ᠦᠪᠦᠷ ᠮᠤᠩᠭᠤᠯ ᠬᠢᠲᠠᠳ ᠡᠮ ᠤ᠋ᠨ ᠮᠠᠲᠧᠷᠢᠶᠠᠯ ᠢ᠋ ᠭᠠᠷᠤᠯᠳᠠ ᠶ᠋ᠢᠨ ᠤᠷᠤᠨ ᠳ᠋ᠤᠨᠢ ᠰᠤᠷᠭᠤᠭ ᠶ᠋ᠢᠡᠷ ᠬᠡᠷᠴᠢᠨ ᠡᠳ᠋ᠰᠢᠭᠦᠯᠬᠦ ᠠᠵᠢᠯ ᠤ᠋ᠨ ᠵᠢᠯᠤᠭᠤᠳᠬᠤ ᠰᠠᠨᠠᠯ ᠢ᠋ ᠳᠤᠭᠳᠠᠭᠠᠨ ᠨᠡᠢᠳᠡᠯᠡᠪᠡ
2026-01-18 12:12:37
ᠵᠣᠬᠢᠶᠠᠭ᠍ᠴᠢ᠄
ᠡᠷᠳᠡᠨᠢᠬᠤᠸᠠᠷ
ᠣᠩᠱᠢᠭ᠍ᠰᠠᠨ ᠣᠳᠠᠭ᠎ᠠ᠄
★★★☆☆

ᠦᠪᠦᠷ ᠮᠤᠩᠭᠤᠯ ᠤ᠋ᠨ ᠦᠪᠡᠷᠳᠡᠭᠡᠨ ᠵᠠᠰᠠᠬᠤ ᠤᠷᠤᠨ ᠤ᠋ ᠡᠮ ᠤ᠋ᠨ ᠵᠦᠢᠯᠡᠰ ᠤ᠋ᠨ ᠬᠢᠨᠠᠯᠳᠠ ᠬᠠᠮᠢᠶᠠᠷᠤᠯᠳᠠ ᠶ᠋ᠢᠨ ᠲᠤᠪᠴᠢᠶ᠎ᠠ ᠤᠢᠷ᠎ᠠ ᠳ᠋ᠤ 《ᠦᠪᠦᠷ ᠮᠤᠩᠭᠤᠯ ᠤ᠋ᠨ ᠦᠪᠡᠷᠳᠡᠭᠡᠨ ᠵᠠᠰᠠᠬᠤ ᠤᠷᠤᠨ ᠤ᠋ ᠬᠢᠲᠠᠳ ᠡᠮ ᠤ᠋ᠨ ᠮᠠᠲᠧᠷᠢᠶᠠᠯ (ᠮᠤᠩᠭᠤᠯ ᠡᠮ ᠤ᠋ᠨ ᠮᠠᠲᠧᠷᠢᠶᠠᠯ) ᠢ᠋ ᠭᠠᠷᠤᠯᠳᠠ ᠶ᠋ᠢᠨ ᠤᠷᠤᠨ ᠳ᠋ᠤᠨᠢ ᠰᠤᠷᠭᠤᠭ ᠶ᠋ᠢᠡᠷ ᠬᠡᠷᠴᠢᠨ ᠡᠳ᠋ᠰᠢᠭᠦᠯᠬᠦ ᠠᠵᠢᠯ ᠤ᠋ᠨ ᠵᠢᠯᠤᠭᠤᠳᠬᠤ ᠰᠠᠨᠠᠯ》 ᠢ᠋ ᠳᠤᠭᠳᠠᠭᠠᠨ ᠨᠡᠢᠳᠡᠯᠡᠵᠦ᠂ ᠪᠦᠬᠦ ᠤᠷᠤᠨ ᠤ᠋ ᠬᠢᠲᠠᠳ ᠡᠮ (ᠮᠤᠩᠭᠤᠯ ᠡᠮ) ᠤ᠋ᠨ ᠠᠵᠤ ᠦᠢᠯᠡᠰ ᠤ᠋ᠨ ᠴᠢᠨᠠᠷ ᠰᠠᠢᠳᠠᠢ ᠬᠦᠭᠵᠢᠯᠳᠡ ᠳ᠋ᠤ ᠳᠦᠷᠢᠮ ᠤ᠋ᠨ ᠪᠠᠳᠤᠯᠠᠭ᠎ᠠ ᠬᠠᠩᠭᠠᠪᠠ᠃

ᠬᠢᠲᠠᠳ ᠡᠮ ᠤ᠋ᠨ ᠮᠠᠲᠧᠷᠢᠶᠠᠯ (ᠮᠤᠩᠭᠤᠯ ᠡᠮ ᠤ᠋ᠨ ᠮᠠᠲᠧᠷᠢᠶᠠᠯ) ᠢ᠋ ᠭᠠᠷᠤᠯᠳᠠ ᠶ᠋ᠢᠨ ᠤᠷᠤᠨ ᠳ᠋ᠤᠨᠢ ᠰᠤᠷᠭᠤᠭ ᠶ᠋ᠢᠡᠷ ᠬᠡᠷᠴᠢᠨ ᠡᠳ᠋ᠰᠢᠭᠦᠯᠬᠦ ᠭᠡᠳᠡᠭ ᠨᠢ ᠬᠢᠷᠢ ᠭᠡᠮ ᠪᠦᠬᠦᠢ ᠬᠢᠲᠠᠳ ᠡᠮ ᠤ᠋ᠨ ᠮᠠᠲᠧᠷᠢᠶᠠᠯ ᠦᠢᠯᠡᠳᠪᠤᠷᠢᠯᠡᠬᠦ ᠠᠵᠤ ᠠᠬᠤᠢᠯᠠᠯ ᠪᠤᠶᠤ ᠮᠠᠯᠴᠢᠨ ᠲᠠᠷᠢᠶᠠᠴᠢᠨ ᠤ᠋ ᠲᠤᠰᠬᠠᠢ ᠬᠤᠷᠰᠢᠶ᠎ᠠ ᠵᠡᠷᠭᠡ ᠭᠤᠤᠯ ᠴᠤᠭᠴᠠ ᠬᠤᠷᠢᠶᠠᠵᠤ ᠠᠪᠤᠭᠰᠠᠨ ᠪᠤᠶᠤ ᠬᠤᠳᠠᠯᠳᠤᠵᠤ ᠠᠪᠤᠭᠰᠠᠨ ᠰᠢᠨ᠎ᠠ ᠰᠤᠷᠭᠤᠭ ᠡᠮ ᠤ᠋ᠨ ᠮᠠᠲᠧᠷᠢᠶᠠᠯ ᠢ᠋ ᠤᠯᠠᠮᠵᠢᠯᠠᠯᠳᠤ ᠠᠷᠭ᠎ᠠ ᠪᠡᠷ ᠢᠯᠳᠠᠰᠤ᠂ ᠬᠡᠰᠡᠭ᠂ ᠲᠠᠰᠤᠯᠪᠤᠷᠢ᠂ ᠬᠡᠯᠳᠡᠰ ᠵᠡᠷᠭᠡ ᠬᠡᠯᠪᠡᠷᠢ ᠳᠦᠷᠰᠦ ᠲᠠᠢ ᠪᠤᠯᠭᠠᠨ ᠬᠡᠷᠴᠢᠨ ᠡᠳ᠋ᠰᠢᠭᠦᠯᠬᠦ ᠶ᠋ᠢ ᠵᠢᠭᠠᠵᠤ ᠪᠠᠢᠨ᠎ᠠ᠃ ᠤᠳᠤᠬᠠᠨ ᠳ᠋ᠤ ᠥᠪᠥᠷ ᠮᠣᠩᠭᠣᠯ ᠤ᠋ᠨ ᠦᠪᠡᠷᠳᠡᠭᠡᠨ ᠵᠠᠰᠠᠬᠤ ᠤᠷᠤᠨ ᠤ᠋ ᠡᠮ ᠤ᠋ᠨ ᠵᠦᠢᠯᠡᠰ ᠤ᠋ᠨ ᠬᠢᠨᠠᠯᠳᠠ ᠬᠠᠮᠢᠶᠠᠷᠤᠯᠳᠠ ᠶ᠋ᠢᠨ ᠲᠤᠪᠴᠢᠶ᠎ᠠ ᠡᠴᠡ ᠰᠢᠬᠢᠷ ᠡᠪᠡᠰᠦ᠂ ᠬᠤᠨᠴᠢᠷ᠂ ᠱᠦᠭᠦᠷᠭᠡᠨ᠎ᠠ ᠵᠡᠷᠭᠡ ᠦᠪᠦᠷ ᠮᠤᠩᠭᠤᠯ ᠤ᠋ᠨ ᠤᠨᠴᠠ ᠭᠠᠷᠤᠯᠳᠠ ᠶ᠋ᠢᠨ ᠡᠮ ᠤ᠋ᠨ ᠮᠠᠲᠧᠷᠢᠶᠠᠯ ᠢ᠋ ᠪᠠᠭᠳᠠᠭᠠᠭᠰᠠᠨ ᠬᠤᠶᠠᠷ ᠪᠦᠯᠦᠭ ᠤ᠋ᠨ 16 ᠵᠦᠢᠯ ᠤ᠋ᠨ ᠡᠮ ᠤ᠋ᠨ ᠮᠠᠲᠧᠷᠢᠶᠠᠯ ᠢ᠋ ᠰᠤᠷᠭᠤᠭ ᠶ᠋ᠢᠡᠷ ᠬᠡᠷᠴᠢᠨ ᠡᠳ᠋ᠰᠢᠭᠦᠯᠬᠦ ᠡᠮ ᠤ᠋ᠨ ᠮᠠᠲᠧᠷᠢᠶᠠᠯ ᠶ᠋ᠢᠡᠷ ᠳᠤᠭᠳᠠᠭᠠᠨ ᠨᠡᠢᠳᠡᠯᠡᠵᠠᠢ᠃

ᠰᠢᠨᠡᠭᠡᠨ ᠨᠡᠢᠳᠡᠯᠡᠭᠰᠡᠨ ᠵᠢᠯᠤᠭᠤᠳᠬᠤ ᠰᠠᠨᠠᠯ ᠨᠢ ᠡᠮ ᠤ᠋ᠨ ᠵᠦᠢᠯᠡᠰ ᠦᠢᠯᠡᠳᠪᠤᠷᠢᠯᠡᠬᠦ ᠠᠵᠤ ᠠᠬᠤᠢᠯᠠᠯ ᠤ᠋ᠨ ᠶᠠᠰᠤ ᠴᠢᠨᠠᠷ ᠤ᠋ᠨ ᠬᠠᠮᠢᠶᠠᠷᠤᠯᠳᠠ ᠶ᠋ᠢᠨ ᠭᠤᠤᠯᠯᠠᠬᠤ ᠦᠢᠯᠡᠳᠦᠯ ᠢ᠋ ᠴᠢᠬᠤᠯᠠᠴᠢᠯᠠᠵᠤ᠂ ᠡᠮ ᠤ᠋ᠨ ᠮᠠᠲᠧᠷᠢᠶᠠᠯ ᠤ᠋ᠨ ᠭᠠᠷᠤᠯᠳᠠ ᠶ᠋ᠢᠨ ᠤᠷᠤᠨ ᠤ᠋ ᠡᠳ᠋ᠰᠢᠭᠦᠯᠬᠦ ᠠᠵᠤ ᠠᠬᠤᠢᠯᠠᠯ ᠤ᠋ᠨ ᠶᠠᠰᠤ ᠴᠢᠨᠠᠷ ᠤ᠋ᠨ ᠬᠠᠮᠢᠶᠠᠷᠤᠯᠳᠠ ᠶ᠋ᠢᠨ ᠰᠢᠰᠲ᠋ᠧᠮ ᠢ᠋ ᠴᠢᠩᠭ᠎ᠠ ᠬᠢᠨᠡᠨ ᠬᠠᠷᠭᠤᠭᠤᠯᠵᠤ᠂ ᠳᠦᠷᠢᠮᠵᠢᠭᠰᠠᠨ ᠬᠤᠳᠠᠯᠳᠤᠨ ᠠᠪᠬᠤ ᠭᠡᠷ᠎ᠠ ᠪᠠ ᠶᠠᠰᠤ ᠴᠢᠨᠠᠷ ᠤ᠋ᠨ ᠵᠦᠪᠯᠡᠯᠴᠡᠭᠡᠷ ᠳᠤᠬᠢᠷᠠᠯᠴᠠᠨ᠂ ᠬᠢᠷᠢ ᠲᠡᠩᠴᠡᠬᠦ ᠬᠠᠩᠭᠠᠯᠭ᠎ᠠ ᠶ᠋ᠢᠨ ᠬᠤᠳᠠᠯᠳᠤᠭᠠᠴᠢᠳ ᠲᠦ᠍ ᠳᠠᠩᠰᠠ ᠡᠪᠬᠡᠮᠡᠯ ᠪᠠᠢᠭᠤᠯᠬᠤ ᠶ᠋ᠢᠨ ᠬᠠᠮᠳᠤ ᠤᠨ ᠤ᠋ ᠮᠡᠳᠡᠭᠦᠯᠦᠯᠳᠡ ᠳ᠋ᠡᠭᠡᠨ ᠲᠤᠳᠤᠷᠬᠠᠢᠯᠠᠬᠤ ᠬᠡᠷᠡᠭᠳᠠᠢ ᠭᠡᠵᠦ ᠱᠠᠭᠠᠷᠳᠠᠪᠠ᠃ ᠡᠭᠦᠨ ᠤ᠋ ᠬᠠᠮᠳᠤ᠂ ᠬᠢᠲᠠᠳ ᠡᠮ ᠤ᠋ᠨ ᠮᠠᠲᠧᠷᠢᠶᠠᠯ ᠤ᠋ᠨ ᠵᠠᠬ᠎ᠠ ᠳᠡᠯᠭᠡᠭᠦᠷ᠂ ᠬᠤᠪᠢ ᠬᠦᠮᠦᠨ ᠪᠤᠶᠤ ᠶᠠᠰᠤ ᠴᠢᠨᠠᠷ ᠤ᠋ᠨ ᠬᠠᠮᠢᠶᠠᠷᠤᠯᠳᠠ ᠶ᠋ᠢᠨ ᠰᠢᠰᠲ᠋ᠧᠮ ᠨᠢ ᠪᠦᠷᠢᠨ ᠲᠡᠭᠦᠯᠳᠡᠷ ᠪᠤᠰᠤ ᠭᠠᠷᠤᠯᠳᠠ ᠶ᠋ᠢᠨ ᠤᠷᠤᠨ ᠤ᠋ ᠡᠳ᠋ᠰᠢᠭᠦᠯᠬᠦ ᠠᠵᠤ ᠠᠬᠤᠢᠯᠠᠯ ᠡᠴᠡ ᠰᠤᠷᠭᠤᠭ ᠶ᠋ᠢᠡᠷ ᠬᠡᠷᠴᠢᠭᠰᠡᠨ ᠡᠮ ᠤ᠋ᠨ ᠮᠠᠲᠧᠷᠢᠶᠠᠯ ᠤᠷᠤᠭᠤᠯᠵᠤ ᠪᠤᠯᠬᠤ ᠦᠭᠡᠢ ᠪᠦᠭᠡᠳ ᠬᠤᠳᠠᠯᠳᠤᠨ ᠠᠪᠤᠭᠰᠠᠨ ᠰᠤᠷᠭᠤᠭ ᠶ᠋ᠢᠡᠷ ᠬᠡᠷᠴᠢᠭᠰᠡᠨ ᠡᠮ ᠤ᠋ᠨ ᠮᠠᠲᠧᠷᠢᠶᠠᠯ ᠢ᠋ ᠰᠢᠭᠤᠳ ᠪᠤᠭᠤᠳᠠᠯᠯᠠᠭᠠᠳ ᠴᠢᠨᠠᠬᠤ ᠡᠮ ᠶ᠋ᠢᠡᠷ ᠪᠤᠷᠤᠯᠠᠭᠤᠯᠵᠤ ᠪᠤᠯᠬᠤ ᠦᠭᠡᠢ ᠭᠡᠵᠦ ᠲᠤᠳᠤᠷᠬᠠᠢᠯᠠᠵᠠᠢ᠃

ᠡᠮ ᠤ᠋ᠨ ᠮᠠᠲᠧᠷᠢᠶᠠᠯ ᠤ᠋ᠨ ᠶᠠᠰᠤ ᠴᠢᠨᠠᠷ ᠢ᠋ ᠡᠬᠢ ᠦᠨᠳᠦᠰᠦ ᠡᠴᠡ ᠨᠢ ᠬᠠᠮᠢᠶᠠᠷᠤᠨ ᠡᠵᠡᠮᠳᠡᠬᠦ ᠶ᠋ᠢᠨ ᠲᠦᠯᠦᠭᠡ᠂ ᠵᠢᠯᠤᠭᠤᠳᠬᠤ ᠰᠠᠨᠠᠯ ᠳ᠋ᠤ ᠪᠠᠰᠠ ᠮᠡᠳᠡᠭᠡ ᠵᠠᠩᠬᠢᠴᠢᠯᠠᠭᠰᠠᠨ ᠮᠦᠷᠳᠡᠯᠳᠡ ᠶ᠋ᠢᠨ ᠰᠢᠰᠲ᠋ᠧᠮ ᠢ᠋ ᠪᠦᠷᠢᠨᠰᠢᠭᠦᠯᠬᠦ ᠶ᠋ᠢ ᠱᠠᠭᠠᠷᠳᠠᠬᠤ ᠶ᠋ᠢᠨ ᠬᠠᠮᠳᠤ ᠳᠠᠭᠠᠯᠳᠤᠭᠤᠯᠤᠯ ᠮᠠᠲᠧᠷᠢᠶᠠᠯ ᠤ᠋ᠨ ᠬᠡᠯᠪᠡᠷᠢ ᠪᠡᠷ 《ᠦᠪᠦᠷ ᠮᠤᠩᠭᠤᠯ ᠤ᠋ᠨ ᠦᠪᠡᠷᠳᠡᠭᠡᠨ ᠵᠠᠰᠠᠬᠤ ᠤᠷᠤᠨ ᠤ᠋ ᠬᠢᠲᠠᠳ ᠡᠮ ᠤ᠋ᠨ ᠮᠠᠲᠧᠷᠢᠶᠠᠯ (ᠮᠤᠩᠭᠤᠯ ᠡᠮ ᠤ᠋ᠨ ᠮᠠᠲᠧᠷᠢᠶᠠᠯ) ᠢ᠋ ᠭᠠᠷᠤᠯᠳᠠ ᠶ᠋ᠢᠨ ᠤᠷᠤᠨ ᠳ᠋ᠤᠨᠢ ᠰᠤᠷᠭᠤᠭ ᠶ᠋ᠢᠡᠷ ᠬᠡᠷᠴᠢᠨ ᠡᠳ᠋ᠰᠢᠭᠦᠯᠬᠦ ᠶᠠᠰᠤ ᠴᠢᠨᠠᠷ ᠤ᠋ᠨ ᠬᠠᠮᠢᠶᠠᠷᠤᠯᠳᠠ ᠶ᠋ᠢᠨ ᠵᠦᠭᠯᠡᠭᠦᠷ》᠂ 《ᠰᠤᠷᠭᠤᠭ ᠶ᠋ᠢᠡᠷ ᠬᠡᠷᠴᠢᠨ ᠡᠳ᠋ᠰᠢᠭᠦᠯᠬᠦ ᠡᠮ ᠤ᠋ᠨ ᠮᠠᠲᠧᠷᠢᠶᠠᠯ ᠤ᠋ᠨ ᠶᠠᠰᠤ ᠴᠢᠨᠠᠷ ᠤ᠋ᠨ ᠪᠠᠷᠢᠮᠵᠢᠶ᠎ᠠ ᠶ᠋ᠢ ᠲᠤᠭᠤᠷᠪᠢᠨ ᠲᠤᠭᠳᠠᠭᠠᠬᠤ ᠱᠠᠭᠠᠷᠳᠠᠯᠭ᠎ᠠ》 ᠶ᠋ᠢ ᠳᠤᠭᠳᠠᠭᠠᠨ ᠨᠡᠢᠳᠡᠯᠡᠭᠰᠡᠨ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号