ᠸᠠᠩ ᠸᠧᠢ ᠵᠦᠩ ᠬᠠᠮᠲᠤ᠎ᠶ᠋ᠢᠨ ᠰᠤᠷᠤᠯᠴᠠᠯᠭ᠎ᠠ ᠵᠢ ᠡᠷᠬᠢᠯᠡᠭ᠌ᠰᠡᠨ ᠪᠥᠭᠡᠳ ᠶᠠᠷᠢᠶ᠎ᠠ ᠲᠠᠯᠪᠢᠵᠠᠢ
ᠪᠦᠦ ᠭᠠᠩ ᠵᠠᠩ ᠶᠠᠨ ᠺᠦᠨ ᠱ᠌ᠢ ᠭᠤᠸᠠᠩ ᠬᠤᠢ ᠣᠷᠣᠯᠴᠠᠪᠠ
1 ᠰᠠᠷ᠎ᠠ᠎ᠶ᠋ᠢᠨ 15 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠵᠢᠨ ᠣᠨᠣᠯ ᠰᠤᠷᠤᠯᠴᠠᠬᠤ ᠭᠤᠤᠯ ᠳᠤᠭᠤᠢᠯᠠᠩ ᠰᠢ ᠵᠢᠨ ᠫᠢᠩ᠎ᠦᠨ ᠠᠵᠤ ᠠᠬᠤᠶ᠎ᠶ᠋ᠢᠨ ᠦᠵᠡᠯ ᠰᠠᠨᠠᠭ᠎ᠠ ᠢᠯᠠᠩᠭᠤᠶ᠎ᠠ ᠶᠡᠷᠦᠩᠬᠡᠶ ᠱᠦᠵᠢ ᠰᠢ ᠵᠢᠨ ᠫᠢᠩ᠎ᠦᠨ ᠣᠳᠣᠬᠢᠴᠢᠯᠠᠭ᠍ᠰᠠᠨ ᠠᠵᠤ ᠦᠶ᠋ᠯᠡᠰ᠎ᠦᠨ ᠱᠢᠰᠲ᠋ᠧᠮ᠎ᠢ ᠪᠠᠢᠭᠤᠯᠬᠤ ᠲᠤᠬᠠᠶ ᠴᠢᠬᠤᠯᠠ ᠥᠭᠦᠯᠡᠯᠲᠡ᠎ᠶ᠋ᠢ ᠭᠦᠨᠵᠡᠭᠡᠶ ᠰᠤᠷᠤᠯᠴᠠᠨ ᠣᠢᠯᠠᠭᠠᠬᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠵᠢᠨ 《1571》ᠠᠵᠢᠯ᠎ᠤᠨ ᠪᠠᠢᠷᠢᠯᠠᠭᠤᠯᠤᠯᠲᠠ᠎ᠶ᠋ᠢ ᠨᠠᠢᠳᠠᠪᠤᠷᠢᠵᠢᠭᠤᠯᠬᠤ᠂ ᠤᠢᠷ᠎ᠠ ᠤᠭᠲᠠᠷᠭᠤᠢ᠎ᠵᠢᠨ ᠠᠵᠤ ᠠᠬᠤᠶ᠂《ᠵᠣᠬᠢᠶᠠᠮᠠᠯ ᠣᠶᠤᠨ ᠴᠢᠳᠠᠪᠤᠷᠢ +》 ᠵᠡᠷᠭᠡ ᠱᠢᠨ᠎ᠡ᠎ᠪᠡᠷ ᠮᠠᠨᠳᠤᠭ᠍ᠰᠠᠨ ᠠᠵᠤ ᠦᠶ᠋ᠯᠡᠰ ᠪᠣᠯᠤᠨ ᠢᠷᠡᠭᠡᠳᠦᠶ᠎ᠶ᠋ᠢᠨ ᠠᠵᠤ ᠦᠶ᠋ᠯᠡᠰ᠎ᠢ ᠲᠦᠷᠭᠡᠳᠭᠡᠨ ᠬᠥᠭ᠌ᠵᠢᠭᠦᠯᠬᠦ᠌᠂ ᠭᠠᠵᠠᠷ ᠣᠷᠣᠨ᠎ᠤ ᠪᠠᠢᠳᠠᠯ᠎ᠳᠠᠭᠠᠨ ᠲᠣᠬᠢᠷᠠᠭᠤᠯᠤᠨ ᠱᠢᠨ᠎ᠡ ᠴᠢᠨᠠᠷ᠎ᠤᠨ ᠦᠶ᠋ᠯᠡᠳᠪᠦᠷᠢᠯᠡᠯ᠎ᠦᠨ ᠬᠦᠴᠦᠨ᠎ᠢ ᠬᠥᠭ᠌ᠵᠢᠭᠦᠯᠬᠦ᠌᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠵᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠴᠢᠷᠮᠠᠢᠨ ᠪᠢᠴᠢᠭᠯᠡᠬᠦ᠎ᠵᠢᠨ ᠲᠤᠭᠤᠷᠢᠨ ᠳ᠋ᠤ ᠬᠠᠮᠲᠤ᠎ᠶ᠋ᠢᠨ ᠰᠤᠷᠤᠯᠴᠠᠯᠭ᠎ᠠ ᠬᠢᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠵᠢᠨ ᠱᠦᠵᠢ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ᠎ᠵᠢᠨ ᠡᠷᠬᠢᠯᠡᠭ᠌ᠴᠢ ᠸᠠᠩ ᠸᠧᠶ ᠵᠥᠩ ᠬᠠᠮᠲᠤ᠎ᠶ᠋ᠢᠨ ᠰᠤᠷᠤᠯᠴᠠᠯᠭ᠎ᠠ ᠵᠢ ᠡᠷᠭᠢᠯᠡᠭ᠌ᠰᠡᠨ ᠪᠥᠭᠡᠳ ᠶᠠᠷᠢᠶ᠎ᠠ ᠲᠠᠯᠪᠢᠪᠠ᠃
ᠬᠤᠷᠠᠯ ᠳᠡᠭᠡᠷ᠎ᠡ᠂ ᠳᠤᠮᠳᠠᠳᠤ ᠤᠯᠤᠰ᠎ᠤᠨ ᠢᠨᠵᠧᠨᠧᠷᠢᠩ᠎ᠦᠨ ᠬᠦᠷᠢᠶᠡᠯᠡᠩ᠎ᠦᠨ ᠠᠺᠠᠳᠧᠮᠢᠴᠢ᠂ ᠫᠧᠩ ᠴᠧᠩ ᠲᠤᠷᠱᠢᠯᠲᠠ᠎ᠶ᠋ᠢᠨ ᠲᠠᠰᠤᠭ᠎ᠤᠨ ᠡᠷᠬᠢᠯᠡᠭ᠌ᠴᠢ᠂ ᠪᠡᠭᠡᠵᠢᠩ ᠶᠡᠬᠡ ᠰᠤᠷᠭᠠᠭᠤᠯᠢ᠎ᠶ᠋ᠢᠨ ᠪᠥᠸᠧ ᠶᠠ ᠰᠠᠭᠤᠳᠠᠯ᠎ᠤᠨ ᠫᠷᠤᠹᠧᠰᠰᠤᠷ ᠭᠤᠤ ᠸᠧᠨ ᠳᠡᠯᠡᠬᠡᠶ᠎ᠶ᠋ᠢᠨ ᠵᠣᠬᠢᠶᠠᠮᠠᠯ ᠣᠶᠤᠨ ᠴᠢᠳᠠᠪᠤᠷᠢ᠎ᠶ᠋ᠢᠨ ᠬᠥᠭ᠌ᠵᠢᠯᠲᠡ᠎ᠶ᠋ᠢᠨ ᠲᠡᠦᠬᠡ ᠪᠠ ᠮᠡᠷᠭᠡᠵᠢᠯ᠎ᠦᠨ ᠬᠣᠱᠢᠭᠤᠷᠠᠯ᠂ ᠮᠠᠨ᠎ᠤ ᠤᠯᠤᠰ᠎ᠤᠨ ᠵᠣᠬᠢᠶᠠᠮᠠᠯ ᠣᠶᠤᠨ ᠴᠢᠳᠠᠪᠤᠷᠢ᠎ᠶ᠋ᠢᠨ ᠬᠥᠭ᠌ᠵᠢᠯᠲᠡ᠎ᠶ᠋ᠢᠨ ᠣᠳᠣᠬᠢ ᠪᠠᠢᠳᠠᠯ ᠵᠢᠴᠢ ᠪᠤᠳᠤᠯᠳᠠ ᠵᠢᠨ ᠬᠦᠴᠦᠨ᠎ᠤ ᠰᠦᠯᠵᠢᠶ᠎ᠠ᠎ᠵᠢᠨ ᠰᠤᠳᠤᠯᠭᠠᠨ ᠪᠠ ᠪᠥᠲᠥᠭᠡᠨ ᠪᠠᠢᠭᠤᠯᠤᠯᠲᠠ ᠵᠡᠷᠭᠡ ᠠᠭᠤᠯᠭ᠎ᠠ᠎ᠶ᠋ᠢᠨ ᠲᠤᠬᠠᠶ ᠭᠦᠨᠵᠡᠭᠡᠶ ᠲᠠᠢᠯᠤᠮᠵᠢ ᠬᠢᠪᠠ᠃ ᠭᠤᠸᠠᠩᠳᠦ᠋ᠩ ᠱᠢᠶᠠᠩᠭᠠᠩ ᠣᠣᠮᠧᠨ᠎ᠦ ᠲᠤᠮᠤ ᠪᠤᠯᠤᠩ᠎ᠤᠨ ᠣᠷᠣᠨ᠎ᠤ ᠲᠣᠭᠠᠴᠢᠯᠠᠭ᠍ᠰᠠᠨ ᠠᠵᠤ ᠠᠬᠤᠢ᠎ᠶ᠋ᠢᠨ ᠰᠤᠳᠤᠯᠭᠠᠨ᠎ᠤ ᠬᠦᠷᠢᠶᠡᠯᠡᠩ᠎ᠦᠨ ᠬᠡᠷᠡᠭ ᠡᠷᠬᠢᠯᠡᠭ᠌ᠴᠢᠳ᠎ᠦᠨ ᠳᠠᠷᠤᠭ᠎ᠠ᠂ ᠱᠢᠶᠠᠩᠭᠠᠩ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠶᠡᠬᠡ ᠰᠤᠷᠭᠠᠭᠤᠯᠢ᠎ᠶ᠋ᠢᠨ ᠬᠡᠷᠡᠭ ᠮᠡᠳᠡᠭ᠌ᠴᠢᠳ᠎ᠦᠨ ᠵᠦᠪᠯᠡᠯ᠎ᠤᠨ ᠲᠡᠷᠢᠭᠦᠯᠡᠭ᠌ᠴᠢ᠂ ᠠᠮᠧᠷᠢᠺᠠ᠎ᠶ᠋ᠢᠨ ᠤᠯᠤᠰ᠎ᠤᠨ ᠢᠨᠵᠧᠨᠧᠷᠢᠩ᠎ᠦᠨ ᠬᠦᠷᠢᠶᠡᠯᠡᠩ᠎ᠦᠨ ᠭᠠᠳᠠᠭᠠᠳᠤ᠎ᠶ᠋ᠢᠨ ᠠᠺᠠᠳᠧᠮᠢᠴᠢ ᠱᠸᠨ ᠱᠢᠶᠠᠩ ᠶᠠᠩ ᠤᠢᠷ᠎ᠠ ᠤᠭᠲᠠᠷᠭᠤᠢ᠎ᠵᠢᠨ ᠠᠵᠤ ᠠᠬᠤᠢ᠎ᠶ᠋ᠢᠨ ᠤᠬᠠᠭ᠍ᠳᠠᠬᠤᠨ᠂ ᠡᠯᠧᠮᠧᠨ᠋ᠲ᠂ ᠬᠥᠭ᠌ᠵᠢᠯᠲᠡ᠎ᠶ᠋ᠢᠨ ᠠᠯᠤᠰ ᠢᠷᠡᠭᠡᠳᠦᠢ ᠪᠣᠯᠤᠨ ᠥᠷᠢᠰᠥᠯᠳᠦᠭᠡᠨ᠎ᠢ ᠨᠠᠷᠢᠯᠢᠭ ᠲᠠᠢᠯᠪᠤᠷᠢᠯᠠᠵᠤ᠂ ᠱᠧᠨᠵᠧᠨ᠎ᠦ ᠤᠶᠤᠨᠲᠤ ᠠᠭᠤᠰᠤᠯᠴᠠᠯ᠎ᠤᠨ ᠤᠢᠷ᠎ᠠ ᠤᠭᠲᠠᠷᠭᠤᠢ᠎ᠵᠢᠨ ᠱᠢᠰᠲ᠋ᠧᠮ᠎ᠦᠨ ᠪᠠᠢᠭᠤᠯᠤᠯᠲᠠ᠎ᠶ᠋ᠢᠨ ᠪᠠᠢᠳᠠᠯ᠎ᠢ ᠲᠠᠨᠢᠯᠴᠠᠭᠤᠯᠪᠠ᠃
ᠸᠠᠩ ᠸᠧᠢ ᠵᠦᠩ᠂ ᠪᠢᠳᠡ ᠰᠢ ᠵᠢᠨ ᠫᠢᠩ᠎ᠦᠨ ᠠᠵᠤ ᠠᠬᠤᠢ᠎ᠶ᠋ᠢᠨ ᠦᠵᠡᠯ ᠰᠠᠨᠠᠭ᠎ᠠ ᠢᠯᠠᠩᠭᠤᠶ᠎ᠠ ᠶᠡᠷᠦᠩᠬᠡᠢ ᠱᠦᠵᠢ ᠰᠢ ᠵᠢᠨ ᠫᠢᠩ᠎ᠦᠨ ᠱᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠬᠥᠭ᠌ᠵᠢᠭᠦᠯᠬᠦ᠌ ᠲᠤᠬᠠᠢ ᠴᠢᠬᠤᠯᠠ ᠥᠭᠦᠯᠡᠯᠲᠡ᠎ᠶ᠋ᠢ ᠨᠠᠷᠢᠨ ᠬᠢᠨᠠᠮᠠᠭᠠᠢ ᠰᠤᠷᠤᠯᠴᠠᠨ ᠲᠤᠭᠤᠱᠢᠯᠠᠭᠤᠯᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠪᠣᠯᠤᠨ ᠠᠵᠤ ᠦᠢᠯᠡᠰ᠎ᠦᠨ ᠬᠣᠱᠢᠭᠤᠷᠠᠯ ᠮᠡᠳᠡᠯᠭᠡ᠎ᠶ᠋ᠢ ᠰᠤᠷᠤᠯᠴᠠᠨ ᠡᠵᠡᠮᠱᠢᠵᠦ᠍᠂ ᠭᠠᠵᠠᠷ ᠣᠷᠣᠨ᠎ᠤ ᠪᠠᠢᠳᠠᠯ᠎ᠳᠠᠭᠠᠨ ᠲᠤᠬᠢᠷᠠᠭᠤᠯᠤᠨ ᠱᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠪᠣᠢᠵᠢᠭᠤᠯᠤᠨ ᠬᠥᠭ᠌ᠵᠢᠭᠦᠯᠵᠦ᠍᠂ ᠬᠥᠭ᠌ᠵᠢᠯᠲᠡ᠎ᠶ᠋ᠢᠨ ᠱᠢᠨ᠎ᠡ ᠬᠥᠳᠡᠯᠭᠡᠬᠦ᠌ ᠡᠨᠧᠷᠭᠢ᠎ᠶ᠋ᠢ ᠪᠤᠢ ᠪᠣᠯᠭᠠᠵᠤ᠂ ᠬᠥᠭ᠌ᠵᠢᠯᠲᠡ᠎ᠶ᠋ᠢᠨ ᠱᠢᠨ᠎ᠡ ᠳᠠᠪᠠᠭᠤᠯᠢᠭ᠎ᠢ ᠬᠤᠷᠠᠮᠳᠤᠭᠤᠯᠵᠤ᠂ ᠤᠯᠤᠰ᠎ᠤᠨ ᠠᠵᠤ ᠦᠢᠯᠡᠰ᠎ᠦᠨ ᠬᠡᠯᠬᠢᠶ᠎ᠡ ᠬᠠᠩᠭᠠᠯᠭ᠎ᠠ᠎ᠶ᠋ᠢᠨ ᠬᠡᠯᠬᠢᠶ᠎ᠡ᠎ᠶ᠋ᠢᠨ ᠠᠮᠤᠷ ᠲᠦᠪᠱᠢᠨ᠎ᠢ ᠪᠠᠲᠤᠯᠠᠬᠤ᠎ᠳᠤ ᠬᠤᠪᠢ ᠨᠡᠮᠡᠷᠢ ᠦᠵᠡᠭᠦᠯᠵᠦ᠍᠂ ᠪᠣᠳᠠᠲᠤ ᠠᠵᠢᠯᠯᠠᠭ᠎ᠠ᠎ᠪᠠᠷ᠎ᠢᠶᠠᠨ 《ᠬᠣᠶᠠᠷ᠎ᠢ ᠲᠣᠭ᠍ᠲᠠᠭᠠᠭᠰᠠᠨ》 ᠢ᠋ ᠡᠷᠡᠰ ᠬᠦᠷᠢᠶᠡᠯᠡᠵᠦ᠍᠂ 《ᠬᠣᠶᠠᠷ ᠢ ᠬᠠᠮᠠᠭᠠᠯᠠᠬᠤ》 ᠵᠢ ᠡᠷᠡᠰ ᠪᠡᠶᠡᠯᠡᠭᠦᠯᠬᠦ᠌ ᠬᠡᠷᠡᠭ᠌ᠲᠡᠢ ᠭᠡᠵᠦ ᠵᠢᠭᠠᠵᠤ ᠭᠠᠷᠭᠠᠪᠠ᠃
ᠸᠠᠩ ᠸᠧᠢ ᠵᠦᠩ᠂ ᠡᠬᠢ ᠪᠠᠶᠠᠯᠢᠭ᠎ᠤᠨ ᠳᠠᠪᠠᠭᠤᠯᠢᠭ᠎ᠲᠠᠭᠠᠨ ᠰᠠᠭᠤᠷᠢᠯᠠᠵᠤ᠂ ᠬᠠᠷᠢᠴᠠᠭᠤᠯᠤᠭ᠍ᠰᠠᠨ ᠳᠠᠪᠠᠭᠤᠯᠢᠭ᠎ᠢᠶᠠᠨ ᠪᠠᠳᠠᠷᠠᠭᠤᠯᠵᠤ᠂ ᠬᠡᠷᠡᠭᠯᠡᠭᠡᠨ᠎ᠦ ᠤᠳᠤᠷᠢᠳᠤᠮᠵᠢ᠎ᠶ᠋ᠢ ᠲᠤᠪᠤᠢ᠌ᠯᠭᠠᠵᠤ᠂ ᠵᠣᠬᠢᠶᠠᠮᠠᠯ ᠤᠶᠤᠨ ᠴᠢᠳᠠᠪᠤᠷᠢ᠎ᠪᠠᠷ ᠠᠵᠤ ᠦᠢᠯᠡᠰ᠎ᠦᠨ ᠬᠥᠭ᠌ᠵᠢᠯᠲᠡ᠎ᠳᠤ ᠨᠡᠩ ᠰᠠᠢᠲᠤᠷ ᠡᠨᠧᠷᠭᠢ ᠣᠯᠭᠣᠬᠤ ᠬᠡᠷᠡᠭ᠌ᠲᠡᠢ᠃ ᠤᠯᠤᠰ᠎ᠤᠨ ᠨᠢᠭᠡ ᠴᠣᠭ᠍ᠴᠠᠵᠢᠭᠤᠯᠤᠭ᠍ᠰᠠᠨ ᠪᠤᠳᠤᠯᠲᠠ ᠵᠢᠨ ᠬᠦᠴᠦᠨ᠎ᠦ ᠰᠦᠯᠵᠢᠶ᠎ᠡ ᠵᠢ ᠪᠦᠲᠦᠭᠡᠨ ᠪᠠᠢᠭᠤᠯᠬᠤ ᠠᠵᠠ ᠲᠣᠬᠢᠶᠠᠯ᠎ᠢ ᠡᠵᠡᠮᠳᠡᠨ᠂ ᠪᠥᠬᠥ᠌ ᠤᠯᠤᠰ᠎ᠤᠨ ᠨᠢᠭᠡ ᠴᠣᠭ᠍ᠴᠠᠵᠢᠭᠤᠯᠤᠭ᠍ᠰᠠᠨ ᠪᠤᠳᠤᠯᠲᠠ ᠵᠢᠨ ᠬᠦᠴᠦᠨ᠎ᠦ ᠰᠦᠯᠵᠢᠶ᠎ᠡ᠎ᠶ᠋ᠢᠨ ᠵᠠᠩᠭᠢᠯᠠᠭ᠎ᠠ᠎ᠶ᠋ᠢᠨ ᠴᠡᠭ᠎ᠦᠨ ᠪᠦᠲᠦᠭᠡᠨ ᠪᠠᠢᠭᠤᠯᠤᠯᠲᠠ᠎ᠶ᠋ᠢ ᠭᠦᠨᠵᠡᠭᠡᠶ ᠠᠬᠢᠭᠤᠯᠵᠤ᠂ ᠥᠪᠥᠷ ᠮᠣᠩᠭᠣᠯ᠎ᠤᠨ ᠪᠠᠷᠠᠭᠤᠨ ᠬᠡᠰᠡᠭ᠎ᠦᠨ ᠴᠠᠬᠢᠯᠭᠠᠨ ᠲᠤᠤᠷ᠎ᠤᠨ ᠲᠣᠭᠠᠴᠢᠯᠠᠭᠰᠠᠨ ᠣᠶᠣᠨᠴᠢᠯᠠᠭᠰᠠᠨ ᠥᠭᠡᠷᠡᠴᠢᠯᠡᠯᠲᠡ᠎ᠶ᠋ᠢ ᠲᠦᠷᠭᠡᠳᠭᠡᠨ᠂ ᠣᠨᠴᠠ ᠥᠨᠳᠥᠷ ᠳᠠᠷᠤᠯᠲᠠᠲᠤ ᠤᠶᠠᠨ ᠴᠢᠨᠠᠷᠲᠠᠶ ᠲᠣᠭ᠍ᠲᠠᠮᠠᠯ ᠭᠥᠶᠥᠳᠡᠯᠳᠦ ᠴᠠᠬᠢᠯᠭᠠᠨ ᠬᠦᠷᠭᠡᠬᠦ᠌᠂ ᠬᠡᠲᠦ ᠶᠡᠬᠡ ᠬᠡᠪᠴᠢᠶᠡᠨ᠎ᠦ ᠤᠶᠤᠨᠲᠤ ᠪᠣᠳᠣᠯᠲᠠ᠎ᠶ᠋ᠢᠨ ᠲᠥᠪ᠂ ᠪᠤᠳᠤᠯᠲᠠ ᠵᠢᠨ ᠬᠦᠴᠦᠨ ᠴᠠᠬᠢᠯᠭᠠᠨ ᠬᠦᠴᠦᠨ᠎ᠤ ᠬᠠᠮᠵᠢᠯᠴᠠᠭ᠎ᠠ ᠵᠡᠷᠭᠡ ᠤᠶᠤᠨᠲᠤ ᠰᠢᠨ᠎ᠡ ᠰᠠᠭᠤᠷᠢ ᠲᠦᠭᠦᠭᠡᠷᠦᠮᠵᠢ ᠵᠢᠨ ᠪᠦᠲᠦᠭᠡᠨ ᠪᠠᠢᠭᠤᠯᠤᠯᠲᠠ᠎ᠶ᠋ᠢᠨ ᠢᠨᠵᠧᠨᠧᠷᠢᠩ᠎ᠢ ᠤᠬᠠᠭᠠᠯᠠᠨ ᠲᠦᠯᠦᠪᠯᠡᠵᠦ ᠠᠬᠢᠭᠤᠯᠬᠤ ᠬᠡᠷᠡᠭᠲᠡᠢ᠃ ᠤᠢᠷ᠎ᠠ ᠤᠭᠲᠠᠷᠭᠤᠢ᠎ᠵᠢᠨ ᠠᠵᠤ ᠠᠬᠤᠢ᠎ᠶ᠋ᠢᠨ ᠲᠥᠯᠥᠪᠵᠢᠭᠦᠯᠭᠡ᠎ᠶ᠋ᠢᠨ ᠪᠠᠢᠷᠢᠱᠢᠯ᠎ᠢ ᠴᠢᠩᠭᠠᠳᠭᠠᠵᠤ᠂ ᠵᠢᠱ᠌ᠢᠶ᠎ᠡ ᠦᠵᠡᠭᠦᠯᠬᠦ᠌ ᠬᠡᠷᠡᠭᠯᠡᠯᠲᠡ᠎ᠶ᠋ᠢ ᠥᠷᠭᠡᠨ᠎ᠢᠶᠡᠷ ᠥᠷᠨᠢᠭᠦᠯᠬᠦ ᠬᠡᠷᠡᠭᠲᠡᠢ᠃ ᠥᠨᠳᠥᠷ ᠲᠦᠪᠱᠢᠨ ᠪᠦᠬᠦᠢ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠪᠡᠶ᠎ᠡ᠎ᠪᠡᠨ ᠳᠠᠭᠠᠭᠠᠵᠤ ᠬᠦᠴᠦᠷᠬᠡᠭ᠌ᠵᠢᠬᠦ᠌᠎ᠶ᠋ᠢ ᠲᠦᠷᠭᠡᠳᠭᠡᠵᠦ᠍᠂ ᠬᠢᠬᠦ ᠶᠤᠰᠤᠲᠠᠢ ᠵᠢ ᠨᠢ ᠬᠢᠵᠦ᠍ ᠬᠢᠬᠦ ᠴᠢᠬᠤᠯᠠ ᠦᠭᠡᠢ ᠵᠢ ᠨᠢ ᠬᠢᠬᠦ ᠦᠭᠡᠢ ᠪᠠᠢᠬᠤ᠎ᠶ᠋ᠢ ᠪᠠᠷᠢᠮᠲᠠᠯᠠᠵᠤ᠂ ᠬᠡᠷᠡᠭᠯᠡᠭᠡᠨ᠎ᠦ ᠬᠥᠳᠡᠯᠭᠡᠭᠦᠷ᠎ᠢᠶᠡᠷ ᠱᠢᠨ᠎ᠡ ᠡᠨᠧᠷᠭᠢ᠂ ᠬᠣᠪᠣᠷ ᠱᠢᠷᠣᠢ᠎ᠶ᠋ᠢᠨ ᠱᠢᠨ᠎ᠡ ᠮᠠᠲ᠋ᠧᠷᠢᠶᠠᠯ᠂ ᠪᠣᠬᠢᠷᠲᠤᠯ ᠦᠭᠡᠢ ᠤᠰᠤᠲᠥ᠋ᠷᠥᠭ᠌ᠴᠢ ᠱᠢᠪᠲᠦᠷ᠎ᠦᠨ ᠠᠯᠺᠣᠣᠯ᠂ ᠡᠪᠡᠰᠦᠨ᠎ᠦ ᠦᠢᠯᠡᠰ ᠰᠦ᠎ᠶ᠋ᠢᠨ ᠦᠢᠯᠡᠰ ᠵᠡᠷᠭᠡ ᠳᠠᠪᠠᠭᠤᠯᠢᠭ ᠬᠦᠷᠢᠶᠡᠨ᠎ᠦ ᠮᠡᠷᠭᠡᠵᠢᠯ᠎ᠦᠨ ᠪᠣᠭᠣᠮᠲᠠ ᠱᠢᠪᠲᠤᠯᠬᠤ᠎ᠶ᠋ᠢ ᠴᠢᠩᠭᠠᠳᠭᠠᠵᠤ᠂ ᠢᠲᠡᠭᠡᠯ ᠵᠣᠷᠢᠭ᠎ᠢᠶᠠᠨ ᠪᠠᠲᠤᠳᠭᠠᠵᠤ᠂ ᠤᠳᠠᠭᠠᠨ ᠳᠠᠭᠠᠭᠠᠮᠠᠭᠠᠢ ᠵᠢᠳᠬᠦᠯ ᠴᠢᠷᠮᠠᠢᠯᠭ᠎ᠠ ᠭᠠᠷᠭᠠᠬᠤ ᠬᠡᠷᠡᠭ᠌ᠲᠡᠢ᠃ 《ᠰᠤᠳᠤᠨ ᠴᠢᠳᠠᠪᠤᠷᠢᠲᠠᠨ᠎ᠢᠶᠠᠷ ᠥᠪᠥᠷ ᠮᠣᠩᠭᠣᠯ᠎ᠢᠶᠠᠨ ᠮᠠᠨᠳᠤᠭᠤᠯᠬᠤ》 ᠢᠨᠵᠧᠨᠧᠷᠢᠩ᠎ᠢ ᠭᠦᠨᠵᠡᠭᠡᠶ ᠬᠡᠷᠡᠭ᠌ᠵᠢᠭᠦᠯᠵᠦ᠍᠂ ᠶᠡᠬᠡ ᠬᠦᠴᠦ ᠤᠷᠤᠭᠤᠯᠤᠨ ᠴᠢᠳᠠᠪᠤᠷᠢᠲᠠᠨ ᠲᠠᠲᠠᠨ ᠴᠢᠳᠠᠪᠤᠷᠢᠲᠠᠨ ᠬᠥᠮᠦᠵᠢᠭᠦᠯᠵᠦ᠍᠂ ᠴᠢᠳᠠᠪᠤᠷᠢᠲᠠᠨᠵᠢᠡᠷ ᠴᠢᠳᠠᠪᠤᠷᠢᠲᠠᠨ ᠲᠠᠲᠠᠬᠤ ᠬᠡᠷᠡᠭ᠌ᠲᠡᠶ ᠭᠡᠵᠦ ᠴᠢᠬᠤᠯᠠᠴᠢᠯᠠᠪᠠ᠃
ᠸᠠᠩ ᠸᠧᠢ ᠵᠦᠩ᠂ ᠠᠬᠤᠢ ᠪᠠᠢᠳᠠᠯ ᠪᠣᠯ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠪᠠ ᠠᠵᠤ ᠦᠢᠯᠡᠰ᠎ᠦᠨ ᠱᠢᠨ᠎ᠡ᠎ᠶ᠋ᠢ ᠡᠭᠦᠳᠬᠦ᠌ ᠵᠢᠨ ᠠᠭᠤᠰᠤᠯᠴᠠᠨ ᠬᠥᠭ᠌ᠵᠢᠬᠦ᠌᠎ᠶ᠋ᠢ ᠠᠬᠢᠭᠤᠯᠬᠤ ᠴᠢᠬᠤᠯᠠ ᠠᠴᠢᠶᠠᠯᠠᠪᠤᠷᠢ ᠮᠥᠨ᠃ ᠤᠢᠷ᠎ᠠ ᠤᠭᠲᠠᠷᠭᠤᠢ᠎ᠵᠢᠨ ᠠᠵᠤ ᠠᠬᠤᠢ᠎ᠶ᠋ᠢ ᠬᠥᠭ᠌ᠵᠢᠭᠦᠯᠬᠦ᠌᠂ ᠠᠦ᠋ᠲ᠋ᠣ᠋᠎ᠪᠠᠷ ᠵᠢᠯᠣᠭᠣᠳᠭᠤ ᠪᠠ 《ᠵᠣᠬᠢᠶᠠᠮᠠᠯ ᠤᠶᠤᠨ ᠴᠢᠳᠠᠪᠤᠷᠢ +》 ᠠᠵᠢᠯᠯᠠᠭ᠎ᠠ᠎ᠶ᠋ᠢ ᠬᠡᠷᠡᠭ᠌ᠵᠢᠭᠦᠯᠬᠦ᠌᠎ᠵᠢᠨ ᠲᠤᠭᠤᠷᠢᠨ ᠳ᠋ᠤ᠂ ᠨᠢᠭᠡ ᠪᠦᠯᠦᠭ ᠶᠡᠷᠦᠩᠬᠡᠢᠯᠡᠭ᠌ᠰᠡᠨ ᠴᠢᠨᠠᠷᠲᠠᠢ ᠴᠢᠬᠤᠯᠠ ᠶᠡᠬᠡ ᠠᠬᠤᠢ ᠪᠠᠢᠳᠠᠯ᠂ ᠠᠵᠢᠯ ᠲᠦᠷᠦᠯ᠎ᠦᠨ ᠬᠦᠷᠢᠶᠡᠨ᠎ᠦ ᠬᠤᠷᠠᠮᠠᠯ ᠮᠠᠶᠢᠭ᠎ᠤᠨ ᠠᠬᠤᠢ ᠪᠠᠢᠳᠠᠯ᠂ ᠥᠨᠳᠥᠷ ᠦᠷᠳᠡᠭ᠎ᠲᠡᠶ ᠵᠢᠵᠢᠭ ᠣᠭ᠍ᠲᠣᠯᠤᠭᠠᠰᠤ᠎ᠶ᠋ᠢᠨ ᠠᠬᠤᠢ ᠪᠠᠢᠳᠠᠯ᠎ᠢ ᠲᠦᠷᠭᠡᠳᠭᠡᠨ ᠪᠠᠢᠭᠤᠯᠬᠤ ᠬᠡᠷᠡᠭ᠌ᠲᠡᠢ᠃ ᠣᠷᠣᠬᠤ᠎ᠶ᠋ᠢ ᠵᠥᠪᠱᠢᠶᠡᠷᠡᠬᠦ᠌᠂ ᠡᠯᠧᠮᠧᠨ᠋ᠲ ᠵᠡᠷᠭᠡ ᠥᠭᠡᠷᠡᠴᠢᠯᠡᠯᠲᠡ᠎ᠶ᠋ᠢ ᠬᠠᠮᠵᠢᠯᠴᠠᠨ ᠠᠬᠢᠭᠤᠯᠵᠤ᠂ ᠠᠬᠤᠢ ᠪᠠᠢᠳᠠᠯ᠎ᠤᠨ ᠡᠬᠢ ᠪᠠᠶᠠᠯᠢᠭ᠎ᠤᠨ ᠪᠦᠬᠦ᠌ ᠬᠦᠷᠢᠶ᠎ᠡ᠂ ᠪᠦᠬᠦ᠌ ᠬᠡᠯᠬᠢᠶ᠎ᠡ᠂ ᠪᠦᠬᠦ᠌ ᠨᠡᠢᠭᠡᠮ᠎ᠦᠨ ᠨᠡᠭᠡᠭᠡᠯᠳᠠ᠎ᠶ᠋ᠢ ᠠᠯᠬᠤᠮ ᠠᠯᠬᠤᠮ᠎ᠢᠶᠠᠷ ᠠᠬᠢᠭᠤᠯᠵᠤ᠂ ᠱᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠬᠥᠭ᠌ᠵᠢᠭᠦᠯᠬᠦ᠌᠎ᠳᠦ ᠨᠡᠩ ᠬᠦᠴᠦᠲᠡᠢ ᠲᠦᠷᠦ᠍᠎ᠶ᠋ᠢᠨ ᠪᠤᠳᠤᠯᠭ᠎ᠠ᠎ᠶ᠋ᠢᠨ ᠪᠠᠲᠤᠯᠠᠭ᠎ᠠ ᠬᠠᠩᠭᠠᠬᠤ ᠬᠡᠷᠡᠭ᠌ᠲᠡᠢ ᠭᠡᠵᠦ ᠴᠢᠬᠤᠯᠠᠴᠢᠯᠠᠪᠠ᠃
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ᠂ ᠵᠠᠰᠠᠭ᠎ᠤᠨ ᠣᠷᠳᠣᠨ᠂ ᠤᠯᠤᠰ ᠲᠦᠷᠦ᠍᠎ᠶ᠋ᠢᠨ ᠵᠥᠪᠯᠡᠯᠭᠡᠨ᠎ᠦ ᠤᠳᠤᠷᠢᠳᠭᠤ ᠨᠥᠬᠥᠳ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠥᠨᠳᠥᠷ ᠵᠡᠷᠭᠡ᠎ᠶ᠋ᠢᠨ ᠱᠢᠭᠦᠬᠦ᠌ ᠬᠤᠷᠢᠶ᠎ᠠ᠎ᠵᠢᠨ ᠳᠠᠷᠤᠭ᠎ᠠ᠂ ᠬᠣᠯᠪᠣᠭ᠍ᠳᠠᠯ ᠪᠦᠬᠦᠢ ᠰᠠᠯᠠᠭ᠎ᠠ ᠮᠥᠴᠢᠷ ᠨᠢᠭᠡᠴᠢ᠎ᠶ᠋ᠢᠨ ᠬᠠᠷᠢᠭᠤᠴᠠᠯᠭᠠᠲᠠᠨ ᠨᠥᠬᠥᠳ ᠭᠣᠣᠯ ᠬᠤᠷᠠᠯ᠎ᠤᠨ ᠲᠠᠯᠠᠪᠠᠢ᠎ᠳᠤ ᠬᠤᠷᠠᠯ᠎ᠳᠤ ᠣᠷᠣᠯᠴᠠᠵᠠᠢ᠃ ᠡᠯ᠎ᠡ ᠠᠢᠮᠠᠭ ᠬᠣᠲᠠ ᠪᠣᠯᠤᠨ ᠮᠠᠨᠵᠤᠤᠷ ᠬᠣᠲᠠ᠂ ᠡᠷᠢᠶᠡᠨ ᠬᠣᠲᠠ ᠬᠤᠪᠢᠶᠠᠷᠢ ᠬᠤᠷᠠᠯ᠎ᠤᠨ ᠲᠠᠯᠠᠪᠠᠶ᠎ᠳᠤ ᠸᠢᠳᠢᠣ᠋ ᠬᠡᠯᠪᠡᠷᠢ᠎ᠪᠡᠷ ᠬᠤᠷᠠᠯ᠎ᠳᠤ ᠣᠷᠣᠯᠴᠠᠪᠠ᠃