ᠸᠠᠩ ᠱᠸ ᠯᠢ ᠬᠤᠷᠠᠯ ᠳ᠋ᠸ᠋ ᠤᠷᠤᠯᠴᠠᠬᠰᠠᠨ ᠪᠦᠬᠡᠳ ᠶᠠᠷᠢᠶ᠎ᠠ ᠲᠠᠯᠪᠢᠵᠠᠢ
1 ᠰᠠᠷ᠎ᠠ ᠵᠢᠨ 15 ᠤ᠋ ᠡᠳᠦᠷ᠂ 2026 ᠤᠨ ᠤ᠋ ᠪᠦᠬᠦ ᠤᠷᠤᠨ ᠤ᠋ ᠴᠡᠷᠢᠭ ᠡᠯᠰᠡᠬᠦ ᠠᠵᠢᠯ ᠤ᠋ᠨ ᠸᠢᠳᠢᠣ᠋ ᠬᠤᠷᠠᠯ ᠬᠦᠬᠡᠬᠤᠳᠠ ᠳ᠋ᠸ᠋ ᠬᠤᠷᠠᠯᠳᠤᠵᠠᠢ᠃ ᠦᠪᠡᠷᠳᠡᠬᠡᠨ ᠵᠠᠰᠠᠬᠤ ᠤᠷᠤᠨ ᠤ᠋ ᠴᠡᠷᠢᠭ ᠡᠯᠰᠡᠬᠦ ᠠᠵᠢᠯ ᠤ᠋ᠨ ᠤᠳᠤᠷᠢᠳᠬᠤ ᠲᠤᠭᠤᠢᠯᠠᠩ ᠤ᠋ᠨ ᠲᠠᠷᠤᠭ᠎ᠠ᠂ ᠦᠪᠦᠷ ᠮᠤᠩᠭᠤᠯ ᠤ᠋ᠨ ᠴᠡᠷᠢᠭ ᠤ᠋ᠨ ᠲᠤᠭᠤᠷᠢᠬ ᠤ᠋ᠨ ᠲᠡᠳ᠋ ᠺᠤᠮᠢᠰᠰᠠᠷ ᠸᠠᠩ ᠱᠸ ᠯᠢ ᠬᠤᠷᠠᠯ ᠳ᠋ᠸ᠋ ᠤᠷᠤᠯᠴᠠᠬᠰᠠᠨ ᠪᠦᠬᠡᠳ ᠶᠠᠷᠢᠶ᠎ᠠ ᠲᠠᠯᠪᠢᠵᠠᠢ᠃
ᠬᠤᠷᠠᠯ ᠡᠴᠨ ᠂ 2026 ᠤᠨ ᠪᠤᠯ ᠴᠡᠷᠢᠭ ᠪᠠᠢᠭᠤᠯᠤᠬᠳᠠᠬᠰᠠᠨ ᠵᠠᠭᠤᠨ ᠵᠢᠯ ᠤ᠋ᠨ ᠲᠡᠮᠡᠴᠡᠯ ᠤ᠋ᠨ ᠬᠠᠷᠠᠯᠳᠠ ᠵᠢ ᠪᠡᠶᠡᠯᠡᠬᠦᠯᠬᠦ ᠪᠤᠭᠤᠮᠳᠠ ᠰᠢᠪᠳᠤᠯᠬᠤ ᠲᠠᠢᠯᠠᠯᠳᠤᠭᠠᠨ ᠢ ᠰᠠᠢᠳᠤᠷ ᠬᠢᠬᠦ ᠵᠠᠩᠬᠢᠯᠠᠭ᠎ᠠ ᠵᠢᠨ ᠨᠢᠬᠡ ᠵᠢᠯ ᠪᠠᠢᠵᠤ᠂ ᠨᠡᠩ ᠤᠯᠠᠨ ᠰᠢᠯᠢᠳᠡᠭ ᠴᠡᠷᠢᠭ ᠤ᠋ᠨ ᠴᠡᠷᠢᠭ ᠢ᠋ ᠬᠦᠴᠦᠷᠭᠡᠭᠵᠢᠬᠦᠯᠬᠦ ᠦᠢᠯᠡᠳᠦᠯᠬᠡ ᠳ᠋ᠸ᠋ ᠤᠷᠤᠯᠴᠠᠬᠤ ᠵᠢ ᠲᠤᠯᠭᠠᠮ ᠱᠠᠭᠠᠷᠳᠠᠨ᠎ᠠ᠃ ᠴᠡᠷᠢᠭ ᠠᠩᠬᠢ ᠪᠠ ᠤᠷᠤᠨ ᠨᠤᠳᠤᠬ ᠤ᠋ᠨ ᠡᠯ᠎ᠡ ᠱᠠᠳᠤᠨᠤ ᠬᠢᠨ ᠤᠯᠤᠰ ᠤ᠋ᠨ ᠰᠢᠢᠳᠪᠦᠷᠢᠳᠦ ᠪᠤᠳᠤᠯᠭ᠎ᠠ ᠪᠠᠢᠷᠢᠯᠠᠭᠤᠯᠤᠯᠳᠠ ᠵᠢ ᠬᠦᠨᠵᠡᠬᠡᠢ ᠲᠤᠭᠤᠰᠢᠯᠠᠭᠤᠯᠤᠨ᠂ ᠠᠵᠢᠯ ᠤ᠋ᠨ ᠪᠠᠢᠭᠤᠯᠤᠮᠵᠢ ᠵᠢ ᠪᠦᠷᠢᠨᠰᠢᠬᠦᠯᠦᠨ᠂ ᠡᠯᠰᠡᠨ ᠴᠤᠬᠯᠠᠭᠤᠯᠬᠤ ᠡᠩᠨᠡᠬᠡ ᠵᠢ ᠪᠠᠢᠭᠤᠯᠤᠨ ᠴᠢᠩᠭᠠᠳᠬᠠᠵᠤ᠂ ᠡᠮᠬᠢ ᠲᠢᠭᠯᠢᠮ ᠢ ᠵᠢᠷᠤᠮᠵᠢᠭᠤᠨ ᠶᠠᠪᠤᠬᠳᠠᠭᠤᠯᠵᠤ᠂ ᠠᠶᠤᠯ ᠲᠦᠭᠰᠢᠬᠦᠷᠢ ᠵᠢ ᠰᠡᠷᠬᠡᠢᠯᠡᠨ ᠠᠷᠢᠯᠭᠠᠵᠤ᠂ 《ᠪᠠᠢᠯᠳᠤᠭᠠᠨ ᠤ᠋ ᠲᠦᠯᠦᠬᠡ ᠴᠡᠷᠢᠭ ᠡᠯᠰᠡᠬᠦ᠂ ᠬᠠᠤᠯᠢ ᠶᠤᠰᠤᠭᠠᠷ ᠴᠡᠷᠢᠭ ᠡᠯᠰᠡᠬᠦ᠂ ᠦᠨᠳᠦᠷ ᠪᠦᠳᠦᠮᠵᠢᠳᠡᠢ ᠴᠡᠷᠢᠭ ᠡᠯᠰᠡᠬᠦ᠂ ᠠᠷᠢᠭᠤᠨ ᠴᠢᠬᠡᠴᠢ ᠪᠡᠷ ᠴᠡᠷᠢᠭ ᠡᠯᠰᠡᠬᠦ》 ᠠᠵᠢᠯ ᠤ᠋ᠨ ᠪᠠᠢᠷᠢᠰᠢᠯ ᠢ ᠨᠢᠬᠡ ᠴᠤᠬᠴᠠᠵᠢᠭᠤᠯᠤᠨ ᠪᠠᠢᠭᠤᠯᠵᠤ᠂ ᠴᠡᠷᠢᠭ ᠡᠯᠰᠡᠬᠦ ᠠᠵᠢᠯ ᠤ᠋ᠨ ᠴᠢᠨᠠᠷ ᠰᠠᠢᠳᠠᠢ ᠬᠦᠭᠵᠢᠯᠳᠡ ᠵᠢ ᠪᠦᠬᠦ ᠲᠠᠯ᠎ᠠ ᠪᠡᠷ ᠠᠬᠢᠭᠤᠯᠬᠤ ᠬᠡᠷᠡᠭᠳᠡᠢ ᠬᠡᠵᠦ ᠴᠢᠬᠤᠯᠠᠴᠢᠯᠠᠵᠠᠢ᠃
2008-2025 © ᠳᠤᠮᠳᠠᠳᠤ ᠤᠯᠤᠰᠤᠨ ᠮᠤᠩᠭᠤᠯ ᠬᠡᠯᠡᠨᠤ ᠰᠤᠨᠢᠨ ᠮᠡᠳᠡᠭᠡᠨᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号