣᠨᠣᠪᠴᠢᠲᠠᠶ᠂ ᠪᠥᠬᠥ ᠲᠠᠯ᠎ᠠ᠎ᠪᠠᠷ
ᠨᠠᠢᠳᠠᠪᠤᠷᠢᠵᠢᠭᠤᠯᠵᠤ᠂ ᠰᠠᠭᠤᠷᠢ ᠰᠤᠷᠭᠠᠨ ᠬᠥᠮᠦᠵᠢᠯ᠎ᠦᠨ ᠵᠢᠭᠠᠬᠤ ᠮᠠᠲᠧᠷᠢᠶᠠᠯ᠎ᠢ ᠴᠢᠷᠮᠠᠢᠨ ᠪᠠᠢᠭᠤᠯᠵᠤ ᠬᠠᠮᠲᠤ᠎ᠶᠢᠨ
ᠰᠠᠭᠤᠷᠢ᠎ᠶᠢ ᠪᠡᠬᠢᠵᠢᠭᠦᠯᠵᠦ᠂ ᠠᠵᠢᠯ ᠮᠡᠷᠭᠡᠵᠢᠯ᠎ᠦᠨ ᠰᠤᠷᠭᠠᠨ ᠬᠥᠮᠦᠵᠢᠯ᠎ᠦᠨ ᠵᠢᠭᠠᠬᠤ ᠮᠠᠲᠧᠷᠢᠶᠠᠯ᠎ᠢᠶᠠᠷ
ᠦᠢᠯᠡᠳᠦᠯᠭᠡ᠎ᠶᠢᠨ ᠲᠤᠯᠭᠠᠭᠤᠷᠢᠯᠠᠯ᠎ᠢ ᠪᠡᠬᠢᠵᠢᠭᠦᠯᠵᠦ᠂ ᠳᠡᠭᠡᠳᠦ ᠵᠡᠷᠭᠡ᠎ᠶᠢᠨ ᠰᠤᠷᠭᠠᠨ ᠬᠥᠮᠦᠵᠢᠯ᠎ᠦᠨ ᠵᠢᠭᠠᠬᠤ
ᠮᠠᠲᠧᠷᠢᠶᠠᠯ᠎ᠢᠶᠠᠷ ᠰᠢᠨ᠎ᠡ᠎ᠶᠢ ᠡᠭᠦᠳᠬᠦ ᠰᠢᠪᠲᠤᠯᠤᠯᠲᠠ᠎ᠲᠠᠢ ᠣᠷᠭᠠᠨᠢᠭ᠋ ᠪᠦᠬᠦᠯᠢ ᠴᠣᠭᠴᠠ ᠵᠢ ᠪᠤᠢ ᠪᠣᠯᠭᠠᠵᠤ᠂
ᠥᠪᠡᠷᠲᠡᠭᠡᠨ ᠵᠠᠰᠠᠬᠤ ᠣᠷᠣᠨ᠎ᠤ 《ᠠᠷᠪᠠᠨ ᠲᠠᠪᠤᠳᠤᠭᠠᠷ ᠲᠠᠪᠤᠨ ᠵᠢᠯ》᠎ᠤᠨ ᠲᠥᠯᠦᠪᠵᠢᠭᠦᠯᠭᠡ ᠵᠢᠨ ᠬᠤᠭᠤᠴᠠᠭᠠᠨ᠎ᠳᠠᠬᠢ ᠠᠵᠤ ᠠᠬᠤᠢ ᠨᠡᠢᠭᠡᠮ᠎ᠦᠨ ᠬᠥᠭᠵᠢᠯᠲᠡ᠎ᠶᠢᠨ
ᠠᠤᠭ᠎ᠠ ᠲᠥᠰᠥᠪ᠎ᠲᠦ ᠬᠠᠮᠲᠤ᠎ᠪᠠᠷ ᠦᠢᠯᠡᠴᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃ 2026
ᠣᠨ᠎ᠤ ᠰᠡᠭᠦᠯᠴᠢ ᠪᠣᠯᠬᠤ᠎ᠳᠤ᠂ ᠪᠦᠬᠦ ᠣᠷᠣᠨ᠎ᠤ ᠵᠢᠭᠠᠬᠤ ᠮᠠᠲᠧᠷᠢᠶᠠᠯ᠎ᠤᠨ ᠪᠦᠲᠦᠭᠡᠨ ᠪᠠᠢᠭᠤᠯᠤᠯᠲᠠ᠎ᠶᠢᠨ
ᠲᠥᠯᠦᠪᠵᠢᠭᠦᠯᠭᠡ᠎ᠶᠢ ᠨᠠᠢᠷᠠᠭᠤᠯᠤᠨ ᠵᠣᠬᠢᠶᠠᠬᠤ ᠠᠵᠢᠯ᠎ᠢ ᠪᠡᠶᠡᠯᠡᠭᠦᠯᠵᠦ᠂ ᠵᠢᠭᠠᠬᠤ ᠮᠠᠲᠧᠷᠢᠶᠠᠯ᠎ᠤᠨ ᠬᠠᠮᠢᠶᠠᠷᠤᠯᠲᠠ᠎ᠶᠢᠨ
ᠲᠣᠭᠲᠠᠴᠠ᠎ᠶᠢ ᠪᠦᠷᠢᠨᠰᠢᠭᠦᠯᠵᠦ᠂ ᠭᠣᠣᠯᠳᠠᠯᠭ᠎ᠠ᠎ᠲᠠᠢ ᠬᠦᠷᠢᠶ᠎ᠡ ᠴᠠᠷᠠᠭ᠎ᠠ᠎ᠶᠢᠨ ᠦᠷ᠎ᠡ ᠪᠦᠲᠦᠭᠡᠯ᠎ᠢ ᠨᠠᠢᠳᠠᠪᠤᠷᠢᠵᠢᠭᠤᠯᠤᠨ᠎ᠠ;2027 ᠣᠨ ᠪᠣᠯᠬᠤ᠎ᠳᠤ᠂ ᠣᠨᠴᠠᠯᠢᠭ᠍ᠲᠤ ᠵᠢᠭᠠᠬᠤ ᠮᠠᠲᠧᠷᠢᠶᠠᠯ᠎ᠤᠨ
ᠪᠦᠲᠦᠭᠡᠨ ᠪᠠᠢᠭᠤᠯᠤᠯᠲᠠ᠎ᠶᠢ ᠴᠢᠬᠤᠯᠠ ᠶᠡᠬᠡ ᠰᠢᠪᠲᠤᠯᠤᠯᠲᠠ᠎ᠲᠠᠢ ᠪᠣᠯᠭᠠᠵᠤ᠂ ᠥᠪᠥᠷ ᠮᠣᠩᠭᠣᠯ᠎ᠤᠨ ᠰᠣᠳᠣᠨ ᠵᠢᠭᠠᠬᠤ
ᠮᠠᠲᠧᠷᠢᠶᠠᠯ᠎ᠤᠨ ᠡᠬᠢ ᠪᠠᠶᠠᠯᠢᠭ᠋᠎ᠤᠨ ᠬᠥᠮᠥᠷᠭᠡ᠎ᠶᠢ ᠦᠨᠳᠦᠰᠦᠨ᠎ᠳᠡᠭᠡᠨ ᠪᠠᠢᠭᠤᠯᠵᠤ᠂ ᠲᠡᠷᠡ ᠬᠡᠪ᠎ᠢᠶᠡᠷ ᠨᠢ
ᠬᠤᠪᠢᠶᠠᠯᠴᠠᠵᠦ ᠪᠣᠯᠬᠤ ᠲᠤᠷᠰᠢᠯᠭ᠎ᠠ᠎ᠶᠢ ᠪᠤᠢ ᠪᠣᠯᠭᠠᠨ᠎ᠠ; 2030 ᠣᠨ ᠪᠣᠯᠲᠠᠯ᠎ᠠ᠂ ᠲᠠᠰ
ᠳᠠᠪᠬᠤᠷᠭ᠎ᠠ ᠬᠤᠪᠢᠶᠠᠭᠰᠠᠠ᠂ ᠣᠯᠠᠨ ᠶᠠᠩᠵᠤᠴᠢᠯᠠᠭᠰᠠᠨ᠂ ᠴᠢᠨᠠᠷ ᠰᠠᠢᠲᠠᠢ ᠵᠢᠭᠠᠬᠤ ᠮᠠᠲᠧᠷᠢᠶᠠᠯ᠎ᠤᠨ ᠰᠢᠰᠲᠧᠮ᠎ᠢ
ᠪᠥᠬᠥ ᠲᠠᠯ᠎ᠠ ᠪᠠᠷ ᠪᠠᠢᠭᠤᠯᠵᠤ᠂ ᠰᠠᠭᠤᠷᠢ ᠰᠤᠷᠭᠠᠨ ᠬᠥᠮᠦᠵᠢᠯ᠎ᠳᠦ 《ᠤᠯᠤᠰ᠎ᠤᠨ ᠬᠢᠴᠢᠶᠡᠯ
+ ᠣᠷᠣᠨ ᠨᠤᠲᠤᠭ᠎ᠤᠨ ᠣᠨᠴᠠᠯᠢᠭ᠋》᠎ᠤᠨ ᠲᠣᠬᠢᠷᠠᠭᠰᠠᠨ ᠰᠢᠰᠲᠧᠮ᠎ᠢ ᠪᠦᠷᠢᠯᠳᠦᠭᠦᠯᠵᠦ᠂
ᠠᠵᠢᠯ ᠮᠡᠷᠭᠡᠵᠢᠯ᠎ᠦᠨ ᠰᠤᠷᠭᠠᠨ ᠬᠥᠮᠦᠵᠢᠯ᠎ᠳᠦ ᠠᠵᠤ ᠦᠢᠯᠡᠰ ᠪᠠ ᠰᠤᠷᠭᠠᠨ ᠬᠥᠮᠦᠵᠢᠯ᠎ᠢ ᠠᠭᠤᠰᠤᠯᠴᠠᠭᠤᠯᠤᠭᠰᠠᠨ
ᠣᠨᠴᠠᠯᠢᠭ᠋᠎ᠲᠠᠢ ᠵᠢᠭᠠᠬᠤ ᠮᠠᠲᠧᠷᠢᠶᠠᠯ᠎ᠤᠨ ᠰᠦᠷᠦᠭᠵᠢᠯ᠎ᠢ ᠪᠠᠢᠭᠤᠯᠵᠤ᠂ ᠳᠡᠭᠡᠳᠦ ᠵᠡᠷᠭᠡ᠎ᠶᠢᠨ ᠰᠤᠷᠭᠠᠨ ᠬᠥᠮᠦᠵᠢᠯ᠎ᠳᠦ
ᠴᠢᠨᠠᠷ ᠰᠠᠢᠲᠠᠢ ᠬᠥᠭᠵᠢᠯᠲᠡ᠎ᠳᠦ ᠦᠢᠯᠡᠴᠢᠯᠡᠭᠰᠡᠨ ᠲᠡᠷᠢᠭᠦᠨ᠎ᠦ ᠵᠢᠭᠠᠬᠤ ᠮᠠᠲᠧᠷᠢᠶᠠᠯ᠎ᠢ ᠪᠣᠶ ᠪᠣᠯᠭᠠᠨ᠎ᠠ᠃
ᠣᠢᠯᠠᠭᠠᠭᠰᠠᠨ᠎ᠢᠶᠠᠷ᠂ 《ᠠᠷᠪᠠᠨ ᠳᠥᠷᠪᠡᠳᠦᠭᠡᠷ ᠲᠠᠪᠤᠨ ᠵᠢᠯ》᠎ᠤᠨ ᠬᠤᠭᠤᠴᠠᠭᠠᠨ᠎ᠳᠤ᠂
ᠥᠪᠥᠷ ᠮᠣᠩᠭᠣᠯ ᠰᠢ᠎ᠶᠢᠨ ᠫᠢᠩ᠎ᠦᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠨᠡᠢᠭᠡᠮ
ᠵᠢᠷᠤᠮ᠎ᠤᠨ ᠦᠵᠡᠯ ᠰᠠᠨᠠᠭ᠎ᠠ᠎ᠶᠢ ᠵᠢᠭᠠᠬᠤ ᠮᠠᠲᠧᠷᠢᠶᠠᠯ᠎ᠳᠤ ᠣᠷᠣᠭᠤᠯᠬᠤ᠎ᠶᠢ ᠪᠥᠬᠥ ᠬᠦᠴᠦᠨ᠎ᠢᠶᠡᠷ᠎ᠢᠶᠡᠨ ᠠᠬᠢᠭᠤᠯᠵᠤ᠂
2021 ᠣᠨ᠎ᠳᠤ ᠥᠪᠡᠷᠲᠡᠭᠡᠨ ᠵᠠᠰᠠᠬᠤ ᠣᠷᠣᠨ᠎ᠤ ᠵᠢᠭᠠᠬᠤ ᠮᠠᠲᠧᠷᠢᠶᠠᠯ᠎ᠤᠨ ᠵᠥᠪᠯᠡᠯ᠎ᠢ ᠪᠠᠶ᠋ᠢᠭᠤᠯᠬᠤ᠎ᠶᠢᠨ ᠬᠠᠮᠲᠤ
ᠰᠤᠷᠭᠠᠨ ᠬᠥᠮᠦᠵᠢᠯ᠎ᠦᠨ ᠲᠢᠩᠬᠢᠮ᠎ᠳᠦ ᠲᠤᠰᠠᠭᠠᠷ ᠵᠢᠭᠠᠬᠤ ᠮᠠᠲᠧᠷᠢᠶᠠᠯ᠎ᠤᠨ ᠭᠠᠵᠠᠷ ᠲᠣᠬᠢᠷᠠᠭᠤᠯᠪᠠ᠃