ᠬᠠᠭᠤᠷᠠᠢ ᠵᠠᠮ᠎ᠤᠨ ᠬᠢᠯᠢ ᠵᠢᠨ ᠪᠣᠭᠣᠮᠲᠠ᠎ᠶᠢᠨ ᠪᠠᠷᠠᠭ᠎ᠠ ᠲᠡᠭᠡᠭᠡᠪᠦᠷᠢᠯᠡᠭᠰᠡᠨ ᠬᠡᠮᠵᠢᠶ᠎ᠡ ᠪᠥᠬᠥ ᠤᠯᠤᠰ᠎ᠲᠤ ᠲᠦᠷᠦᠭᠦᠯᠡᠪᠡ
2026-01-16 17:03:23
ᠵᠣᠬᠢᠶᠠᠭ᠍ᠴᠢ᠄
ᠭᠣᠸ᠋ ᠬᠣᠶ
ᠣᠩᠱᠢᠭ᠍ᠰᠠᠨ ᠣᠳᠠᠭ᠎ᠠ᠄
★★★☆☆

ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭᠠᠨ᠎ᠤ ᠶᠠᠪᠤᠳᠠᠯ᠎ᠤᠨ ᠲᠢᠩᠬᠢᠮ᠎ᠡᠴᠡ ᠣᠢᠯᠠᠭᠠᠭᠰᠠᠨ ᠵᠢᠡᠷ᠂ 2025 ᠣᠨ᠎ᠳᠤ ᠥᠪᠥᠷ ᠮᠣᠩᠭᠣᠯ᠎ᠤᠨ ᠬᠠᠭᠤᠷᠠᠢ ᠵᠠᠮ᠎ᠤᠨ ᠬᠢᠯᠢ ᠵᠢᠨ ᠪᠣᠭᠣᠮᠲᠠ᠎ᠶᠢᠨ ᠪᠠᠷᠠᠭ᠎ᠠ ᠲᠡᠭᠡᠭᠡᠪᠦᠷᠢ᠎ᠶᠢᠨ ᠬᠡᠮᠵᠢᠶ᠎ᠡ ᠳᠠᠬᠢᠨᠲᠠ ᠲᠡᠦᠬᠡ᠎ᠶᠢᠨ ᠰᠢᠨ᠎ᠡ ᠲᠡᠮᠳᠡᠭᠯᠡᠯ᠎ᠢ ᠡᠭᠦᠳᠴᠦ᠂ 1.32 ᠳ᠋ᠦᠩᠰᠢᠭᠤᠷ ᠲᠣᠨ᠎ᠳᠤ ᠬᠦᠷᠴᠦ᠂ 2023 ᠣᠨ᠂ 2024 ᠣᠨ᠎ᠳᠤ ᠬᠣᠶᠠᠷ ᠵᠢᠯ ᠳᠠᠷᠠᠭᠠᠯᠠᠨ ᠳ᠋ᠦᠩᠰᠢᠭᠤᠷ ᠲᠣᠨ᠎ᠢ ᠳᠠᠪᠠᠭᠰᠠᠨ ᠰᠠᠭᠤᠷᠢᠨ ᠳᠡᠭᠡᠷ᠎ᠡ ᠦᠷᠭᠦᠯᠵᠢᠯᠡᠨ ᠬᠤᠰᠢᠭᠤᠷᠠᠵᠤ᠂ ᠵᠢᠯ ᠳᠠᠷᠠᠭᠠᠯᠠᠨ ᠪᠥᠬᠥ ᠤᠯᠤᠰ᠎ᠲᠤ ᠲᠦᠷᠦᠭᠦᠯᠡᠪᠡ᠃

《ᠣᠳᠣᠬᠠᠨ᠎ᠳᠤ ᠥᠪᠥᠷ ᠮᠣᠩᠭᠣᠯ᠎ᠳᠤ ᠨᠢᠭᠡᠨᠲᠡ 14 ᠬᠠᠭᠤᠷᠠᠢ ᠵᠠᠮ᠎ᠤᠨ ᠬᠢᠯᠢ ᠵᠢᠨ ᠪᠣᠭᠣᠮᠲᠠ᠎ᠲᠠᠢ ᠪᠣᠯᠵᠤ᠂ 2025 ᠣᠨ᠎ᠳᠤ ᠬᠠᠭᠤᠷᠠᠢ ᠵᠠᠮ᠎ᠤᠨ ᠬᠢᠯᠢ ᠵᠢᠨ ᠪᠣᠭᠣᠮᠲᠠ᠎ᠶᠢᠨ ᠬᠢᠯᠢ᠎ᠪᠡᠷ ᠣᠷᠣᠭᠤᠯᠵᠤ ᠭᠠᠷᠭᠠᠭᠰᠠᠨ ᠵᠠᠮ ᠬᠠᠷᠢᠯᠴᠠᠭᠠᠨ᠎ᠤ ᠪᠠᠭᠠᠵᠢ᠎ᠶᠢᠨ ᠲᠣᠭ᠎ᠠ ᠪᠥᠬᠥ ᠤᠯᠤᠰ᠎ᠤᠨ ᠬᠢᠯᠢ ᠳᠠᠭᠠᠤ᠎ᠶᠢᠨ ᠮᠤᠵᠢ ᠣᠷᠣᠨ᠎ᠤ ᠨᠢᠭᠡᠳᠦᠭᠡᠷ᠎ᠲᠦ ᠣᠷᠣᠵᠤ᠂ ᠮᠥᠨ ᠴᠦ᠍ ᠪᠥᠬᠥ ᠤᠯᠤᠰ᠎ᠤᠨ ᠨᠠᠢ᠍ᠮᠠᠨ ᠰᠠᠭᠤᠳᠠᠯ᠎ᠲᠠᠢ ᠮᠠᠰᠢᠨ ᠲᠡᠷᠭᠡ ᠵᠢᠨ ᠤᠯᠤᠰ ᠠᠯᠤᠰᠯᠠᠨ ᠨᠡᠪᠲᠡᠷᠡᠬᠦ᠎ᠶᠢ ᠪᠡᠶᠡᠯᠡᠭᠦᠯᠦᠭᠰᠡᠨ ᠴᠣᠷ᠎ᠤᠨ ᠭᠠᠭᠴᠠ ᠮᠤᠵᠢ ᠣᠷᠣᠨ ᠪᠣᠯᠣᠨ᠎ᠠ》 ᠭᠡᠵᠤ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭᠠᠨ᠎ᠤ ᠶᠠᠪᠤᠳᠠᠯ᠎ᠤᠨ ᠲᠢᠩᠬᠢᠮ᠎ᠦᠨ ᠬᠠᠮᠢᠶ᠎ᠠ ᠪᠦᠬᠦᠢ ᠬᠠᠷᠢᠭᠤᠴᠠᠯᠭᠠᠲᠠᠨ ᠲᠠᠨᠢᠯᠴᠠᠭᠤᠯᠪᠠ᠃ ᠡᠬᠦᠨ᠎ᠤ ᠬᠠᠮᠳᠤ᠂ 2025 ᠣᠨ᠎ᠳᠤ ᠥᠪᠥᠷ ᠮᠣᠩᠭᠣᠯ ᠰᠠᠭᠤᠷᠢ ᠲᠥᠬᠦᠭᠡᠷᠦᠮᠵᠢ᠂ ᠨᠡᠭᠡᠭᠡᠯᠲᠡ᠎ᠶᠢᠨ ᠬᠡᠪᠴᠢᠶ᠎ᠡ᠂ ᠣᠶᠤᠨᠴᠢ ᠪᠤᠭᠤᠮᠳᠠ ᠵᠢᠨ ᠪᠦᠳᠦᠭᠡᠨ ᠪᠠᠢᠭᠤᠯᠤᠯᠳᠠ᠂ ᠪᠣᠭᠣᠮᠲᠠ᠎ᠪᠠᠷ ᠥᠩᠭᠡᠷᠡᠭᠡᠬᠦ ᠦᠷ᠎ᠡ ᠪᠦᠲᠦᠮᠵᠢ᠂ ᠴᠢᠳᠠᠮᠵᠢ᠎ᠶᠢ ᠥᠷᠭᠡᠳᠬᠡᠬᠦ ᠵᠡᠷᠭᠡ ᠣᠯᠠᠨ ᠲᠠᠯ᠎ᠠ ᠠ᠋ᠴᠠ ᠬᠦᠴᠦᠯᠡᠵᠦ᠂ ᠬᠠᠭᠤᠷᠠᠢ ᠵᠠᠮ᠎ᠤᠨ ᠬᠢᠯᠢ ᠵᠢᠨ ᠪᠣᠭᠣᠮᠲᠠ᠎ᠶᠢᠨ ᠪᠦᠲᠦᠭᠡᠨ ᠪᠠᠢᠭᠤᠯᠤᠯᠲᠠ᠎ᠶᠢᠨ ᠬᠥᠭᠵᠢᠯᠲᠡ᠎ᠶᠢᠨ ᠳᠠᠬᠢᠨ ᠰᠢᠨ᠎ᠡ ᠳᠡᠭᠲᠡᠷ᠎ᠲᠦ ᠭᠠᠷᠬᠤ᠎ᠶᠢ ᠠᠬᠢᠭᠤᠯᠪᠠ᠃

ᠰᠠᠭᠤᠷᠢ ᠲᠥᠬᠦᠭᠡᠷᠦᠮᠵᠢ᠎ᠶᠢᠨ ᠪᠦᠲᠦᠭᠡᠨ ᠪᠠᠢᠭᠤᠯᠤᠯᠲᠠ᠎ᠶᠢ ᠦᠷᠭᠦᠯᠵᠢᠯᠡᠨ ᠰᠢᠯᠢᠳᠡᠭᠵᠢᠭᠦᠯᠦᠨ ᠲᠡᠰ ᠳᠡᠪᠰᠢᠭᠦᠯᠪᠡ᠃ ᠣᠳᠣᠬᠠᠨ᠎ᠳᠤ᠂ ᠥᠪᠥᠷ ᠮᠣᠩᠭᠣᠯ᠎ᠤᠨ 12 ᠵᠠᠰᠠᠮᠠᠯ ᠵᠠᠮ᠎ᠤᠨ ᠬᠢᠯᠢ ᠵᠢᠨ ᠪᠣᠭᠣᠮᠲᠠ᠎ᠳᠤ ᠨᠢᠭᠡᠨᠲᠡ《53 ᠣᠷᠣᠵᠤ 36 ᠭᠠᠷᠬᠤ》 ᠪᠠᠷᠠᠭᠠᠨ᠎ᠤ ᠲᠡᠭᠡᠭᠡᠪᠦᠷᠢ᠎ᠶᠢᠨ ᠵᠠᠮ ᠵᠢᠴᠢ 《41 ᠣᠷᠣᠵᠤ 41 ᠭᠠᠷᠬᠤ》 ᠠᠶᠠᠨᠴᠢᠳ᠎ᠤᠨ ᠪᠠᠢᠴᠠᠭᠠᠯᠲᠠ᠎ᠶᠢᠨ ᠵᠠᠮ᠎ᠢ ᠪᠠᠢᠭᠤᠯᠵᠤ᠂ ᠵᠠᠮ ᠨᠡᠪᠲᠡᠷᠡᠯᠭᠡ᠎ᠶᠢᠨ ᠪᠠᠲᠤᠯᠠᠭ᠎ᠠ᠎ᠶᠢᠨ ᠴᠢᠳᠠᠪᠤᠷᠢ ᠢᠯᠡᠳᠲᠡ ᠳᠡᠭᠡᠭᠰᠢᠯᠡᠪᠡ᠃ ᠬᠢᠯᠢ ᠵᠢᠨ ᠪᠣᠭᠣᠮᠲᠠ᠎ᠶᠢᠨ ᠨᠡᠭᠡᠭᠡᠯᠲᠡ᠎ᠶᠢᠨ ᠪᠠᠢᠷᠢᠰᠢᠯ᠎ᠢ ᠲᠠᠰᠤᠷᠠᠯᠳᠠ ᠦᠭᠡᠢ ᠥᠷᠭᠡᠳᠬᠡᠵᠤ᠂ 2025 ᠣᠨ᠎ᠤ 9 ᠰᠠᠷ᠎ᠠ᠎ᠳᠤ ᠷᠠᠰᠢᠶᠠᠨ ᠬᠢᠯᠢ ᠵᠢᠨ ᠪᠣᠭᠣᠮᠲᠠ ᠤᠯᠤᠰ᠎ᠤᠨ ᠰᠢᠯᠭᠠᠨ ᠪᠠᠢᠴᠠᠭᠠᠯᠲᠠ᠎ᠶᠢ ᠥᠩᠭᠡᠷᠡᠭᠡᠵᠦ᠂ ᠨᠡᠭᠡᠭᠡᠯᠳᠡ ᠬᠢᠬᠦ ᠴᠠᠭ ᠬᠤᠭᠤᠴᠠᠭ᠎ᠠ᠎ᠵᠢ ᠨᠢ ᠵᠢᠯ ᠪᠦᠷᠢ᠎ᠶᠢᠨ 8 ᠰᠠᠷ᠎ᠠ ᠪᠠᠢᠭᠰᠠᠨ᠎ᠠᠴᠠ ᠪᠦᠬᠦ ᠵᠢᠯ ᠵᠢᠡᠷ ᠵᠢᠡᠨ ᠨᠡᠭᠡᠭᠡᠬᠦ ᠪᠤᠯᠭᠠᠨ ᠤᠷᠲᠤᠳᠬᠠᠵᠤ᠂ ᠥᠪᠥᠷ ᠮᠣᠩᠭᠣᠯ᠎ᠤᠨ ᠲᠦᠷᠪᠡᠳᠡᠬᠢ ᠵᠢᠯ ᠳᠤᠷᠰᠢ ᠨᠡᠭᠡᠭᠡᠬᠦ ᠳᠡᠯᠡᠬᠡᠢ᠎ᠶᠢᠨ ᠴᠢᠨᠠᠷᠲᠠᠢ ᠬᠠᠭᠤᠷᠠᠢ ᠵᠠᠮ᠎ᠤᠨ ᠪᠣᠭᠣᠮᠲᠠ ᠪᠣᠯᠵᠠᠢ᠃ ᠣᠶᠤᠨᠴᠢ ᠪᠣᠭᠣᠮᠲᠠ᠎ᠶᠢᠨ ᠪᠦᠲᠦᠭᠡᠨ ᠪᠠᠢᠭᠤᠯᠤᠯᠲᠠ᠎ᠶᠢᠨ ᠦᠷ᠎ᠡ ᠪᠦᠲᠦᠭᠡᠯ ᠲᠣᠪᠣᠢᠮ᠎ᠠ ᠪᠠᠢᠵᠤ᠂ ᠵᠢᠯᠣᠭᠣᠴᠢ ᠦᠭᠡᠢ ᠬᠢᠯᠢ ᠠᠯᠤᠰᠯᠠᠭᠰᠠᠨ ᠣᠶᠤᠨᠴᠢ ᠲᠡᠭᠡᠭᠡᠪᠦᠷᠢ᠎ᠶᠢᠨ ᠵᠠᠭᠪᠤᠷ᠂ ᠬᠥᠮᠥᠨ ᠪᠠ ᠲᠡᠷᠭᠡ᠎ᠶᠢ ᠬᠠᠷᠭᠤᠭᠤᠯᠤᠨ ᠪᠠᠢᠴᠠᠭᠠᠬᠤ ᠣᠶᠤᠨᠴᠢᠯᠠᠭᠰᠠᠨ ᠪᠠᠢᠴᠠᠭᠠᠯᠲᠠ᠎ᠶᠢᠨ ᠰᠢᠰᠲᠧᠮ᠂ 《ᠲᠣᠭᠠᠴᠢᠯᠠᠭᠰᠠᠨ ᠨᠢᠭᠡ ᠥᠷᠲᠡᠭᠡ ᠮᠠᠶᠢᠭ᠋᠎ᠤᠨ ᠲᠦᠷᠭᠡᠨ ᠨᠡᠪᠲᠡᠷᠡᠬᠦ ᠵᠠᠮ》 ᠵᠡᠷᠭᠡ ᠮᠡᠷᠭᠡᠵᠢᠯ᠎ᠢ ᠪᠦᠬᠦ ᠤᠯᠤᠰ᠎ᠲᠦ ᠤᠷᠢᠳ ᠵᠢᠠᠷ ᠬᠡᠷᠡᠭᠯᠡᠪᠡ᠃ ᠬᠢᠯᠢ ᠵᠢᠨ ᠪᠣᠭᠣᠮᠲᠠ᠎ᠪᠠᠷ ᠥᠩᠭᠡᠷᠡᠬᠦ᠎ᠶᠢ ᠳᠥᠭᠥᠮᠴᠢᠯᠡᠬᠦ ᠬᠢᠷᠢ ᠲᠦᠪᠰᠢᠨ ᠦᠷᠭᠦᠯᠵᠢᠯᠡᠨ ᠳᠡᠭᠡᠭᠰᠢᠯᠡᠵᠤ᠂ ᠪᠥᠬᠥ ᠤᠯᠤᠰ᠎ᠤᠨ ᠠᠩᠬᠠᠳᠠᠭ᠍ᠴᠢ 5G ᠵᠢᠨ ᠵᠢᠯᠤᠭᠤᠴᠢ ᠦᠭᠡᠢ ᠬᠦᠨᠳᠦ ᠠᠴᠢᠶᠠᠨ᠎ᠤ ᠮᠠᠰᠢᠨ᠎ᠤ ᠬᠢᠯᠢ ᠠᠯᠤᠰᠯᠠᠭᠰᠠᠨ ᠲᠡᠭᠡᠭᠡᠪᠦᠷᠢ᠎ᠶᠢᠨ ᠵᠠᠭᠪᠤᠷ᠎ᠢ ᠴᠡᠭᠡ ᠪᠣᠭᠣᠮᠲᠠ᠎ᠳᠤ ᠠᠮᠵᠢᠯᠲᠠ᠎ᠲᠠᠢ ᠲᠤᠷᠰᠢᠨ ᠠᠵᠢᠯᠯᠠᠭᠤᠯᠵᠤ᠂ ᠬᠢᠯᠢ ᠠᠯᠤᠰᠯᠠᠭᠰᠠᠨ ᠲᠡᠭᠡᠭᠡᠪᠦᠷᠢ᠎ᠶᠢᠨ ᠦᠷ᠎ᠡ ᠪᠦᠲᠦᠮᠵᠢ᠎ᠶᠢ ᠶᠡᠬᠡ᠎ᠪᠡᠷ ᠳᠡᠭᠡᠭᠰᠢᠯᠡᠭᠦᠯᠵᠦ ᠪᠣᠭᠣᠮᠲᠠ᠎ᠶᠢᠨ ᠴᠢᠳᠠᠮᠵᠢ᠎ᠶᠢ ᠲᠠᠰᠤᠷᠠᠯᠲᠠ ᠦᠭᠡᠢ ᠥᠷᠭᠡᠳᠬᠡᠪᠡ᠃ ᠪᠥᠬᠥ ᠣᠷᠣᠨ᠎ᠤ ᠠᠩᠬᠠᠳᠠᠭ᠍ᠴᠢ ᠠᠶᠤᠯᠲᠠᠢ ᠬᠢᠮᠢ᠎ᠶᠢᠨ ᠪᠣᠳᠠᠰ᠎ᠤᠨ ᠣᠯᠠᠨ ᠤᠯᠤᠰ᠎ᠤᠨ ᠪᠠᠷᠠᠭᠠᠨ᠎ᠤ ᠭᠦᠢᠯᠭᠡᠭᠡᠨ᠎ᠦ ᠳᠠᠮᠵᠢᠭᠤᠯᠤᠨ ᠲᠡᠭᠡᠭᠡᠪᠦᠷᠢᠯᠡᠬᠦ ᠣᠷᠣᠨ᠎ᠢ ᠡᠷᠢᠶᠡᠨ ᠬᠢᠯᠢ ᠵᠢᠨ ᠪᠣᠭᠣᠮᠲᠠ᠎ᠳᠤ ᠪᠠᠢᠭᠤᠯᠤᠨ ᠠᠰᠢᠭ᠍ᠯᠠᠯᠲᠠ᠎ᠳᠤ ᠣᠷᠣᠭᠤᠯᠵᠤ᠂ ᠥᠪᠥᠷ ᠮᠣᠩᠭᠣᠯ᠎ᠤᠨ ᠬᠢᠯᠢ ᠵᠢᠨ ᠪᠣᠭᠣᠮᠲᠠ᠎ᠶᠢᠨ ᠣᠷᠣᠨ ᠪᠦᠰᠡ᠎ᠶᠢᠨ ᠲᠤᠰᠬᠠᠢᠵᠢᠭ᠍ᠰᠠᠨ ᠠᠶᠤᠯᠲᠠᠢ ᠬᠢᠮᠢ᠎ᠶᠢᠨ ᠪᠣᠳᠠᠰ ᠵᠢᠴᠢ ᠠᠶᠤᠯᠲᠠᠢ ᠳᠡᠯᠪᠡᠷᠡᠬᠦ ᠪᠣᠳᠠᠰ᠎ᠤᠨ ᠪᠠᠷᠠᠭᠠᠨ᠎ᠤ ᠭᠦᠢᠯᠭᠡᠭᠡᠨ᠎ᠦ ᠲᠠᠯᠠᠪᠤᠷ ᠭᠠᠵᠠᠷ ᠪᠠᠢᠭᠰᠠᠨ ᠦᠭᠡᠢ ᠬᠣᠭᠣᠰᠤᠨ᠎ᠢ ᠨᠥᠬᠥᠪᠦᠷᠢᠯᠡᠵᠦ᠂ ᠬᠠᠮᠢᠶ᠎ᠠ ᠪᠦᠬᠦᠢ ᠠᠵᠤ ᠦᠢᠯᠡᠰ᠎ᠦᠨ ᠬᠢᠯᠢ ᠠᠯᠤᠰᠯᠠᠭᠰᠠᠨ ᠪᠠᠷᠠᠭᠠᠨ᠎ᠤ ᠭᠦᠢᠯᠭᠡᠭᠡᠨ᠎ᠳᠦ ᠠᠮᠤᠷ ᠲᠦᠪᠰᠢᠨ᠂ ᠲᠤᠰᠬᠠᠢ ᠮᠡᠷᠭᠡᠵᠢᠯ᠎ᠦᠨ ᠪᠠᠲᠤᠯᠠᠭ᠎ᠠ ᠬᠠᠩᠭᠠᠭᠰᠠᠨ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号