ᠥᠪᠡᠷᠲᠡᠭᠡᠨ ᠵᠠᠰᠠᠬᠤ ᠣᠷᠣᠨ᠎ᠤ ᠪᠡᠶ᠎ᠡ᠎ᠶᠢᠨ ᠲᠠᠮᠢᠷ᠎ᠤᠨ ᠲᠣᠪᠴᠢᠶ᠎ᠠ᠎ᠠᠴᠠ ᠣᠢᠯᠠᠭᠠᠭᠰᠠᠨ ᠵᠢᠡᠷ᠂ 2025 — 2026 ᠤᠷᠤᠯᠳᠤᠭᠠᠨ᠎ᠤ ᠤᠯᠠᠷᠢᠯ᠎ᠤᠨ ᠪᠥᠬᠥ ᠤᠯᠤᠰ᠎ᠤᠨ ᠲᠦᠷᠭᠡᠨ ᠲᠡᠰᠢᠯᠲᠡ᠎ᠶᠢᠨ ᠵᠠᠯᠠᠭᠤᠴᠤᠳ᠎ᠤᠨ ᠮᠠᠩᠯᠠᠢ ᠰᠢᠯᠭᠠᠷᠠᠭᠤᠯᠬᠤ ᠤᠷᠤᠯᠳᠤᠭᠠᠨ 1 ᠰᠠᠷ᠎ᠠ᠎ᠶᠢᠨ 7᠎ᠡᠴᠡ 10᠎ᠤ ᠡᠳᠦᠷ ᠪᠣᠯᠲᠠᠯ᠎ᠠ ᠬᠠᠷᠠᠮᠥ᠋ᠷᠡᠨ ᠮᠤᠵᠢ᠎ᠶᠢᠨ ᠬᠠᠷᠪᠢᠨ ᠬᠣᠲᠠ᠎ᠳᠤ ᠶᠠᠪᠤᠭᠳᠠᠵᠤ᠂ ᠥᠪᠥᠷ ᠮᠣᠩᠭᠣᠯ᠎ᠤᠨ ᠲᠠᠮᠢᠷᠴᠢᠳ 1 ᠮᠥᠩᠭᠥᠨ ᠮᠧᠳᠠᠯ᠂ 3 ᠬᠦᠷᠡᠯ ᠮᠧᠳᠠᠯ ᠬᠦᠷᠳᠡᠵᠠᠢ᠃

ᠣᠢᠯᠠᠭᠠᠭᠰᠠᠨ᠎ᠢᠶᠠᠷ᠂ ᠲᠣᠰ ᠤᠳᠠᠭᠠᠨ᠎ᠤ ᠤᠷᠤᠯᠳᠤᠭᠠᠨ᠎ᠳᠤ ᠬᠥᠬᠡ ᠬᠥᠬᠡᠭᠴᠢᠨ ᠬᠣᠶᠠᠷ ᠳᠤᠭᠤᠢᠯᠠᠩ ᠬᠤᠪᠢᠶᠠᠵᠤ᠂ 21 ᠪᠠᠭ᠎ᠠ ᠤᠷᠤᠯᠳᠤᠭᠠᠨ᠎ᠤ ᠲᠦᠷᠦᠯ ᠳᠤᠬᠢᠷᠠᠭᠤᠯᠵᠤ᠂ ᠪᠥᠬᠥ ᠤᠯᠤᠰ᠎ᠤᠨ ᠡᠯ᠎ᠡ ᠮᠤᠵᠢ (ᠣᠷᠣᠨ᠂ ᠬᠣᠲᠠ) ᠵᠢᠨ 60 ᠭᠠᠷᠤᠢ ᠲᠥᠯᠥᠭᠡᠯᠡᠭᠴᠢ ᠵᠢᠨ ᠪᠦᠯᠬᠦᠮ᠎ᠤᠨ 372 ᠲᠠᠮᠢᠷᠴᠢᠨ ᠤᠷᠤᠯᠳᠤᠭᠠᠨ᠎ᠳᠤ ᠣᠷᠣᠯᠴᠠᠪᠠ᠂ ᠳᠤᠰ ᠤᠳᠠᠭᠠᠨ᠎ᠤ ᠤᠷᠤᠯᠳᠤᠭᠠᠨ᠎ᠤ ᠬᠢᠷᠢ ᠪᠦᠲᠦᠮᠵᠢ ᠵᠢ ᠤᠯᠤᠰ᠎ᠤᠨ ᠲᠦᠷᠭᠡᠨ ᠲᠡᠰᠢᠯᠲᠡ᠎ᠶᠢᠨ ᠲᠥᠪᠯᠡᠷᠡᠭᠦᠯᠦᠨ ᠪᠣᠯᠪᠠᠰᠤᠷᠠᠭᠤᠯᠬᠤ ᠠᠩᠭᠢ᠎ᠶᠢᠨ ᠰᠢᠯᠭᠠᠷᠠᠭᠤᠯᠤᠯᠲᠠ᠎ᠶᠢᠨ ᠴᠢᠬᠤᠯᠠ ᠦᠨᠳᠦᠰᠦᠯᠡᠯ ᠪᠣᠯᠭᠠᠬᠤ ᠪᠣᠯᠣᠨ᠎ᠠ᠃ 4 ᠡᠳᠦᠷ᠎ᠦᠨ ᠥᠷᠢᠰᠦᠯᠳᠦᠭᠡᠨ᠎ᠢᠶᠡᠷ ᠳᠠᠮᠵᠢᠭᠠᠳ ᠥᠪᠥᠷ ᠮᠣᠩᠭᠣᠯ᠎ᠤᠨ ᠲᠠᠮᠢᠷᠴᠢᠨ ᠯᠦ᠍ ᠵᠢᠶᠠ ᠯᠢ ᠡᠮᠡᠭᠲᠡᠢ᠎ᠶᠢᠨ ᠬᠥᠬᠡ ᠳᠤᠭᠤᠢᠯᠠᠩ᠎ᠤᠨ 1000 ᠮᠧᠲᠷ᠂ 500 ᠮᠧᠲᠷ᠎ᠦᠨ ᠤᠷᠤᠯᠳᠤᠭᠠᠨ ᠳ᠋ᠤ ᠲᠤᠰ ᠲᠤᠰ ᠮᠥᠩᠭᠥᠨ ᠮᠧᠳᠠᠯ ᠪᠠ ᠬᠦᠷᠠᠯ ᠮᠧᠳᠠᠯ ᠭᠠᠷᠳᠠᠵᠤ᠂ ᠯᠢᠩ ᠬᠤᠤ ᠵᠧ᠂ ᠾᠧᠦ ᠵᠦᠸᠸ ᠴᠧᠨ᠂ ᠴᠧᠨ ᠶᠠᠩ ᠬᠤᠤ ᠹᠠᠨ ᠬᠥᠬᠡᠭᠴᠢᠨ ᠳᠤᠭᠤᠢᠯᠠᠩ᠎ᠤᠨ ᠡᠷᠡᠭᠲᠡᠢ᠎ᠶᠢᠨ ᠪᠦᠯᠬᠦᠮ᠎ᠤᠨ ᠬᠥᠭᠡᠭᠡᠴᠡᠯᠳᠦᠬᠦ ᠤᠷᠤᠯᠳᠤᠭᠠᠨ ᠳ᠋ᠤ ᠬᠦᠷᠠᠯ ᠮᠧᠳᠠᠯ ᠭᠠᠷᠳᠠᠵᠤ᠂ ᠶᠠᠩ ᠲᠢᠶᠠᠨ ᠢ᠂ ᠯᠢᠦ ᠱᠢ ᠷᠠᠨ᠂ ᠯᠢ ᠸᠸᠨ ᠸᠧᠢ ᠬᠥᠬᠡᠭᠴᠢᠨ ᠳᠤᠭᠤᠢᠯᠠᠩ᠎ᠤᠨ ᠡᠮᠡᠭᠲᠡᠢ᠎ᠶᠢᠨ ᠪᠦᠯᠬᠦᠮ᠎ᠤᠨ ᠬᠥᠭᠡᠭᠡᠴᠡᠯᠳᠦᠬᠦ ᠤᠷᠤᠯᠳᠤᠭᠠᠨ ᠳ᠋ᠤ ᠬᠦᠷᠠᠯ ᠮᠧᠳᠠᠯ ᠭᠠᠷᠳᠠᠪᠠ᠃
2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号