ᠰᠢ᠎ᠶᠢᠨ ᠫᠢᠩ ᠭᠠᠳᠠᠭᠠᠳᠦ ᠤᠯᠤᠰ᠎ᠤᠨ ᠰᠢᠨ᠎ᠡ ᠪᠡᠷ ᠲᠤᠰᠢᠶᠠᠯ᠎ᠳᠦ ᠭᠠᠷᠤᠭᠰᠠᠨ ᠳᠤᠮᠳᠠᠳᠤ ᠤᠯᠤᠰ᠎ᠲᠤ ᠰᠠᠭᠤᠭ᠎ᠠ ᠡᠯᠴᠢᠨ ᠰᠠᠢᠳ᠎ᠤᠨ ᠳᠡᠪᠰᠢᠭᠦᠯᠦᠭᠰᠡᠨ ᠲᠦᠷᠦ᠎ᠶᠢᠨ ᠪᠢᠴᠢᠭ᠎ᠢ ᠬᠦᠯᠢᠶᠡᠨ ᠠᠪᠤᠪᠠ
2026-01-17 11:10:05
ᠵᠣᠬᠢᠶᠠᠭ᠍ᠴᠢ᠄
​ᠼᠤᠤ ᠵᠢᠶᠠ ᠶᠤᠸᠠᠢ
ᠣᠩᠱᠢᠭ᠍ᠰᠠᠨ ᠣᠳᠠᠭ᠎ᠠ᠄
★★★☆☆

1 ᠰᠠᠷ᠎ᠠ᠎ᠶᠢᠨ 16᠎ᠤ᠋ ᠦᠳᠡ᠎ᠶᠢᠨ ᠡᠮᠦᠨ᠎ᠡ᠂ ᠤᠯᠤᠰ᠎ᠤᠨ ᠲᠡᠷᠢᠭᠦᠯᠡᠭᠴᠢ ᠰᠢ᠎ᠶᠢᠨ ᠫᠢᠩ ᠪᠡᠭᠡᠵᠢᠩ᠎ᠦᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠳᠤᠮᠳᠠᠳᠤ ᠤᠯᠤᠰ᠎ᠲᠤ ᠰᠠᠭᠤᠭ᠎ᠠ 18 ᠡᠯᠴᠢᠨ ᠰᠠᠢᠳ᠎ᠤᠨ ᠳᠡᠪᠰᠢᠭᠦᠯᠦᠭᠰᠡᠨ ᠲᠦᠷᠦ᠎ᠶᠢᠨ ᠪᠢᠴᠢᠭ᠎ᠢ ᠬᠦᠯᠢᠶᠡᠨ ᠠᠪᠤᠪᠠ᠃


QQ20260117-110228.png

 

1 ᠰᠠᠷ᠎ᠠ᠎ᠶᠢᠨ 16᠎ᠤ᠋ ᠦᠳᠡ᠎ᠶᠢᠨ ᠡᠮᠦᠨ᠎ᠡ᠂ ᠤᠯᠤᠰ᠎ᠤᠨ ᠲᠡᠷᠢᠭᠦᠯᠡᠭᠴᠢ ᠰᠢ᠎ᠶᠢᠨ ᠫᠢᠩ ᠪᠡᠭᠡᠵᠢᠩ᠎ᠦᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠳᠤᠮᠳᠠᠳᠤ ᠤᠯᠤᠰ᠎ᠲᠤ ᠰᠠᠭᠤᠭ᠎ᠠ 18 ᠡᠯᠴᠢᠨ ᠰᠠᠢᠳ᠎ᠤᠨ ᠳᠡᠪᠰᠢᠭᠦᠯᠦᠭᠰᠡᠨ ᠲᠦᠷᠦ᠎ᠶᠢᠨ ᠪᠢᠴᠢᠭ᠎ᠢ ᠬᠦᠯᠢᠶᠡᠨ ᠠᠪᠤᠪᠠ᠃ ᠵᠢᠷᠤᠭ ᠪᠤᠯ ᠶᠣᠰᠣᠯᠠᠯ ᠲᠡᠭᠦᠰᠦᠭᠰᠡᠨ᠎ᠦ ᠲᠠᠷᠠᠭ᠎ᠠ᠂ ᠰᠢ᠎ᠶᠢᠨ ᠫᠢᠩ ᠪᠡᠭᠡᠵᠢᠩ ᠲᠢᠩᠬᠢᠮ᠎ᠳᠦ ᠡᠯᠴᠢᠨ ᠰᠠᠢᠳ ᠨᠠᠷ᠎ᠲᠤ ᠶᠠᠷᠢᠶ᠎ᠠ ᠲᠠᠯᠪᠢᠵᠤ ᠪᠠᠢᠭ᠎ᠠ ᠨᠢ᠃

ᠰᠢᠨᠬᠤᠸᠠ ᠬᠤᠷᠢᠶ᠎ᠠ᠎ᠶᠢᠨ ᠰᠤᠷᠪᠤᠯᠵᠢᠯᠠᠭᠴᠢ ᠬᠤᠸᠠᠩ ᠵᠢᠩ ᠰᠡᠭᠦᠳᠡᠷᠯᠡᠪᠡ


ᠠᠷᠠᠳ᠎ᠤᠨ ᠶᠡᠬᠡ ᠬᠤᠷᠠᠯ᠎ᠤᠨ ᠲᠠᠩᠬᠢᠮ᠎ᠤᠨ ᠬᠣᠢᠲᠤ ᠡᠭᠦᠳᠡᠨ᠎ᠦ ᠭᠠᠳᠠᠨ᠎ᠠ᠂ ᠶᠣᠰᠣᠯᠠᠯ᠎ᠤᠨ ᠴᠡᠷᠢᠭ ᠰᠦᠷ ᠵᠢᠪᠬᠤᠯᠠᠩᠲᠠᠢ ᠵᠢᠭ᠍ᠰᠠᠵᠤ᠂ ᠪᠦᠷᠢᠶᠡᠴᠢᠳ ᠵᠣᠴᠢᠨ ᠤᠭᠲᠤᠬᠤ ᠪᠦᠷᠢᠶ᠎ᠡ ᠬᠠᠩᠭᠢᠨᠠᠭᠤᠯᠪᠠ᠃ ᠡᠯᠴᠢᠨ ᠰᠠᠢᠳ ᠨᠠᠷ ᠬᠣᠢᠨ᠎ᠠ ᠬᠣᠢᠨ᠎ᠠ᠎ᠡᠴᠡ᠎ᠪᠠᠨ ᠬᠦᠷᠦᠯᠴᠡᠨ ᠢᠷᠡᠵᠦ᠂ ᠲᠤᠭ᠎ᠤᠨ ᠵᠢᠭ᠍ᠰᠠᠭᠠᠯ᠎ᠢ ᠥᠩᠭᠡᠷᠡᠨ᠂ ᠭᠠᠨᠳᠢᠭ ᠴᠢᠯᠠᠭᠤᠨ ᠶᠡᠨᠳᠡᠷ᠎ᠢᠶᠡᠷ ᠳᠡᠭᠡᠭᠰᠢ ᠠᠯᠬᠤᠯᠠᠪᠠ᠃

《ᠠᠭᠤᠯᠠ ᠤᠰᠤᠨ ᠠᠳᠠᠪᠠᠰᠢ ᠰᠠᠢᠬᠠᠨ》 ᠭᠡᠬᠦ ᠲᠣᠮᠣ᠌ ᠬᠠᠨ᠎ᠠ᠎ᠶᠢᠨ ᠵᠢᠷᠤᠭ᠎ᠤᠨ ᠡᠮᠦᠨ᠎ᠡ᠂ ᠰᠢ᠎ᠶᠢᠨ ᠫᠢᠩ ᠡᠯᠴᠢᠨ ᠰᠠᠢᠳ ᠨᠠᠷ᠎ᠤᠨ ᠳᠡᠪᠰᠢᠭᠦᠯᠦᠭᠰᠡᠨ ᠲᠥᠷᠥ᠎ᠶᠢᠨ ᠪᠢᠴᠢᠭ᠎ᠢ ᠭᠥᠯᠢᠶᠡᠨ ᠠᠪᠤᠭᠰᠠᠨ ᠪᠥᠭᠡᠳ ᠲᠡᠳᠡᠨ᠎ᠲᠠᠢ ᠨᠢᠭᠡᠳ ᠨᠢᠭᠡ᠎ᠪᠡᠷ ᠬᠠᠮᠲᠦ ᠵᠢᠨ ᠰᠡᠭᠦᠳᠡᠷ ᠲᠠᠲᠠᠭᠤᠯᠪᠠ᠃

ᠳᠡᠳᠡ ᠪᠣᠯ᠄ ᠳᠤᠮᠳᠠᠳᠤ ᠤᠯᠤᠰ᠎ᠲᠤ ᠰᠠᠭᠤᠭ᠎ᠠ ᠲᠦᠷᠺ᠎ᠦᠨ ᠡᠯᠴᠢᠨ ᠰᠠᠢᠳ ᠢᠤᠢᠨᠡᠯ᠂ ᠳᠤᠮᠳᠠᠳᠤ ᠤᠯᠤᠰ᠎ᠲᠤ ᠰᠠᠭᠤᠭ᠎ᠠ ᠠᠦ᠋ᠰᠲᠷᠢᠶ᠎ᠠ᠎ᠶᠢᠨ ᠡᠯᠴᠢᠨ ᠰᠠᠢᠳ ᠬᠠᠶ᠋ᠢᠸᠤᠹᠦ᠋᠂ ᠳᠤᠮᠳᠠᠳᠤ ᠤᠯᠤᠰ᠎ᠲᠤ ᠰᠠᠭᠤᠭ᠎ᠠ ᠠᠩᠭ᠌ᠯᠢ᠎ᠶᠢᠨ ᠡᠯᠴᠢᠨ ᠰᠠᠢᠳ ᠸᠸᠢ ᠯᠸᠢ᠂ ᠳᠤᠮᠳᠠᠳᠤ ᠤᠯᠤᠰ᠎ᠲᠤ ᠰᠠᠭᠤᠭ᠎ᠠ ᠢᠷᠠᠺ᠎ᠤᠨ ᠡᠯᠴᠢᠨ ᠰᠠᠢᠳ ᠪᠸᠯᠸᠠᠯᠯᠢ᠂ ᠳᠤᠮᠳᠠᠳᠤ ᠤᠯᠤᠰ᠎ᠲᠤ ᠰᠠᠭᠤᠭ᠎ᠠ ᠰᠠᠶ᠋ᠢᠫᠷᠦ᠋ᠰ᠎ᠦᠨ ᠡᠯᠴᠢᠨ ᠰᠠᠢᠳ ᠰᠤᠹᠢᠶᠠᠨᠦ᠋᠂ ᠳᠤᠮᠳᠠᠳᠤ ᠤᠯᠤᠰ᠎ᠲᠤ ᠰᠠᠭᠤᠭ᠎ᠠ ᠮᠠᠦ᠋ᠷᠢᠲ᠋ᠢᠦ᠋ᠰ᠎ᠤᠨ ᠡᠯᠴᠢᠨ ᠰᠠᠢᠳ ᠰᠢᠶᠤᠤ ᠰᠢᠶᠤᠤ ᠱᠠᠨ᠂ ᠳᠤᠮᠳᠠᠳᠤ ᠤᠯᠤᠰ᠎ᠲᠤ ᠰᠠᠭᠤᠭ᠎ᠠ ᠰᠯᠤᠸᠠᠺᠢᠶ᠎ᠠ ᠵᠢᠨ  ᠡᠯᠴᠢᠨ ᠰᠠᠢᠳ ᠯᠸᠺᠵᠠᠺᠰ᠂  ᠳᠤᠮᠳᠠᠳᠤ ᠤᠯᠤᠰ᠎ᠲᠤ ᠰᠠᠭᠤᠭ᠎ᠠ ᠭᠠᠨᠠ᠎ᠶᠢᠨ ᠡᠯᠴᠢᠨ ᠰᠠᠢᠳ ᠪᠤᠨᠰᠦ᠋᠂  ᠳᠤᠮᠳᠠᠳᠤ ᠤᠯᠤᠰ᠎ᠲᠤ ᠰᠠᠭᠤᠭ᠎ᠠ ᠨᠠᠮᠢᠪᠢᠶ᠎ᠠ ᠵᠢᠨ ᠡᠯᠴᠢᠨ ᠰᠠᠢᠳ ᠢᠮᠦᠢ᠍ᠯᠠ᠂ ᠳᠤᠮᠳᠠᠳᠤ ᠤᠯᠤᠰ᠎ᠲᠤ ᠰᠠᠭᠤᠭ᠎ᠠ ᠺᠣᠷᠢᠶᠠ ᠵᠢᠨ ᠡᠯᠴᠢᠨ ᠰᠠᠢᠳ ᠯᠦ᠍ ᠽᠠᠢ ᠰᠢᠶᠠᠨ᠂  ᠳᠤᠮᠳᠠᠳᠤ ᠤᠯᠤᠰ᠎ᠲᠤ ᠰᠠᠭᠤᠭ᠎ᠠ ᠦᠷᠤᠭᠤᠸᠠᠢ ᠵᠢᠨ ᠡᠯᠴᠢᠨ ᠰᠠᠢᠳ ᠺᠠᠪᠷᠠᠯ᠂  ᠳᠤᠮᠳᠠᠳᠤ ᠤᠯᠤᠰ᠎ᠲᠤ ᠰᠠᠭᠤᠭ᠎ᠠ ᠰᠸᠢᠰ᠎ᠦᠨ ᠡᠯᠴᠢᠨ ᠰᠠᠢᠳ ᠮᠠ ᠲᠢᠩ᠂  ᠳᠤᠮᠳᠠᠳᠤ ᠤᠯᠤᠰ᠎ᠲᠤ ᠰᠠᠭᠤᠭ᠎ᠠ ᠫᠠᠯᠧᠰᠲ᠋ᠠᠢᠨ᠎ᠤ ᠡᠯᠴᠢᠨ ᠰᠠᠢᠳ ᠵᠠᠸᠠᠳ᠋᠂  ᠳᠤᠮᠳᠠᠳᠤ ᠤᠯᠤᠰ᠎ᠲᠤ ᠰᠠᠭᠤᠭ᠎ᠠ ᠫᠧᠷᠦ᠋᠎ᠶᠢᠨ ᠡᠯᠴᠢᠨ ᠰᠠᠢᠳ ᠸᠠᠰᠺᠢᠤᠰ᠂  ᠳᠤᠮᠳᠠᠳᠤ ᠤᠯᠤᠰ᠎ᠲᠤ ᠰᠠᠭᠤᠭ᠎ᠠ ᠯᠧᠪᠠᠨᠣᠨ᠎ᠤ ᠡᠯᠴᠢᠨ ᠰᠠᠢᠳ ᠯᠠᠳ᠋ᠸ᠂  ᠳᠤᠮᠳᠠᠳᠤ ᠤᠯᠤᠰ᠎ᠲᠤ ᠰᠠᠭᠤᠭ᠎ᠠ ᠺᠣᠩᠭᠣ᠋ (ᠪᠷᠠᠽᠠᠸᠢᠯ) ᠶ᠋ᠢᠨ ᠡᠯᠴᠢᠨ ᠰᠠᠢᠳ ᠮᠠᠮᠢᠨᠠ᠂  ᠳᠤᠮᠳᠠᠳᠤ ᠤᠯᠤᠰ᠎ᠲᠤ ᠰᠠᠭᠤᠭ᠎ᠠ ᠯᠸᠰᠤᠲ᠋ᠤ᠋ ᠵᠢᠨ ᠡᠯᠴᠢᠨ ᠰᠠᠢᠳ ᠯᠢᠨ ᠮᠧᠶ᠂ ᠳᠤᠮᠳᠠᠳᠤ ᠤᠯᠤᠰ᠎ᠲᠤ ᠰᠠᠭᠤᠭ᠎ᠠ ᠪᠢᠷᠮᠠ᠎ᠶᠢᠨ ᠡᠯᠴᠢᠨ ᠰᠠᠢᠳ ᠽᠦᠸᠸ ᠸᠸᠨ ᠮᠢᠨ ᠨᠠᠷ ᠪᠤᠯᠤᠨ᠎ᠠ᠃

ᠶᠣᠰᠣᠯᠠᠯ ᠲᠡᠭᠦᠰᠦᠭᠰᠡᠨ᠎ᠦ ᠲᠠᠷᠠᠭ᠎ᠠ᠂ ᠰᠢ᠎ᠶᠢᠨ ᠫᠢᠩ ᠪᠡᠭᠡᠵᠢᠩ ᠲᠢᠩᠬᠢᠮ᠎ᠳᠦ ᠡᠯᠴᠢᠨ ᠰᠠᠢᠳ ᠨᠠᠷ᠎ᠲᠤ ᠶᠠᠷᠢᠶ᠎ᠠ ᠲᠠᠯᠪᠢᠪᠠ᠃

ᠰᠢ᠎ᠶᠢᠨ ᠫᠢᠩ ᠡᠯᠴᠢᠨ ᠰᠠᠢᠳ ᠨᠠᠷ᠎ᠤᠨ ᠳᠤᠮᠳᠠᠳᠤ ᠤᠯᠤᠰ᠎ᠲᠤ ᠢᠷᠡᠵᠦ ᠲᠤᠰᠢᠶᠠᠯ ᠬᠠᠷᠢᠭᠤᠴᠠᠯᠭ᠎ᠠ᠎ᠪᠠᠨ ᠭᠦᠢᠴᠡᠳᠬᠡᠬᠦ᠎ᠶᠢ ᠪᠠᠶᠠᠷᠯᠠᠨ ᠤᠭᠲᠤᠵᠤ᠂ ᠲᠡᠳᠡᠨ᠎ᠢᠶᠡᠷ ᠳᠠᠮᠵᠢᠭᠤᠯᠤᠨ ᠲᠤᠰ ᠲᠤᠰ᠎ᠦᠨ ᠤᠯᠤᠰ᠎ᠤᠨ᠎ᠬᠢᠨᠢ ᠤᠳᠤᠷᠢᠳᠬᠤ ᠬᠥᠮᠥᠰ ᠪᠣᠯᠣᠨ ᠠᠷᠠᠳ ᠲᠦᠮᠡᠨ᠎ᠳᠦ ᠰᠠᠢᠨ ᠰᠠᠢᠬᠠᠨ ᠵᠥᠩᠨᠡᠯ ᠳᠡᠪᠰᠢᠭᠦᠯᠵᠦ᠂ ᠡᠯᠴᠢᠨ ᠰᠠᠢᠳ ᠨᠠᠷ ᠡᠯ᠎ᠡ ᠭᠠᠵᠠᠷ᠎ᠢᠶᠠᠷ ᠢᠯᠡᠭᠦᠬᠡᠨ ᠬᠦᠷᠴᠦ ᠲᠣᠭᠣᠷᠢᠨ ᠦᠵᠡᠵᠦ᠂ ᠦᠨᠡᠨ ᠪᠣᠳᠠᠲᠦ ᠪᠤᠰᠤᠭ᠎ᠠ ᠴᠣᠭᠴᠠᠲᠤ ᠳᠤᠮᠳᠠᠳᠤ ᠤᠯᠤᠰ᠎ᠢ ᠪᠦᠬᠦ ᠲᠠᠯ᠎ᠠ᠎ᠪᠠᠷ ᠭᠦᠨᠵᠡᠭᠡᠢ ᠣᠢᠯᠠᠭᠠᠵᠤ᠂ ᠳᠤᠮᠳᠠᠳᠤ ᠤᠯᠤᠰ ᠪᠣᠯᠣᠨ ᠡᠯ᠎ᠡ ᠤᠯᠤᠰ᠎ᠤᠨ ᠨᠥᠬᠥᠷᠯᠡᠯ ᠪᠣᠯᠣᠨ ᠬᠠᠮᠲᠤᠷᠠᠯᠴᠠᠭ᠎ᠠ᠎ᠶᠢ ᠭᠦᠨᠵᠡᠭᠡᠢᠷᠡᠭᠦᠯᠬᠦ᠎ᠳᠦ ᠢᠳᠡᠪᠬᠢᠲᠡᠢ ᠬᠤᠪᠢ ᠨᠡᠮᠡᠷᠢ ᠦᠵᠡᠭᠦᠯᠬᠦ᠎ᠶᠢ ᠬᠦᠰᠡᠪᠡ᠃ 

ᠰᠢ᠎ᠶᠢᠨ ᠫᠢᠩ᠂ ᠥᠨᠥᠳᠥᠷ᠎ᠦᠨ ᠳᠤᠮᠳᠠᠳᠤ ᠤᠯᠤᠰ ᠶᠠᠭ ᠰᠠᠶᠢᠬᠠᠨ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢᠨ ᠰᠢᠨ᠎ᠡ ᠠᠶᠠᠨ᠎ᠳᠦ ᠡᠷᠡᠯᠬᠡᠭᠯᠡᠨ ᠤᠷᠤᠭᠰᠢᠯᠠᠵᠤ ᠪᠠᠢᠨ᠎ᠠ᠃ 《ᠠᠷᠪᠠᠨ ᠳᠥᠷᠪᠡᠳᠦᠭᠡᠷ ᠲᠠᠪᠤᠨ ᠵᠢᠯ》 ᠦ᠋ᠨ ᠲᠥᠯᠦᠪᠵᠢᠭᠦᠯᠭᠡ ᠠᠮᠵᠢᠯᠲᠠ᠎ᠲᠠᠢ᠎ᠪᠠᠷ ᠲᠡᠭᠦᠰᠴᠦ᠂ ᠠᠵᠤ ᠠᠬᠤᠢ᠎ᠶᠢᠨ ᠶᠡᠷᠦᠩᠬᠡᠢ ᠬᠡᠮᠵᠢᠶ᠎ᠡ ᠵᠠᠯᠭᠠᠭ᠎ᠠ ᠪᠠᠷ ᠳᠠᠪᠠᠯᠲᠠ᠎ᠲᠠᠢ ᠪᠣᠯᠵᠤ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ᠎ᠶᠢ ᠡᠭᠦᠳᠦᠭᠰᠡᠨ ᠦᠷ᠎ᠡ ᠪᠦᠲᠦᠭᠡᠯ ᠡᠯᠪᠡᠭ ᠪᠠᠶᠠᠯᠢᠭ ᠪᠣᠯᠵᠤ᠂ ᠨᠤᠮᠢᠨ ᠤᠰᠤ ᠬᠥᠬᠡᠮᠳᠦᠭ ᠠᠭᠤᠯᠠ ᠦᠵᠡᠰᠬᠦᠯᠡᠩᠲᠦ ᠰᠠᠢᠬᠠᠨ ᠳᠡᠪᠢᠰᠬᠡᠷ ᠥᠩᠭᠡ ᠪᠣᠯᠵᠤ᠂ ᠠᠷᠠᠳ᠎ᠤᠨ ᠠᠮᠢᠳᠤᠷᠠᠯ᠎ᠤᠨ ᠬᠠᠷᠢᠭᠤᠯᠲᠠ᠎ᠶᠢᠨ ᠬᠠᠭᠤᠳᠠᠰᠤ ᠬᠥᠮᠥᠰ᠎ᠦᠨ ᠰᠡᠳᠬᠢᠯ᠎ᠢ ᠳᠤᠯᠠᠭᠠᠴᠠᠭᠤᠯᠵᠤ ᠪᠠᠢᠨ᠎ᠠ᠃ 《ᠠᠷᠪᠠᠨ ᠲᠠᠪᠤᠳᠤᠭᠠᠷ ᠲᠠᠪᠤᠨ ᠵᠢᠯ》 ᠦ᠋ᠨ ᠲᠥᠯᠦᠪᠵᠢᠭᠦᠯᠭᠡ᠎ᠶᠢᠨ ᠰᠠᠨᠠᠭᠤᠯᠭ᠎ᠠ ᠨᠢ ᠢᠷᠡᠭᠡᠳᠦᠢ᠎ᠶᠢᠨ ᠲᠠᠪᠤᠨ ᠵᠢᠯ᠎ᠦᠨ ᠳᠤᠮᠳᠠᠳᠤ ᠤᠯᠤᠰ᠎ᠤᠨ ᠠᠵᠤ ᠠᠬᠤᠢ ᠨᠡᠢᠭᠡᠮ᠎ᠦᠨ ᠬᠥᠭᠵᠢᠯᠲᠡ᠎ᠶᠢᠨ ᠠᠤᠭ᠎ᠠ ᠲᠥᠰᠥᠪ᠎ᠢ ᠵᠢᠷᠤᠭᠯᠠᠵᠤ ᠥᠭᠭᠦᠭᠰᠡᠨ ᠪᠥᠭᠡᠳ ᠳᠡᠯᠡᠬᠡᠢ ᠳ᠋ᠠᠬᠢᠨ᠎ᠳᠤ ᠴᠤ᠌ ᠨᠢᠭᠡ ᠬᠤᠪᠢ《ᠠᠵᠠ ᠲᠣᠬᠢᠶᠠᠯ᠎ᠤᠨ ᠨᠠᠷᠢᠨ ᠳᠠᠨᠭᠰᠠ》 ᠬᠠᠨᠭᠭᠠᠵᠤ ᠦᠭᠪᠡ᠃ ᠳᠤᠮᠳᠠᠳᠤ ᠤᠯᠤᠰ ᠨᠡᠭᠡᠭᠡᠯᠲᠡ᠎ᠶᠢᠨ ᠲᠣᠮᠣ᠌ ᠡᠭᠦᠳᠡ᠎ᠪᠡᠨ ᠤᠯᠠᠮ ᠴᠢᠯᠦᠭᠡᠳᠡᠢ ᠲᠠᠯᠪᠢᠵᠤ᠂ ᠴᠢᠨᠠᠷ ᠰᠠᠢᠲᠠᠢ ᠬᠥᠭᠵᠢᠯᠲᠡ᠎ᠪᠡᠷ ᠳᠠᠮᠵᠢᠨ ᠳᠡᠯᠡᠬᠡᠢ ᠳ᠋ᠠᠬᠢᠨ᠎ᠳᠤ ᠨᠡᠩ ᠤᠯᠠᠨ ᠲᠣᠭᠲᠠᠭᠠᠯᠲᠤ ᠴᠢᠨᠠᠷ ᠪᠠ ᠰᠢᠨ᠎ᠡ ᠬᠥᠳᠡᠯᠭᠡᠬᠦ ᠬᠦᠴᠦᠨ ᠨᠡᠮᠡᠷᠢᠯᠡᠵᠦ᠂ ᠬᠠᠮᠲᠤ᠎ᠶᠢᠨ ᠬᠥᠭᠵᠢᠯᠲᠡ᠎ᠶᠢ ᠪᠡᠶᠡᠯᠡᠭᠦᠯᠵᠦ᠂ ᠭᠤᠤ᠎ᠠ ᠰᠠᠢᠬᠠᠨ᠎ᠢᠶᠡᠨ ᠬᠠᠮᠲᠤᠳᠬᠠᠨ᠎ᠠ ᠭᠡᠵᠤ ᠴᠢᠬᠤᠯᠠᠴᠢᠯᠠᠪᠠ᠃

ᠰᠢ᠎ᠶᠢᠨ ᠫᠢᠩ᠂ ᠥᠨᠥᠳᠥᠷ᠎ᠦᠨ ᠳᠡᠯᠡᠬᠡᠢ ᠶᠢᠷᠲᠢᠨᠴᠦ ᠵᠢᠨ ᠵᠠᠭᠤᠨ ᠵᠢᠯ᠎ᠳᠤ ᠲᠤᠬᠢᠶᠠᠯᠳᠤᠭ᠎ᠠ ᠦᠭᠡᠢ ᠬᠤᠪᠢᠰᠤᠯᠲᠠ ᠲᠦᠷᠭᠡᠰᠦᠨ ᠤᠯᠠᠷᠢᠵᠤ᠂ ᠳᠡᠯᠡᠬᠡᠢ᠎ᠶᠢᠨ ᠪᠠᠢᠳᠠᠯ ᠡᠭᠡᠳᠡᠷᠡᠭᠡᠨ ᠪᠤᠳᠤᠯᠢᠶᠠᠨᠳᠠᠢ  ᠪᠤᠯᠵᠤ᠂ ᠪᠥᠬᠥ ᠪᠥᠮᠪᠥᠷᠴᠡᠭ᠎ᠦᠨ ᠴᠢᠨᠠᠷᠲᠠᠢ ᠥᠷᠢᠰᠦᠯᠳᠦᠭᠡᠨ ᠨᠠᠩ ᠲᠣᠪᠣᠢᠮ᠎ᠠ ᠪᠣᠯᠵᠤ ᠪᠠᠢᠨ᠎ᠠ᠃ ᠬᠠᠭᠠᠴᠠᠭᠤᠯᠬᠤ ᠡᠰᠡᠷᠭᠦᠴᠡᠯᠳᠦᠯ᠂ ᠦᠯᠦ ᠡᠪᠰᠡᠬᠦ ᠦᠵᠡᠯᠴᠡᠭᠡᠨ᠎ᠳᠦ ᠯᠠᠪᠲᠠᠢ ᠭᠠᠷᠬᠤ ᠵᠠᠮ ᠪᠠᠢᠬᠤ ᠦᠭᠡᠢ᠂ ᠳᠡᠯᠡᠬᠡᠢ ᠶᠢᠷᠲᠢᠨᠴᠦ ᠵᠢ ᠪᠠᠯᠠᠷ ᠤᠢ ᠵᠢᠨ ᠵᠢᠮ᠎ᠡ ᠬᠠᠤᠯᠢ᠎ᠳᠦ ᠪᠤᠴᠠᠭᠤᠯᠬᠤ ᠨᠢ ᠬᠥᠮᠥᠰ᠎ᠦᠨ ᠰᠡᠳᠬᠢᠯ᠎ᠢ ᠣᠯᠬᠤ ᠦᠭᠡᠢ ᠶᠤᠮ᠂ ᠪᠦᠬᠦ ᠪᠥᠮᠪᠥᠷᠴᠡᠭ ᠵᠢᠡᠷ᠎ᠢᠶᠡᠨ ᠬᠠᠮᠲᠤ ᠪᠠᠷ ᠲᠤᠰᠠᠯᠠᠯᠴᠠᠬᠤ᠂ ᠪᠦᠯᠬᠦᠮᠳᠡᠨ ᠬᠠᠮᠲᠤᠷᠠᠯᠴᠠᠬᠤ ᠪᠣᠯ ᠴᠤᠷ᠎ᠤᠨ ᠭᠠᠭᠴᠠ ᠵᠥᠪ ᠰᠣᠩᠭᠣᠯᠲᠠ ᠪᠣᠯᠣᠨ᠎ᠠ᠃ ᠪᠢ ᠪᠦᠬᠦ ᠪᠥᠮᠪᠥᠷᠴᠡᠭ᠎ᠦᠨ ᠵᠠᠰᠠᠯᠲᠠ᠎ᠶᠢᠨ ᠰᠠᠨᠠᠭᠠᠴᠢᠯᠠᠭ᠎ᠠ᠎ᠶᠢ ᠳᠤᠷᠠᠳᠤᠭᠰᠠᠨ ᠨᠢ ᠨᠡᠩ ᠲᠥᠪ ᠭᠣᠣᠯᠴᠢ ᠵᠦᠢ ᠵᠣᠬᠢᠰᠲᠠᠢ ᠪᠦᠬᠦ ᠪᠥᠮᠪᠥᠷᠴᠡᠭ᠎ᠦᠨ ᠵᠠᠰᠠᠯᠲᠠ᠎ᠶᠢᠨ ᠰᠢᠰᠲ᠋ᠸᠮ᠎ᠢ ᠪᠠᠶ᠋ᠢᠭᠤᠯᠬᠤ᠎ᠶᠢ ᠠᠬᠢᠭᠤᠯᠬᠤ᠎ᠶᠢᠨ ᠲᠥᠯᠥᠭᠡ ᠶᠤᠮ᠃ ᠳᠤᠮᠳᠠᠳᠤ ᠤᠯᠤᠰ ᠢᠮᠠᠭᠲᠠ ᠲᠡᠦᠬᠡ᠎ᠶᠢᠨ ᠵᠥᠪ ᠲᠠᠯ᠎ᠠ᠎ᠳᠤ ᠵᠣᠭᠰᠣᠵᠤ᠂ ᠠᠷᠠᠳ ᠲᠦᠮᠡᠨ᠎ᠦ ᠰᠡᠳᠬᠢᠯ᠎ᠢᠶᠡᠷ ᠰᠡᠳᠬᠢᠯ᠎ᠢᠶᠡᠨ ᠪᠣᠯᠭᠠᠨ᠂ ᠳᠡᠯᠡᠬᠡᠢ ᠳ᠋ᠠᠬᠢᠨ᠎ᠤ ᠠᠰᠢᠭ᠋ ᠲᠤᠰᠠ᠎ᠪᠠᠷ ᠠᠰᠢᠭ᠋ ᠲᠤᠰᠠ᠎ᠪᠠᠨ ᠪᠣᠯᠭᠠᠵᠤ᠂ ᠡᠯ᠎ᠡ ᠤᠯᠤᠰ᠎ᠲᠠᠢ ᠬᠠᠮᠲᠤ ᠪᠠᠷ ᠬᠥᠮᠥᠨ ᠲᠥᠷᠥᠯᠬᠢᠲᠡᠨ᠎ᠦ ᠬᠤᠪᠢ ᠵᠠᠶᠠᠭᠠᠨ᠎ᠤ ᠬᠠᠮᠲᠤ᠎ᠶᠢᠨ ᠴᠣᠭᠴᠠ᠎ᠶᠢ ᠪᠠᠶ᠋ᠢᠭᠤᠯᠬᠤ᠎ᠶᠢ ᠠᠬᠢᠭᠤᠯᠤᠨ᠎ᠠ ᠭᠡᠵᠤ ᠵᠢᠭᠠᠵᠤ ᠭᠠᠷᠭᠠᠪᠠ᠃

ᠸᠠᠩ ᠢ ᠳᠡᠭᠡᠷᠡᠬᠢ ᠠᠵᠢᠯᠯᠠᠭ᠎ᠠ᠎ᠳᠤ ᠣᠷᠣᠯᠴᠠᠵᠠᠢ᠃

ᠰᠢᠨᠬᠤᠸᠠ ᠬᠣᠷᠢᠶ᠎ᠡ ᠵᠢᠨ ᠪᠡᠭᠡᠵᠢᠩ᠎ᠦᠨ 1 ᠰᠠᠷ᠎ᠠ᠎ᠶᠢᠨ 16 ᠎ᠤ᠋ ᠴᠠᠬᠢᠯᠭᠠᠨ ᠮᠡᠳᠡᠭᠡ) 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号