ᠲᠥᠯᠥᠪᠦᠷᠢ᠎ᠲᠠᠢ ᠬᠢᠴᠢᠶᠡᠯ ᠨᠥᠬᠥᠬᠦ ᠲᠠᠢ ᠬᠣᠯᠪᠣᠭᠳᠠᠨ᠎ᠠ! ᠥᠪᠥᠷ ᠮᠣᠩᠭᠣᠯ ᠢᠯᠡᠴᠢᠯᠡᠨ ᠮᠡᠳᠡᠭᠦᠯᠬᠦ ᠤᠲᠠᠰᠤ᠎ᠶᠢ ᠨᠡᠢᠲᠡᠯᠡᠪᠡ
2026-01-16 16:33:28
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

1 ᠰᠠᠷ᠎ᠠ᠎ᠶᠢᠨ 14᠎ᠦ ᠡᠳᠦᠷ᠎ᠦᠨ ᠦᠳᠡ᠎ᠶᠢᠨ ᠡᠮᠦᠨ᠎ᠡ᠂ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ ᠪᠥᠬᠥ ᠣᠷᠣᠨ᠎ᠤ ᠲᠥᠯᠥᠪᠦᠷᠢ ᠲᠠᠢ᠎ᠪᠡᠷ ᠬᠢᠴᠢᠶᠡᠯ ᠨᠥᠬᠥᠬᠦ ᠵᠢ ᠦᠷᠭᠦᠯᠵᠢᠯᠡᠨ ᠴᠡᠭᠴᠡᠯᠡᠨ ᠵᠠᠰᠠᠬᠤ ᠲᠤᠰᠬᠠᠢ ᠠᠵᠢᠯ᠎ᠤᠨ ᠪᠠᠢᠷᠢᠯᠠᠭᠤᠯᠤᠯᠲᠠ᠎ᠶᠢᠨ ᠸᠢᠳᠢᠤ᠋ ᠬᠤᠷᠠᠯ ᠬᠢᠪᠡ᠃

ᠬᠤᠷᠠᠯ᠎ᠡᠴᠡ 《ᠲᠠᠪᠤ᠎ᠶᠢ ᠴᠢᠩᠭ᠎ᠠ ᠴᠠᠭᠠᠵᠠᠯᠠᠬᠤ》 ᠵᠢ ᠲᠣᠳᠣᠷᠬᠠᠢ ᠳᠤᠷᠠᠳᠪᠠ᠄ ᠨᠢᠭᠡ᠎ᠳᠦ᠂ ᠪᠠᠭ᠍ᠰᠢ᠎ᠶᠢᠨ ᠬᠤᠪᠢ ᠬᠥᠮᠥᠨ᠎ᠦ ᠣᠷᠣᠨ ᠰᠠᠭᠤᠴᠠ ᠪᠤᠶᠤ ᠭᠡᠷ ᠪᠠᠢᠰᠢᠩ  (ᠲᠡᠷᠭᠡᠨ ᠬᠥᠮᠥᠷᠭᠡ᠂ ᠭᠠᠵᠠᠷ ᠳᠣᠣᠷᠠᠬᠢ ᠭᠡᠷ ᠪᠠᠭᠲᠠᠨ᠎ᠠ) ᠵᠡᠷᠭᠡ ᠲᠠᠯᠠᠪᠤᠷ ᠭᠠᠵᠠᠷ᠎ᠲᠤ ᠲᠥᠯᠥᠪᠦᠷᠢ᠎ᠲᠠᠢ᠎ᠪᠡᠷ ᠬᠠᠪᠰᠤᠷᠤᠨ ᠵᠢᠯᠤᠭᠣᠳᠴᠤ ᠬᠢᠴᠢᠶᠡᠯ ᠨᠥᠬᠥᠬᠦ ᠠᠵᠢᠯᠯᠠᠭ᠎ᠠ ᠦᠷᠨᠢᠭᠦᠯᠬᠦ ᠪᠤᠶᠤ ᠣᠷᠣᠯᠴᠠᠬᠤ᠎ᠶᠢ ᠴᠢᠩᠭ᠎ᠠ ᠴᠠᠭᠠᠵᠠᠯᠠᠨ᠎ᠠ; ᠬᠣᠶᠠᠷ᠎ᠲᠤ᠂ ᠰᠤᠷᠭᠠᠭᠤᠯᠢ ᠪᠣᠯᠣᠨ ᠪᠠᠭ᠍ᠰᠢ ᠨᠠᠷ ᠰᠤᠷᠤᠭ᠍ᠴᠢᠳ᠎ᠢ ᠵᠣᠬᠢᠶᠠᠨ ᠪᠠᠢᠭᠤᠯᠵᠤ᠂ ᠲᠠᠨᠢᠯᠴᠠᠭᠤᠯᠬᠤ ᠪᠤᠶᠤ ᠥᠳᠥᠭᠡᠨ ᠰᠤᠷᠭᠠᠭᠤᠯᠢ ᠎ᠶᠢᠨ ᠳᠣᠲᠣᠨ᠎ᠠ ᠭᠠᠳᠠᠨᠠᠬᠢ ᠡᠯ᠎ᠡ ᠲᠥᠷᠥᠯ᠎ᠦᠨ ᠲᠥᠯᠥᠪᠦᠷᠢ᠎ᠲᠠᠢ ᠬᠢᠴᠢᠶᠡᠯ ᠨᠥᠬᠥᠬᠦ᠎ᠳᠦ ᠣᠷᠣᠯᠴᠠᠭᠤᠯᠬᠤ᠎ᠶᠢ ᠴᠢᠩᠭ᠎ᠠ ᠴᠠᠭᠠᠵᠠᠯᠠᠨ᠎ᠠ; ᠭᠤᠷᠪᠠ᠎ᠳᠤ᠂ ᠪᠠᠭ᠍ᠰᠢ ᠨᠠᠷ ᠰᠤᠷᠭᠠᠭᠤᠯᠢ᠎ᠶᠢᠨ ᠭᠠᠳᠠᠨᠠᠬᠢ ᠪᠣᠯᠪᠠᠰᠤᠷᠠᠯ᠎ᠤᠨ ᠪᠠᠢᠭᠤᠯᠤᠮᠵᠢ᠎ᠳᠤ ᠣᠷᠣᠯᠴᠠᠬᠤ ᠪᠤᠶᠤ ᠪᠤᠰᠤᠳ ᠪᠠᠭ᠍ᠰᠢ᠂ ᠭᠡᠷ᠎ᠦᠨ ᠠᠬᠠᠮᠠᠳ᠂ ᠭᠡᠷ᠎ᠦᠨ ᠠᠬᠠᠮᠠᠳ᠎ᠤᠨ ᠺᠤᠮᠢᠰ᠎ᠡᠴᠡ ᠵᠣᠬᠢᠶᠠᠨ ᠪᠠᠢᠭᠤᠯᠵᠤ ᠲᠥᠯᠥᠪᠦᠷᠢ᠎ᠲᠠᠢ᠎ᠪᠡᠷ ᠬᠢᠴᠢᠶᠡᠯ ᠨᠥᠬᠥᠬᠦ᠎ᠶᠢ ᠴᠢᠩᠭ᠎ᠠ ᠴᠠᠭᠠᠵᠠᠯᠠᠨ᠎ᠠ; ᠳᠥᠷᠪᠡ᠎ᠳᠦ ᠰᠤᠷᠭᠠᠭᠤᠯᠢ ᠪᠠ ᠪᠠᠭ᠍ᠰᠢ ᠨᠠᠷ ᠰᠤᠷᠭᠠᠭᠤᠯᠢ᠎ᠶᠢᠨ ᠭᠠᠳᠠᠨᠠᠬᠢ ᠪᠣᠯᠪᠠᠰᠤᠷᠠᠯ᠎ᠤᠨ ᠪᠠᠢᠭᠤᠯᠤᠮᠵᠢ ᠪᠤᠶᠤ ᠪᠤᠰᠤᠳ ᠬᠥᠮᠥᠨ᠎ᠳᠦ ᠰᠣᠷᠣᠭ᠍ᠴᠢ ᠲᠠᠨᠢᠯᠴᠠᠭᠤᠯᠬᠤ᠂ ᠮᠡᠳᠡᠭᠡ ᠵᠠᠩᠭᠢ ᠬᠠᠩᠭᠠᠬᠤ᠎ᠶᠢ ᠴᠢᠩᠭ᠎ᠠ ᠴᠠᠭᠠᠵᠠᠯᠠᠨ᠎ᠠ; ᠲᠠᠪᠤ᠎ᠳᠤ᠂ ᠪᠠᠭ᠍ᠰᠢ ᠨᠠᠷ ᠠᠰᠢᠭ᠋ ᠣᠯᠬᠤ᠎ᠪᠠᠷ ᠵᠣᠷᠢᠯᠭ᠎ᠠ ᠪᠣᠯᠭᠠᠵᠤ᠂ ᠭᠡᠷ ᠪᠦᠯᠢ᠎ᠶᠢᠨ ᠪᠠᠢᠷᠢ᠎ᠳᠤ ᠰᠠᠭᠤᠬᠤ ᠮᠠᠶᠢᠭ᠋᠎ᠤᠨ ᠬᠠᠪᠰᠤᠷᠤᠨ ᠵᠢᠯᠣᠭᠣᠳᠤᠯᠭ᠎ᠠ ᠬᠠᠩᠭᠠᠬᠤ᠎ᠶᠢ ᠴᠢᠩᠭ᠎ᠠ ᠴᠠᠭᠠᠵᠠᠯᠠᠨ᠎ᠠ᠃

ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ᠎ᠡᠴᠡ ᠨᠡᠢᠭᠡᠮ ᠨᠡᠶ᠋ᠢᠲᠡ᠎ᠳᠦ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠪᠠ ᠡᠯ᠎ᠡ ᠠᠢᠮᠠᠭ ᠬᠣᠲᠠ᠎ᠶᠢᠨ ᠲᠦᠯᠦᠪᠦᠷᠢ ᠲᠡᠢ ᠪᠡᠷ ᠬᠢᠴᠢᠶᠡᠯ ᠨᠥᠬᠥᠬᠦ᠎ᠶᠢ ᠵᠠᠰᠠᠬᠤ ᠠᠵᠢᠯ᠎ᠤᠨ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠤᠲᠠᠰᠤ᠎ᠶᠢ ᠨᠡᠢᠲᠡᠯᠡᠪᠡ᠃


QQ截图20260114155100.png


ᠢᠷᠡᠯᠲᠡ᠄ ᠠᠷᠠᠳ᠎ᠤᠨ ᠰᠦᠯᠵᠢᠶ᠎ᠡ ᠵᠢᠨ ᠦᠪᠦᠷ ᠮᠤᠨᠭᠭᠤᠯ ᠰᠤᠪᠠᠭ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号