ᠠᠵᠢᠯᠲᠠᠨ ᠠᠵᠢᠯᠴᠢᠨ᠎ᠤ ᠰᠣᠶᠣᠯ ᠵᠢᠭᠤᠯᠴᠢᠯᠠᠯ᠎ᠤᠨ ᠬᠡᠷᠡᠭᠯᠡᠭᠡ ᠵᠢᠨ ᠳᠠᠯᠳᠠ ᠬᠦᠴᠦᠨ᠎ᠢ ᠪᠠᠳᠠᠷᠠᠭᠤᠯᠤᠨ᠎ᠠ
2026-01-16 16:28:15
ᠵᠣᠬᠢᠶᠠᠭ᠍ᠴᠢ᠄
ᠹᠧᠩ ᠰᠢᠦᠸᠠᠢ ᠢᠦᠢ᠂ ᠮᠠ ᠹᠠᠩ
ᠣᠩᠱᠢᠭ᠍ᠰᠠᠨ ᠣᠳᠠᠭ᠎ᠠ᠄
★★★☆☆

ᠲᠦᠷᠦᠭᠦᠬᠡᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠂ ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠶᠡᠷᠦᠩᠬᠡᠢ ᠡᠪᠯᠡᠯ ᠬᠠᠮᠲᠤᠷᠠᠨ《ᠠᠵᠢᠯᠲᠠᠨ ᠠᠵᠢᠯᠴᠢᠨ᠎ᠤ ᠬᠡᠷᠡᠭᠯᠡᠭᠡ ᠵᠢᠨ ᠳᠠᠯᠳᠠ ᠬᠦᠴᠦᠨ᠎ᠢ ᠪᠠᠳᠠᠷᠠᠭᠤᠯᠵᠤ ᠰᠣᠶᠣᠯ ᠵᠢᠭᠤᠯᠴᠢᠯᠠᠯ᠎ᠤᠨ ᠬᠡᠷᠡᠭᠯᠡᠭᠡ ᠵᠢ ᠠᠬᠢᠭᠤᠯᠬᠤ ᠲᠤᠬᠠᠢ ᠮᠡᠳᠡᠭᠳᠡᠯ》 (ᠳᠣᠷᠣᠭ᠍ᠰᠢ 《ᠮᠡᠳᠡᠭᠳᠡᠯ》 ᠭᠡᠵᠦ ᠲᠣᠪᠴᠢᠯᠠᠨ᠎ᠠ)᠎ᠢ ᠳᠠᠷᠤᠮᠠᠯᠯᠠᠨ ᠲᠠᠷᠬᠠᠭᠠᠵᠤ᠂ ᠣᠯᠠᠨ ᠵᠦᠢᠯ᠎ᠦᠨ ᠠᠷᠭ᠎ᠠ ᠬᠡᠮᠵᠢᠶ᠎ᠡ ᠪᠡᠷ ᠠᠵᠢᠯᠲᠠᠨ ᠠᠵᠢᠯᠴᠢᠨ᠎ᠤ ᠰᠣᠶᠣᠯ ᠵᠢᠭᠤᠯᠴᠢᠯᠠᠯ᠎ᠤᠨ ᠬᠡᠷᠡᠭᠯᠡᠭᠡ ᠵᠢ ᠠᠬᠢᠭᠤᠯᠵᠤ᠂ ᠥᠷᠭᠡᠨ ᠣᠯᠠᠨ ᠠᠵᠢᠯᠲᠠᠨ ᠠᠵᠢᠯᠴᠢᠨ᠎ᠤ ᠡᠳᠦᠷ ᠢᠷᠡᠬᠦᠶ᠎ᠡ ᠨᠡᠮᠡᠭᠳᠡᠵᠦ ᠪᠠᠢᠭ᠎ᠠ ᠣᠶᠤᠨ ᠰᠣᠶᠣᠯ᠎ᠤᠨ ᠬᠡᠷᠡᠭᠴᠡᠭᠡ᠎ᠶᠢ ᠬᠠᠨᠭᠭᠠᠬᠤ ᠪᠡᠷ ᠪᠠᠢᠨ᠎ᠠ᠃

ᠠᠵᠢᠯᠲᠠᠨ ᠠᠵᠢᠯᠴᠢᠨ᠎ᠤ ᠰᠣᠶᠣᠯ ᠵᠢᠭᠤᠯᠴᠢᠯᠠᠯ᠎ᠤᠨ ᠬᠡᠷᠡᠭᠯᠡᠭᠡ ᠵᠢᠨ ᠡᠷᠬᠡ ᠠᠰᠢᠭ᠋᠎ᠢ ᠥᠷᠭᠡᠳᠬᠡᠬᠦ ᠲᠠᠯ᠎ᠠ᠎ᠪᠠᠷ᠂ 《ᠮᠡᠳᠡᠭᠳᠡᠯ》᠎ᠳᠤ ᠠᠵᠢᠯᠲᠠᠨ ᠠᠵᠢᠯᠴᠢᠨ᠎ᠤ ᠰᠣᠶᠣᠯ ᠵᠢᠭᠤᠯᠴᠢᠯᠠᠯ᠎ᠤᠨ ᠬᠡᠷᠡᠭᠯᠡᠭᠡ᠎ᠳᠦ ᠳᠥᠷᠪᠡᠨ ᠲᠠᠯ᠎ᠠ᠎ᠪᠠᠷ ᠲᠥᠬᠥᠮ ᠦᠵᠡᠭᠦᠯᠵᠦ᠂ ᠪᠣᠳᠠᠲᠤ ᠠᠰᠢᠭ᠋ ᠬᠦᠷᠲᠡᠭᠡᠨ᠎ᠡ ᠭᠡᠵᠦ ᠲᠣᠳᠣᠷᠬᠠᠢ ᠲᠣᠭᠲᠠᠭᠠᠵᠠᠢ᠃ ᠦᠨᠳᠦᠰᠦᠨ ᠱᠠᠲᠤᠨ᠎ᠤ ᠠᠵᠢᠯᠴᠢᠨ᠎ᠤ ᠡᠪᠯᠡᠯ᠎ᠦᠨ ᠭᠡᠰᠢᠭᠦᠳ᠎ᠲᠸ᠋ ᠥᠪᠥᠷ ᠮᠣᠩᠭᠣᠯ᠎ᠤᠨ ᠰᠣᠶᠣᠯ ᠵᠢᠭᠤᠯᠴᠢᠯᠠᠯ᠎ᠤᠨ ᠪᠦᠷᠢᠨ ᠴᠢᠳᠠᠪᠬᠢᠳᠤ ᠺᠠᠷᠲ᠂ ᠠᠢᠮᠠᠭ ᠬᠣᠲᠠ᠎ᠶᠢᠨ ᠰᠣᠶᠣᠯ ᠵᠢᠭᠤᠯᠴᠢᠯᠠᠯ᠎ᠤᠨ ᠣᠨ᠎ᠤ ᠺᠠᠷᠲ ᠵᠡᠷᠭᠡ ᠦᠵᠡᠮᠵᠢ᠎ᠶᠢᠨ ᠣᠷᠣᠨ᠎ᠤ ᠣᠨ᠎ᠤ ᠪᠢᠯᠧᠲ᠎ᠢ ᠨᠢᠭᠡᠳᠦᠯᠲᠡᠢ ᠬᠤᠳᠠᠯᠳᠤᠨ ᠠᠪᠴᠤ ᠦᠭᠬᠦ ᠵᠢ ᠳᠡᠮᠵᠢᠨ᠎ᠡ; ᠦᠨᠳᠦᠰᠦᠨ ᠱᠠᠲᠤᠨ᠎ᠤ ᠠᠵᠢᠯᠴᠢᠨ᠎ᠤ ᠡᠪᠯᠡᠯ᠎ᠦᠨ ᠠᠵᠢᠯᠴᠢᠨ᠎ᠤ ᠡᠪᠯᠡᠯ᠎ᠦᠨ ᠬᠡᠷᠡᠭᠯᠡᠭᠡᠨ᠎ᠦ ᠲᠡᠮᠳᠡᠭᠲᠦ ᠲᠠᠷᠬᠠᠭᠠᠵᠤ ᠰᠣᠶᠣᠯ ᠵᠢᠭᠤᠯᠴᠢᠯᠠᠯ᠎ᠤᠨ ᠰᠢᠯᠢᠳᠡᠭ ᠪᠦᠲᠦᠭᠡᠭᠳᠡᠬᠦᠨ᠎ᠢ ᠬᠤᠳᠠᠯᠳᠤᠨ ᠠᠪᠬᠤ ᠵᠢ ᠳᠡᠮᠵᠢᠨ᠎ᠡ; ᠪᠥᠬᠥ ᠣᠷᠣᠨ᠎ᠤ ᠦᠵᠡᠮᠵᠢ᠎ᠶᠢᠨ ᠣᠷᠣᠨ ᠦᠵᠡᠮᠵᠢ᠎ᠶᠢᠨ ᠭᠠᠵᠠᠷ᠂ ᠰᠣᠶᠣᠯ᠎ᠤᠨ ᠮᠦᠽᠸᠢ ᠦᠵᠡᠰᠬᠦᠯᠡᠩ᠎ᠦᠨ ᠲᠠᠯᠠᠪᠤᠷ ᠣᠷᠳᠣᠨ᠂ ᠲᠢᠶᠠᠲᠷ ᠵᠡᠷᠭᠡ ᠰᠣᠶᠣᠯ ᠵᠢᠭᠤᠯᠴᠢᠯᠠᠯ᠎ᠤᠨ ᠲᠠᠯᠠᠪᠤᠷ ᠭᠠᠵᠠᠷ᠎ᠲᠤ ᠰᠠᠷ᠎ᠠ ᠪᠦᠷᠢ 《ᠠᠵᠢᠯᠴᠢᠨ᠎ᠤ ᠡᠪᠯᠡᠯ᠎ᠦᠨ ᠭᠡᠰᠢᠭᠦᠨ᠎ᠦ ᠡᠳᠦᠷᠯᠢᠭ》᠎ᠢ ᠲᠣᠭᠲᠠᠭᠠᠵᠤ᠂ ᠺᠠᠷᠲ᠎ᠲᠠᠢ ᠭᠡᠰᠢᠭᠦᠨ᠎ᠳᠦ ᠲᠤᠰᠬᠠᠢ ᠬᠢᠮᠳᠠᠷᠠᠯ᠂ ᠤᠷᠢᠳᠴᠢᠯᠠᠨ ᠪᠡᠶᠡᠴᠢᠯᠡᠨ ᠣᠢᠯᠠᠭᠠᠬᠤ ᠵᠡᠷᠭᠡ ᠣᠨᠴᠠ ᠬᠠᠷᠠᠭᠠᠯᠵᠠᠯᠲᠤ ᠦᠢᠯᠡᠴᠢᠯᠡᠭᠡ ᠬᠠᠩᠭᠠᠬᠤ᠎ᠶᠢ ᠵᠣᠷᠢᠭ᠍ᠵᠢᠭᠤᠯᠤᠨ᠎ᠠ; ᠡᠯ᠎ᠡ ᠭᠠᠵᠠᠷ᠎ᠤᠨ ᠬᠢᠨ᠎ᠦ ᠲᠣᠭᠠᠴᠢᠯᠠᠭᠰᠠᠨ ᠦᠢᠯᠡᠴᠢᠯᠡᠭᠡᠨ᠎ᠦ ᠲᠠᠪᠴᠠᠩ᠎ᠳᠤ ᠲᠦᠰᠢᠭᠯᠡᠨ ᠠᠵᠢᠯᠴᠢᠨ᠎ᠤ ᠡᠪᠯᠡᠯ᠎ᠦᠨ ᠭᠡᠰᠢᠭᠦᠳ᠎ᠦᠨ ᠰᠣᠶᠣᠯ ᠵᠢᠭᠤᠯᠴᠢᠯᠠᠯ᠎ᠤᠨ ᠬᠡᠷᠡᠭᠯᠡᠭᠡ ᠵᠢᠨ ᠲᠤᠰᠬᠠᠢ ᠳᠤᠭᠤᠷᠢᠭ ᠭᠠᠷᠭᠠᠬᠤ᠎ᠶᠢ ᠵᠣᠷᠢᠭ᠍ᠵᠢᠭᠤᠯᠤᠨ᠎ᠠ ᠬᠡᠵᠤ ᠳᠤᠭᠳᠠᠭᠠᠪᠠ᠃

《ᠮᠡᠳᠡᠭᠳᠡᠯ》 ᠳ᠋ᠤ᠂ ᠦᠨᠳᠦᠰᠦᠨ ᠱᠠᠲᠤᠨ᠎ᠤ ᠠᠵᠢᠯᠴᠢᠨ᠎ᠤ ᠡᠪᠯᠡᠯ ᠵᠢᠯ ᠪᠦᠷᠢ ᠲᠤᠬᠠᠢ᠎ᠶᠢᠨ ᠭᠠᠵᠠᠷ᠎ᠤᠨ ᠪᠣᠳᠠᠲᠤ ᠪᠠᠢᠳᠠᠯ᠎ᠢᠶᠠᠨ ᠦᠨᠳᠦᠰᠦᠯᠡᠨ ᠠᠵᠢᠯᠴᠢᠨ᠎ᠤ ᠡᠪᠯᠡᠯ᠎ᠦᠨ ᠭᠡᠰᠢᠭᠦᠳ᠎ᠢ ᠵᠣᠬᠢᠶᠠᠨ ᠪᠠᠢᠭᠤᠯᠵᠤ ᠬᠠᠪᠤᠷ ᠨᠠᠮᠤᠷ᠎ᠤᠨ ᠵᠢᠭᠤᠯᠴᠢᠯᠠᠯ ᠥᠷᠨᠢᠭᠦᠯᠵᠦ ᠪᠣᠯᠣᠨ᠎ᠠ᠂ ᠬᠠᠮᠤᠭ᠎ᠤᠨ ᠠᠷᠪᠢᠨ᠎ᠳᠠᠭᠠᠨ 4 ᠤᠳᠠᠭ᠎ᠠ᠎ᠠᠴᠠ ᠬᠡᠲᠦᠷᠡᠭᠦᠯᠵᠦ ᠪᠣᠯᠬᠤ ᠦᠭᠡᠢ; ᠰᠣᠶᠣᠯ ᠵᠢᠭᠤᠯᠴᠢᠯᠠᠯ᠎ᠤᠨ ᠰᠠᠯᠠᠭ᠎ᠠ ᠮᠥᠴᠢᠷ᠎ᠦᠨ ᠪᠦᠦ ᠯᠢ ᠵᠦᠴᠦᠭᠡ᠎ᠶᠢᠨ ᠬᠦᠷᠢᠶᠡᠯᠡᠩ᠎ᠤᠨ ᠲᠤᠭᠯᠠᠯᠲᠠ ᠵᠡᠷᠭᠡ ᠤᠯᠤᠰ᠎ᠤᠨ ᠳᠣᠲᠣᠭᠠᠳᠤ ᠭᠠᠳᠠᠭᠠᠳᠤ᠎ᠶᠢᠨ ᠰᠢᠯᠢᠳᠡᠭ ᠤᠷᠠᠨ ᠰᠠᠢᠬᠠᠨ᠎ᠤ ᠲᠣᠭᠯᠠᠯᠲᠠ᠎ᠶᠢ ᠢᠳᠡᠪᠬᠢᠲᠡᠢ ᠣᠷᠣᠭᠤᠯᠤᠨ ᠠᠪᠴᠢᠷᠠᠵᠤ᠂ ᠵᠤᠨ ᠡᠪᠦᠯ᠎ᠦᠨ ᠨᠠᠭᠠᠳᠤᠮ᠂ ᠳᠤᠮᠳᠠᠳᠤ ᠣᠷᠣᠰ ᠮᠣᠩᠭᠣᠯ᠎ᠤᠨ ᠣᠯᠠᠨ ᠤᠯᠤᠰ᠎ᠤᠨ ᠴᠠᠰᠤ ᠮᠥᠰᠥᠨ᠎ᠤ ᠨᠠᠢᠷ ᠵᠡᠷᠭᠡ ᠲᠦᠷᠦᠯ ᠲᠡᠮᠳᠡᠭᠲᠦ ᠰᠣᠶᠣᠯ ᠵᠢᠭᠤᠯᠴᠢᠯᠠᠯ᠎ᠤᠨ ᠠᠵᠢᠯᠯᠠᠭ᠎ᠠ᠎ᠶᠢ ᠦᠷᠭᠦᠯᠵᠢᠯᠡᠨ ᠰᠠᠢᠲᠤᠷ ᠡᠷᠭᠢᠯᠡᠬᠦ ᠵᠢ ᠵᠣᠷᠢᠭ᠍ᠵᠢᠭᠤᠯᠤᠨ᠎ᠠ; ᠠᠢᠮᠠᠭ ᠬᠣᠲᠠ᠂ ᠬᠣᠰᠢᠭᠤ ᠰᠢᠶᠠᠨ ᠬᠣᠶᠠᠷ ᠱᠠᠲᠤᠨ᠎ᠤ ᠠᠵᠢᠯᠴᠢᠨ᠎ᠤ ᠰᠣᠶᠣᠯ᠎ᠤᠨ ᠣᠷᠳᠣᠨ᠎ᠤ 《ᠰᠣᠶᠣᠯ ᠵᠢᠡᠷ ᠠᠵᠢᠯᠴᠢᠨ ᠳ᠋ᠤ ᠬᠠᠷᠠᠭᠠᠯᠵᠠᠯ ᠦᠵᠡᠬᠦᠯᠬᠦ》 ᠲᠣᠭᠯᠠᠯᠲᠠ᠂ ᠠᠵᠢᠯᠲᠠᠨ ᠠᠵᠢᠯᠴᠢᠨ᠎ᠤ ᠤᠷᠠᠨ ᠰᠠᠢᠬᠠᠨ᠎ᠤ ᠬᠠᠮᠲᠤᠷᠠᠭᠰᠠᠨ ᠲᠣᠭᠯᠠᠯᠲᠠ᠂ ᠤᠷᠠᠯᠢᠭ᠋᠎ᠤᠨ ᠪᠣᠯᠪᠠᠰᠤᠷᠠᠯ ᠵᠡᠷᠭᠡ ᠠᠵᠢᠯᠯᠠᠭ᠎ᠠ᠎ᠶᠢ ᠪᠠᠢᠩᠭᠤᠵᠢᠭᠤᠯᠤᠨ ᠥᠷᠨᠢᠭᠦᠯᠬᠦ᠎ᠶᠢ ᠳᠡᠮᠵᠢᠨ᠎ᠡ; ᠠᠵᠢᠯᠴᠢᠨ᠎ᠤ ᠡᠪᠯᠡᠯ᠎ᠤᠨ ᠭᠡᠰᠢᠭᠦᠳ᠎ᠦᠨ ᠡᠪᠯᠡᠯ᠎ᠤᠨ ᠰᠦᠢᠳᠬᠡᠯ᠎ᠢ ᠬᠡᠷᠡᠭᠯᠡᠬᠦ ᠬᠡᠪᠴᠢᠶ᠎ᠡ᠎ᠶᠢ ᠤᠯᠠᠮ ᠨᠢᠭᠡ ᠠᠯᠬᠤᠮ ᠥᠷᠭᠡᠳᠬᠡᠵᠦ᠂ ᠺᠢᠨᠣ᠋᠂ ᠤᠷᠠᠨ ᠰᠠᠢᠬᠠᠨ᠎ᠤ ᠲᠣᠭᠯᠠᠯᠲᠠ ᠦᠵᠡᠬᠦ᠂ ᠰᠣᠶᠣᠯ᠎ᠤᠨ ᠪᠦᠳᠦᠭᠡᠯᠴᠢ ᠦᠢᠯᠡᠳᠬᠦᠨ ᠬᠤᠳᠠᠯᠳᠤᠨ ᠠᠪᠬᠤ᠎ᠶᠢ ᠳᠡᠮᠵᠢᠵᠦ᠂ ᠠᠵᠢᠯᠲᠠᠨ ᠠᠵᠢᠯᠴᠢᠨ᠎ᠤ ᠣᠯᠠᠨ ᠡᠰᠢᠲᠦ ᠰᠣᠶᠣᠯ᠎ᠤᠨ ᠬᠡᠷᠡᠭᠴᠡᠭᠡ ᠱᠠᠭᠠᠷᠳᠠᠯᠭ᠎ᠠ᠎ᠶᠢ ᠬᠠᠩᠭᠠᠨ᠎ᠠ ᠬᠡᠵᠤ ᠳᠤᠳᠤᠷᠬᠠᠢᠯᠠᠪᠠ᠃

ᠠᠵᠢᠯᠲᠠᠨ ᠠᠵᠢᠯᠴᠢᠨ᠎ᠤ ᠰᠣᠶᠣᠯ ᠵᠢᠭᠤᠯᠴᠢᠯᠠᠯ᠎ᠤᠨ ᠬᠡᠷᠡᠭᠯᠡᠭᠡ ᠵᠢᠨ ᠪᠠᠲᠤᠯᠠᠭ᠎ᠠ᠎ᠶᠢ ᠴᠢᠩᠭᠠᠳᠬᠠᠬᠤ ᠲᠠᠯ᠎ᠠ᠎ᠪᠠᠷ᠂ 《ᠮᠡᠳᠡᠭᠳᠡᠯ》 ᠳ᠋ᠤ ᠣᠯᠠᠨ ᠡᠰᠢᠴᠢᠯᠡᠭᠰᠡᠨ ᠬᠠᠷᠠᠭᠠᠯᠵᠠᠯ᠎ᠤᠨ ᠠᠷᠭ᠎ᠠ ᠬᠡᠮᠵᠢᠶ᠎ᠡ᠎ᠶᠢ ᠳᠤᠷᠠᠳᠤᠨ ᠭᠠᠷᠭᠠᠵᠤ᠂ ᠠᠵᠢᠯᠲᠠᠨ ᠠᠵᠢᠯᠴᠢᠨ᠎ᠤ ᠰᠣᠶᠣᠯ ᠵᠢᠭᠤᠯᠴᠢᠯᠠᠯ᠎ᠤᠨ ᠣᠨ᠎ᠤ ᠺᠠᠷᠲ᠎ᠵᠢᠡᠷ ᠭᠡᠷ ᠪᠦᠯᠢ᠎ᠶᠢᠨ ᠵᠢᠭᠤᠯᠴᠢᠯᠠᠯ᠂ ᠪᠥᠬᠥ ᠤᠯᠠᠷᠢᠯ᠎ᠤᠨ ᠵᠢᠭᠤᠯᠴᠢᠯᠠᠯ ᠥᠷᠨᠢᠭᠦᠯᠬᠦ᠎ᠶᠢ ᠰᠠᠨᠠᠭᠠᠴᠢᠯᠠᠵᠤ᠂ ᠬᠣᠯᠪᠣᠭᠳᠠᠯ ᠪᠦᠬᠦᠢ ᠠᠵᠤ ᠠᠬᠤᠢᠯᠠᠯ᠎ᠤᠨ ᠠᠵᠢᠯᠴᠢᠨ᠎ᠤ ᠡᠪᠯᠡᠯ᠎ᠦᠨ ᠭᠡᠰᠢᠭᠦᠳ᠎ᠲᠦ ᠬᠠᠨᠳᠤᠭᠤᠯᠤᠭᠰᠠᠨ ᠲᠣᠰᠣ᠌ ᠨᠡᠮᠡᠬᠦ ᠪᠠ ᠮᠠᠰᠢᠨ ᠲᠡᠷᠭᠡ ᠤᠬᠢᠶᠠᠬᠤ᠂ ᠢᠳᠡᠭᠡᠨ ᠤᠮᠳᠠᠭᠠᠨ ᠪᠠᠷᠠᠭ᠎ᠠ ᠬᠤᠳᠠᠯᠳᠤᠨ ᠠᠪᠬᠤ᠂ ᠵᠠᠮ ᠬᠠᠷᠢᠯᠴᠠᠭ᠎ᠠ ᠶᠠᠪᠤᠵᠤ ᠰᠠᠭᠤᠬᠤ ᠵᠡᠷᠭᠡ ᠢᠵᠢ ᠪᠦᠷᠢᠳᠦᠭᠰᠡᠨ ᠬᠠᠷᠠᠭᠠᠯᠵᠠᠯ᠎ᠤᠨ ᠦᠢᠯᠡᠴᠢᠯᠡᠭᠡ ᠭᠠᠷᠭᠠᠬᠤ᠎ᠶᠢ ᠵᠣᠷᠢᠭ᠍ᠵᠢᠭᠤᠯᠤᠨ᠎ᠠ; ᠠᠵᠤ ᠠᠬᠤᠢᠯᠠᠯ᠎ᠤᠨ ᠴᠠᠯᠢᠩ᠎ᠲᠠᠢ᠎ᠪᠠᠷ ᠠᠮᠠᠷᠠᠬᠤ ᠳᠦᠷᠢᠮ᠎ᠢ ᠨᠠᠢᠳᠠᠪᠤᠷᠢᠵᠢᠭᠤᠯᠬᠤ᠎ᠶᠢ ᠠᠬᠢᠭᠤᠯᠵᠤ᠂ ᠠᠵᠢᠯᠲᠠᠨ ᠠᠵᠢᠯᠴᠢᠨ᠎ᠤ ᠤᠯᠠᠮᠵᠢᠯᠠᠯᠲᠤ ᠪᠠᠶᠠᠷ᠎ᠤᠨ ᠡᠳᠦᠷ᠂ ᠣᠷᠣᠨ ᠨᠤᠲᠤᠭ᠎ᠤᠨ ᠣᠨᠴᠠᠯᠢᠭ᠋᠎ᠲᠠᠢ ᠠᠵᠢᠯᠯᠠᠭ᠎ᠠ᠎ᠲᠠᠢ ᠤᠶᠠᠯᠳᠤᠭᠤᠯᠤᠨ᠂ ᠤᠷᠬᠢᠯ᠎ᠤᠨ ᠬᠤᠭᠤᠴᠠᠭ᠎ᠠ᠎ᠶᠢ ᠵᠥᠷᠢᠭᠦᠯᠦᠨ ᠠᠮᠠᠷᠠᠬᠤ᠂ ᠬᠤᠪᠢᠶᠠᠵᠤ ᠠᠮᠠᠷᠠᠬᠤ᠎ᠶᠢ ᠵᠦᠢ ᠵᠣᠬᠢᠰᠲᠠᠢ ᠲᠣᠬᠢᠷᠠᠭᠤᠯᠬᠤ ᠵᠢ ᠬᠦᠳᠦᠯᠤᠨ ᠵᠢᠯᠤᠭᠤᠳᠤᠨ᠎ᠠ ᠬᠡᠵᠤ ᠳᠤᠷᠠᠳᠪᠠ᠃ 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号