ᠡᠪᠡᠰᠦᠨ ᠪᠢᠯᠧᠲ᠎ᠨᠢ ᠮᠠᠯᠴᠢᠳ᠎ᠤᠨ ᠣᠷᠣᠯᠭ᠎ᠠ᠎ᠶᠢ 3 ᠡᠴᠡ 5 ᠲᠦᠮᠡᠨ ᠲᠥᠭᠥᠷᠢᠭ ᠨᠡᠮᠡᠭᠳᠡᠭᠦᠯᠪᠡ
2026-01-16 16:36:39
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

1 ᠰᠠᠷ᠎ᠠ᠎ᠶᠢᠨ 13᠎ᠤ ᠡᠳᠦᠷ᠂ ᠪᠤᠭᠤᠲᠤ ᠬᠣᠲᠠ᠎ᠶᠢᠨ ᠳᠠᠷᠬᠠᠨ ᠮᠤᠤᠮᠢᠩᠭᠠᠨ ᠬᠣᠯᠪᠣᠭᠠᠲᠤ ᠬᠣᠰᠢᠭᠤᠨ᠎ᠤ ᠳᠠᠷᠬᠠᠨ ᠰᠤᠮᠤ᠎ᠶᠢᠨ ᠠᠷᠠᠳ᠎ᠤᠨ ᠵᠠᠰᠠᠭ᠎ᠤᠨ ᠣᠷᠳᠣᠨ᠎ᠤ ᠬᠤᠷᠠᠯ᠎ᠤᠨ ᠭᠡᠷ᠎ᠲᠦ᠂ ᠪᠥᠬᠥ ᠤᠯᠤᠰ᠎ᠤᠨ ᠲᠦᠷᠦᠭᠦᠸ᠋ ᠪᠦᠯᠦᠭ ᠡᠪᠡᠰᠦᠨ ᠪᠢᠯᠧᠲ᠎ᠦᠨ ᠲᠤᠷᠰᠢᠯᠲᠠ᠎ᠶᠢᠨ ᠴᠡᠭ᠎ᠤᠨ ᠲᠥᠷᠥᠯ ᠵᠦᠢᠯ᠎ᠦᠨ ᠠᠰᠢᠭ᠋ ᠬᠤᠪᠢᠶᠠᠷᠢᠯᠠᠬᠤ ᠶᠡᠬᠡ ᠬᠤᠷᠠᠯ ᠬᠤᠷᠠᠯᠳᠤᠵᠦ ᠬᠦᠷ ᠬᠦᠭᠵᠢᠶᠡᠨ ᠵᠢᠡᠷ ᠪᠢᠯᠬᠠᠵᠦ ᠪᠠᠢᠯ᠎ᠠ᠃ ᠬᠤᠷᠠᠯ ᠲᠡᠭᠡᠷ᠎ᠡ ᠲᠤᠷᠰᠢᠯᠲᠠ ᠵᠢᠨ ᠴᠡᠭ᠎ᠤᠨ ᠮᠠᠯᠴᠢᠨ ᠡᠷᠦᠬᠡ ᠨᠢᠭᠡᠪᠦᠷᠢ᠎ᠳᠦ ᠠᠩᠬ᠎ᠠ ᠤᠳᠠᠭ᠎ᠠ ᠲᠠᠩ ᠲᠥᠷᠥᠯ᠎ᠦᠨ ᠠᠰᠢᠭ᠋ ᠬᠤᠪᠢᠶᠠᠷᠢᠯᠠᠯᠲᠠ᠎ᠶᠢ 3 ᠡᠴᠡ 5 ᠲᠦᠮᠡᠨ ᠲᠥᠭᠥᠷᠢᠭ ᠬᠤᠪᠢᠶᠠᠷᠢᠯᠠᠵᠤ᠂ ᠵᠠᠯᠭᠠᠭᠠᠳ ᠪᠠᠰᠠ ᠪᠤᠰᠤᠳ ᠲᠦᠷᠦᠯ᠎ᠦᠨ ᠠᠰᠢᠭ᠋᠎ᠢ ᠬᠤᠪᠢᠶᠠᠷᠢᠯᠠᠬᠤ ᠪᠣᠯᠣᠨ᠎ᠠ᠃


QQ截图20251217111712.png


ᠠᠰᠢᠭ᠋ ᠬᠤᠪᠢᠶᠠᠷᠢᠯᠠᠬᠤ ᠲᠤᠬᠠᠢ᠎ᠶᠢᠨ ᠲᠠᠯᠠᠪᠠᠶ᠎ᠳᠤ᠂ ᠳᠠᠷᠬᠠᠨ ᠰᠤᠮᠤ᠎ᠶᠢᠨ ᠠᠯᠲᠠᠨᠲᠤᠭ ᠭᠠᠴᠠᠭᠠᠨ᠎ᠤ ᠮᠠᠯᠴᠢᠨ ᠬᠥᠬᠡ ᠠᠰᠢᠭ ᠣᠯᠣᠭᠰᠠᠨ ᠮᠦᠨᠭᠭᠦ᠎ᠪᠠᠨ ᠭᠠᠷᠳᠠᠵᠤ ᠮᠠᠰᠢ ᠲᠤᠭᠳᠤᠯᠤᠨ ᠪᠠᠶᠠᠷᠯᠠᠵᠦ ᠪᠠᠢᠯ᠎ᠠ᠃ ᠪᠥᠬᠥ ᠤᠯᠤᠰ᠎ᠤᠨ ᠠᠩᠬᠠᠳᠠᠭ᠍ᠴᠢ ᠡᠪᠡᠰᠦᠨ ᠪᠢᠯᠧᠲ ᠣᠯᠣᠭᠰᠠᠨ ᠲᠤᠷᠰᠢᠯᠲᠠ᠎ᠶᠢᠨ ᠴᠡᠭ᠎ᠤᠨ ᠮᠠᠯᠵᠢᠬᠤ ᠡᠷᠦᠬᠡ ᠪᠣᠯᠤᠭᠰᠠᠨ᠎ᠤ ᠬᠤᠪᠢ᠎ᠳᠤ᠂ ᠲᠡᠷᠡ 5000 ᠮᠦ᠍ ᠨᠤᠲᠤᠭ ᠪᠡᠯᠴᠢᠭᠡᠷ᠎ᠦᠨ ᠡᠵᠡᠩᠨᠡᠯᠲᠡ᠎ᠶᠢᠨ ᠡᠷᠬᠡ ᠪᠠᠨ ᠤᠯᠤᠰ᠎ᠤᠨ ᠥᠮᠴᠢᠯᠡᠯ᠎ᠦᠨ ᠠᠵᠤ ᠠᠬᠤᠢᠯᠠᠯ᠎ᠳᠤ ᠰᠢᠯᠵᠢᠭᠦᠯᠦᠨ ᠥᠭᠭᠦᠭᠰᠡᠨ ᠪᠥᠭᠡᠳ ᠺᠣᠮᠫᠠᠨᠢ᠎ᠶᠢᠨ ᠲᠡᠵᠢᠭᠡᠨ ᠦᠷᠡᠵᠢᠭᠦᠯᠬᠦ ᠪᠠᠷᠢᠮᠵᠢᠶ᠎ᠠ ᠶᠣᠰᠣᠭᠠᠷ ᠰᠢᠯᠢᠳᠡᠭ ᠡᠭᠦᠯᠳᠡᠷ᠎ᠢ ᠰᠣᠩᠭᠣᠨ ᠲᠡᠵᠢᠭᠡᠵᠦ᠂ ᠡᠪᠡᠰᠦ᠎ᠪᠡᠯᠴᠢᠭᠡᠷ ᠵᠢᠡᠷ ᠮᠠᠯ᠎ᠤᠨ ᠲᠤᠭ᠎ᠠ ᠲᠤᠯᠤᠭᠠᠢ ᠪᠠᠨ ᠲᠣᠭᠲᠠᠭᠠᠵᠤ᠂ ᠰᠢᠨᠵᠢᠯᠡᠬᠦ ᠤᠬᠠᠭᠠᠨᠴᠢ᠎ᠪᠠᠷ ᠨᠠᠷᠢᠯᠢᠭ᠋ ᠲᠡᠵᠢᠭᠡᠪᠡ᠃ ᠡᠨᠡ ᠤᠳᠠᠭ᠎ᠠ ᠠᠰᠢᠭ᠋ ᠬᠤᠪᠢᠶᠠᠷᠢᠯᠠᠬᠤ᠎ᠡᠴᠠ ᠡᠮᠦᠨ᠎ᠡ  ᠲᠡᠷᠡ ᠨᠤᠲᠤᠭ ᠪᠡᠯᠴᠢᠭᠡᠷ᠎ᠦᠨ ᠡᠷᠭᠢᠯᠲᠡ᠎ᠶᠢᠨ ᠲᠦᠷᠢᠶᠡᠰᠦᠨ ᠮᠥᠩᠭᠥ᠂ ᠬᠥᠮᠥᠨ᠎ᠦ ᠬᠦᠳᠡᠯᠮᠦᠷᠢ ᠬᠦᠴᠦᠨ᠎ᠦ ᠮᠦᠨᠭᠭᠦ ᠪᠠᠨ ᠤᠯᠵᠠᠢ᠃ 《ᠡᠨᠡ ᠤᠳᠠᠭ᠎ᠠ᠎ᠶᠢᠨ ᠡᠪᠡᠰᠦᠨ ᠪᠢᠯᠧᠲ᠎ᠤᠨ ᠠᠰᠢᠭ᠋ ᠬᠤᠪᠢᠶᠠᠷᠢᠯᠠᠬᠤ᠎ᠳᠤ᠂ ᠮᠠᠨ᠎ᠤ 4 ᠮᠠᠯᠴᠢᠨ ᠡᠷᠦᠭᠡ ᠠᠰᠢᠭ᠋ ᠬᠦᠷᠳᠡᠪᠡ᠂ ᠪᠢᠳᠡ ᠮᠠᠰᠢ ᠪᠠᠶᠠᠷ ᠲᠠᠢ ᠪᠠᠢᠨ᠎ᠠ᠂ ᠲᠠᠷᠠᠭᠠᠴᠢ᠎ᠶᠢᠨ ᠠᠯᠬᠤᠮ᠎ᠳᠤ ᠪᠦᠬᠦ ᠭᠠᠴᠠᠭᠠᠨ᠎ᠤ ᠮᠠᠯᠴᠢᠳ ᠴᠥᠮ ᠣᠷᠣᠯᠴᠠᠵᠤ᠂ ᠬᠠᠮᠲᠤ᠎ᠤᠯᠠᠨ ᠵᠢᠡᠷ ᠵᠢᠡᠨ ᠠᠰᠢᠭ᠋ ᠬᠦᠷᠳᠡᠬᠦ᠎ᠶᠢ ᠬᠦᠰᠡᠵᠦ ᠪᠠᠢᠨ᠎ᠠ》 ᠭᠡᠵᠦ ᠬᠥᠬᠡ ᠶᠠᠷᠢᠵᠦ ᠪᠠᠢᠯ᠎ᠠ᠃


QQ截图20260114161310.png


ᠳᠠᠷᠬᠠᠨ ᠮᠤᠤᠮᠢᠩᠭᠠᠨ ᠬᠣᠯᠪᠣᠭᠠᠲᠤ ᠬᠣᠰᠢᠭᠤ 2300 ᠭᠠᠷᠤᠢ ᠲᠦᠮᠡᠨ ᠮᠦ᠍ ᠪᠠᠢᠭᠠᠯᠢᠯᠢᠭ᠋ ᠲᠠᠯ᠎ᠠ ᠨᠤᠲᠤᠭ᠎ᠲᠠᠢ ᠪᠠᠢᠵᠤ᠂ ᠮᠠᠨ᠎ᠤ ᠤᠯᠤᠰ᠎ᠤᠨ ᠤᠮᠠᠷᠠᠲᠤ᠎ᠶᠢᠨ ᠴᠢᠬᠤᠯᠠ ᠠᠮᠢ ᠠᠬᠤᠢ᠎ᠶᠢᠨ ᠠᠮᠤᠷ ᠲᠦᠪᠰᠢᠨ᠎ᠦ ᠬᠠᠯᠬᠠᠪᠴᠢ ᠪᠣᠯᠣᠭᠰᠠᠭᠠᠷ ᠢᠷᠡᠭᠰᠡᠨ ᠶᠤᠮ᠃ ᠤᠷᠲᠤ ᠬᠤᠭᠤᠴᠠᠭᠠᠨ᠎ᠤ ᠲᠤᠷᠰᠢ᠂ ᠨᠤᠲᠤᠭ ᠪᠡᠯᠴᠢᠭᠡᠷ᠎ᠦᠨ ᠠᠮᠢ ᠠᠬᠤᠢ᠎ᠶᠢᠨ ᠬᠠᠮᠠᠭᠠᠯᠠᠯᠲᠠ ᠬᠢᠭᠡᠳ ᠮᠠᠯᠴᠢᠳ᠎ᠤᠨ ᠣᠷᠣᠯᠭ᠎ᠠ᠎ᠶᠢ ᠨᠡᠮᠡᠭᠳᠡᠭᠦᠯᠬᠦ ᠵᠥᠷᠢᠴᠡᠯ ᠨᠢ ᠮᠠᠯᠵᠢᠬᠤ ᠣᠷᠣᠨ᠎ᠤ ᠬᠥᠭᠵᠢᠯᠲᠡ᠎ᠶᠢ ᠬᠠᠷᠰᠢᠯᠠᠵᠤ ᠪᠠᠢᠪᠠ᠃ 2024 ᠣᠨ᠎ᠤ 12 ᠰᠠᠷ᠎ᠠ᠎ᠶᠢᠨ 6᠎ᠤ ᠡᠳᠦᠷ᠂ ᠪᠥᠬᠥ ᠤᠯᠤᠰ᠎ᠤᠨ ᠠᠩᠬᠠᠳᠠᠭ᠍ᠴᠢ 《ᠡᠪᠡᠰᠦᠨ ᠪᠢᠯᠧᠲ》᠎ᠢ ᠳᠠᠷᠬᠠᠨ ᠮᠤᠤᠮᠢᠩᠭᠠᠨ ᠬᠣᠯᠪᠣᠭᠠᠲᠤ ᠬᠣᠰᠢᠭᠤᠨ᠎ᠳᠤ ᠠᠮᠵᠢᠯᠲᠠ ᠲᠠᠢ ᠲᠠᠷᠬᠠᠭᠠᠵᠤ᠂ ᠲᠣᠭᠠᠵᠢᠭᠤᠯᠤᠭᠰᠠᠨ ᠲᠠᠯ᠎ᠠ ᠨᠤᠲᠤᠭ᠎ᠤᠨ ᠡᠵᠡᠩᠨᠡᠯᠲᠡ᠎ᠶᠢᠨ ᠡᠷᠬᠡ᠎ᠶᠢ ᠪᠠᠶ᠋ᠢᠭᠤᠯᠬᠤ᠎ᠪᠠᠷ ᠳᠠᠮᠵᠢᠭᠤᠯᠤᠨ᠂ 《ᠡᠬᠢ ᠪᠠᠶᠠᠯᠢᠭ᠋᠎ᠢ ᠬᠥᠷᠥᠩᠭᠡ ᠪᠣᠯᠭᠠᠨ ᠬᠤᠪᠢᠷᠠᠭᠤᠯᠬᠤ᠂ ᠡᠳ᠋ ᠬᠥᠷᠥᠩᠭᠡ᠎ᠶᠢ ᠬᠥᠷᠥᠩᠭᠡ ᠮᠦᠨᠭᠭᠦ ᠪᠣᠯᠭᠠᠨ ᠬᠤᠪᠢᠷᠠᠭᠤᠯᠬᠤ᠂ ᠬᠥᠷᠥᠩᠭᠡ ᠨᠢ ᠡᠬᠢ ᠪᠠᠶᠠᠯᠢᠭ᠋᠎ᠢ ᠭᠡᠳᠡᠷᠭᠦ ᠲᠤᠰᠠᠯᠠᠬᠤ》 ᠪᠢᠲᠡᠭᠦᠦ ᠴᠠᠭᠠᠷᠢᠭ᠎ᠤᠨ ᠬᠥᠭᠵᠢᠯᠲᠡ᠎ᠶᠢ ᠪᠡᠶᠡᠯᠡᠭᠦᠯᠪᠡ᠃


QQ截图20260114161434.png


ᠳᠠᠷᠬᠠᠨ ᠮᠤᠤᠮᠢᠩᠭᠠᠨ ᠬᠣᠯᠪᠣᠭᠠᠲᠤ ᠬᠣᠰᠢᠭᠤᠨ᠎ᠤ ᠤᠢ ᠰᠢᠭᠤᠢ ᠨᠤᠲᠤᠭ ᠪᠡᠯᠴᠢᠭᠡᠷ᠎ᠦᠨ ᠲᠣᠪᠴᠢᠶ᠎ᠠ ᠵᠢᠨ ᠬᠠᠷᠢᠭᠤᠴᠠᠯᠭᠠᠲᠠᠨ᠄ 《ᠡᠨᠡ ᠡᠳᠦᠷ ᠪᠢᠳᠡ 〈ᠡᠪᠡᠰᠦᠨ ᠪᠢᠯᠧᠲ〉᠎ᠤᠨ ᠠᠰᠢᠭ᠋ ᠬᠤᠪᠢᠶᠠᠷᠢᠯᠠᠬᠤ ᠶᠡᠬᠡ ᠬᠤᠷᠠᠯ᠎ᠢ ᠬᠤᠷᠠᠯᠳᠤᠭᠤᠯᠵᠤ ᠪᠠᠢᠭ᠎ᠠ ᠨᠢ ᠳᠠᠷᠤᠢ〈ᠬᠥᠬᠡᠮᠳᠦᠭ ᠠᠭᠤᠯᠠ ᠨᠤᠮᠢᠨ ᠤᠰᠤ ᠪᠣᠯ ᠠᠯᠳᠠᠨ ᠠᠭᠤᠯᠠ ᠮᠥᠩᠭᠥᠨ ᠬᠠᠢᠷᠬᠠᠨ ᠮᠥᠨ〉 ᠭᠡᠬᠦ ᠲᠥᠪ ᠴᠢᠩᠭ᠎ᠠ ᠠᠮᠠᠯᠠᠯᠲᠠ᠎ᠵᠢ ᠪᠡᠶᠡᠯᠡᠭᠦᠯᠵᠦ᠂ ᠮᠠᠯᠴᠢᠳ᠎ᠲᠤ 〈ᠡᠪᠡᠰᠦᠨ ᠪᠢᠯᠧᠲ〉᠎ᠤᠨ ᠦᠨᠡᠨᠬᠦ ᠠᠰᠢᠭ᠎ᠢ ᠬᠦᠷᠲᠡᠭᠡᠯ᠎ᠡ᠃ ᠪᠢᠳᠡ 〈ᠡᠪᠡᠰᠦᠨ ᠪᠢᠯᠧᠲ〉᠎ᠤᠨ ᠳᠦᠷᠢᠮ᠎ᠦᠨ ᠥᠭᠡᠷᠡᠴᠢᠯᠡᠯᠲᠡ᠎ᠶᠢ ᠦᠷᠭᠦᠯᠵᠢᠯᠡᠨ ᠭᠦᠨᠵᠡᠭᠡᠢ ᠠᠬᠢᠭᠤᠯᠵᠤ᠂ ᠨᠤᠲᠤᠭ ᠪᠡᠯᠴᠢᠭᠡᠷ᠎ᠦᠨ ᠠᠮᠢ ᠠᠬᠤᠢ᠎ᠶᠢᠨ ᠬᠠᠮᠠᠭᠠᠯᠠᠯᠲᠠ ᠪᠣᠯᠣᠨ ᠠᠵᠤ ᠠᠬᠤᠢ᠎ᠶᠢᠨ ᠬᠥᠭᠵᠢᠯᠲᠡ᠎ᠶᠢᠨ ᠬᠠᠮᠵᠢᠯᠴᠠᠬᠤ ᠲᠣᠭᠲᠠᠴᠠ᠎ᠶᠢ ᠲᠠᠰᠤᠷᠠᠯᠳᠠ ᠦᠭᠡᠢ ᠲᠡᠭᠦᠯᠳᠡᠷᠵᠢᠭᠦᠯᠵᠦ᠂ ᠨᠡᠩ ᠤᠯᠠᠨ ᠮᠠᠯᠴᠢᠳ᠎ᠲᠤ ᠥᠭᠡᠷᠡᠴᠢᠯᠡᠯᠲᠡ ᠬᠥᠭᠵᠢᠯᠲᠡ᠎ᠶᠢᠨ ᠦᠷ᠎ᠡ ᠪᠦᠲᠦᠭᠡᠯ᠎ᠢ ᠬᠠᠮᠲᠤ᠎ᠪᠠᠷ ᠡᠳ᠋ᠯᠡᠭᠦᠯᠦᠨ᠎ᠡ》 ᠭᠡᠵᠦ ᠶᠠᠷᠢᠵᠦ ᠪᠠᠢᠯ᠎ᠠ᠃

ᠢᠷᠡᠯᠲᠡ᠄ ᠲᠠᠯ᠎ᠠ ᠨᠤᠲᠤᠭ᠎ᠤᠨ ᠡᠭᠦᠯᠡ ᠰᠢᠯᠵᠢᠶ᠎ᠡ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号