ᠢᠯᠵᠢᠷᠡᠯ᠎ᠢ ᠡᠰᠡᠷᠭᠦᠴᠡᠬᠦ᠌ ᠲᠡᠮᠡᠴᠡᠯ᠎ᠢ ᠨᠡᠩ ᠰᠡᠷᠭᠡᠭ ᠨᠡᠩ ᠡᠷᠡᠰ ᠪᠠᠲᠤ ᠠᠬᠢᠭᠤᠯᠰᠤᠭᠠᠢ
2026-01-17 11:31:38
ᠵᠣᠬᠢᠶᠠᠭ᠍ᠴᠢ᠄
ᠠᠷᠠᠳ᠎ᠤᠨ ᠡᠳᠦᠷ᠎ᠤᠨ ᠰᠤᠨᠢᠨ᠎ᠤ ᠰᠢᠭᠦᠮᠵᠢᠯᠡᠭᠴᠢ
ᠣᠩᠱᠢᠭ᠍ᠰᠠᠨ ᠣᠳᠠᠭ᠎ᠠ᠄
★★★☆☆

 — ᠶᠡᠷᠦᠩᠬᠡᠢ ᠱᠦᠵᠢ ᠰᠢ ᠵᠢᠨ ᠫᠢᠩ ᠎ᠦᠨ ᠬᠣᠷᠢᠳᠤᠭᠠᠷ ᠬᠤᠭᠤᠴᠠᠭᠠᠨ ᠎ᠤ ᠲᠥᠪ ᠎ᠦᠨ ᠰᠠᠬᠢᠯᠭ᠎ᠠ ᠪᠠᠲᠤ ᠪᠠᠢᠴᠠᠭᠠᠬᠤ ᠬᠣᠷᠢᠢ᠎ᠠ ᠎ᠶ᠋ᠢᠨ ᠲᠠᠪᠤᠳᠤᠭᠠᠷ ᠪᠦᠬᠦᠳᠡ ᠬᠤᠷᠠᠯ ᠳᠡᠭᠡᠷᠡᠬᠢ ᠴᠢᠬᠤᠯᠠ ᠶᠠᠷᠢᠶ᠎ᠠ ᠎ᠵᠢᠨ ᠵᠣᠷᠢᠭ ᠰᠠᠨᠠᠭ᠎ᠠ ᠎ᠶ᠋ᠢ ᠰᠤᠷᠤᠯᠴᠠᠨ ᠲᠤᠭᠤᠰᠢᠯᠠᠭᠤᠯᠬᠤ ᠲᠤᠬᠠᠢ ᠥᠭᠦᠯᠡᠬᠦ᠌ ᠨᠢ

 《ᠢᠯᠵᠢᠷᠠᠯ ᠪᠣᠯ ᠨᠠᠮ ᠪᠠ ᠤᠯᠤᠰ᠎ᠤᠨ ᠠᠵᠢᠯ ᠦᠢᠯᠡᠰ᠎ᠦᠨ ᠬᠥᠭ᠌ᠵᠢᠯᠲᠡ᠎ᠶ᠋ᠢᠨ ᠶᠠᠪᠤᠴᠠ᠎ᠳᠠᠬᠢ  ᠰᠠᠭᠠᠳ ᠲᠤᠳᠬᠠᠷ᠂ ᠲᠤᠷᠭᠤᠭᠤᠰᠤ ᠮᠥᠨ᠂ ᠢᠯᠵᠢᠷᠠᠯ᠎ᠢ ᠡᠰᠡᠷᠭᠦᠴᠡᠬᠦ᠌ ᠪᠣᠯ ᠢᠯᠠᠬᠤ ᠡᠴᠡ ᠪᠢᠰᠢ ᠢᠯᠠᠭ᠍ᠳᠠᠵᠤ ᠪᠣᠯᠬᠤ ᠦᠭᠡᠢ ᠪᠥᠭᠡᠳ ᠶᠠᠭᠠᠬᠢᠭ᠍ᠰᠠᠨ ᠴᠤ᠌ ᠢᠯᠠᠭ᠍ᠳᠠᠵᠤ ᠪᠣᠯᠬᠤ ᠦᠭᠡᠢ ᠴᠢᠬᠤᠯᠠ ᠶᠡᠬᠡ ᠲᠡᠮᠡᠴᠡᠯ ᠮᠥᠨ》᠃ ᠬᠣᠷᠢᠳᠤᠭᠠᠷ ᠬᠤᠭᠤᠴᠠᠭᠠᠨ᠎ᠤ ᠲᠥᠪ᠎ᠦᠨ ᠰᠠᠬᠢᠯᠭ᠎ᠠ ᠪᠠᠲᠤ ᠪᠠᠢᠴᠠᠭᠠᠬᠤ ᠬᠤᠷᠢᠶ᠎ᠠ ᠵᠢᠨ ᠲᠠᠪᠤᠳᠤᠭᠠᠷ ᠪᠦᠬᠦᠳᠡ ᠬᠤᠷᠠᠯ ᠳᠡᠭᠡᠷ᠎ᠡ᠂ ᠶᠡᠷᠦᠩᠬᠡᠢ ᠱᠦᠵᠢ ᠰᠢ ᠵᠢᠨ ᠫᠢᠩ ᠢᠯᠵᠢᠷᠡᠯ᠎ᠢ ᠡᠰᠡᠷᠭᠦᠴᠡᠬᠦ᠌ ᠲᠡᠮᠡᠴᠡᠯ᠎ᠦᠨ ᠪᠠᠢᠳᠠᠯ ᠡᠭᠦᠷᠭᠡ ᠵᠢᠴᠢ ᠱᠠᠳᠤᠴᠢ ᠴᠢᠨᠠᠷᠲᠠᠢ ᠣᠨᠴᠠᠯᠢᠭ᠎ᠢ ᠣᠨᠣᠪᠴᠢᠲᠠᠢ ᠡᠵᠡᠮᠳᠡᠵᠦ᠍᠂ ᠨᠡᠩ ᠥᠨᠳᠥᠷ ᠪᠠᠷᠢᠮᠵᠢᠶ᠎ᠠ᠂ ᠨᠡᠩ ᠪᠣᠳᠠᠲᠠᠢ ᠠᠷᠭ᠎ᠠ ᠬᠡᠮᠵᠢᠢ᠎ᠡ᠎ᠪᠡᠷ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶ᠋ᠢ ᠠᠬᠢᠭᠤᠯᠬᠤ ᠠᠵᠢᠯ᠎ᠢ ᠪᠠᠢᠷᠢᠯᠠᠭᠤᠯᠵᠤ᠂ 《ᠢᠯᠵᠢᠷᠡᠯ᠎ᠢ ᠡᠰᠡᠷᠭᠦᠴᠡᠬᠦ᠌ ᠲᠡᠮᠡᠴᠡᠯ᠎ᠢ ᠨᠡᠩ ᠰᠡᠷᠭᠡᠭ ᠨᠡᠩ ᠡᠷᠡᠰ ᠪᠠᠲᠤ ᠠᠬᠢᠭᠤᠯᠬᠤ ᠬᠡᠷᠡᠭ᠌ᠲᠡᠢ》 ᠭᠡᠵᠦ᠍ ᠴᠢᠬᠤᠯᠠᠴᠢᠯᠠᠪᠠ᠃

ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ᠎ᠡᠴᠡ ᠨᠠᠭᠠᠰᠢ᠂ ᠮᠠᠨ᠎ᠤ ᠨᠠᠮ ᠲᠡᠦᠬᠡᠨ᠎ᠳᠦ ᠭᠠᠷᠤᠭ᠎ᠠ ᠦᠭᠡᠢ ᠢᠯᠵᠢᠷᠠᠯ᠎ᠢ ᠡᠰᠡᠷᠭᠦᠴᠡᠬᠦ᠌ ᠲᠡᠮᠡᠴᠡᠯ᠎ᠢ ᠥᠷᠨᠢᠭᠦᠯᠵᠦ᠍᠂ 《ᠮᠢᠩᠭ᠎ᠠ ᠲᠦᠮᠡᠨ ᠬᠥᠮᠦᠨ᠎ᠲᠡᠶ ᠮᠠᠭᠤᠳᠠᠯᠴᠠᠵᠤ᠂ ᠠᠷᠪᠠᠨ ᠲᠦᠷᠪᠡᠨ ᠳ᠋ᠦᠩᠱᠢᠭᠤᠷ ᠬᠥᠮᠦᠨ ᠳ᠋ᠦ ᠦᠯᠦ ᠤᠰᠤᠯᠳᠠᠬᠤ》 ᠡᠭᠦᠷᠭᠡ ᠬᠠᠷᠢᠭᠤᠴᠠᠯᠭ᠎ᠠ᠎ᠪᠠᠷ ᠠᠷᠬᠠᠭ ᠭᠡᠮ᠎ᠢ ᠠᠷᠢᠯᠭᠠᠨ ᠰᠠᠮᠠᠭᠤᠷᠠᠯ᠎ᠢ ᠵᠠᠰᠠᠵᠤ᠂ ᠬᠣᠷᠢᠭᠠᠲᠤ ᠣᠷᠣᠨ ᠦᠭᠡᠢ᠂ ᠪᠦᠬᠦᠨ᠎ᠢ ᠬᠠᠮᠤᠷᠬᠤ᠂ ᠤᠬ᠍ᠳᠤ ᠠᠭᠤᠴᠢᠯᠠᠬᠤ ᠦᠭᠡᠢ ᠪᠠᠢᠬᠤ᠎ᠶ᠋ᠢ ᠪᠠᠷᠢᠮᠲᠠᠯᠠᠵᠤ᠂ 《ᠪᠠᠷᠰ ᠴᠣᠬᠢᠬᠤ》᠂ 《ᠢᠯᠠᠭ᠎ᠠ ᠴᠣᠬᠢᠬᠤ》᠂ 《ᠦᠨᠡᠭᠡ ᠠᠩᠨᠠᠬᠤ》 ᠤᠯᠠᠨ ᠠᠷᠭ᠎ᠠ᠎ᠶ᠋ᠢ ᠵᠡᠷᠭᠡ᠎ᠪᠡᠷ ᠬᠡᠷᠡᠭᠵᠢᠭᠦᠯᠵᠦ᠂ ᠨᠠᠮ᠎ᠤᠨ ᠲᠥᠪ ᠬᠤᠷᠢᠶ᠎ᠠ ᠵᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠳᠣᠣᠷ᠎ᠠ᠂ ᠦᠨᠭ᠌ᠭᠡᠨ ᠲᠠᠯ᠎ᠠ ᠪᠠ ᠦᠨᠳᠦᠰᠦ ᠡᠴᠡ ᠨᠢ ᠵᠡᠷᠭᠡ᠎ᠪᠡᠷ ᠵᠠᠰᠠᠵᠤ᠂ ᠢᠯᠵᠢᠷᠠᠬᠦ ᠡᠴᠡ ᠵᠢᠷᠦᠬᠡᠱᠢᠶᠡᠬᠦ᠌ ᠢᠯᠵᠢᠷᠠᠵᠦ ᠪᠤᠯᠬᠤ ᠦᠭᠡᠢ ᠢᠯᠵᠢᠷᠠᠬᠦ᠎ᠶ᠋ᠢ ᠪᠤᠳᠤᠬᠤ ᠦᠭᠡᠢ ᠪᠠᠢᠬᠤ ᠵᠢ ᠨᠢᠭᠡ ᠴᠤᠭᠴᠠᠵᠢᠭᠤᠯᠤᠨ ᠠᠬᠢᠭᠤᠯᠤᠭᠰᠠᠨ ᠳᠤᠮᠳᠠᠳᠤ ᠤᠯᠤᠰ᠎ᠤᠨ ᠣᠨᠴᠠᠯᠢᠭ ᠪᠦᠬᠦᠢ ᠢᠯᠵᠢᠷᠠᠯ᠎ᠢ ᠡᠰᠡᠷᠭᠦᠴᠡᠬᠦ᠌ ᠵᠠᠮ᠎ᠢᠶᠠᠷ ᠠᠮᠵᠢᠯᠲᠠ᠎ᠲᠠᠶ ᠵᠠᠮᠨᠠᠪᠠ᠃

ᠬᠡᠯᠡᠭᠰᠡᠨ᠎ᠳᠡᠭᠡᠨ ᠰᠠᠭᠤᠵᠤ ᠠᠷᠠᠳ᠎ᠤᠨ ᠰᠡᠳᠭᠢᠯ᠎ᠢ ᠤᠯᠵᠤ ᠨᠠᠮ᠎ᠢ ᠴᠢᠩᠭ᠎ᠠ ᠬᠠᠮᠢᠶᠠᠷᠤᠨ ᠨᠠᠮ᠎ᠢ ᠴᠢᠩᠭ᠎ᠠ ᠵᠠᠰᠠᠵᠤ᠂ ᠢᠯᠵᠢᠷᠬᠡᠢ ᠵᠢ ᠠᠷᠢᠯᠭᠠᠨ ᠮᠢᠬ᠎ᠠ ᠲᠦᠷᠦᠭᠦᠯᠦᠨ ᠥᠪᠡᠷ ᠪᠡᠶ᠎ᠡ ᠵᠢᠨ ᠬᠤᠪᠢᠰᠭᠠᠯ ᠢ᠋ ᠠᠬᠢᠭᠤᠯᠵᠤ᠂ ᠨᠠᠮ᠎ᠤᠨ ᠴᠢᠨᠠᠷ ᠬᠤᠪᠢᠷᠠᠬᠤ ᠦᠭᠡᠢ᠂ ᠦᠩᠭᠡ ᠬᠤᠪᠢᠷᠠᠬᠤ ᠦᠭᠡᠢ᠂ ᠰᠤᠷᠲᠠᠯ ᠬᠤᠪᠢᠷᠠᠬᠤ ᠦᠭᠡᠢ ᠪᠠᠢᠬᠤ ᠵᠢ ᠦᠨᠡᠨ ᠬᠦ᠌  ᠪᠠᠲᠤᠯᠠᠬᠤ ᠲᠡᠦᠬᠡ᠎ᠶ᠋ᠢᠨ ᠰᠠᠨᠠᠭᠠᠴᠢᠯᠠᠭᠠᠲᠤ ᠡᠷᠬᠡ᠎ᠶ᠋ᠢ ᠣᠯᠵᠤ᠂ ᠨᠠᠮ᠎ᠡᠴᠡ ᠪᠦᠬᠦ᠌ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ  ᠬᠦᠴᠦᠷᠬᠡᠭ᠌ ᠤᠯᠤᠰ᠎ᠤᠨ ᠪᠦᠲᠦᠭᠡᠨ ᠪᠠᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶ᠋ᠢᠨ ᠠᠭᠤᠤ ᠦᠢᠯᠡᠰ᠎ᠦᠨ ᠲᠥᠯᠥᠭᠡ ᠬᠠᠮᠲᠤ᠎ᠪᠠᠷ ᠲᠡᠮᠡᠴᠡᠬᠦ᠌ ᠲᠡᠦᠬᠡ᠎ᠶ᠋ᠢᠨ ᠰᠠᠨᠠᠭᠠᠴᠢᠯᠠᠭᠠᠲᠤ ᠡᠷᠬᠡ᠎ᠶ᠋ᠢ ᠣᠯᠵᠠᠢ᠃ ᠳᠡᠯᠡᠬᠡᠶ ᠳ᠋ᠠᠬᠢᠨ᠎ᠢ ᠪᠠᠷᠠᠯᠠᠬᠤᠶ᠎ᠠ᠂ ᠭᠠᠭ᠍ᠴᠠ ᠬᠦ᠌ ᠳᠤᠮᠳᠠᠳᠤ ᠤᠯᠤᠰ᠎ᠤᠨ ᠡᠪ ᠬᠠᠮᠲᠤ ᠨᠠᠮ ᠰᠠᠶᠢ ᠪᠡᠶᠡᠯᠡᠭᠦᠯᠵᠦ᠍ ᠴᠢᠳᠠᠨ᠎ᠠ᠂ ᠡᠨᠡ ᠪᠣᠯ ᠮᠠᠨ᠎ᠤ ᠨᠠᠮ᠎ᠤᠨ ᠢᠯᠡᠳᠲᠡ ᠳᠠᠪᠠᠭᠤᠯᠢᠭ ᠮᠥᠨ᠂ ᠪᠠᠰᠠ ᠴᠤ᠌ ᠴᠠᠭ ᠦᠶ᠎ᠡ᠎ᠶ᠋ᠢ ᠬᠥᠲᠥᠯᠥᠨ ᠳᠠᠭᠠᠭᠤᠯᠵᠤ ᠢᠯᠠᠯᠲᠠ ᠤᠯᠬᠤ ᠠᠷᠭ᠎ᠠ ᠵᠠᠮ ᠮᠥᠨ᠃ ᠢᠷᠡᠭᠡᠳᠦᠢ᠎ᠳᠦ ᠬᠠᠨᠳᠤᠬᠤᠶ᠎ᠠ᠂ ᠡᠨᠡ ᠬᠦ᠌ ᠳᠤᠮᠳᠠᠳᠤ ᠤᠯᠤᠰ᠎ᠤᠨ ᠣᠨᠴᠠᠯᠢᠭ ᠪᠦᠬᠦᠢ ᠢᠯᠵᠢᠷᠠᠯ᠎ᠢ ᠡᠰᠡᠷᠭᠦᠴᠡᠬᠦ᠌ ᠵᠠᠮ᠎ᠢᠶᠠᠷ ᠡᠷᠡᠰ ᠵᠠᠮᠨᠠᠬᠤ ᠬᠡᠷᠡᠭ᠌ᠲᠡᠢ᠃

《ᠨᠠᠮ ᠎ᠢ ᠬᠠᠮᠢᠶᠠᠷᠴᠤ᠌ ᠨᠠᠮ᠎ᠢ ᠵᠠᠰᠠᠬᠤ ᠨᠢ ᠬᠡᠳᠦᠢ ᠪᠦᠲᠦᠮᠵᠢᠲᠡᠢ ᠪᠣᠯᠬᠤ ᠲᠤᠳᠤᠮ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠪᠠᠲᠤᠯᠠᠭ᠎ᠠ ᠨᠢ ᠲᠡᠳᠦᠢ ᠬᠦᠴᠦᠲᠡᠢ ᠪᠣᠯᠳᠠᠭ》᠃  ᠨᠠᠮ᠎ᠤᠨ ᠥᠪᠡᠷ ᠪᠡᠶ᠎ᠡ ᠵᠢᠨ ᠬᠤᠪᠢᠰᠭᠠᠯ ᠪᠠ ᠠᠵᠤ ᠠᠬᠤᠢ ᠨᠡᠢᠭᠡᠮ᠎ᠦᠨ ᠬᠥᠭ᠌ᠵᠢᠯᠲᠡ ᠪᠣᠯ ᠨᠢᠭ᠍ᠲᠠ ᠬᠣᠯᠪᠣᠯᠳᠤᠵᠤ᠂ ᠬᠠᠷᠢᠯᠴᠠᠨ ᠠᠬᠢᠭᠤᠯᠵᠤ᠂ ᠬᠠᠷᠢᠯᠴᠠᠨ ᠬᠠᠪᠰᠤᠷᠤᠯᠴᠠᠵᠤ ᠪᠠᠢᠳᠠᠭ ᠶᠤᠮ ᠭᠡᠳᠡᠭ᠎ᠢ ᠱᠢᠨ᠎ᠡ ᠴᠠᠭ ᠦᠶ᠎ᠡ᠎ᠡᠴᠡ ᠨᠠᠭᠠᠱᠢᠬᠢ ᠦᠢᠯᠡᠳᠦᠯᠭᠡ ᠭᠡᠷᠡᠴᠢᠯᠡᠭ᠌ᠰᠡᠨ ᠪᠠᠢᠨ᠎ᠠ᠃ 《ᠠᠷᠪᠠᠨ ᠲᠠᠪᠤᠳᠤᠭᠠᠷ ᠲᠠᠪᠤᠨ ᠵᠢᠯ》 ᠤ᠋ᠨ ᠬᠤᠭᠤᠴᠠᠭᠠᠨ᠎ᠳᠡᠬᠢ ᠮᠠᠨ᠎ᠤ ᠤᠯᠤᠰ᠎ᠤᠨ ᠬᠥᠭ᠌ᠵᠢᠯᠲᠡ᠎ᠶ᠋ᠢᠨ ᠣᠷᠴᠢᠨ ᠨᠥᠬᠥᠴᠡᠯ᠎ᠳᠦ ᠭᠦᠨᠵᠡᠭᠡᠢ ᠪᠥᠭᠡᠳ ᠪᠤᠳᠤᠯᠢᠶᠠᠨᠲᠠᠢ ᠬᠤᠪᠢᠷᠠᠯᠲᠠ ᠲᠤᠯᠭᠠᠷᠠᠵᠤ᠂ ᠨᠠᠮ᠎ᠤᠨ ᠥᠪᠡᠷ ᠪᠡᠶ᠎ᠡ᠎ᠵᠢᠨ ᠬᠤᠪᠢᠰᠭᠠᠯ᠎ᠢᠶᠡᠷ ᠳᠠᠮᠵᠢᠭᠤᠯᠤᠨ᠂ ᠱᠢᠨ᠎ᠡ ᠰᠤᠷᠲᠠᠯ ᠲᠥᠪ ᠰᠤᠷᠲᠠᠯ᠎ᠢ ᠪᠠᠳᠠᠷᠠᠭᠤᠯᠵᠤ᠂ ᠠᠷᠬᠠᠭ ᠭᠡᠮ᠎ᠢ ᠵᠠᠯᠠᠷᠠᠭᠤᠯᠤᠨ ᠵᠠᠰᠠᠵᠤ᠂ ᠰᠠᠢ᠌ᠨ ᠰᠠᠢᠬᠠᠨ ᠤᠯᠤᠰ ᠲᠦᠷᠦ᠍᠎ᠶ᠋ᠢᠨ ᠠᠮᠢ ᠠᠬᠤᠢ᠎ᠶ᠋ᠢ ᠪᠤᠢ ᠪᠣᠯᠭᠠᠵᠤ᠂ ᠺᠠᠳ᠋ᠷᠴᠤᠳ᠎ᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢᠯᠭ᠎ᠠ ᠭᠠᠷᠭᠠᠬᠤ᠎ᠶ᠋ᠢ ᠵᠣᠷᠢᠭ᠍ᠵᠢᠭᠤᠯᠤᠨ᠂ ᠠᠷᠠᠳ᠎ᠤᠨ ᠰᠡᠳᠭᠢᠯ ᠠᠷᠠᠳ᠎ᠤᠨ ᠬᠦᠴᠦᠨ᠎ᠢ ᠨᠢᠭ᠍ᠲᠠᠷᠠᠭᠤᠯᠪᠠᠯ ᠠᠵᠤ ᠠᠬᠤᠢ ᠨᠡᠢᠭᠡᠮ᠎ᠦᠨ ᠬᠥᠭ᠌ᠵᠢᠯᠲᠡ᠎ᠳᠦ ᠲᠠᠰᠤᠷᠠᠯᠳᠠ ᠦᠭᠡᠢ ᠢᠳᠡᠪᠬᠢ ᠬᠦᠴᠦᠨ ᠨᠡᠮᠡᠷᠢᠯᠡᠵᠦ᠍ ᠴᠢᠳᠠᠨ᠎ᠠ᠃

《ᠣᠳᠣᠬᠠᠨ᠎ᠳᠤ ᠢᠯᠵᠢᠷᠠᠯ᠎ᠢ ᠡᠰᠡᠷᠭᠦᠴᠡᠬᠦ ᠲᠡᠮᠡᠴᠡᠯ᠎ᠦᠨ ᠪᠠᠢᠳᠠᠯ ᠮᠥᠨ ᠬᠦ᠌ ᠬᠦᠨᠳᠦ ᠬᠡᠴᠡᠭᠦᠦ ᠲᠦᠪᠡᠭ ᠪᠤᠳᠤᠯᠢᠶᠠᠨᠲᠠᠢ ᠪᠠᠢᠵᠤ᠂ ᠢᠯᠵᠢᠷᠠᠯ᠎ᠤᠨ ᠡᠭᠦᠰᠦᠨ ᠳᠡᠯᠭᠡᠷᠡᠬᠦ ᠬᠥᠷᠥᠰᠥ ᠰᠢᠷᠣᠢ ᠪᠠ ᠨᠥᠬᠥᠴᠡᠯ ᠎ᠢ ᠠᠷᠢᠯᠭᠠᠬᠤ ᠡᠭᠦᠷᠭᠡ ᠮᠥᠨ ᠬᠦ᠌ ᠬᠠᠲᠠᠭᠤ ᠪᠡᠷᠬᠡ ᠪᠥᠭᠡᠳ ᠨᠦᠰᠡᠷ ᠬᠦᠨᠳᠦ ᠪᠠᠢᠨ᠎ᠠ》᠃ ᠡᠨᠡ ᠤᠳᠠᠭᠠᠨ᠎ᠤ ᠪᠥᠬᠥᠳᠡ ᠬᠤᠷᠠᠯ ᠳᠡᠭᠡᠷ᠎ᠡ᠂ ᠶᠡᠷᠦᠩᠬᠡᠢ ᠱᠦᠵᠢ ᠰᠢ ᠵᠢᠨ ᠫᠢᠩ 《ᠬᠣᠶᠠᠷ ᠮᠥᠨ ᠬᠦ᠌》 ᠭᠡᠬᠦ ᠴᠢᠬᠤᠯᠠ ᠶᠡᠬᠡ ᠮᠠᠭᠠᠳᠯᠠᠯᠲᠠ᠎ᠶᠢ ᠳᠠᠬᠢᠨᠲᠠ ᠳᠤᠳᠤᠷᠬᠠᠢᠯᠠᠵᠤ᠂ 《ᠰᠦᠷ ᠬᠦᠴᠦᠳᠦ ᠪᠠᠢᠳᠠᠯ᠎ᠢ ᠭᠤᠢᠪᠢᠰᠢ ᠦᠭᠡᠢ ᠪᠠᠷᠢᠮᠲᠠᠯᠠᠬᠤ》᠂ 《ᠢᠯᠵᠢᠷᠠᠯ᠎ᠢ ᠡᠰᠡᠷᠭᠦᠴᠡᠬᠦ ᠨᠡᠪᠲᠡᠯᠬᠦ ᠬᠦᠴᠦᠨ᠎ᠢ ᠲᠠᠰᠤᠷᠠᠯᠲᠠ ᠦᠭᠡᠢ ᠳᠡᠭᠡᠭᠰᠢᠯᠡᠭᠦᠯᠬᠦ》᠂ 《ᠨᠢᠭᠡ ᠴᠣᠭᠴᠠᠵᠢᠭᠤᠯᠤᠨ ᠠᠬᠢᠭᠤᠯᠬᠤ ᠳᠡᠭᠡᠷ᠎ᠡ ᠨᠠᠩ ᠶᠡᠬᠡ ᠬᠦᠴᠦ ᠣᠷᠣᠭᠤᠯᠬᠤ ᠬᠡᠷᠡᠭᠲᠡᠢ》 ᠭᠡᠵᠦ ᠴᠢᠬᠤᠯᠠᠴᠢᠯᠠᠵᠤ᠂ ᠢᠯᠵᠢᠷᠠᠯ᠎ᠢ ᠡᠰᠡᠷᠭᠦᠴᠡᠬᠦ ᠲᠡᠮᠡᠴᠡᠯ᠎ᠢ ᠭᠦᠨᠵᠡᠭᠡᠢᠷᠡᠭᠦᠯᠬᠦ᠎ᠳᠦ ᠠᠷᠭ᠎ᠠ ᠵᠠᠮ᠎ᠢ ᠲᠣᠳᠣᠷᠬᠠᠢ ᠵᠢᠭᠠᠵᠤ ᠥᠭᠴᠡᠢ᠃

ᠢᠯᠵᠢᠷᠠᠯ᠎ᠢ ᠡᠰᠡᠷᠭᠦᠴᠡᠬᠦ ᠲᠡᠮᠡᠴᠡᠯ᠎ᠦᠨ ᠲᠦᠭᠰᠢᠭᠦᠷᠢ᠎ᠶᠢ ᠳᠤᠭᠤᠯᠬᠤ ᠱᠠᠲᠤᠨ᠎ᠳᠤ ᠣᠷᠣᠬᠤ᠎ᠶᠢ ᠳᠠᠭᠠᠯᠳᠤᠨ᠂ ᠬᠤᠯᠪᠤᠭᠳᠠᠬᠤ ᠠᠰᠢᠭ᠋ ᠲᠤᠰᠠ ᠤᠯᠠᠮ᠎ᠡᠴᠡ ᠤᠯᠠᠮ ᠭᠦᠨᠵᠡᠭᠡᠢᠷᠡᠵᠤ᠂ ᠢᠯᠵᠢᠷᠠᠯ᠎ᠤᠨ ᠠᠵᠢᠯᠯᠠᠭ᠎ᠠ᠎ᠶᠢᠨ ᠬᠣᠯᠪᠣᠭᠳᠠᠬᠤ ᠴᠢᠨᠠᠷ ᠪᠠ ᠳᠠᠯᠳᠠ ᠴᠢᠨᠠᠷ ᠤᠯᠠᠮ᠎ᠡᠴᠡ ᠤᠯᠠᠮ ᠴᠢᠩᠭᠠᠷᠠᠵᠤ᠂ ᠪᠠᠢᠴᠠᠭᠠᠨ ᠰᠢᠢᠳᠪᠦᠷᠢᠯᠡᠬᠦ ᠬᠦᠴᠢᠷᠳᠡᠯ ᠤᠯᠠᠮ᠎ᠡᠴᠡ ᠤᠯᠠᠮ ᠶᠡᠬᠡ ᠪᠣᠯᠵᠤ ᠪᠠᠢᠨ᠎ᠠ᠃ ᠭᠠᠭᠴᠠ ᠬᠦ᠌ ᠢᠯᠵᠢᠷᠠᠯ᠎ᠤᠨ ᠰᠢᠨ᠎ᠡ ᠬᠠᠨᠳᠤᠰᠢ ᠰᠢᠨ᠎ᠡ ᠣᠨᠴᠠᠯᠢᠭ᠋᠎ᠢ ᠡᠵᠡᠮᠳᠡᠵᠦ᠂ ᠠᠷᠭ᠎ᠠ ᠪᠠᠷᠢᠯ ᠠᠷᠭ᠎ᠠ ᠮᠠᠶᠢᠭ᠋᠎ᠤᠨ ᠲᠠᠯ᠎ᠠ᠎ᠪᠠᠷ ᠰᠢᠨ᠎ᠡ᠎ᠶᠢ ᠡᠭᠦᠳᠴᠦ᠂ ᠡᠯ᠎ᠡ ᠲᠦᠷᠦᠯ᠎ᠦᠨ ᠢᠯᠵᠢᠷᠠᠯ᠎ᠤᠨ ᠠᠰᠠᠭᠤᠳᠠᠯ᠎ᠢ ᠴᠠᠭ ᠲᠤᠬᠠᠢ ᠳ᠋ᠤᠨᠢ ᠢᠯᠡᠷᠡᠭᠦᠯᠵᠦ᠂ ᠣᠨᠣᠴᠠᠲᠠᠢ ᠢᠯᠭᠠᠨ ᠲᠠᠨᠢᠵᠤ᠂ ᠪᠦᠲᠦᠮᠵᠢᠲᠡᠢ ᠵᠠᠰᠠᠪᠠᠯ ᠰᠠᠶᠢ ᠢᠯᠵᠢᠷᠠᠯ᠎ᠢ ᠡᠰᠡᠷᠭᠦᠴᠡᠬᠦ᠎ᠶᠢᠨ ᠨᠡᠪᠲᠡᠯᠬᠦ ᠬᠦᠴᠦᠨ᠎ᠢ ᠲᠠᠰᠤᠷᠠᠯᠲᠠ ᠦᠭᠡᠢ ᠳᠡᠭᠡᠭᠰᠢᠯᠡᠭᠦᠯᠵᠦ ᠴᠢᠳᠠᠨ᠎ᠠ᠃

ᠲᠥᠪ ᠪᠤᠰᠤ ᠰᠤᠷᠲᠠᠯ ᠪᠠ ᠢᠯᠵᠢᠷᠠᠯ᠎ᠤᠨ ᠠᠰᠠᠭᠤᠳᠠᠯ ᠪᠣᠯ ᠬᠠᠷᠢᠯᠴᠠᠨ ᠦᠨᠭᠭᠡᠨ ᠲᠠᠯ᠎ᠠ ᠪᠠ ᠦᠨᠳᠦᠰᠦ ᠪᠤᠯᠵᠦ᠂ ᠡᠬᠢ ᠡᠭᠦᠰᠦᠯ ᠨᠢᠭᠡᠲᠡᠢ ᠪᠠᠢᠳᠠᠭ᠃ ᠰᠤᠷᠲᠠᠯ ᠡᠴᠡ ᠢᠯᠵᠢᠷᠠᠯ ᠡᠭᠦᠰᠬᠦ᠂ ᠰᠤᠷᠲᠠᠯ ᠢᠯᠵᠢᠷᠠᠯ ᠰᠤᠯᠪᠢᠴᠠᠬᠤ ᠪᠣᠯ ᠰᠠᠬᠢᠯᠭ᠎ᠠ ᠪᠠᠲᠤ᠎ᠶᠢ ᠵᠥᠷᠢᠴᠡᠵᠦ ᠬᠠᠤᠯᠢ᠎ᠶᠢ ᠵᠥᠷᠢᠴᠡᠭᠰᠡᠨ ᠮᠠᠰᠢ ᠤᠯᠠᠨ ᠬᠡᠷᠡᠭ᠎ᠦᠨ ᠢᠯᠡ ᠲᠣᠳᠣ᠌ ᠣᠨᠴᠠᠯᠢᠭ᠋ ᠮᠥᠨ᠃ ᠲᠦᠷᠦᠭᠦᠬᠡᠨ ᠨᠡᠪᠲᠡᠷᠡᠭᠦᠯᠦᠭᠰᠡᠨ ᠲᠧᠯᠸᠢᠰ ᠵᠦᠴᠦᠭᠡ᠎ᠶᠢᠨ ᠲᠤᠰᠬᠠᠢ ᠰᠡᠳᠦᠪᠲᠦ ᠹᠢᠯᠢᠮ 《ᠨᠢᠭᠡ ᠠᠯᠬᠤᠮ ᠴᠤ᠌ ᠵᠣᠭᠰᠣᠬᠤ ᠦᠭᠡᠢ ᠬᠠᠭᠠᠰ ᠠᠯᠬᠤᠮ ᠴᠤ᠌ ᠤᠬᠤᠷᠢᠬᠤ ᠦᠭᠡᠢ》 ᠵᠢᠨ ᠨᠢᠭᠡᠳᠦᠭᠡᠷ ᠪᠦᠯᠦᠭ 《ᠰᠤᠷᠲᠠᠯ᠎ᠢ ᠵᠠᠯᠠᠷᠠᠭᠤᠯᠤᠨ ᠰᠠᠮᠠᠭᠤᠷᠠᠯ᠎ᠢ ᠵᠠᠰᠠᠵᠤ ᠠᠷᠠᠳ᠎ᠤᠨ ᠲᠥᠯᠥᠭᠡ ᠵᠢᠳᠬᠦᠬᠦ》  ᠳ᠋ᠤ᠌᠂ ᠬᠠᠤᠯᠢ ᠴᠠᠭᠠᠵᠠ᠎ᠵᠢᠨ ᠰᠢᠢᠳᠭᠡᠯ ᠬᠦᠷᠲᠡᠭᠰᠡᠨ ᠵᠠᠷᠢᠮ ᠠᠯᠪᠠᠨ ᠲᠤᠰᠢᠶᠠᠯᠲᠠᠨ 《ᠮᠢᠨᠦ ᠬᠠᠤᠯᠢ᠎ᠶᠢ ᠵᠥᠷᠢᠴᠡᠵᠦ ᠶᠠᠯ᠎ᠠ ᠬᠢᠭᠰᠡᠨ ᠠᠵᠢᠯᠯᠠᠭ᠎ᠠ ᠦᠨᠡᠨ ᠳ᠋ᠡᠭᠡᠨ ᠴᠥᠮ ᠢᠳᠡᠵᠦ ᠤᠤᠭᠤᠬᠤ ᠠᠰᠠᠭᠤᠳᠠᠯ ᠡᠴᠡ ᠪᠤᠯᠵᠠᠢ᠂(ᠲᠥᠪ᠎ᠤᠨ)ᠨᠠᠢ᠍ᠮᠠᠨ ᠲᠣᠭᠲᠠᠭᠠᠯ (ᠵᠣᠷᠢᠭ᠋ ᠰᠠᠨᠠᠭ᠎ᠠ) ᠵᠢ ᠵᠥᠷᠢᠴᠡᠭᠰᠡᠨ᠎ᠡᠴᠡ ᠡᠬᠢᠯᠡᠭᠰᠡᠨ ᠶᠤᠮ》 ᠭᠡᠵᠦ ᠲᠸᠯᠸᠢᠰ᠎ᠤᠨ ᠡᠮᠦᠨ᠎ᠡ ᠭᠡᠮᠰᠢᠨ ᠬᠡᠯᠡᠵᠦ ᠪᠠᠢᠯ᠎ᠠ᠃

ᠵᠧᠵᠢᠶᠠᠩ ᠮᠤᠵᠢ᠎ᠶᠢᠨ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ ᠬᠢᠨᠠᠨ ᠪᠠᠢᠴᠠᠭᠠᠬᠤ ᠵᠥᠪᠯᠡᠯ 《ᠳᠥᠷᠪᠡᠨ ᠰᠤᠷᠲᠠᠯ》 ᠤ᠋ᠨ ᠠᠰᠠᠭᠤᠳᠠᠯ᠎ᠢ ᠪᠠᠢᠴᠠᠭᠠᠨ ᠰᠢᠢᠳᠪᠦᠷᠢᠯᠡᠬᠦ᠎ᠳᠡᠭᠡᠨ᠂ ᠢᠳᠡᠵᠦ ᠤᠤᠭᠤᠬᠤ ᠲᠤᠭᠤᠷᠢᠭ᠂ ᠨᠠᠢᠳᠠᠨ ᠰᠢᠢᠳᠪᠦᠷᠢᠯᠡᠭᠦᠯᠬᠦ ᠤᠴᠢᠷ ᠶᠠᠪᠤᠳᠠᠯ᠂ ᠠᠰᠢᠭ᠋ ᠲᠤᠰᠠ ᠳᠠᠮᠵᠢᠭᠤᠯᠤᠨ ᠬᠦᠷᠭᠡᠬᠦ᠂ ᠡᠷᠬᠡ ᠮᠥᠩᠭᠥᠨ᠎ᠦ ᠰᠣᠯᠢᠯᠴᠠᠭ᠎ᠠ ᠪᠠᠢᠬᠤ ᠡᠰᠡᠬᠦ ᠵᠡᠷᠭᠡ 《ᠳᠥᠷᠪᠡ ᠵᠢ ᠵᠠᠪᠠᠯ ᠦᠵᠡᠵᠦ》᠂ 《ᠰᠤᠷᠲᠠᠯ》 ᠤ᠋ᠨ ᠰᠢᠵᠢᠮ᠎ᠡᠴᠡ 《ᠢᠯᠵᠢᠷᠠᠯ》 ᠤ᠋ᠨ ᠰᠢᠵᠢᠮ᠎ᠢ ᠲᠠᠲᠠᠵᠤ ᠭᠠᠷᠭᠠᠪᠠ; ᠶᠦᠨᠨᠠᠨ ᠮᠤᠵᠢ᠎ᠶᠢᠨ ᠯᠢᠨᠼᠠᠩ ᠬᠣᠲᠠ᠎ᠶᠢᠨ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ ᠬᠢᠨᠠᠨ ᠪᠠᠢᠴᠠᠭᠠᠬᠤ ᠵᠥᠪᠯᠡᠯ ᠠᠵᠢᠯ᠎ᠤᠨ ᠳᠤᠮᠳᠠ᠎ᠪᠠᠨ ᠱᠤᠭᠤᠮ ᠳᠠᠭᠠᠤ ᠭᠦᠨ ᠮᠠᠯᠲᠠᠬᠤ᠎ᠶᠢ ᠪᠠᠷᠢᠮᠲᠠᠯᠠᠵᠤ᠂ ᠬᠤᠪᠢ ᠬᠥᠮᠥᠨ ᠵᠢᠴᠢ ᠲᠡᠭᠦᠨ᠎ᠦ ᠪᠠᠢᠭ᠎ᠠ ᠭᠠᠵᠠᠷ ᠣᠷᠣᠨ᠂ ᠰᠠᠯᠠᠭ᠎ᠠ ᠮᠥᠴᠢᠷ ᠪᠠ ᠨᠢᠭᠡᠴᠢ᠎ᠶᠢᠨ ᠤᠯᠤᠰ ᠲᠥᠷᠥ᠎ᠶᠢᠨ ᠠᠮᠢ ᠠᠬᠤᠢ ᠵᠢᠴᠢ 《ᠳᠥᠷᠪᠡᠨ ᠰᠤᠷᠲᠠᠯ》 ᠤ᠋ᠨ ᠠᠰᠠᠭᠤᠳᠠᠯ᠎ᠢ ᠣᠢᠯᠠᠭᠠᠵᠤ᠂ ᠬᠡᠷᠡᠭ᠎ᠢᠶᠡᠷ ᠥᠭᠡᠷᠡᠴᠢᠯᠡᠯᠲᠡ᠎ᠶᠢ ᠠᠬᠢᠭᠤᠯᠵᠤ ᠵᠠᠰᠠᠯᠲᠠ᠎ᠶᠢ ᠠᠬᠢᠭᠤᠯᠪᠠ ᠁

《ᠰᠤᠷᠲᠠᠯ᠎ᠢ ᠴᠡᠭᠴᠡᠯᠡᠬᠦ ᠪᠡᠷ ᠳᠠᠮᠵᠢᠭᠤᠯᠤᠨ ᠢᠯᠵᠢᠷᠠᠯ᠎ᠢ ᠪᠠᠢᠴᠠᠭᠠᠬᠤ》 ᠮᠥᠷᠲᠡᠭᠡᠨ ᠪᠠᠰᠠ 《ᠢᠯᠵᠢᠷᠡᠯ᠎ᠢ ᠵᠠᠯᠬᠠᠭᠠᠬᠤ ᠪᠡᠷ ᠳᠠᠮᠵᠢᠭᠤᠯᠤᠨ ᠰᠤᠷᠲᠠᠯ᠎ᠢ ᠵᠠᠯᠠᠷᠠᠭᠤᠯᠬᠤ》᠂ 《ᠬᠠᠮᠲᠤ᠎ᠪᠠᠷ ᠪᠠᠢᠴᠠᠭᠠᠬᠤ》 ᠪᠠᠷ ᠰᠤᠷᠲᠠᠯ ᠢᠯᠵᠢᠷᠡᠯ ᠰᠣᠯᠪᠢᠴᠠᠭᠰᠠᠨ ᠠᠰᠠᠭᠤᠳᠠᠯ᠎ᠢ ᠴᠢᠩᠭ᠎ᠠ ᠵᠠᠯᠬᠠᠭᠠᠵᠦ᠂ 《ᠬᠠᠮᠲᠤ᠎ᠪᠠᠷ ᠵᠠᠰᠠᠬᠤ》 ᠪᠡᠷ ᠰᠤᠷᠲᠠᠯ ᠢᠯᠵᠢᠷᠡᠯ᠎ᠦᠨ ᠨᠡᠢᠲᠡᠴᠢ ᠴᠢᠨᠠᠷ᠎ᠤᠨ ᠦᠨᠳᠦᠰᠦ ᠰᠤᠷᠪᠤᠯᠵᠢ᠎ᠶᠢ ᠠᠷᠢᠯᠭᠠᠵᠤ᠂ 《ᠪᠠᠢᠴᠠᠭᠠᠬᠤ》 《ᠵᠠᠰᠠᠬᠤ》 ᠪᠡᠷ ᠳᠠᠮᠵᠢᠭᠤᠯᠤᠨ ᠰᠤᠷᠲᠠᠯ ᠡᠴᠡ ᠢᠯᠵᠢᠷᠡᠯ ᠪᠤᠯᠬᠤ ᠬᠤᠪᠢᠰᠤᠯᠲᠠ᠎ᠶᠢ ᠵᠤᠬᠰᠤᠭᠠᠪᠠ᠃ 《ᠰᠤᠷᠲᠠᠯ》 ᠤ᠋ᠨ ᠥᠩᠭᠡᠨ ᠲᠠᠯ᠎ᠠ᠎ᠶᠢᠨ ᠪᠠᠢᠳᠠᠯ᠎ᠢᠶᠠᠷ ᠳᠠᠮᠵᠢᠭᠤᠯᠤᠨ᠂ 《ᠢᠯᠵᠢᠷᠠᠯ》 ᠤ᠋ᠨ ᠮᠥᠨ ᠴᠢᠨᠠᠷ᠎ᠢ ᠢᠯᠡᠷᠡᠭᠦᠯᠵᠦ᠂ ᠠᠵᠢᠯ᠎ᠵᠢᠡᠨ ᠦᠯᠦ ᠬᠢᠬᠦ ᠳᠤᠷ᠎ᠠ᠎ᠪᠠᠷ᠎ᠢᠶᠠᠨ ᠦᠢᠯᠡᠳᠬᠦ᠎ᠶᠢᠨ ᠠᠷᠤ᠎ᠳᠠᠬᠢ ᠬᠤᠳᠠᠯᠳᠤᠭᠠᠴᠢᠨ᠎ᠢᠶᠠᠷ ᠨᠣᠶᠠᠨ᠎ᠢ ᠲᠡᠵᠢᠭᠡᠬᠦ᠂ ᠨᠣᠶᠠᠨ᠎ᠢᠶᠠᠷ ᠬᠤᠳᠠᠯᠳᠤᠭᠠᠴᠢᠨ᠎ᠢ ᠬᠠᠮᠠᠭᠠᠯᠠᠬᠤ᠂ ᠨᠣᠶᠠᠨ᠎ᠬᠤᠳᠠᠯᠳᠤᠭᠠᠴᠢᠨ ᠬᠤᠤᠪᠢᠯᠳᠤᠬᠤ᠎ᠶᠢ ᠭᠦᠨᠵᠡᠭᠡᠢ ᠠᠭᠤᠳᠠᠯᠵᠤ᠂ ᠲᠣᠭᠲᠠᠭᠠᠯ᠎ᠡᠴᠡ ᠵᠥᠷᠢᠴᠡᠨ ᠢᠳᠡᠵᠦ ᠤᠤᠭᠤᠬᠤ᠎ᠶᠢᠨ ᠠᠷᠤ᠎ᠳᠠᠬᠢ ᠨᠠᠢᠳᠠᠨ ᠰᠢᠢᠳᠪᠦᠷᠢᠯᠡᠭᠦᠯᠬᠦ᠂ ᠠᠰᠢᠭ᠋ ᠲᠤᠰᠠ ᠳᠠᠮᠵᠢᠭᠤᠯᠤᠨ ᠬᠦᠷᠭᠡᠬᠦ ᠶᠠᠪᠤᠳᠠᠯ᠎ᠢ ᠲᠤᠢᠯᠪᠤᠷᠢᠲᠠᠢ ᠪᠠᠢᠴᠠᠭᠠᠪᠠᠯ᠂ ᠯᠠᠪᠲᠠᠢ ᠴᠢᠩᠭ᠎ᠠ ᠬᠦᠴᠦᠲᠡᠢ ᠰᠦᠷᠳᠡᠭᠦᠯᠬᠦ ᠦᠢᠯᠡᠳᠦᠯ ᠭᠠᠷᠭᠠᠵᠤ᠂ ᠰᠤᠷᠲᠠᠯ ᠢᠯᠵᠢᠷᠠᠯ᠎ᠢ ᠰᠡᠷᠭᠡᠢᠯᠡᠨ ᠵᠠᠰᠠᠬᠤ ᠰᠡᠷᠭᠡᠢᠯᠡᠯᠲᠡ᠎ᠶᠢᠨ ᠱᠤᠭᠤᠮ᠎ᠢ ᠲᠠᠰᠤᠷᠠᠯᠲᠠ ᠦᠭᠡᠢ ᠪᠡᠬᠢᠵᠢᠭᠦᠯᠵᠦ ᠴᠢᠳᠠᠨ᠎ᠠ᠃

ᠮᠠᠨ᠎ᠤ ᠨᠠᠮ ᠪᠣᠯ ᠨᠢᠭᠡᠨ ᠲᠣᠮᠣ᠌ ᠨᠠᠮ ᠮᠥᠨ᠂ ᠨᠢᠭᠡᠨ ᠲᠣᠮᠣ᠌ ᠤᠯᠤᠰ᠎ᠢ ᠤᠳᠤᠷᠢᠳᠴᠤ᠂ ᠤᠷᠢᠳ ᠡᠮᠦᠨ᠎ᠡ ᠪᠠᠢᠭ᠎ᠠ ᠦᠭᠡᠢ ᠠᠭᠤᠤ ᠶᠡᠬᠡ ᠦᠢᠯᠡᠰ᠎ᠢ ᠬᠢᠵᠦ ᠪᠠᠢᠨ᠎ᠠ᠃ 《ᠰᠢᠯᠭᠠᠯᠲᠠ᠎ᠳᠤ ᠣᠷᠣᠯᠴᠠᠬᠤ》 ᠠᠶᠠᠨ ᠵᠤᠬᠰᠤᠰᠢ ᠦᠭᠡᠢ᠂ 《ᠨᠦᠬᠡᠨ ᠭᠡᠷ᠎ᠲᠡᠬᠢ ᠠᠰᠠᠭᠤᠯᠲᠠ》 ᠳ᠋ᠦ ᠪᠠᠢᠩᠭᠤ ᠰᠢᠨ᠎ᠡ ᠬᠠᠷᠢᠭᠤᠯᠲᠠ ᠥᠭᠲᠡᠭ᠃ ᠪᠢᠳᠡ ᠰᠢ ᠵᠢᠨ ᠫᠢᠩ ᠨᠥᠬᠥᠷ᠎ᠢᠶᠡᠷ ᠭᠣᠣᠯ ᠪᠤᠯᠭᠠᠭᠰᠠᠨ ᠨᠠᠮ᠎ᠤᠨ ᠲᠥᠪ ᠬᠤᠷᠢᠶ᠎ᠠ᠎ᠵᠢᠨ ᠪᠠᠳᠤ ᠴᠢᠩᠭ᠎ᠠ ᠤᠳᠤᠷᠢᠳᠤᠯᠭ᠎ᠠ ᠳᠣᠣᠷ᠎ᠠ᠂ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠢᠯᠵᠢᠷᠠᠯ᠎ᠢ ᠡᠰᠡᠷᠭᠦᠴᠡᠬᠦ ᠵᠠᠮ᠎ᠢᠶᠠᠷ ᠡᠷᠡᠰ ᠭᠤᠢᠪᠢᠰᠢ ᠦᠭᠡᠢ ᠵᠠᠮᠨᠠᠵᠤ᠂ ᠢᠯᠵᠢᠷᠠᠯ᠎ᠢ ᠡᠰᠡᠷᠭᠦᠴᠡᠬᠦ ᠲᠡᠮᠡᠴᠡᠯ᠎ᠢ ᠨᠡᠩ ᠬᠤᠷᠴᠠ ᠰᠡᠷᠭᠡᠭ ᠪᠥᠭᠡᠳ ᠡᠷᠡᠰ ᠪᠠᠲᠤ᠎ᠪᠠᠷ ᠠᠬᠢᠭᠤᠯᠵᠤ᠂ ᠲᠡᠨᠡᠭ ᠡᠪᠦᠭᠡᠨ ᠠᠭᠤᠯᠠ᠎ᠶᠢ ᠨᠡᠭᠦᠯᠭᠡᠭᠰᠡᠨ᠂ ᠵᠢᠩ ᠸᠸᠢ ᠳᠠᠯᠠᠢ ᠵᠢ ᠳᠡᠪᠢᠰᠦᠭᠰᠡᠨ ᠵᠣᠷᠢᠭ᠋ ᠰᠠᠨᠠᠭ᠎ᠠ᠎ᠪᠠᠷ ᠢᠯᠵᠢᠷᠠᠯ᠎ᠢ ᠡᠰᠡᠷᠭᠦᠴᠡᠬᠦ ᠲᠡᠮᠡᠴᠡᠯ᠎ᠢ ᠡᠴᠦᠰ ᠲᠦ᠍ᠨᠢ ᠲᠤᠯᠲᠠᠯ᠎ᠠ ᠬᠢᠬᠦ ᠬᠡᠷᠡᠭᠲᠡᠢ᠃

(ᠱᠢᠨᠬᠤᠸᠠ ᠬᠤᠷᠢᠶ᠎ᠠ ᠵᠢᠨ ᠪᠡᠭᠡᠵᠢᠩ᠎ᠦᠨ 1 ᠰᠠᠷ᠎ᠠ᠎ᠶ᠋ᠢᠨ 14 ᠎ᠤ᠋ ᠴᠠᠬᠢᠯᠭᠠᠨ ᠮᠡᠳᠡᠭᠡ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号