1 ᠰᠠᠷ᠎ᠠ᠎ᠶᠢᠨ 13᠎ᠤ ᠡᠳᠦᠷ ᠪᠥᠬᠥ ᠣᠷᠣᠨ᠎ᠤ ᠴᠡᠷᠢᠭ᠎ᠡᠴᠡ ᠬᠠᠯᠠᠭᠳᠠᠭᠰᠠᠳ᠎ᠤᠨ ᠠᠵᠢᠯ᠎ᠤᠨ
ᠬᠤᠷᠠᠯ ᠬᠥᠬᠡᠬᠣᠲᠠ᠎ᠳᠤ ᠬᠤᠷᠠᠯᠳᠤᠵᠤ᠂ 《ᠠᠷᠪᠠᠨ ᠳᠥᠷᠪᠡᠳᠦᠭᠡᠷ ᠲᠠᠪᠤᠨ ᠵᠢᠯ》᠎ᠤᠨ ᠬᠤᠭᠤᠴᠠᠭᠠᠨ᠎ᠳᠠᠬᠢ ᠦᠷ᠎ᠡ ᠪᠦᠲᠦᠮᠵᠢ ᠲᠤᠷᠰᠢᠯᠭ᠎ᠠ᠎ᠶᠢ ᠪᠥᠬᠥ ᠲᠠᠯ᠎ᠠ᠎ᠪᠠᠷ ᠳ᠋ᠦᠩᠨᠡᠵᠦ᠂
2026 ᠣᠨ᠎ᠤ ᠭᠣᠣᠯᠳᠠᠯᠭ᠎ᠠ᠎ᠲᠠᠢ ᠠᠵᠢᠯ᠎ᠢ ᠪᠠᠢᠷᠢᠯᠠᠭᠤᠯᠤᠨ᠂ 《ᠠᠷᠪᠠᠨ
ᠲᠠᠪᠤᠳᠤᠭᠠᠷ ᠲᠠᠪᠤᠨ ᠵᠢᠯ》᠎ᠤᠨ ᠴᠡᠷᠢᠭ ᠡᠴᠡ ᠬᠠᠯᠠᠭᠳᠠᠭᠰᠠᠳ᠎ᠤᠨ ᠠᠵᠢᠯ᠎ᠢ
ᠰᠠᠢᠲᠤᠷ ᠡᠬᠢᠯᠡᠭᠦᠯᠵᠦ᠂ ᠴᠢᠭᠯᠡᠯ᠎ᠢ ᠨᠢ ᠰᠠᠢᠲᠤᠷ ᠲᠣᠭᠲᠠᠭᠠᠪᠠ᠃
ᠣᠢᠯᠠᠭᠠᠭᠰᠠᠨ᠎ᠢᠶᠠᠷ᠂ ᠠᠷᠪᠠᠨ
ᠳᠥᠷᠪᠡᠳᠦᠭᠡᠷ ᠲᠠᠪᠤᠨ ᠵᠢᠯ᠎ᠦᠨ ᠲᠥᠯᠦᠪᠵᠢᠭᠦᠯᠭᠡ᠎ᠶᠢᠨ ᠬᠤᠭᠤᠴᠠᠭᠠᠨ᠎ᠳᠤ᠂ ᠪᠦᠬᠦ ᠣᠷᠣᠨ᠎ᠤ ᠡᠯ᠎ᠡ ᠱᠠᠲᠤᠨ᠎ᠤ
ᠴᠡᠷᠢᠭ᠎ᠡᠴᠡ ᠬᠠᠯᠠᠭᠳᠠᠭᠰᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠤᠨ ᠬᠢᠨ ᠶᠡᠷᠦᠩᠬᠡᠢ ᠱᠦᠵᠢ ᠰᠢ᠎ᠶᠢᠨ ᠫᠢᠩ᠎ᠤᠨ ᠴᠢᠬᠤᠯᠠ ᠵᠢᠭᠠᠪᠤᠷᠢ ᠴᠣᠬᠣᠯᠠᠪᠤᠷᠢ
ᠪᠣᠯᠣᠨ ᠨᠠᠮ᠎ᠤᠨ ᠲᠥᠪ ᠬᠣᠷᠢᠶᠠᠨ᠎ᠤ ᠰᠢᠢᠳᠪᠦᠷᠢᠲᠦ ᠪᠣᠳᠣᠯᠭ᠎ᠠ᠎ᠶᠢᠨ ᠪᠠᠢᠷᠢᠯᠠᠭᠤᠯᠤᠯᠲᠠ᠎ᠶᠢ ᠡᠷᠡᠰ
ᠳᠤᠭᠤᠰᠢᠯᠠᠭᠤᠯᠤᠨ
ᠨᠠᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ
ᠣᠷᠳᠣᠨ᠎ᠤ ᠠᠵᠢᠯ᠎ᠤᠨ ᠱᠠᠭᠠᠷᠳᠠᠯᠭ᠎ᠠ᠎ᠶᠢ ᠬᠢᠨᠠᠮᠠᠭᠠᠢ ᠨᠠᠢᠳᠠᠪᠤᠷᠢᠵᠢᠭᠤᠯᠵᠤ᠂ ᠬᠦᠴᠢᠷ᠎ᠢ ᠲᠤᠭᠤᠯᠤᠨ ᠪᠡᠷᠬᠡ᠎ᠶᠢ
ᠳᠠᠪᠠᠵᠤ᠂ ᠦᠷᠭᠦᠯᠵᠢᠯᠡᠨ ᠲᠡᠮᠡᠴᠡᠵᠦ᠂ ᠨᠠᠮ᠎ᠤᠨ ᠤᠳᠤᠷᠢᠳᠤᠯᠭ᠎ᠠ᠎ᠶᠢ ᠪᠥᠬᠥ ᠲᠠᠯ᠎ᠠ᠎ᠪᠠᠷ ᠴᠢᠩᠭᠠᠳᠬᠠᠨ᠂ ᠲᠠᠰᠤᠷᠠᠯᠲᠠ
ᠦᠭᠡᠢ ᠡᠷᠴᠢᠮᠳᠠᠢ ᠤᠷᠤᠭᠰᠢᠯᠠᠬᠤ ᠬᠠᠨᠳᠤᠰᠢ ᠵᠢ ᠪᠠᠳᠤᠯᠠᠵᠤ᠂ ᠰᠠᠢᠨ ᠰᠤᠷᠲᠠᠯ᠎ᠢ ᠳᠠᠪᠲᠠᠨ ᠪᠣᠯᠪᠠᠰᠤᠷᠠᠭᠤᠯᠵᠤ᠂
ᠪᠥᠬᠥ ᠣᠷᠣᠨ᠎ᠤ ᠴᠡᠷᠢᠭ᠎ᠡᠴᠡ ᠬᠠᠯᠠᠭᠳᠠᠭᠰᠠᠳ ᠪᠠ ᠬᠣᠶᠠᠷ᠎ᠢ ᠬᠦᠷᠢᠶᠡᠯᠡᠬᠦ ᠠᠵᠢᠯ ᠢᠯᠡᠳᠲᠡ ᠠᠮᠵᠢᠯᠲᠠ ᠣᠯᠪᠠ᠃
ᠬᠤᠷᠠᠯ᠎ᠠᠴᠠ᠂ ᠡᠨᠡ ᠵᠢᠯ ᠪᠦᠬᠦ
ᠣᠷᠣᠨ᠎ᠤ ᠡᠯ᠎ᠡ ᠱᠠᠲᠤᠨ᠎ᠤ ᠴᠡᠷᠢᠭ᠎ᠡᠴᠡ ᠬᠠᠯᠠᠭᠳᠠᠭᠰᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠤᠨ ᠬᠢᠨ ᠪᠦᠬᠦ
ᠤᠯᠤᠰ᠎ᠤᠨ 《ᠠᠷᠪᠠᠨ ᠲᠠᠪᠤᠳᠤᠭᠠᠷ ᠲᠠᠪᠤᠨ ᠵᠢᠯ》᠎ᠦᠨ ᠲᠥᠯᠦᠪᠵᠢᠭᠦᠯᠭᠡ᠎ᠶᠢᠨ
ᠴᠡᠷᠢᠭ᠎ᠡᠴᠡ ᠬᠠᠯᠠᠭᠳᠠᠭᠰᠠᠳ᠎ᠤᠨ ᠦᠢᠯᠡᠴᠢᠯᠡᠭᠡ ᠪᠠ ᠪᠠᠲᠤᠯᠠᠭ᠎ᠠ᠎ᠶᠢᠨ ᠲᠤᠰᠬᠠᠢ ᠲᠥᠯᠦᠪᠵᠢᠭᠦᠯᠭᠡ᠎ᠲᠠᠢ ᠨᠢᠭ᠍ᠲᠠ
ᠵᠤᠯᠭᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ 《1571》 ᠠᠵᠢᠯ᠎ᠤᠨ ᠪᠠᠢᠷᠢᠯᠠᠭᠤᠯᠤᠯᠲᠠ᠎ᠶᠢ ᠳᠤᠭᠤᠰᠢᠯᠠᠭᠤᠯᠤᠨ
ᠨᠠᠢᠳᠠᠪᠤᠷᠢᠵᠢᠭᠤᠯᠬᠤ᠎ᠶᠢᠨ ᠲᠣᠭᠣᠷᠢᠨ᠎ᠳᠤ᠂ ᠠᠵᠢᠯ᠎ᠤᠨ ᠰᠠᠭᠤᠷᠢ᠎ᠪᠠᠨ ᠪᠡᠬᠢᠵᠢᠭᠦᠯᠵᠦ᠂ ᠥᠭᠡᠷᠡᠴᠢᠯᠡᠯᠲᠡ ᠬᠢᠵᠦ
ᠰᠢᠨ᠎ᠡ᠎ᠶᠢ ᠡᠭᠦᠳᠬᠦ᠎ᠶᠢ ᠭᠦᠨᠵᠡᠭᠡᠢᠷᠡᠭᠦᠯᠦᠨ᠂ ᠴᠡᠷᠢᠭ᠎ᠡᠴᠡ ᠬᠠᠯᠠᠭᠳᠠᠭᠰᠠᠳ᠎ᠢ ᠭᠥᠯᠢᠶᠡᠨ ᠠᠪᠴᠤ ᠲᠥᠪᠬᠢᠨᠡᠭᠦᠯᠬᠦ᠂
ᠦᠢᠯᠡᠴᠢᠯᠡᠭᠡ᠎ᠶᠢ ᠰᠠᠢᠲᠤᠷ ᠪᠠᠲᠤᠯᠠᠬᠤ᠂ ᠰᠤᠷᠭᠠᠨ ᠬᠥᠮᠦᠵᠢᠯ᠎ᠢ ᠰᠠᠢᠲᠤᠷ ᠬᠠᠮᠢᠶᠠᠷᠬᠤ᠂ ᠦᠢᠯᠡᠳᠦᠯ᠎ᠢ ᠰᠠᠢᠲᠤᠷ
ᠪᠠᠳᠠᠷᠠᠭᠤᠯᠬᠤ᠂ ᠡᠷᠬᠡ ᠠᠰᠢᠭ᠋᠎ᠢ ᠰᠠᠢᠲᠤᠷ ᠬᠠᠮᠠᠭᠠᠯᠠᠬᠤ᠎ᠶᠢ ᠦᠨᠡᠨᠬᠦ ᠪᠠᠲᠤᠯᠠᠵᠤ᠂ ᠴᠡᠷᠢᠭ ᠵᠠᠰᠠᠭ ᠴᠡᠷᠢᠭ
ᠠᠷᠠᠳ᠎ᠤᠨ ᠪᠦᠯᠬᠦᠮᠳᠡᠯ᠎ᠢ ᠦᠷᠭᠦᠯᠵᠢᠯᠡᠨ ᠪᠡᠬᠢᠵᠢᠭᠦᠯᠦᠨ ᠬᠥᠭᠵᠢᠭᠦᠯᠵᠦ᠂ 《ᠠᠷᠪᠠᠨ ᠲᠠᠪᠤᠳᠤᠭᠠᠷ ᠲᠠᠪᠤᠨ ᠵᠢᠯ》᠎ᠦᠨ ᠰᠠᠢᠨ
ᠡᠬᠢᠯᠡᠯᠲᠡ᠎ᠶᠢ ᠦᠨᠡᠨᠬᠦ ᠪᠠᠲᠤᠯᠠᠬᠤ ᠬᠡᠷᠡᠭᠲᠡᠢ᠃ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ
ᠤᠬᠠᠮᠰᠠᠷ᠎ᠢ ᠪᠠᠲᠤ ᠴᠤᠭᠴᠠᠯᠠᠬᠤ ᠭᠣᠣᠯ ᠰᠢᠵᠢᠮ᠎ᠢ ᠪᠦᠬᠦ ᠲᠠᠯ᠎ᠠ᠎ᠪᠠᠷ ᠳᠤᠭᠤᠰᠢᠯᠠᠭᠤᠯᠵᠤ᠂ ᠪᠦᠬᠦ ᠲᠤᠬᠠᠢᠯᠠᠭᠰᠠᠨ
ᠠᠵᠢᠯ ᠪᠦᠬᠦ ᠶᠠᠪᠤᠴᠠ᠎ᠳᠤ ᠭᠣᠣᠯ ᠰᠢᠵᠢᠮ᠎ᠦᠨ ᠱᠠᠭᠠᠷᠳᠠᠯᠭ᠎ᠠ᠎ᠶᠢ ᠳᠤᠭᠤᠰᠢᠯᠠᠭᠤᠯᠤᠨ ᠨᠠᠢᠳᠠᠪᠤᠷᠢᠵᠢᠭᠤᠯᠬᠤ᠎ᠶᠢ
ᠪᠠᠲᠤᠯᠠᠬᠤ ᠬᠡᠷᠡᠭᠳᠠᠢ; ᠦᠵᠡᠯ ᠰᠠᠨᠠᠭ᠎ᠠ ᠤᠯᠤᠰ ᠲᠦᠷᠦ᠎ᠶᠢᠨ ᠵᠢᠯᠣᠭᠣᠳᠤᠯᠭ᠎ᠠ᠎ᠶᠢ ᠭᠦᠨᠵᠡᠭᠡᠢᠷᠡᠭᠦᠯᠦᠨ ᠪᠣᠳᠠᠲᠠᠢᠵᠢᠭᠤᠯᠬᠤ᠎ᠶᠢ
ᠶᠡᠬᠡ ᠪᠡᠷ ᠠᠬᠢᠭᠤᠯᠵᠤ᠂ ᠥᠷᠭᠡᠨ ᠤᠯᠠᠨ ᠴᠡᠷᠢᠭ᠎ᠡᠴᠡ ᠬᠠᠯᠠᠭᠳᠠᠭᠰᠠᠳ᠎ᠢ ᠬᠥᠲᠥᠯᠥᠨ ᠵᠢᠯᠤᠭᠣᠳᠴᠤ ᠪᠠᠢᠭᠠᠳ ᠴᠡᠷᠢᠭ᠎ᠡᠴᠡ
ᠬᠠᠯᠠᠭᠳᠠᠭᠰᠠᠳ᠎ᠤᠨ ᠥᠩᠭᠡ᠎ᠶᠢ ᠪᠠᠭᠤᠷᠠᠭᠤᠯᠬᠤ ᠦᠭᠡᠢ᠂ ᠥᠨᠢ ᠡᠭᠦᠷᠢᠳᠡ ᠨᠠᠮ᠎ᠢᠶᠠᠨ ᠳᠠᠭᠠᠬᠤ᠎ᠶᠢ ᠬᠥᠲᠥᠯᠥᠨ
ᠵᠢᠯᠤᠭᠣᠳᠬᠤ ᠬᠡᠷᠡᠭᠲᠡᠢ; ᠳᠥᠪᠬᠢᠨᠡᠭᠦᠯᠦᠨ ᠠᠵᠢᠯ ᠣᠯᠭᠣᠬᠤ ᠠᠵᠢᠯ᠎ᠢ ᠯᠠᠪᠳᠠᠭᠤᠨ ᠪᠠᠲᠤᠲᠠᠢ
ᠰᠠᠢᠲᠤᠷ ᠬᠢᠵᠦ᠂ ᠭᠥᠯᠢᠶᠡᠨ ᠠᠪᠴᠤ ᠲᠥᠪᠬᠢᠨᠡᠭᠦᠯᠬᠦ ᠡᠭᠦᠷᠭᠡ᠎ᠶᠢ ᠴᠢᠨᠠᠷ ᠰᠠᠢᠲᠠᠢ ᠪᠡᠶᠡᠯᠡᠭᠦᠯᠬᠦ ᠬᠡᠷᠡᠭᠲᠡᠢ᠃
ᠠᠵᠢᠯ ᠣᠯᠭᠣᠵᠤ ᠦᠢᠯᠡᠰ ᠪᠣᠰᠬᠠᠬᠤ ᠦᠢᠯᠡᠴᠢᠯᠡᠭᠡ᠎ᠶᠢ ᠪᠦᠬᠦ ᠲᠠᠯ᠎ᠠ᠎ᠪᠠᠷ ᠴᠢᠩᠭᠠᠳᠬᠠᠵᠤ᠂ ᠴᠡᠷᠢᠭ᠎ᠡᠴᠡ ᠬᠠᠯᠠᠭᠳᠠᠭᠰᠠᠳ᠎ᠤᠨ
ᠴᠢᠨᠠᠷ ᠰᠠᠢᠲᠠᠢ ᠭᠦᠢᠴᠡᠳ ᠠᠵᠢᠯ ᠣᠯᠭᠣᠯᠲᠠ᠎ᠶᠢ ᠠᠬᠢᠭᠤᠯᠬᠤ ᠬᠡᠷᠡᠭᠲᠡᠢ; ᠠᠰᠠᠷᠠᠨ
ᠬᠠᠷᠠᠭᠠᠯᠵᠠᠬᠤ ᠠᠵᠢᠯ ᠦᠢᠯᠡᠰ᠎ᠦᠨ ᠨᠢᠭᠡᠴᠢ᠎ᠶᠢᠨ ᠪᠦᠲᠦᠭᠡᠨ ᠪᠠᠢᠭᠤᠯᠤᠯᠲᠠ᠎ᠶᠢ ᠦᠨᠡᠨ ᠬᠦ᠌ ᠴᠢᠩᠭᠠᠳᠬᠠᠵᠤ᠂
ᠰᠢᠨ᠎ᠡ ᠪᠠᠢᠳᠠᠯ᠎ᠳᠤ ᠢᠳᠡᠪᠬᠢᠲᠡᠢ᠎ᠪᠡᠷ ᠵᠣᠬᠢᠴᠠᠭᠤᠯᠤᠨ᠂ ᠲᠣᠪᠣᠢᠮ᠎ᠠ ᠠᠰᠠᠭᠤᠳᠠᠯ᠎ᠢ ᠬᠦᠴᠦᠯᠡᠨ ᠰᠢᠢᠳᠪᠦᠷᠢᠯᠡᠵᠦ᠂
ᠠᠰᠠᠷᠠᠨ ᠬᠠᠷᠠᠭᠠᠯᠵᠠᠬᠤ ᠪᠠᠲᠤᠯᠠᠭ᠎ᠠ᠎ᠶᠢᠨ ᠬᠢᠷᠢ ᠬᠡᠮᠵᠢᠶ᠎ᠡ᠎ᠶᠢ ᠳᠡᠭᠡᠭᠰᠢᠯᠡᠭᠦᠯᠬᠦ ᠬᠡᠷᠡᠭᠲᠡᠢ; ᠠᠰᠠᠷᠠᠮᠵᠢ ᠬᠠᠷᠠᠭᠠᠯᠵᠠᠯ᠎ᠤᠨ ᠲᠦᠷᠦ᠎ᠶᠢᠨ ᠪᠣᠳᠣᠯᠭ᠎ᠠ᠎ᠶᠢ ᠴᠢᠩᠭ᠎ᠠ ᠨᠠᠢᠳᠠᠪᠤᠷᠢᠵᠢᠭᠤᠯᠵᠤ᠂
ᠬᠦᠨᠳᠦᠳᠬᠡᠨ ᠪᠢᠰᠢᠷᠡᠬᠦ ᠭᠦᠨ ᠵᠤᠵᠠᠭᠠᠨ ᠠᠭᠤᠷ ᠠᠮᠢᠰᠬᠤᠯ᠎ᠢ ᠪᠤᠢ ᠪᠣᠯᠭᠠᠬᠤ ᠬᠡᠷᠡᠭᠲᠡᠢ; ᠬᠣᠶᠠᠷ᠎ᠢ ᠬᠦᠷᠢᠶᠡᠯᠡᠬᠦ ᠠᠵᠢᠯ᠎ᠤᠨ ᠲᠣᠭᠲᠠᠴᠠ᠎ᠶᠢ ᠲᠠᠰᠤᠷᠠᠯᠲᠠ ᠦᠭᠡᠢ ᠪᠦᠷᠢᠨᠰᠢᠭᠦᠯᠦᠨ
ᠲᠡᠭᠦᠯᠳᠡᠷᠵᠢᠭᠦᠯᠵᠦ᠂ ᠥᠪᠥᠷ ᠮᠣᠩᠭᠣᠯ᠎ᠤᠨ ᠣᠨᠴᠠᠯᠢᠭ᠋᠎ᠲᠠᠢ ᠬᠣᠶᠠᠷ᠎ᠢ ᠬᠦᠷᠢᠶᠡᠯᠡᠬᠦ ᠲᠥᠷᠥᠯ ᠲᠡᠮᠳᠡᠭ᠎ᠢ ᠪᠣᠶ
ᠪᠣᠯᠭᠠᠬᠤ ᠬᠡᠷᠡᠭᠲᠡᠢ; ᠦᠨᠳᠦᠰᠦᠨ ᠱᠠᠲᠤᠨ᠎ᠤ ᠰᠠᠭᠤᠷᠢ᠎ᠶᠢ ᠤᠯᠠᠮ ᠨᠢᠭᠡ
ᠠᠯᠬᠤᠮ ᠪᠡᠬᠢᠵᠢᠭᠦᠯᠵᠦ᠂ ᠦᠢᠯᠡᠴᠢᠯᠡᠭᠡᠨ᠎ᠦ ᠲᠥᠪ (ᠥᠷᠲᠡᠭᠡ) ᠪᠠ ᠮᠡᠳᠡᠭᠡ ᠵᠠᠩᠭᠢᠴᠢᠯᠠᠯᠳᠠ᠎ᠶᠢᠨ ᠪᠦᠲᠦᠭᠡᠨ ᠪᠠᠢᠭᠤᠯᠤᠯᠲᠠ᠎ᠶᠢ ᠴᠢᠩᠭᠠᠳᠬᠠᠨ᠂ ᠦᠢᠯᠡᠴᠢᠯᠡᠭᠡᠨ᠎ᠦ
ᠪᠠᠲᠤᠯᠠᠭ᠎ᠠ᠎ᠶᠢᠨ ᠴᠢᠳᠠᠪᠤᠷᠢ᠎ᠶᠢ ᠳᠡᠭᠡᠭᠰᠢᠯᠡᠭᠦᠯᠬᠦ ᠬᠡᠷᠡᠭᠲᠡᠢ ᠭᠡᠵᠤ ᠱᠠᠭᠠᠷᠳᠠᠪᠠ᠃
ᠬᠤᠷᠠᠯ᠎ᠠᠴᠠ᠂ ᠪᠦᠬᠦ ᠣᠷᠣᠨ᠎ᠤ
ᠡᠯ᠎ᠡ ᠱᠠᠲᠤᠨ᠎ᠤ ᠴᠡᠷᠢᠭ᠎ᠡᠴᠡ ᠬᠠᠯᠠᠭᠳᠠᠭᠰᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠦᠨ ᠬᠢᠨ ᠥᠪᠡᠷᠲᠡᠭᠡᠨ
ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ 《ᠰᠤᠷᠤᠯᠴᠠᠯᠭ᠎ᠠ᠎ᠶᠢ ᠶᠡᠬᠡ ᠪᠡᠷ
ᠡᠷᠬᠢᠮᠯᠡᠬᠦ᠂ ᠭᠦᠨᠵᠡᠭᠡᠢ ᠪᠠᠢᠴᠠᠭᠠᠨ ᠰᠤᠳᠤᠯᠤᠯᠲᠠ ᠬᠢᠬᠦ᠂
ᠦᠨᠡᠨᠬᠦ ᠠᠳᠬᠤᠨ ᠪᠣᠳᠠᠲᠠᠢ ᠠᠵᠢᠯᠯᠠᠬᠤ᠂ ᠠᠷᠢᠭᠤᠨ ᠴᠢᠬᠡᠴᠢ ᠪᠠᠢᠬᠤ》 ᠱᠠᠭᠠᠷᠳᠠᠯᠭ᠎ᠠ᠎ᠶᠢ ᠨᠠᠷᠢᠨ ᠬᠢᠨᠠᠮᠠᠭᠠᠢ ᠳᠤᠭᠤᠰᠢᠯᠠᠭᠤᠯᠤᠨ ᠨᠠᠢᠳᠠᠪᠤᠷᠢᠵᠢᠭᠤᠯᠵᠤ᠂ ᠴᠢᠳᠠᠪᠤᠷᠢ
ᠰᠤᠷᠲᠠᠯ᠎ᠤᠨ ᠪᠠᠢᠭᠤᠯᠤᠯᠲᠠ᠎ᠶᠢ ᠦᠨᠡᠨᠬᠦ ᠴᠢᠩᠭᠠᠳᠬᠠᠵᠤ᠂ ᠤᠯᠤᠰ ᠲᠦᠷᠦ᠎ᠶᠢᠨ ᠲᠠᠯ᠎ᠠ᠎ᠪᠠᠷ ᠪᠠᠲᠤ ᠴᠢᠩᠭ᠎ᠠ᠂
ᠲᠤᠬᠠᠢᠯᠠᠭᠰᠠᠨ ᠠᠵᠢᠯ᠎ᠳᠠᠭᠠᠨ ᠴᠠᠭᠠᠷᠠᠭᠰᠠᠨ᠂ ᠣᠪᠣᠷ ᠰᠤᠷᠲᠠᠯ᠎ᠢᠶᠠᠷ ᠪᠠᠲᠤ ᠴᠢᠩᠭ᠎ᠠ ᠥᠨᠳᠥᠷ ᠬᠡᠪ ᠪᠣᠯᠪᠠᠰᠤᠷᠠᠯ᠎ᠲᠠᠢ
ᠺᠠᠳ᠋ᠷ᠎ᠤᠨ ᠡᠩᠨᠡᠭᠡ᠎ᠶᠢ ᠪᠠᠢᠭᠤᠯᠵᠤ᠂ ᠴᠡᠷᠢᠭ᠎ᠡᠴᠡ ᠬᠠᠯᠠᠭᠳᠠᠭᠰᠠᠳ᠎ᠤᠨ ᠠᠵᠢᠯ᠎ᠤᠨ ᠴᠢᠨᠠᠷ ᠰᠠᠢᠲᠠᠢ ᠬᠥᠭᠵᠢᠯᠲᠡ᠎ᠳᠦ
ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ᠃